2026 ᠤᠨ ᠤ᠋ ᠴᠠᠭᠠᠨ ᠰᠠᠷ᠎ᠠ ᠶ᠋ᠢᠨ ᠤᠯᠠᠭᠠᠨ ᠵᠠᠭᠠᠯᠮᠠᠢᠳᠠᠨ ᠤ᠋ ᠰᠠᠢᠨ ᠳᠤᠷ᠎ᠠ ᠶ᠋ᠢᠨ ᠦᠢᠯᠡᠴᠢᠯᠡᠭᠡᠨ ᠤ᠋ ᠠᠵᠢᠯᠯᠠᠭ᠎ᠠ ᠠᠶᠠᠨᠴᠢᠳ ᠲᠸ᠋ ᠳᠦᠬᠦᠮ ᠦᠵᠡᠬᠦᠯᠪᠠ
2026-02-16 16:29:16
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠴᠠᠭᠠᠨ ᠰᠠᠷ᠎ᠠ ᠤᠢᠷᠠᠲᠤᠵᠤ᠂ ᠬᠦᠬᠡᠬᠤᠳᠠ ᠶ᠋ᠢᠨ ᠭᠠᠯᠳᠦ ᠲᠡᠷᠭᠡᠨ ᠦᠷᠳᠡᠭᠡ᠂ ᠠᠶᠠᠨᠴᠢᠳ ᠤ᠋ᠨ ᠮᠠᠰᠢᠨ ᠲᠡᠷᠭᠡᠨ ᠤ᠋ ᠦᠷᠳᠡᠭᠡ᠂ ᠨᠢᠰᠭᠡᠯ ᠤ᠋ᠨ ᠪᠠᠭᠤᠳᠠᠯ ᠶ᠋ᠢᠡᠷ ᠬᠦᠮᠦᠨ ᠤ᠋ ᠤᠷᠤᠰᠬᠠᠯ ᠨᠡᠮᠡᠭᠳᠡᠵᠠᠢ᠃ ᠠᠷᠤ ᠭᠡᠷ ᠲᠦᠷᠦᠭᠰᠡᠨ ᠨᠤᠳᠤᠭ ᠵᠦᠭ ᠶ᠋ᠢᠡᠨ ᠲᠡᠮᠡᠦᠯᠬᠦ ᠶᠠᠩᠵᠤ ᠪᠦᠷᠢ ᠶ᠋ᠢᠨ ᠪᠤᠭᠴᠤ ᠪᠤᠭᠤᠳᠠᠯ ᠲᠠᠢ ᠨᠠᠭᠠᠰᠢ ᠴᠠᠭᠠᠰᠢ ᠵᠦᠷᠢᠯᠳᠦᠬᠦ ᠬᠦᠮᠦᠰ ᠤ᠋ᠨ ᠳᠤᠮᠳᠠ ᠤᠯᠠᠭᠠᠨ ᠴᠠᠭᠠᠨ ᠨᠢ ᠢᠯᠭᠠᠷᠠᠭᠰᠠᠨ ᠤᠯᠠᠭᠠᠨ ᠵᠠᠭᠠᠯᠮᠠᠢᠳᠠᠨ ᠤ᠋ ᠰᠠᠢᠨ ᠳᠤᠷᠠᠴᠤᠳ ᠤ᠋ᠨ ᠬᠤᠪᠴᠠᠰᠤ ᠡᠮᠦᠰᠦᠭᠰᠡᠨ ᠵᠠᠯᠠᠭᠤᠴᠤᠳ ᠤᠨᠴᠠ ᠶ᠋ᠢᠨ ᠢᠯᠡ ᠬᠠᠷᠠᠭᠳᠠᠨ᠎ᠠ᠃

ᠤᠢᠯᠠᠭᠠᠭᠰᠠᠨ ᠶ᠋ᠢᠡᠷ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠪᠤᠯᠤᠨ ᠬᠦᠬᠡᠬᠤᠳᠠ ᠶ᠋ᠢᠨ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠡᠴᠡ ᠬᠠᠮᠳᠤᠷᠠᠨ ᠦᠷᠨᠢᠭᠦᠯᠦᠭᠰᠡᠨ 《ᠰᠠᠢᠨ ᠳᠤᠷ᠎ᠠ ᠶ᠋ᠢᠨ ᠵᠤᠷᠢᠯᠳᠠ·ᠰᠠᠢᠨ ᠰᠠᠨᠠᠭᠠᠨ ᠤ᠋ ᠦᠢᠯᠡ ᠠᠵᠢᠯᠯᠠᠭ᠎ᠠ — 2026 ᠤᠨ ᠤ᠋ ᠴᠠᠭᠠᠨ ᠰᠠᠷ᠎ᠠ ᠶ᠋ᠢᠨ ᠤᠯᠠᠭᠠᠨ ᠵᠠᠭᠠᠯᠮᠠᠢᠳᠠᠨ ᠤ᠋ ᠰᠠᠢᠨ ᠳᠤᠷ᠎ᠠ ᠶ᠋ᠢᠨ ᠦᠢᠯᠡᠴᠢᠯᠡᠭᠡᠨ ᠤ᠋ ᠠᠵᠢᠯᠯᠠᠭ᠎ᠠ》 1 ᠰᠠᠷ᠎ᠠ ᠶ᠋ᠢᠨ 26 ᠤ᠋ ᠡᠳᠦᠷ ᠡᠴᠡ ᠡᠬᠢᠯᠡᠵᠦ᠂ 2 ᠰᠠᠷ᠎ᠠ ᠶ᠋ᠢᠨ 13 ᠤ᠋ ᠡᠳᠦᠷ ᠪᠤᠯᠳᠠᠯ᠎ᠠ ᠦᠷᠭᠦᠯᠵᠢᠯᠡᠪᠠ᠃ ᠡᠨᠡ ᠬᠦ᠌ ᠬᠤᠭᠤᠴᠠᠭᠠᠨ ᠳ᠋ᠤ ᠤᠯᠠᠭᠠᠨ ᠵᠠᠭᠠᠯᠮᠠᠢᠳᠠᠨ ᠤ᠋ ᠰᠠᠢᠨ ᠳᠤᠷ᠎ᠠ ᠶ᠋ᠢᠨ ᠠᠵᠢᠯᠳᠠᠳ ᠬᠦᠬᠡᠬᠤᠳᠠ ᠶ᠋ᠢᠨ ᠭᠠᠯᠳᠦ ᠲᠡᠷᠭᠡᠨ ᠦᠷᠳᠡᠭᠡ᠂ ᠨᠢᠰᠭᠡᠯ ᠤ᠋ᠨ ᠪᠠᠭᠤᠳᠠᠯ ᠵᠡᠷᠭᠡ ᠵᠠᠮ ᠬᠠᠷᠢᠯᠴᠠᠭᠠᠨ ᠤ᠋ ᠴᠢᠬᠤᠯᠠ ᠬᠦᠢᠰᠦ ᠭᠠᠵᠠᠷ ᠲᠤ᠌ ᠴᠠᠭᠠᠨ ᠰᠠᠷ᠎ᠠ ᠶ᠋ᠢᠨ ᠠᠶᠠᠨᠴᠢᠳ ᠤ᠋ᠨ ᠵᠦᠭᠡᠭᠡᠪᠤᠷᠢ ᠶ᠋ᠢᠨ ᠪᠠᠢᠳᠠᠯ ᠪᠤᠯᠤᠨ ᠠᠶᠠᠨᠴᠢᠳ ᠤ᠋ᠨ ᠪᠤᠳᠠᠳᠤ ᠬᠡᠷᠡᠭᠴᠡᠭᠡ ᠱᠠᠭᠠᠷᠳᠠᠯᠭ᠎ᠠ ᠳ᠋ᠤ ᠠᠩᠬᠠᠷᠤᠯ ᠶ᠋ᠢᠡᠨ ᠲᠦᠪᠯᠡᠷᠡᠭᠦᠯᠦᠨ᠂ ᠪᠠᠴᠢᠮ ᠪᠠᠢᠳᠠᠯ ᠢ᠋ ᠠᠷᠭᠠᠴᠠᠭᠠᠬᠤ ᠠᠪᠤᠷᠠᠨ ᠲᠤᠰᠠᠯᠠᠬᠤ ᠮᠡᠷᠭᠡᠵᠢᠯ ᠤ᠋ᠨ ᠪᠤᠯᠪᠠᠰᠤᠷᠠᠯ ᠬᠦᠷᠳᠡᠭᠡᠬᠦ ᠵᠢᠴᠢ ᠬᠤᠯᠪᠤᠭᠳᠠᠯ ᠪᠦᠬᠦᠢ ᠮᠡᠳᠡᠯᠭᠡ ᠲᠦᠭᠡᠮᠡᠯᠵᠢᠭᠦᠯᠬᠦ ᠠᠵᠢᠯᠯᠠᠭ᠎ᠠ ᠦᠷᠨᠢᠭᠦᠯᠬᠦ ᠶ᠋ᠢᠨ ᠬᠠᠮᠳᠤ ᠠᠶᠠᠠᠴᠢᠳ ᠤ᠋ᠨ ᠠᠰᠠᠭᠤᠯᠳᠠ ᠶ᠋ᠢ ᠬᠠᠷᠢᠭᠤᠯᠤᠨ ᠠᠶᠠᠯᠠᠯ ᠢ᠋ ᠨᠢ ᠵᠠᠮᠴᠢᠯᠠᠬᠤ᠂ ᠡᠷᠡᠭᠦᠯ ᠮᠡᠨᠳᠦ ᠶ᠋ᠢ ᠨᠢ ᠰᠠᠬᠢᠨ ᠬᠠᠮᠠᠭᠠᠯᠠᠬᠤ᠂ ᠭᠤᠤᠯᠳᠠᠯᠭ᠎ᠠ ᠲᠠᠢ ᠬᠦᠮᠦᠰ ᠢ᠋ ᠬᠠᠯᠠᠮᠵᠢᠯᠠᠨ ᠬᠠᠪᠰᠤᠷᠴᠤ ᠰᠡᠳᠬᠢᠯ ᠰᠠᠨᠠᠭ᠎ᠠ ᠶ᠋ᠢ ᠨᠢ ᠲᠠᠢᠪᠤᠰᠢᠷᠠᠭᠤᠯᠬᠤ ᠵᠡᠷᠭᠡ ᠰᠠᠢᠨ ᠳᠤᠷ᠎ᠠ ᠶ᠋ᠢᠨ ᠠᠵᠢᠯᠯᠠᠭ᠎ᠠ ᠦᠷᠨᠢᠭᠦᠯᠦᠨ᠂ ᠤᠯᠠᠨ ᠲᠦᠮᠡᠨ ᠤ᠋ ᠠᠮᠦᠷ ᠲᠠᠢᠪᠤᠩ ᠶ᠋ᠢᠡᠷ ᠭᠡᠷ ᠨᠤᠳᠤᠭ ᠲᠠᠭᠠᠨ ᠪᠤᠴᠠᠵᠤ᠂ ᠴᠠᠭᠠᠨ ᠰᠠᠷ᠎ᠠ ᠪᠡᠨ ᠪᠠᠶᠠᠷ ᠵᠢᠷᠭᠠᠯ ᠲᠠᠢ ᠦᠩᠭᠡᠷᠡᠭᠦᠯᠬᠦ ᠳ᠋ᠤ ᠲᠤᠰᠠ ᠳᠡᠮ ᠦᠵᠡᠭᠦᠯᠪᠠ᠃ 《ᠰᠠᠢᠨ ᠳᠤᠷ᠎ᠠ ᠶ᠋ᠢᠨ ᠦᠢᠯᠡᠴᠢᠯᠡᠭᠡᠨ ᠤ᠋ ᠠᠵᠢᠯᠯᠠᠭ᠎ᠠ ᠦᠷᠨᠢᠭᠦᠯᠬᠦ ᠪᠡᠷ ᠳᠠᠮᠵᠢᠨ ᠠᠶᠠᠨᠴᠢᠳ ᠤ᠋ᠨ ᠠᠶᠠᠨ ᠤ᠋ ᠵᠠᠮ ᠤ᠋ᠨ ᠪᠤᠳᠠᠳᠤ ᠬᠦᠴᠢᠷᠳᠡᠯ ᠢ᠋ ᠰᠢᠢᠳᠪᠤᠷᠢᠯᠡᠵᠦ᠂ ᠪᠠᠴᠢᠮ ᠪᠠᠢᠳᠠᠯ ᠢ᠋ ᠠᠷᠭᠠᠴᠠᠭᠠᠨ ᠠᠪᠤᠷᠠᠨ ᠲᠤᠰᠠᠯᠠᠬᠤ ᠮᠡᠳᠡᠯᠭᠡ ᠮᠡᠷᠭᠡᠵᠢᠯ ᠢ᠋ ᠲᠦᠭᠡᠮᠡᠯᠵᠢᠭᠦᠯᠬᠦ ᠶ᠋ᠢᠨ ᠬᠠᠮᠳᠤ ᠨᠡᠢᠭᠡᠮ ᠨᠡᠢᠳᠡ ᠳ᠋ᠤ ᠰᠠᠢᠨ ᠰᠠᠢᠬᠠᠨ ᠠᠭᠤᠷ ᠠᠮᠢᠰᠬᠤᠯ ᠢ᠋ ᠪᠤᠢ ᠪᠤᠯᠭᠠᠨ ᠳᠠᠮᠵᠢᠭᠤᠯᠬᠤ ᠪᠤᠯᠤᠨ᠎ᠠ᠃ ᠲᠤᠰ ᠠᠵᠢᠯᠯᠠᠭ᠎ᠠ ᠪᠡᠷ ᠳᠠᠮᠵᠢᠭᠤᠯᠤᠨ ᠨᠡᠩ ᠤᠯᠠᠨ ᠨᠢᠩᠵᠢᠨ ᠰᠡᠳᠬᠢᠯᠳᠦ ᠬᠦᠮᠦᠰ ᠰᠠᠢᠨ ᠳᠤᠷ᠎ᠠ ᠶ᠋ᠢᠨ ᠦᠢᠯᠡᠴᠢᠯᠡᠭᠡᠨ ᠤ᠋ ᠠᠵᠢᠯᠯᠠᠭ᠎ᠠ ᠳ᠋ᠤ ᠤᠷᠤᠯᠴᠠᠬᠤ ᠶ᠋ᠢ ᠬᠦᠰᠡᠨ ᠤᠷᠠᠢᠯᠠᠵᠤ ᠪᠠᠢᠨ᠎ᠠ》 ᠭᠡᠵᠦ ᠦᠪᠡᠷᠳᠡᠭᠡᠨ ᠵᠠᠰᠠᠬᠤ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠤ᠋ᠨ ᠬᠠᠷᠢᠭᠤᠴᠠᠯᠭᠠᠳᠠᠨ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号