ᠤᠯᠠᠭᠠᠨ ᠮᠤᠷᠢᠨ ᠵᠢᠯ ᠤ᠋ᠨ ᠴᠠᠭᠠᠨ ᠰᠠᠷ᠎ᠠ ᠤᠢᠷᠠᠳᠬᠤ ᠪᠡᠷ᠂ ᠤᠷᠳᠤᠰ ᠬᠤᠳᠠ ᠶ᠋ᠢᠨ ᠡᠵᠡᠨ ᠬᠤᠷᠤᠭ᠎ᠠ ᠬᠤᠰᠢᠭᠤᠨ ᠤ᠋ ᠵᠡᠭᠡᠯᠢ ᠭᠤᠳᠤᠮᠵᠢ ᠪᠡᠷ ᠦᠩᠭᠡᠳᠦ ᠳ᠋ᠧᠩ ᠳᠤᠸᠠᠯᠠᠨ᠂ ᠤᠯᠠᠨ ᠬᠦᠮᠦᠰ ᠪᠦᠷ ᠬᠡᠷ ᠳᠡᠭᠡᠨ ᠬᠠᠷᠢᠬᠤ ᠪᠡᠷ ᠶᠠᠭᠠᠷᠠᠯᠳᠤᠵᠤ ᠪᠠᠢᠬᠤ ᠳ᠋ᠤ ᠨᠢᠭᠡ ᠪᠦᠯᠦᠭ ᠬᠦᠮᠦᠰ ᠬᠠᠷᠢᠨ ᠶᠠᠳᠠᠷᠠᠯ ᠵᠦᠳᠡᠷᠡᠯ ᠵᠢᠨᠨ ᠬᠠᠢᠬᠤᠷᠤᠯ ᠦᠭᠡᠢ ᠪᠡᠷ ᠠᠵᠢᠯ ᠤ᠋ᠨ ᠪᠠᠢᠷᠢ ᠪᠡᠨ ᠪᠠᠳᠤ ᠰᠠᠬᠢᠵᠤ ᠪᠠᠢᠳᠠᠭ ᠠᠵᠢ᠃ ᠪᠠᠢᠭᠠᠯᠢ ᠶ᠋ᠢᠨ ᠰᠢᠳᠠᠮᠠᠬᠠᠢ ᠬᠡᠢ ᠶ᠋ᠢᠨ ᠠᠵᠢᠯᠳᠠᠨ ᠪᠤᠯ ᠡᠳᠡᠭᠡᠷ ᠤ᠋ᠨ ᠳᠤᠮᠳᠠᠬᠢ ᠨᠢᠭᠡ ᠨᠢ ᠪᠤᠯᠬᠤ ᠶᠤᠮ᠃
2 ᠰᠠᠷ᠎ᠠ ᠶ᠋ᠢᠨ 12 ᠤ᠋ ᠡᠳᠦᠷ᠂ ᠡᠵᠡᠨ ᠬᠤᠷᠤᠭ᠎ᠠ ᠬᠤᠰᠢᠭᠤᠨ ᠤ᠋ ᠵᠠᠰᠠᠭ ᠪᠠᠯᠭᠠᠰᠤᠨ ᠳ᠋ᠤ ᠪᠠᠢᠷᠢᠯᠠᠭ᠎ᠠ ᠴᠠᠩ ᠴᠢᠩ ᠴᠢᠯᠠᠭᠤᠨ ᠳᠤᠰᠤᠨ ᠤ᠋ ᠬᠤᠪᠢᠶᠠᠷᠢ ᠺᠤᠮᠫᠠᠨᠢ ᠶ᠋ᠢᠨ ᠪᠠᠢᠭᠠᠯᠢ ᠶ᠋ᠢᠨ ᠰᠢᠳᠠᠮᠠᠬᠠᠢ ᠬᠡᠢ ᠮᠠᠯᠳᠠᠬᠤ ᠳᠠᠪᠤᠳᠤᠭᠠᠷ ᠦᠢᠯᠡᠳᠪᠦᠷᠢ ᠶ᠋ᠢᠨ ᠳᠦᠷᠪᠡᠳᠦᠭᠡᠷ ᠦᠢᠯᠡᠳᠪᠦᠷᠢ ᠶ᠋ᠢᠨ ᠡᠵᠡᠮᠳᠡᠯ ᠤ᠋ᠨ ᠲᠥᠪ ᠲᠤ᠌ ᠮᠡᠷᠭᠡᠵᠢᠯ ᠤ᠋ᠨ ᠠᠵᠢᠯᠳᠠᠨ ᠯᠢᠦ ᠢ ᠬᠤᠤ ᠡᠯᠧᠺᠲᠷᠣᠨ ᠳᠡᠯᠭᠡᠴᠡ ᠳᠡᠭᠡᠷᠠᠬᠢ ᠬᠡᠢ ᠵᠢᠨ ᠬᠤᠳᠳᠤᠭ ᠤ᠋ᠨ ᠳᠠᠷᠤᠯᠲᠠ᠂ ᠬᠡᠢ ᠳᠠᠮᠵᠢᠭᠤᠯᠬᠤ ᠬᠡᠮᠵᠢᠶ᠎ᠡ᠂ ᠳᠤᠯᠠᠭᠠᠨ ᠤ᠋ ᠬᠡᠮᠵᠢᠶ᠎ᠡ ᠵᠡᠷᠭᠡ ᠡᠯ᠎ᠡ ᠵᠦᠢᠯ ᠤ᠋ᠨ ᠲᠣᠭ᠎ᠠ ᠪᠠᠷᠢᠮᠲᠠ ᠵᠢ ᠨᠢᠳᠤ ᠰᠠᠯᠭᠠᠯ ᠦᠭᠡᠢ ᠰᠢᠷᠳᠡᠵᠦ᠂ ᠡᠯ᠎ᠡ ᠵᠦᠢᠯ ᠤ᠋ᠨ ᠭᠤᠤᠷᠰᠤ ᠬᠤᠭᠤᠯᠠᠢ ᠶ᠋ᠢᠨ ᠬᠡᠪ ᠤ᠋ᠨ ᠪᠤᠰᠤ ᠪᠠᠢᠳᠠᠯ ᠢᠯᠡᠷᠡᠬᠦ ᠵᠢ ᠴᠠᠭ ᠢᠮᠠᠭᠳᠠ ᠪᠠᠢᠴᠠᠭᠠᠨ ᠦᠵᠡᠨ᠎ᠡ᠃
ᠡᠨᠡ ᠵᠢᠯ 30 ᠨᠠᠰᠤᠲᠠᠢ ᠮᠡᠷᠭᠡᠵᠢᠯ ᠤ᠋ᠨ ᠠᠵᠢᠯᠳᠠᠨ ᠯᠢᠦ ᠢ ᠬᠤᠤ ᠪᠤᠯ ᠡᠵᠡᠨ ᠬᠤᠷᠤᠭ᠎ᠠ ᠬᠤᠰᠢᠭᠤᠨ ᠤ᠋ ᠬᠦᠮᠦᠨ ᠶᠤᠮ᠃ ᠳᠡᠷᠡ ᠪᠡᠷ ᠶᠡᠬᠡ ᠰᠤᠷᠭᠠᠭᠤᠯᠢ ᠪᠡᠨ ᠳᠡᠬᠦᠰᠦᠮᠡᠭᠴᠡ ᠳᠤᠰ ᠦᠢᠯᠡᠳᠪᠦᠷᠢ ᠳ᠋ᠤ ᠢᠷᠡᠨ ᠠᠵᠢᠯᠯᠠᠵᠤ᠂ ᠪᠠᠢᠭᠠᠯᠢ ᠵᠢᠨ ᠰᠢᠲᠠᠮᠠᠬᠠᠢ ᠬᠡᠢ ᠵᠢᠨ ᠬᠠᠩᠭᠠᠯᠭ᠎ᠠ ᠵᠢ ᠪᠠᠲᠤᠯᠠᠬᠤ ᠨᠢᠭᠡᠳᠦᠭᠡᠷ ᠹᠷᠣᠨᠲ ᠢ᠋ ᠪᠠᠲᠤ ᠰᠠᠬᠢᠨ᠂ ᠭᠡᠳᠦᠨ ᠵᠢᠯ ᠳᠠᠷᠠᠭᠠᠯᠠᠨ ᠠᠵᠢᠯ ᠤ᠋ᠨ ᠪᠠᠢᠷᠢᠨ ᠳᠡᠭᠡᠷ᠎ᠡ ᠪᠡᠨ ᠰᠢᠨᠡᠯᠡᠵᠦ᠂ ᠨᠤᠳᠤᠭ ᠤᠰᠤᠨ ᠤ᠋ ᠪᠡᠨ ᠴᠠᠭᠠᠨ ᠰᠠᠷ᠎ᠠ ᠶ᠋ᠢᠨ ᠬᠤᠭᠤᠴᠠᠭᠠᠨ ᠳ᠋ᠡᠬᠢ ᠪᠠᠢᠭᠠᠯᠢ ᠶ᠋ᠢᠨ ᠰᠢᠳᠠᠮᠠᠬᠠᠢ ᠬᠡᠢ ᠶ᠋ᠢᠨ ᠬᠠᠩᠭᠠᠯᠭ᠎ᠠ ᠵᠢ ᠪᠠᠳᠤᠯᠠᠬᠤ ᠳ᠋ᠤ ᠤᠷᠤᠯᠴᠠᠭᠰᠠᠨ ᠪᠠᠢᠨ᠎ᠠ᠃
《ᠣᠶᠤᠨᠴᠢᠯᠠᠭᠰᠠᠨ ᠬᠢᠨᠠᠨ ᠡᠵᠡᠮᠳᠡᠬᠦ ᠰᠢᠰᠲ᠋ᠧᠮ ᠢ᠋ 24 ᠴᠠᠭ ᠶ᠋ᠢᠡᠷ ᠲᠠᠰᠤᠯᠳᠠᠭᠤᠯᠤᠯ ᠦᠭᠡᠢ ᠠᠵᠢᠯᠯᠠᠭᠤᠯᠳᠠᠭ᠂ ᠪᠢᠳᠡ ᠡᠯ᠎ᠡ ᠵᠦᠢᠯ ᠤ᠋ᠨ ᠲᠣᠭ᠎ᠠ ᠪᠠᠷᠢᠮᠲᠠ ᠵᠢ ᠴᠠᠭ ᠲᠤᠬᠠᠢ ᠳ᠋ᠤᠨᠢ ᠪᠠᠢᠴᠠᠭᠠᠨ ᠦᠵᠡᠵᠦ᠂ ᠪᠠᠢᠭᠠᠯᠢ ᠶ᠋ᠢᠨ ᠰᠢᠲᠠᠮᠠᠬᠠᠢ ᠬᠡᠢ ᠵᠢᠨ ᠬᠤᠳᠳᠤᠭ ᠤ᠋ᠨ ᠠᠵᠢᠯᠯᠠᠭᠠᠨ ᠢ᠋ ᠤᠨᠤᠪᠴᠢᠳᠠᠢ ᠲᠣᠬᠢᠷᠠᠭᠤᠯᠤᠨ ᠡᠵᠡᠮᠳᠡᠵᠦ᠂ ᠪᠠᠢᠭᠠᠯᠢ ᠵᠢᠨ ᠰᠢᠲᠠᠮᠠᠬᠠᠢ ᠬᠡᠢ ᠵᠢ ᠠᠮᠤᠷ ᠲᠦᠪᠰᠢᠨ᠂ ᠲᠣᠭᠲᠠᠭᠤᠨ ᠶ᠋ᠢᠡᠷ ᠤᠯᠠᠨ ᠲᠦᠮᠡᠨ ᠤ᠋ ᠭᠡᠷ ᠲᠤ᠌ ᠬᠦᠷᠭᠡᠬᠦ ᠵᠢ ᠪᠠᠲᠤᠯᠠᠬᠤ ᠬᠡᠷᠡᠭᠲᠡᠢ》 ᠭᠡᠵᠦ ᠯᠢᠦ ᠢ ᠬᠤᠤ ᠦᠪᠡᠷ ᠤ᠋ᠨ ᠠᠵᠢᠯ ᠶ᠋ᠢᠡᠨ ᠰᠤᠷᠪᠤᠯᠵᠢᠯᠠᠭᠴᠢ ᠳ᠋ᠤ ᠲᠠᠨᠢᠯᠴᠠᠭᠤᠯᠤᠯ᠎ᠠ᠃ ᠣᠳᠣᠬᠠᠨ ᠳ᠋ᠤ᠂ ᠣᠶᠤᠨᠴᠢᠯᠠᠭᠰᠠᠨ ᠬᠢᠨᠠᠨ ᠡᠵᠡᠮᠳᠡᠬᠦ ᠰᠢᠰᠲᠧᠮ ᠨᠢ ᠨᠢᠭᠡᠨᠲᠡ ᠬᠠᠷᠢᠶ᠎ᠠ ᠣᠷᠣᠨ ᠤ᠋ ᠪᠣᠢ ᠪᠦᠬᠦᠢ ᠬᠡᠢ ᠵᠢᠨ ᠬᠤᠳᠳᠤᠭ ᠪᠠ ᠬᠣᠭᠣᠯᠠᠢ ᠱᠤᠭᠤᠮ ᠢ᠋ ᠪᠥᠬᠥ ᠲᠠᠯ᠎ᠠ ᠪᠠᠷ ᠬᠠᠮᠤᠷᠴᠤ᠂ ᠥᠩᠭᠡᠷᠡᠭᠰᠡᠨ ᠤ᠋ ᠬᠠᠬᠢᠷ ᠡᠪᠦᠯ ᠤ᠋ᠨ ᠬᠦᠢᠳᠡᠨ ᠳ᠋ᠤ ᠬᠥᠮᠥᠨ ᠤ᠋ ᠬᠦᠴᠦ ᠪᠡᠷ ᠬᠡᠳᠦᠨ ᠠᠷᠪᠠᠨ ᠺᠢᠯᠣᠮᠧᠲᠷ ᠠᠶᠠᠯᠠᠨ ᠲᠣᠭᠣᠷᠢᠨ ᠪᠠᠢᠴᠠᠭᠠᠵᠤ ᠪᠠᠢᠭᠰᠠᠨ ᠬᠦᠴᠢᠷᠳᠡᠯ ᠢ᠋ ᠲᠤᠢᠯᠪᠤᠷᠢᠲᠠᠢ ᠬᠤᠪᠢᠷᠠᠭᠤᠯᠤᠨ᠂ ᠡᠵᠡᠮᠳᠡᠯ ᠤ᠋ᠨ ᠲᠥᠪ ᠡᠴᠠ ᠲᠣᠬᠢᠷᠠᠭᠤᠯᠤᠨ ᠡᠵᠡᠮᠳᠡᠬᠦ ᠵᠢ ᠪᠡᠶᠡᠯᠡᠭᠦᠯᠵᠦ᠂ ᠪᠠᠴᠢᠮ ᠪᠠᠢᠳᠠᠯ ᠢ᠋ ᠠᠷᠭᠠᠴᠠᠭᠠᠬᠤ ᠬᠤᠷᠳᠤᠴᠠ ᠵᠢ ᠶᠡᠬᠡ ᠪᠡᠷ ᠳᠡᠭᠡᠭᠰᠢᠯᠡᠭᠦᠯᠦᠨ᠂ ᠡᠨᠧᠷᠬᠢ ᠶ᠋ᠢᠨ ᠬᠠᠩᠭᠠᠯᠭ᠎ᠠ ᠵᠢ ᠪᠠᠲᠤᠯᠠᠬᠤ ᠠᠵᠢᠯ ᠢ᠋ ᠨᠠᠩ ᠣᠨᠣᠪᠴᠢᠲᠠᠢ᠂ ᠨᠠᠩ ᠥᠨᠳᠥᠷ ᠪᠦᠲᠦᠮᠵᠢᠲᠡᠢ᠂ ᠨᠠᠩ ᠠᠮᠤᠷ ᠲᠦᠪᠰᠢᠨ ᠪᠣᠯᠭᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠶ᠋ᠢᠡᠷ ᠴᠠᠭᠠᠨ ᠰᠠᠷ᠎ᠠ ᠵᠢᠨ ᠬᠠᠩᠭᠠᠯᠭ᠎ᠠ ᠵᠢ ᠪᠠᠲᠤᠯᠠᠳᠠᠭ ᠪᠤᠯᠪᠠ᠃
ᠴᠠᠭᠠᠨ ᠰᠠᠷ᠎ᠠ ᠵᠢᠨ ᠬᠤᠭᠤᠴᠠᠭᠠᠨ ᠳᠠᠬᠢ ᠪᠠᠢᠭᠠᠯᠢ ᠵᠢᠨ ᠰᠢᠲᠠᠮᠠᠬᠠᠢ ᠬᠡᠢ ᠵᠢᠨ ᠬᠠᠩᠭᠠᠯᠭ᠎ᠠ ᠵᠢ ᠪᠠᠲᠤᠯᠠᠬᠤ ᠠᠵᠢᠯ ᠢ᠋ ᠯᠠᠪᠳᠠᠭᠤᠨ ᠪᠠᠲᠤᠲᠠᠢ ᠰᠠᠢᠲᠤᠷ ᠬᠢᠵᠦ᠂ ᠤᠯᠠᠨ ᠲᠦᠮᠡᠨ ᠤ᠋ ᠬᠠᠯᠠᠭᠤᠨ ᠳᠤᠯᠠᠭᠠᠨ ᠪᠠᠶᠠᠷ ᠤ᠋ᠨ ᠡᠳᠦᠷ ᠵᠢᠨᠨ ᠪᠡᠯᠭᠡᠯᠡᠬᠦ ᠵᠢ ᠪᠠᠳᠤᠯᠠᠬᠤ ᠵᠢᠨ ᠲᠥᠯᠥᠭᠡ ᠲᠤᠰ ᠦᠢᠯᠡᠳᠪᠦᠷᠢ ᠤᠷᠢᠳᠴᠢᠯᠠᠨ ᠠᠮᠤᠷ ᠲᠦᠪᠰᠢᠨ ᠤ᠋ ᠶᠡᠬᠡ ᠪᠠᠢᠴᠠᠭᠠᠯᠲᠠ ᠬᠢᠵᠦ᠂ ᠡᠯ᠎ᠡ ᠲᠦᠷᠦᠯ ᠤ᠋ᠨ ᠭᠣᠣᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠵᠢᠨ ᠭᠣᠭᠴᠣᠭᠠᠨ ᠳ᠋ᠤ ᠪᠦᠬᠦ ᠲᠠᠯ᠎ᠠ ᠪᠠᠷ ᠵᠢᠭ᠍ᠰᠠᠭᠠᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠠᠵᠢᠯ ᠢ᠋ ᠥᠷᠨᠢᠭᠦᠯᠦᠨ᠂ ᠦᠢᠯᠡᠳᠪᠦᠷᠢᠯᠡᠯ ᠤ᠋ᠨ ᠲᠥᠯᠥᠪᠯᠡᠭᠡ ᠵᠢ ᠵᠣᠬᠢᠰᠲᠠᠢ ᠲᠣᠬᠢᠷᠠᠭᠤᠯᠵᠤ᠂ ᠠᠵᠢᠯᠲᠠᠨ ᠤ᠋ ᠲᠣᠬᠢᠷᠠᠭᠤᠯᠤᠯᠲᠠ ᠵᠢ ᠰᠢᠯᠢᠳᠡᠭᠵᠢᠭᠦᠯᠦᠨ᠂ ᠤᠳᠤᠷᠢᠳᠬᠤ ᠺᠠᠳ᠋ᠷ ᠡᠭᠡᠯᠵᠢ ᠳᠠᠭᠠᠭᠤᠯᠬᠤ᠂ 24 ᠴᠠᠭ ᠶ᠋ᠢᠡᠷ ᠵᠢᠵᠢᠭᠦᠷᠯᠡᠬᠦ ᠳᠦᠷᠢᠮ ᠢ᠋ ᠴᠢᠩᠭ᠎ᠠ ᠬᠡᠷᠡᠭᠵᠢᠭᠦᠯᠵᠦ᠂ ᠬᠠᠷᠢᠭᠤᠴᠠᠯᠭ᠎ᠠ ᠵᠢ ᠬᠥᠮᠥᠨ ᠪᠦᠬᠦᠨ ᠳ᠋ᠤ ᠨᠠᠢᠳᠠᠪᠤᠷᠢᠵᠢᠭᠤᠯᠤᠨ᠂ ᠪᠠᠢᠭᠠᠯᠢ ᠵᠢᠨ ᠰᠢᠲᠠᠮᠠᠬᠠᠢ ᠬᠡᠢ ᠵᠢᠨ ᠬᠠᠩᠭᠠᠯᠭ᠎ᠠ ᠵᠢᠨ ᠲᠦᠷᠦᠯ ᠵᠦᠢᠯ ᠤ᠋ᠨ ᠪᠦᠲᠦᠭᠡᠨ ᠪᠠᠢᠭᠤᠯᠤᠯᠲᠠ ᠵᠢ ᠪᠦᠬᠦ ᠬᠦᠴᠦᠨ ᠶ᠋ᠢᠡᠷ ᠶ᠋ᠢᠡᠨ ᠠᠬᠢᠭᠤᠯᠵᠤ᠂ ᠡᠨᠧᠷᠭᠢ ᠵᠢᠨ ᠠᠶᠤᠯᠭᠦᠢ ᠦᠢᠯᠡᠳᠪᠦᠷᠢᠯᠡᠯ ᠤ᠋ᠨ ᠰᠡᠷᠭᠡᠢᠯᠡᠯᠲᠡ ᠵᠢᠨ ᠱᠤᠭᠤᠮ ᠢ᠋ ᠦᠨᠡᠨ ᠬᠦ᠌ ᠪᠡᠬᠢᠵᠢᠭᠦᠯᠦᠨ᠂ ᠪᠠᠶᠠᠷ ᠤ᠋ᠨ ᠡᠳᠦᠷ ᠤ᠋ᠨ ᠬᠤᠭᠤᠴᠠᠭᠠᠨ ᠳ᠋ᠠᠬᠢ ᠪᠠᠢᠭᠠᠯᠢ ᠵᠢᠨ ᠰᠢᠲᠠᠮᠠᠬᠠᠢ ᠬᠡᠢ ᠵᠢᠨ ᠬᠠᠩᠭᠠᠯᠭ᠎ᠠ ᠵᠢᠨ ᠲᠣᠭᠲᠠᠭᠤᠨ ᠡᠮᠬᠢ ᠳᠢᠭ᠌ᠯᠢᠮ ᠲᠠᠢ ᠪᠠᠢᠬᠤ ᠵᠢ ᠪᠠᠲᠤᠯᠠᠵᠤ ᠪᠠᠢᠨ᠎ᠠ᠃
ᠣᠢᠯᠠᠭᠠᠭᠰᠠᠨ ᠶ᠋ᠢᠡᠷ᠂ ᠲᠣᠰ ᠪᠠᠢᠭᠠᠯᠢ ᠵᠢᠨ ᠰᠢᠲᠠᠮᠠᠬᠠᠢ ᠬᠡᠢ ᠵᠢᠨ ᠬᠠᠩᠭᠠᠯᠭ᠎ᠠ ᠵᠢᠨ ᠲᠥᠷᠥᠯ ᠵᠦᠢᠯ ᠨᠢ 2025 ᠣᠨ ᠤ᠋ 4 ᠰᠠᠷ᠎ᠠ ᠵᠢᠨ 25 ᠤ᠋ ᠡᠳᠦᠷ ᠠᠰᠢᠭ᠍ᠯᠠᠯᠲᠠ ᠳ᠋ᠤ ᠣᠷᠣᠭᠰᠠᠨ ᠡᠴᠠ ᠨᠠᠭᠠᠰᠢ ᠡᠵᠡᠨ ᠬᠣᠷᠣᠭ᠎ᠠ ᠬᠣᠰᠢᠭᠤᠨ ᠤ᠋ ᠲᠤᠬᠠᠢ ᠵᠢᠨ ᠭᠠᠵᠠᠷ ᠲᠤ᠌ ᠨᠡᠶ᠋ᠢᠲᠡ 5300 ᠲᠦᠮᠡᠨ ᠪᠣᠰᠣᠭ᠎ᠠ ᠳᠥᠷᠪᠡᠯᠵᠢᠨ ᠮᠧᠲᠷ ᠪᠦᠬᠦᠢ ᠪᠠᠢᠭᠠᠯᠢ ᠵᠢᠨ ᠰᠢᠲᠠᠮᠠᠬᠠᠢ ᠬᠡᠢ ᠵᠢ ᠬᠦᠷᠭᠡᠵᠦ᠂ ᠣᠯᠠᠨ ᠲᠦᠮᠡᠨ ᠤ᠋ ᠪᠠᠶᠠᠷ ᠤ᠋ᠨ ᠡᠳᠦᠷ ᠶ᠋ᠢᠡᠨ ᠠᠮᠤᠷ ᠲᠠᠢᠪᠤᠩ ᠥᠩᠭᠡᠷᠡᠭᠦᠯᠬᠦ ᠵᠢ ᠪᠠᠳᠤᠯᠠᠭᠰᠠᠨ ᠶ᠋ᠢᠡᠷ ᠪᠠᠷᠠᠬᠤ ᠦᠭᠡᠢ ᠨᠠᠩ ᠴᠤ᠌ ᠣᠷᠣᠨ ᠨᠤᠲᠤᠭ ᠤ᠋ᠨ ᠠᠮᠢ ᠠᠬᠤᠢ ᠵᠢᠨ ᠣᠷᠴᠢᠨ ᠲᠣᠭᠣᠷᠢᠨ ᠢ᠋ ᠰᠠᠢᠵᠢᠷᠠᠭᠤᠯᠬᠤ ᠵᠢᠴᠢ ᠠᠵᠤ ᠠᠬᠤᠢ ᠨᠡᠢᠭᠡᠮ ᠤ᠋ᠨ ᠴᠢᠨᠠᠷ ᠰᠠᠢᠲᠠᠢ ᠬᠥᠭᠵᠢᠯᠲᠡ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠵᠤ ᠬᠡᠯᠪᠡᠷᠢ ᠪᠡᠨ ᠬᠤᠪᠢᠷᠠᠭᠤᠯᠬᠤ ᠳ᠋ᠤ ᠬᠦᠴᠦᠲᠡᠢ ᠬᠥᠳᠡᠯᠭᠡᠭᠴᠢ ᠬᠦᠴᠦᠨ ᠨᠡᠮᠡᠷᠢᠯᠡᠨ᠂ ᠠᠷᠢᠭᠤᠨ ᠴᠡᠪᠡᠷ ᠡᠨᠧᠷᠭᠢ ᠪᠡᠷ ᠲᠠᠯ᠎ᠠ ᠨᠤᠲᠤᠭ ᠤ᠋ᠨ ᠬᠥᠬᠡᠮᠳᠦᠭ ᠨᠣᠭᠣᠭᠠᠨ ᠠᠭᠤᠯᠠ ᠤᠰᠤ ᠵᠢ ᠰᠠᠬᠢᠨ ᠬᠠᠮᠠᠭᠠᠯᠠᠵᠤ ᠪᠠᠢᠨ᠎ᠠ᠃
ᠦᠳᠡᠰᠢ ᠵᠢᠨ ᠪᠦᠷᠦᠢ ᠪᠠᠭᠤᠬᠤ ᠪᠡᠷ ᠭᠠᠳᠠᠨ᠎ᠠ ᠬᠦᠢᠲᠡᠨ ᠵᠢᠪᠠᠷ ᠰᠡᠷᠴᠢᠬᠢᠨᠠᠨ᠂ ᠳᠤᠰ ᠦᠢᠯᠡᠳᠪᠦᠷᠢ ᠶ᠋ᠢᠨ ᠡᠵᠡᠮᠳᠡᠯ ᠤ᠋ᠨ ᠲᠥᠪ ᠲᠤ᠌ ᠳ᠋ᠧᠩ ᠤᠨ ᠬᠡᠷᠡᠯ ᠲᠤᠸᠠᠯᠠᠵᠤ᠂ ᠠᠵᠢᠯ ᠤ᠋ᠨ ᠪᠠᠢᠷᠢ ᠪᠡᠨ ᠪᠠᠳᠤ ᠰᠠᠬᠢᠵᠤ ᠪᠠᠢᠭ᠎ᠠ ᠠᠵᠢᠯᠳᠠᠳ ᠤ᠋ᠨ ᠪᠠᠷ᠎ᠠ ᠬᠠᠷᠠᠭᠳᠠᠨ᠎ᠠ᠃