ᠰᠢ ᠵᠢᠨ ᠫᠢᠩ ᠶᠠᠷᠢᠶ᠎ᠠ ᠲᠠᠯᠪᠢᠪᠠ
ᠨᠠᠮ᠎ᠤᠨ ᠲᠥᠪ ᠬᠤᠷᠢᠶ᠎ᠠ ᠪᠤᠯᠤᠨ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠡᠮᠦᠨ᠎ᠡ᠎ᠡᠴᠡ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠬ᠎ᠠ ᠳᠡᠭᠦᠦ᠍᠎ᠨᠡᠷ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠬ᠎ᠠ ᠳᠡᠭᠦᠦ᠍ ᠨᠡᠷ ᠲᠠᠢᠸᠠᠨ᠎ᠤ ᠠᠬ᠎ᠠ ᠳᠡᠭᠦᠦ᠍᠎ᠨᠡᠷ ᠪᠠ ᠭᠠᠳᠠᠭᠠᠳᠤ᠎ᠳᠤ ᠪᠠᠢᠭ᠎ᠠ ᠬᠠᠷᠢᠶᠠᠲᠤ ᠠᠬ᠎ᠠ ᠳᠡᠭᠦᠦ᠍᠎ᠨᠡᠷ᠎ᠲᠦ ᠴᠠᠭᠠᠨ ᠰᠠᠷ᠎ᠠ ᠵᠢᠨ ᠮᠡᠨᠳᠦᠴᠢᠯᠡᠯ ᠬᠦᠷᠭᠡᠪᠡ
ᠯᠢ ᠴᠢᠶᠠᠩ ᠬᠠᠮᠲᠤ᠎ᠶ᠋ᠢᠨ ᠵᠣᠯᠭᠠᠯᠲᠠ ᠵᠢ ᠡᠷᠭᠢᠯᠡᠵᠦ᠍ ᠵᠣᠣ ᠯᠸ ᠵᠢᠶ ᠸᠠᠩ ᠬᠤ᠌ ᠨᠢᠩ ᠼᠠᠢ ᠴᠢ ᠳ᠋ᠢᠩ ᠱᠢᠤᠸᠠᠢ ᠱᠢᠶᠠᠩ ᠯᠢ ᠰᠢ ᠬᠠᠨ ᠵᠧᠩ ᠣᠷᠣᠯᠴᠠᠪᠠ
ᠳᠤᠮᠳᠠᠳᠤ ᠤᠯᠤᠰ᠎ᠤᠨ ᠡᠪ ᠬᠠᠮᠲᠤ ᠨᠠᠮ ᠤᠨ ᠲᠥᠪ ᠬᠣᠷᠢᠶ᠎ᠠ᠂ ᠲᠥᠷᠥ ᠶ᠋ᠢᠨ ᠶᠠᠪᠤᠳᠠᠯ᠎ᠤᠨ ᠬᠣᠷᠢᠶ᠎ᠠ 14 ᠤ᠋ ᠡᠳᠦᠷ ᠦᠨ ᠦᠳᠡ ᠶ᠋ᠢᠨ ᠡᠮᠦᠨ᠎ᠡ ᠠᠷᠠᠳ᠎ᠤᠨ ᠶᠡᠬᠡ ᠬᠤᠷᠠᠯ ᠤᠨ ᠲᠠᠩᠬᠢᠮ ᠳᠤ 2026 ᠣᠨ ᠤ ᠴᠠᠭᠠᠨ ᠰᠠᠷ᠎ᠠ ᠶ᠋ᠢᠨ ᠬᠠᠮᠲᠤ ᠶ᠋ᠢᠨ ᠵᠣᠯᠭᠠᠯᠲᠠ ᠬᠢᠪᠠ᠃ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭ᠌ᠴᠢ ᠂ ᠲᠥᠪ ᠦᠨ ᠴᠡᠷᠢᠭ ᠦᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭ᠌ᠴᠢ ᠰᠢ ᠵᠢᠨ ᠫᠢᠩ ᠶᠠᠷᠢᠶ᠎ᠠ ᠲᠠᠯᠪᠢᠵᠤ᠂ ᠨᠠᠮ ᠤᠨ ᠲᠥᠪ ᠬᠤᠷᠢᠶ᠎ᠠ ᠪᠣᠯᠤᠨ ᠲᠦᠷᠦ᠍ ᠶ᠋ᠢᠨ ᠶᠠᠪᠤᠳᠠᠯ᠎ᠤᠨ ᠬᠤᠷᠢᠶ᠎ᠠ᠎ᠶᠢᠨ ᠡᠮᠦᠨ᠎ᠡ᠎ᠡᠴᠡ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠬ᠎ᠠ ᠳᠡᠭᠦᠦ᠍᠎ᠨᠡᠷ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠬ᠎ᠠ ᠳᠡᠭᠦᠦ᠍᠎ᠨᠡᠷ᠂ ᠲᠠᠢᠸᠠᠨ᠎ᠤ ᠠᠬ᠎ᠠ ᠳᠡᠭᠦᠦ᠍᠎ᠨᠡᠷ ᠪᠠ ᠭᠠᠳᠠᠭᠠᠳᠤ᠎ᠳᠤ ᠪᠠᠢᠭ᠎ᠠ ᠬᠠᠷᠢᠶᠠᠲᠤ ᠠᠬ᠎ᠠ ᠳᠡᠭᠦᠦ᠍᠎ᠨᠡᠷ᠎ᠲᠦ ᠴᠠᠭᠠᠨ ᠰᠠᠷ᠎ᠠ᠎ᠶ᠋ᠢᠨ ᠮᠡᠨᠳᠦᠴᠢᠯᠡᠯ ᠬᠦᠷᠭᠡᠵᠡᠢ᠃

2 ᠰᠠᠷ᠎ᠠ ᠵᠢᠨ 14 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ 2026 ᠣᠨ᠎ᠤ ᠴᠠᠭᠠᠨ ᠰᠠᠷ᠎ᠠ᠎ᠶ᠋ᠢᠨ ᠬᠠᠮᠲᠤ᠎ᠶ᠋ᠢᠨ ᠵᠣᠯᠭᠠᠯᠲᠠ ᠬᠢᠪᠠ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ ᠶᠠᠷᠢᠶ᠎ᠠ ᠲᠠᠯᠪᠢᠪᠠ᠃
ᠰᠢᠠᠬᠤᠸᠠ ᠬᠤᠷᠢᠶ᠎ᠠ ᠵᠢᠨ ᠰᠤᠷᠪᠤᠯᠵᠢᠯᠠᠭᠴᠢ ᠯᠢ ᠰᠢᠶᠠᠩ ᠰᠡᠬᠦᠳᠡᠷᠯᠡᠪᠠ
ᠰᠢ ᠵᠢᠨ ᠫᠢᠩ᠂ ᠤᠳᠠᠯ ᠦᠭᠡᠢ ᠥᠩᠭᠡᠷᠡᠨ ᠤᠳᠬᠤ ᠬᠥᠬᠡᠭ᠌ᠴᠢᠨ ᠮᠣᠭᠠᠢ ᠵᠢᠯ ᠪᠣᠯ ᠲᠤᠢᠯ᠎ᠤᠨ ᠶᠡᠷᠦ᠍ ᠪᠤᠰᠤ᠎ᠶ᠋ᠢᠨ ᠨᠢᠭᠡ ᠵᠢᠯ ᠪᠣᠯᠤᠨ᠎ᠠ᠃ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠳᠡᠯᠡᠬᠡᠢ᠎ᠶ᠋ᠢᠨ ᠪᠠ ᠤᠯᠤᠰ᠎ᠤᠨ ᠳᠣᠲᠣᠭᠠᠳᠤ᠎ᠶ᠋ᠢᠨ ᠪᠠᠢᠳᠠᠯ᠎ᠤᠨ ᠡᠮᠦᠨ᠎ᠡ ᠪᠢᠳᠠ ᠬᠦᠴᠢᠷ᠎ᠢ ᠰᠦᠷᠦᠨ ᠶᠠᠪᠤᠵᠤ᠂ ᠡᠷᠡᠮᠡᠬᠡᠢᠯᠡᠨ ᠤᠷᠤᠭ᠍ᠰᠢᠯᠠᠵᠤ᠂ ᠨᠠᠮ ᠪᠠ ᠤᠯᠤᠰ᠎ᠤᠨ ᠠᠵᠢᠯ ᠦᠢᠯᠡᠰ᠎ᠦᠨ ᠱᠢᠨ᠎ᠡ ᠠᠬᠢᠴᠠ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠱᠢᠨ᠎ᠡ ᠳᠡᠭ᠌ᠲᠡᠷ᠎ᠲᠦ ᠭᠠᠷᠴᠤ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠪᠠ ᠭᠡᠵᠦ ᠴᠢᠬᠤᠯᠠᠴᠢᠯᠠᠪᠠ᠃
ᠯᠢ ᠴᠢᠶᠠᠩ ᠬᠠᠮᠲᠤ ᠶ᠋ᠢᠨ ᠵᠣᠯᠭᠠᠯᠲᠠ ᠶ᠋ᠢ ᠡᠷᠬᠢᠯᠡᠵᠦ᠍᠂ ᠵᠤᠤ ᠯᠸ ᠵᠶ᠋ᠢ ᠂ ᠸᠠᠩ ᠬᠤ᠌ ᠨᠢᠩ ᠂ ᠼᠠᠢ ᠴᠢ ᠂ ᠳ᠋ᠢᠩ ᠱᠢᠤᠸᠠᠢ ᠱᠢᠶᠠᠩ ᠂ ᠯᠢ ᠰᠢ ᠂ ᠬᠠᠨ ᠵᠧᠩ᠎ᠨᠡᠷ ᠣᠷᠣᠯᠴᠠᠪᠠ᠃
ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠳᠠᠢᠯᠠᠯᠭ᠎ᠠ᠎ᠶ᠋ᠢᠨ ᠲᠢᠩᠬᠢᠮ᠎ᠳᠦ ᠳ᠋ᠧᠩ᠎ᠦᠨ ᠬᠡᠷᠡᠯ ᠳᠤᠸᠠᠯᠠᠵᠤ᠂ ᠬᠦᠭᠵᠢᠶᠡᠨ ᠨᠠᠷᠭᠢᠶᠠᠨ᠎ᠢᠶᠠᠷ ᠪᠢᠯᠬᠠᠵᠤ᠂ ᠡᠯ᠎ᠡ ᠡᠲᠡᠭᠡᠳ᠎ᠦᠨ 2000 ᠭᠠᠷᠤᠶ ᠬᠥᠮᠦᠨ ᠨᠢᠭᠡ ᠲᠠᠩᠬᠢᠮ᠎ᠳᠤ ᠴᠤᠭ᠍ᠯᠠᠷᠠᠨ᠂ ᠪᠠᠶᠠᠷ᠎ᠤᠨ ᠡᠳᠦᠷ᠎ᠢ ᠬᠠᠮᠲᠤ᠎ᠪᠠᠷ ᠤᠭ᠍ᠲᠤᠵᠤ᠂ ᠲᠤᠬᠠᠶ᠎ᠶ᠋ᠢᠨ ᠲᠠᠯᠠᠪᠠᠶ᠎ᠳᠤ ᠪᠠᠶᠠᠷ᠎ᠤᠨ ᠡᠳᠦᠷ᠎ᠦᠨ ᠬᠦᠷ ᠬᠦᠭᠵᠢᠶᠡᠨᠳᠦ ᠡᠪ ᠨᠠᠢᠷᠠᠮᠳᠠᠭᠤ ᠠᠭᠤᠷ ᠠᠮᠢᠰᠭᠤᠯ᠎ᠢᠶᠠᠷ ᠪᠢᠯᠬᠠᠮ᠎ᠠ ᠪᠠᠢᠯ᠎ᠠ᠃
ᠦᠳᠡ᠎ᠶ᠋ᠢᠨ ᠡᠮᠦᠨᠡᠬᠢ 10 ᠴᠠᠭ᠎ᠤᠨ ᠦᠶ᠎ᠡ᠎ᠪᠡᠷ᠂ ᠪᠠᠶᠠᠰᠭᠤᠯᠠᠩᠲᠤ ᠬᠥᠭ᠌ᠵᠢᠮ᠎ᠦᠨ ᠠᠶᠠᠰ ᠳᠤᠮᠳᠠ ᠰᠢ ᠵᠢᠨ ᠫᠢᠩ ᠵᠡᠷᠭᠡ ᠨᠠᠮ ᠪᠠ ᠲᠦᠷᠦ᠍᠎ᠶ᠋ᠢᠨ ᠤᠳᠤᠷᠢᠳᠭᠤ ᠬᠥᠮᠦᠰ ᠶᠡᠬᠡ ᠲᠢᠩᠬᠢᠮ᠎ᠳᠦ ᠠᠯᠬᠤᠨ ᠣᠷᠣᠵᠤ᠂ ᠤᠯᠠᠨ ᠲᠠᠢ ᠳᠣᠲᠣᠨᠣ ᠪᠡᠷ ᠮᠡᠨᠳᠦᠴᠢᠯᠡᠵᠦ᠍᠂ ᠬᠠᠷᠢᠯᠴᠠᠨ ᠠᠮᠤᠷ ᠮᠡᠨᠳᠦ ᠠᠰᠠᠭᠤᠯᠴᠠᠵᠤ᠂ ᠴᠠᠭᠠᠨ ᠰᠠᠷ᠎ᠠ᠎ᠶ᠋ᠢᠨ ᠵᠥᠩᠨᠡᠯ ᠳᠡᠪᠰᠢᠬᠦᠯᠬᠦ᠎ᠳᠦ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠱᠢᠪᠠ᠃

2 ᠰᠠᠷ᠎ᠠ ᠵᠢᠨ 14 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ 2026 ᠣᠨ᠎ᠤ ᠴᠠᠭᠠᠨ ᠰᠠᠷ᠎ᠠ᠎ᠶ᠋ᠢᠨ ᠬᠠᠮᠲᠤ᠎ᠶ᠋ᠢᠨ ᠵᠣᠯᠭᠠᠯᠲᠠ ᠬᠢᠪᠠ᠃ ᠨᠠᠮ ᠪᠠ ᠳᠦᠷᠦ ᠵᠢᠨ ᠤᠳᠤᠷᠢᠳᠬᠤ ᠬᠦᠮᠦᠨ ᠰᠢ ᠵᠢᠨ ᠫᠢᠩ᠂ ᠯᠢ ᠴᠢᠶᠠᠩ᠂ ᠵᠤᠤ ᠯᠸ ᠵᠶ᠋ᠢ᠂ ᠸᠠᠩ ᠬᠤ᠌ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ᠎ᠨᠡᠷ ᠨᠠᠢᠰᠯᠠᠯ᠎ᠤᠨ ᠡᠯ᠎ᠠ ᠡᠳᠡᠭᠡᠳ᠎ᠤᠨ ᠬᠦᠮᠦᠰ ᠲᠠᠢ ᠨᠢᠭᠡ ᠳᠠᠩᠬᠢᠮ᠎ᠳᠦ ᠴᠤᠭᠯᠠᠷᠠᠨ᠂ ᠦᠯᠵᠠᠢ᠎ᠳᠦ ᠪᠠᠶᠠᠷ᠎ᠢ ᠬᠠᠮᠳᠦ ᠪᠠᠷ ᠤᠬᠳᠤᠪᠠ᠃
ᠰᠢᠠᠬᠤᠸᠠ ᠬᠤᠷᠢᠶ᠎ᠠ ᠵᠢᠨ ᠰᠤᠷᠪᠤᠯᠵᠢᠯᠠᠭᠴᠢ ᠰᠢᠶᠸ ᠬᠤᠸᠠᠨ ᡂᠢ ᠰᠡᠬᠦᠳᠡᠷᠯᠡᠪᠠ
ᠰᠢ ᠵᠢᠨ ᠫᠢᠩ ᠶᠠᠷᠢᠶᠠᠨ᠎ᠳᠠᠭᠠᠨ᠂ ᠨᠢᠭᠡ ᠵᠢᠯ᠎ᠦᠨ ᠲᠤᠷᠰᠢ ᠪᠢᠳᠡ ᠨᠡᠩ ᠢᠳᠡᠪᠬᠢᠲᠡᠢ ᠵᠢᠳᠬᠦᠯ ᠴᠢᠷᠮᠠᠢᠯᠭ᠎ᠠ᠎ᠲᠠᠶ ᠬᠣᠷᠸ᠎ᠠ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠤᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠮᠠᠨ᠎ᠤ ᠤᠯᠤᠰ᠎ᠤᠨ ᠠᠵᠤ ᠠᠬᠤᠢ ᠳᠠᠷᠤᠯᠲᠠ᠎ᠶ᠋ᠢ ᠰᠦᠷᠦᠨ ᠤᠷᠤᠭ᠍ᠰᠢᠯᠠᠵᠤ᠂ ᠱᠢᠨ᠎ᠡ ᠰᠢᠯᠢᠳᠡᠭ ᠲᠡᠢᠰᠢ ᠬᠥᠭ᠌ᠵᠢᠵᠦ᠍᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃ ᠨᠡᠢᠭᠡᠮ ᠵᠢᠷᠤᠮ᠎ᠤᠨ ᠠᠷᠠᠳᠴᠢᠯᠠᠯ ᠪᠠ ᠬᠠᠤᠯᠢ᠎ᠪᠠᠷ ᠵᠠᠰᠠᠬᠤ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠪᠠᠢᠭᠤᠯᠤᠯᠲᠠ ᠵᠢ ᠪᠠᠳᠤᠳᠠᠢ ᠠᠬᠢᠭᠤᠯᠵᠤ᠂ ᠡᠯ᠎ᠡ ᠵᠦᠢᠯ᠎ᠦᠨ ᠠᠵᠢᠯ ᠦᠢᠯᠡᠰ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭ᠍ᠰᠢᠯᠠᠪᠠ᠃ ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠨ ᠰᠠᠢᠵᠢᠷᠠᠭᠤᠯᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠪᠠ᠃ ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯ᠎ᠢ ᠢᠯᠠᠯᠲᠠ᠎ᠲᠠᠶ᠎ᠪᠠᠷ ᠬᠤᠷᠠᠯᠳᠤᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠵᠢᠷᠤᠭ᠍ᠯᠠᠪᠠ᠃ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠭ᠌ᠦ ᠳᠠᠢᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠭ᠌ᠦ ᠳᠠᠢᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠦᠪᠡᠳᠡᠭ᠌ᠰᠢ ᠶᠡᠬᠡᠪᠡᠷ ᠳᠤᠷᠠᠰᠭᠠᠵᠤ᠂ ᠲᠠᠢᠸᠠᠨ᠎ᠢ ᠡᠭᠡᠬᠦᠯᠦᠨ ᠠᠪᠤᠭᠰᠠᠨ ᠳᠤᠷᠠᠰᠭᠠᠯ᠎ᠤᠨ ᠡᠳᠦᠷ᠎ᠢ ᠲᠤᠭᠳᠠᠭᠠᠵᠤ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 60 ᠵᠢᠯ᠎ᠦᠨ ᠤᠢ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠤᠢ᠎ᠶ᠋ᠢ ᠪᠡᠯᠭᠡᠯᠡᠵᠦ᠍᠂ ᠭᠤᠸᠠᠩᠳᠦ᠋ᠩ ᠱᠢᠶᠠᠩᠭᠠᠩ ᠣᠣᠮᠧᠨ ᠭᠤᠷᠪᠠᠨ ᠭᠠᠵᠠᠷ᠎ᠲᠦ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢ ᠬᠠᠮᠲᠤᠷᠠᠨ ᠡᠷᠬᠢᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠰᠦᠷ ᠳᠠᠯᠠᠢᠴᠠᠲᠠᠢ ᠬᠦᠴᠦᠨ᠎ᠢ ᠤᠯᠠᠮ ᠨᠢᠭᠡ ᠠᠯᠬᠤᠮ ᠨᠢᠭ᠍ᠲᠠᠷᠠᠭᠤᠯᠪᠠ᠃ ᠪᠢᠳᠡ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠴᠤ᠌᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠲᠢᠶᠠᠨᠵᠢᠨ᠎ᠳᠠᠬᠢ ᠲᠦᠷᠦᠭᠦᠴᠦᠳ᠎ᠦᠨ ᠬᠤᠷᠠᠯ᠂ ᠪᠦᠬᠦ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠲᠦᠷᠦᠭᠦᠴᠦᠳ᠎ᠦᠨ ᠬᠤᠷᠠᠯ᠎ᠢ ᠠᠮᠵᠢᠯᠲᠠ᠎ᠲᠠᠶ ᠡᠷᠬᠢᠯᠡᠵᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠢᠳᠡᠪᠬᠢᠲᠡᠢ ᠠᠬᠢᠭᠤᠯᠵᠤ᠂ ᠤᠷᠪᠠᠭᠠᠨ ᠬᠥᠷᠪᠡᠭᠡᠨ᠎ᠲᠡᠶ ᠳᠡᠯᠡᠬᠡᠢ ᠶᠢᠷᠲᠢᠨᠴᠦ᠍᠎ᠳᠦ ᠨᠡᠩ ᠤᠯᠠᠨ ᠲᠣᠭ᠍ᠲᠠᠭᠠᠯᠲᠤ ᠴᠢᠨᠠᠷ ᠪᠠ ᠢᠳᠡᠪᠬᠢ ᠬᠦᠴᠦᠨ ᠨᠡᠮᠡᠷᠢᠯᠡᠪᠡ᠃ ᠪᠢᠳᠡ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠬᠢᠭᠡᠳ ᠢᠯᠵᠢᠷᠠᠯ᠎ᠢ ᠡᠰᠡᠷᠭᠦᠴᠡᠬᠦ᠌ ᠲᠡᠮᠡᠴᠡᠯ ᠢᠯᠡᠳᠲᠡ ᠦᠷ᠎ᠡ ᠪᠦᠲᠦᠮᠵᠢ ᠣᠯᠵᠤ᠂ ᠤᠯᠤᠰ ᠲᠦᠷᠦ᠍᠎ᠶ᠋ᠢᠨ ᠠᠮᠢ ᠠᠬᠤᠢ ᠪᠠ ᠨᠡᠢᠭᠡᠮ᠎ᠦᠨ ᠬᠡᠪ ᠰᠤᠷᠲᠠᠯ ᠦᠷᠭᠦᠯᠵᠢᠯᠡᠨ ᠰᠠᠢᠵᠢᠷᠠᠵᠠᠢ ᠭᠡᠵᠦ ᠵᠢᠭᠠᠵᠤ ᠭᠠᠷᠭᠠᠪᠠ᠃
ᠰᠢ᠎ᠶᠢᠨ ᠫᠢᠩ᠂ ᠨᠢᠭᠡ ᠵᠢᠯ᠎ᠦᠨ ᠲᠤᠷᠰᠢᠬᠢ ᠣᠯᠣᠯᠲᠠ ᠠᠮᠵᠢᠯᠲᠠ ᠦᠯᠡᠮᠵᠢ ᠶᠡᠬᠡ ᠪᠠᠢᠨ᠎ᠠ᠂ ᠡᠨᠡ ᠪᠣᠯ ᠪᠥᠬᠥ ᠨᠠᠮ ᠪᠥᠬᠥ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶᠢᠨ ᠴᠢᠷᠮᠠᠢᠯᠭ᠎ᠠ᠎ᠶᠢᠨ ᠦᠷ᠎ᠡ ᠳ᠋ᠦᠩ ᠮᠥᠨ᠃ ᠠᠮᠵᠢᠯᠲᠠ ᠪᠦᠲᠦᠮᠵᠢ ᠨᠢ ᠬᠥᠮᠥᠰ᠎ᠢ ᠵᠣᠷᠢᠭ᠍ᠵᠢᠭᠤᠯᠵᠤ᠂ ᠲᠡᠮᠡᠴᠡᠯ ᠨᠢ ᠢᠲᠡᠭᠡᠯ ᠵᠣᠷᠢᠭ᠋᠎ᠢ ᠬᠦᠪᠴᠢᠯᠡᠨ᠎ᠡ᠃ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢ ᠪᠠᠲᠤᠯᠠᠵᠤ᠂ ᠯᠠᠪᠳᠠᠭᠤᠨ ᠪᠠᠲᠤᠲᠠᠢ ᠤᠷᠤᠭᠰᠢᠯᠠᠵᠤ᠂ ᠱᠠᠲᠤ ᠱᠠᠲᠤ᠎ᠪᠠᠷ ᠯᠠᠪᠳᠠᠭᠤᠨ ᠪᠠᠲᠤᠲᠠᠢ ᠠᠬᠢᠭᠤᠯᠳᠠᠭ ᠯᠠ ᠶᠤᠮ ᠪᠣᠯ ᠨᠠᠮ ᠪᠣᠯᠣᠨ ᠤᠯᠤᠰ᠎ᠤᠨ ᠠᠵᠢᠯ ᠦᠢᠯᠡᠰ ᠯᠠᠪᠳᠠᠶ ᠲᠠᠰᠤᠷᠠᠯᠳᠠ ᠦᠭᠡᠢ ᠪᠠᠭ᠎ᠠ ᠢᠯᠠᠯᠲᠠ᠎ᠶᠢ ᠬᠤᠷᠠᠮᠳᠤᠭᠤᠯᠤᠨ ᠶᠡᠬᠡ ᠢᠯᠠᠯᠲᠠ ᠪᠣᠯᠭᠠᠵᠤ᠂ ᠮᠠᠨ᠎ᠤ ᠬᠠᠷᠠᠯᠲᠠ ᠯᠠᠪᠳᠠᠢ ᠪᠡᠶᠡᠯᠡᠭᠳᠡᠵᠦ ᠴᠢᠳᠠᠬᠤ ᠶᠤᠮ ᠭᠡᠵᠤ ᠴᠢᠬᠤᠯᠠᠴᠢᠯᠠᠪᠠ᠃
ᠰᠢ᠎ᠶᠢᠨ ᠫᠢᠩ ᠂ 2026 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠣᠶ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶᠢᠨ ᠵᠢᠯ ᠮᠥᠨ᠃ ᠪᠢᠳᠡ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠡ ᠵᠢᠨ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠬᠥᠭᠵᠢᠯᠲᠡ᠎ᠶᠢᠨ ᠰᠢᠨ᠎ᠡ ᠪᠠᠢᠷᠢᠰᠢᠯ᠎ᠢ ᠲᠦᠷᠭᠡᠳᠬᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠬᠦᠴᠦᠲᠡᠢ ᠠᠬᠢᠭᠤᠯᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭᠲᠠᠭᠤᠨ᠎ᠢ ᠪᠠᠲᠤᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠦᠬᠦᠷᠡᠰᠢ ᠦᠭᠡᠢ ᠪᠠᠷᠢᠮᠲᠠᠯᠠᠨ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠰᠠᠢᠨ ᠰᠠᠢᠬᠠᠨ ᠡᠬᠢᠯᠡᠯᠲᠡ᠎ᠶᠢ ᠴᠢᠷᠮᠠᠢᠨ ᠪᠡᠶᠡᠯᠡᠭᠦᠯᠬᠦ ᠬᠡᠷᠡᠭᠳᠡᠢ ᠭᠡᠵᠤ ᠵᠢᠭᠠᠵᠤ ᠭᠠᠷᠭᠠᠪᠠ᠃
ᠰᠢ᠎ᠶᠢᠨ ᠫᠢᠩ᠂ ᠮᠠᠨ᠎ᠤ ᠨᠠᠮ ᠠᠷᠠᠳ ᠲᠦᠮᠡᠨ᠎ᠦ ᠲᠥᠯᠥᠭᠡ ᠪᠠᠢᠭᠤᠯᠤᠭᠳᠠᠵᠤ᠂ ᠠᠷᠠᠳ ᠲᠦᠮᠡᠨ᠎ᠦ ᠬᠦᠴᠦᠨ᠎ᠢᠶᠡᠷ ᠬᠥᠭᠵᠢᠨ ᠮᠠᠨᠳᠤᠵᠤ᠂ ᠠᠯᠢᠪᠠ ᠠᠵᠢᠯ ᠴᠥᠮ ᠠᠷᠠᠳ ᠲᠦᠮᠡᠨ᠎ᠦ ᠵᠣᠯ ᠵᠢᠷᠭᠠᠯ᠎ᠤᠨ ᠲᠥᠯᠥᠭᠡ ᠶᠤᠮ᠃ ᠪᠢᠳᠡ ᠠᠷᠠᠳ ᠲᠦᠮᠡᠨ᠎ᠢ ᠳᠡᠭᠡᠳᠦᠯᠡᠬᠦ᠎ᠶᠢ ᠢᠮᠠᠭᠲᠠ ᠪᠠᠷᠢᠮᠲᠠᠯᠠᠵᠤ᠂ ᠵᠥᠪ ᠠᠵᠢᠯ᠎ᠤᠨ ᠠᠮᠵᠢᠯᠲᠠ ᠵᠢᠨ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠴᠢᠳᠠᠭᠰᠠᠨ ᠪᠣᠳᠠᠲᠤ ᠠᠮᠵᠢᠯᠲᠠ᠎ᠶᠢ ᠡᠭᠦᠳᠬᠦ ᠪᠦᠲᠦᠭᠡᠬᠦ ᠬᠡᠷᠡᠭᠲᠡᠢ ᠭᠡᠵᠤ ᠴᠢᠬᠤᠯᠠᠴᠢᠯᠠᠪᠠ᠃
ᠰᠢ᠎ᠶᠢᠨ ᠫᠢᠩ᠂ ᠳᠤᠮᠳᠠᠳᠤ᠎ᠶᠢᠨ ᠰᠣᠶᠣᠯ᠎ᠳᠤ ᠮᠣᠷᠢ ᠪᠣᠯ ᠰᠦᠷ ᠬᠦᠴᠦᠨ᠂ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠬᠤ᠎ᠶᠢᠨ ᠪᠡᠯᠭᠡᠳᠡᠯ ᠪᠠᠢᠵᠤ᠂ ᠯᠠᠪᠳᠠᠭᠤᠨ ᠪᠠᠲᠤᠳᠠᠢ ᠪᠡᠷ ᠠᠯᠤᠰ᠎ᠢ ᠵᠣᠷᠢᠬᠤ᠂ ᠬᠥᠭᠵᠢᠯ ᠮᠠᠨᠳᠤᠯ᠎ᠤᠨ ᠰᠠᠷᠠᠭᠤᠯ ᠢᠷᠡᠭᠡᠳᠦᠢ ᠵᠢ ᠬᠠᠷᠠᠭᠤᠯᠵᠤ ᠪᠠᠢᠳᠠᠭ᠃ ᠤᠯᠠᠭᠠᠨ ᠮᠣᠷᠢᠨ ᠵᠢᠯ᠎ᠳᠦ ᠪᠥᠬᠥ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠠᠮ᠎ᠤᠨ ᠲᠥᠪ ᠬᠣᠷᠢᠶ᠎ᠡ ᠵᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠂ ᠯᠠᠪᠲᠠᠢ ᠢᠯᠠᠬᠤ ᠢᠲᠡᠭᠡᠯ ᠵᠣᠷᠢᠭ᠋᠎ᠢᠶᠠᠨ ᠪᠠᠲᠤᠳᠬᠠᠵᠤ᠂ ᠴᠣᠭ ᠪᠠᠳᠠᠷᠠᠩᠭᠤᠢ ᠲᠡᠮᠡᠴᠡᠯ᠎ᠦᠨ ᠵᠣᠷᠢᠭ᠋᠎ᠢᠶᠠᠨ ᠪᠠᠷᠢᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠢᠨ᠎ᠡ ᠠᠶᠠᠨ᠎ᠳᠤ ᠵᠢᠯᠤᠭᠤ ᠡᠷᠭᠦᠨ ᠮᠤᠷᠳᠠᠵᠤ᠂ ᠡᠷᠡᠯᠬᠡᠭᠯᠡᠨ ᠤᠷᠤᠭᠰᠢᠯᠠᠵᠤ᠂ ᠨᠠᠩ ᠰᠠᠢᠨ ᠰᠠᠢᠬᠠᠨ ᠢᠷᠡᠭᠡᠳᠦᠢ᠎ᠶᠢ ᠬᠠᠮᠲᠤ᠎ᠪᠠᠷ ᠡᠭᠦᠳᠦᠨ ᠨᠡᠭᠡᠭᠡᠬᠦ᠎ᠶᠢ ᠬᠦᠰᠡᠵᠦ ᠪᠠᠢᠨ᠎ᠠ ᠭᠡᠵᠦ ᠵᠢᠭᠠᠵᠤ ᠭᠠᠷᠭᠠᠪᠠ᠃
ᠤᠳᠬ᠎ᠠ ᠤᠷᠠᠯᠢᠭ᠋᠎ᠤᠨ ᠠᠵᠢᠯᠲᠠᠳ ᠲᠤᠬᠠᠢ ᠵᠢᠨ ᠲᠠᠯᠠᠪᠠᠢ᠎ᠳᠦ ᠭᠣᠢᠳᠠ ᠰᠠᠢᠬᠠᠨ ᠲᠣᠭᠯᠠᠯᠲᠠ ᠭᠠᠷᠭᠠᠪᠠ᠃
ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠠ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ ᠵᠢᠨ ᠤᠳᠤᠷᠢᠳᠬᠤ ᠨᠦᠬᠦᠳ ᠪᠤᠯᠤᠨ ᠠᠬᠠᠮᠠᠳ ᠨᠦᠬᠦᠳ ᠬᠠᠮᠲᠦ ᠵᠢᠨ ᠵᠤᠯᠭᠠᠯᠳᠠ᠎ᠳᠦ ᠤᠷᠤᠯᠴᠠᠪᠠ᠃
ᠬᠠᠮᠲᠤ᠎ᠶᠢᠨ ᠵᠣᠯᠭᠠᠯᠲᠠ᠎ᠳᠤ ᠪᠠᠰᠠ ᠲᠥᠪ᠎ᠦᠨ ᠨᠠᠮ ᠵᠠᠰᠠᠭ ᠴᠡᠷᠢᠭ ᠤᠯᠠᠨ ᠲᠦᠮᠡᠨ᠎ᠦ ᠡᠯ᠎ᠡ ᠰᠠᠯᠠᠭ᠎ᠠ ᠮᠥᠴᠢᠷ ᠵᠢᠴᠢ ᠪᠡᠭᠡᠵᠢᠩ ᠬᠤᠳᠠ᠎ᠶᠢᠨ ᠬᠠᠷᠢᠭᠤᠴᠠᠯᠭᠠᠲᠠᠨ ᠨᠥᠬᠥᠳ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ᠎ᠦᠨ ᠪᠤᠰᠤ ᠬᠥᠮᠥᠰ᠎ᠦᠨ ᠲᠥᠯᠥᠭᠡᠯᠡᠭᠴᠢ᠂ ᠠᠵᠢᠯ᠎ᠡᠴᠡ᠎ᠪᠠᠨ ᠳᠠᠷᠬᠠᠯᠠᠭᠳᠠᠭᠰᠠᠨ ᠠᠵᠢᠯ᠎ᠡᠴᠡ᠎ᠪᠠᠨ ᠠᠮᠠᠷᠠᠭᠰᠠᠨ ᠠᠬᠠᠮᠠᠳ ᠨᠥᠬᠥᠳ᠎ᠦᠨ ᠲᠥᠯᠥᠭᠡᠯᠡᠭᠴᠢ᠂ ᠨᠡᠷᠡᠲᠦ ᠲᠤᠰᠬᠠᠢ ᠮᠡᠷᠭᠡᠵᠢᠯᠲᠡᠨ ᠡᠷᠳᠡᠮᠲᠡᠨ ᠵᠢᠴᠢ ᠨᠡᠢᠰᠯᠡᠯ᠎ᠦᠨ ᠡᠯ᠎ᠡ ᠡᠲᠡᠭᠡᠳ᠎ᠦᠨ ᠬᠥᠮᠥᠰ᠎ᠦᠨ ᠲᠥᠯᠥᠭᠡᠯᠡᠭᠴᠢ ᠤᠷᠤᠯᠴᠠᠵᠠᠢ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 2 ᠰᠠᠷ᠎ᠠ᠎ᠶ᠋ᠢᠨ 14 ᠤ᠋ ᠴᠠᠬᠢᠯᠭᠠᠨ ᠮᠡᠳᠡᠭᠡ)