《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠣᠬᠢᠶᠠᠯ᠎ᠢ ᠨᠡᠢᠲᠡᠯᠡᠪᠡ
2 ᠰᠠᠷ᠎ᠠ ᠶ᠋ᠢᠨ 16 ᠤ᠋ ᠡᠳᠦᠷ ᠬᠡᠪᠯᠡᠭ᠌ᠳᠡᠭᠰᠡᠨ 4 ᠳ᠋ᠤᠭᠡᠷ ᠬᠤᠭᠤᠴᠠᠭᠠᠨ ᠤ 《ᠦᠨᠡᠨ》 ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠵᠢᠨ ᠶᠡᠷᠦᠩᠬᠡᠶ ᠱᠦᠵᠢ ᠂ ᠤᠯᠤᠰ ᠤᠨ ᠲᠡᠷᠢᠭᠦᠯᠡᠭ᠌ᠴᠢ ᠂ ᠲᠥᠪ ᠦᠨ ᠴᠡᠷᠢᠭ ᠦᠨ ᠶᠠᠪᠤᠳᠠᠯ ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠦᠨ 《ᠣᠳᠣᠬᠠᠨ᠎ᠤ ᠠᠵᠤ ᠠᠬᠤᠶ᠎ᠶ᠋ᠢᠨ ᠠᠵᠢᠯ᠎ᠤᠨ ᠭᠤᠤᠯᠳᠠᠯᠭ᠎ᠠ᠎ᠲᠠᠶ ᠡᠭᠦᠷᠭᠡ》 ᠭᠡᠬᠦ ᠴᠢᠬᠤᠯᠠ ᠵᠣᠬᠢᠶᠠᠯ᠎ᠢ ᠨᠡᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠦᠨ 2025 ᠣᠨ᠎ᠤ 12 ᠰᠠᠷ᠎ᠠ᠎ᠶ᠋ᠢᠨ 10 ᠤ᠋ ᠡᠳᠦᠷ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠳᠡᠭᠡᠷ᠎ᠡ ᠲᠠᠯᠪᠢᠭᠰᠠᠨ ᠶᠠᠷᠢᠶᠠᠨ᠎ᠤ ᠨᠢᠭᠡ ᠬᠡᠰᠡᠭ ᠪᠣᠯᠤᠨ᠎ᠠ᠃
ᠵᠣᠬᠢᠶᠠᠯ᠎ᠳᠤ᠂ 2026 ᠣᠨ᠎ᠤ ᠠᠵᠤ ᠠᠬᠤᠢ᠎ᠶ᠋ᠢᠨ ᠠᠵᠢᠯ᠎ᠤᠨ ᠡᠭᠡᠳᠡᠷᠡᠭᠡᠨ ᠲᠠᠢ ᠵᠦᠢᠯ ᠤᠯᠠᠨ ᠪᠠᠢᠨ᠎ᠠ᠂ ᠵᠠᠩᠭᠢᠯᠠᠭ᠎ᠠ᠎ᠶ᠋ᠢ ᠠᠳᠭᠤᠵᠤ᠂ ᠬᠥᠲᠥᠯᠪᠦᠷᠢ᠎ᠶ᠋ᠢ ᠠᠳᠭᠤᠬᠤ ᠭᠡᠷᠡᠭᠲᠡᠢ᠃ ᠳᠣᠲᠣᠭᠠᠳᠤ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠪᠠᠢᠭᠤᠯᠬᠤ ᠬᠡᠷᠡᠭᠲᠡᠢ᠃ ᠬᠡᠷᠡᠭ᠌ᠯᠡᠭᠡ᠎ᠶ᠋ᠢ ᠠᠬᠢᠭᠤᠯᠬᠤ ᠪᠠ ᠪᠡᠯᠡ ᠣᠷᠣᠭᠤᠯᠤᠯᠲᠠ᠎ᠶ᠋ᠢ ᠥᠷᠭᠡᠳᠭᠡᠬᠦ᠌᠎ᠶ᠋ᠢ ᠨᠢᠭᠡᠳᠦᠯᠲᠡᠢ ᠲᠥᠯᠥᠪᠯᠡᠵᠦ᠍᠂ ᠮᠠᠨ᠎ᠤ ᠤᠯᠤᠰ᠎ᠤᠨ ᠭᠡᠳᠤ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠎ᠢ ᠰᠠᠢᠲᠤᠷ ᠠᠰᠢᠭᠯᠠᠬᠤ ᠬᠡᠷᠡᠭᠲᠡᠢ᠃ ᠬᠡᠷᠡᠭ᠌ᠯᠡᠭᠡ᠎ᠶ᠋ᠢ ᠬᠥᠭ᠌ᠵᠢᠭᠡᠬᠦ᠌ ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠲᠥᠯᠥᠪᠯᠡᠭᠡ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠴᠢᠨᠠᠷ ᠰᠠᠢᠲᠠᠶ ᠲᠠᠸᠠᠷ ᠪᠠ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠥᠷᠭᠡᠳᠭᠡᠨ᠂ 《ᠬᠣᠶᠠᠷ ᠱᠢᠨ᠎ᠡ》 ᠲᠥᠷᠥ᠎ᠶ᠋ᠢᠨ ᠪᠣᠳᠣᠯᠭ᠎ᠠ᠎ᠶ᠋ᠢᠨ ᠬᠡᠷᠡᠭ᠌ᠵᠢᠭᠦᠯᠦᠯᠲᠡ᠎ᠶ᠋ᠢ ᠱᠢᠯᠢᠳᠡᠭ᠌ᠵᠢᠭᠦᠯᠵᠦ᠍᠂ ᠬᠡᠷᠡᠭ᠌ᠯᠡᠭᠡ᠎ᠶ᠋ᠢᠨ ᠬᠦᠷᠢᠶᠡᠨ᠎ᠳᠡᠬᠢ ᠵᠦᠶ ᠵᠣᠬᠢᠰ ᠥᠬᠡᠶ ᠬᠢᠵᠠᠭᠠᠷᠯᠠᠯ᠎ᠤᠨ ᠠᠷᠭ᠎ᠠ ᠬᠡᠮᠵᠢᠶ᠎ᠡ᠎ᠶ᠋ᠢ ᠠᠷᠢᠯᠭᠠᠵᠤ᠂ ᠰᠣᠶᠣᠯ ᠵᠢᠭᠤᠯᠴᠢᠯᠠᠯ ᠵᠡᠷᠭᠡ ᠦᠶ᠋ᠯᠡᠴᠢᠯᠡᠭᠡᠨ᠎ᠦ ᠬᠡᠷᠡᠭ᠌ᠯᠡᠭᠡ᠎ᠶ᠋ᠢᠨ ᠳᠠᠯᠳᠠ ᠬᠦᠴᠦᠨ᠎ᠢ ᠪᠠᠳᠠᠷᠠᠭᠤᠯᠬᠤ ᠬᠡᠷᠡᠭᠲᠡᠢ᠃ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠵᠦ ᠨᠦᠬᠡᠴᠡ ᠬᠦᠴᠦᠨ᠎ᠢ ᠴᠢᠩᠭᠠᠷᠠᠭᠤᠯᠬᠤ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠡᠯᠡ ᠣᠷᠣᠭᠤᠯᠤᠯᠲᠠ᠎ᠶ᠋ᠢᠨ ᠪᠠᠭᠤᠷᠠᠯᠲᠠ᠎ᠶ᠋ᠢ ᠵᠣᠭ᠍ᠰᠣᠭᠠᠵᠤ ᠲᠠᠬᠢᠨ ᠲᠣᠭ᠍ᠲᠠᠪᠤᠷᠢᠵᠢᠬᠤᠶ᠋ᠢ ᠠᠬᠢᠭᠤᠯᠵᠤ᠂ ᠲᠥᠪ᠎ᠦᠨ ᠲᠥᠰᠦᠪ᠎ᠦᠨ ᠳᠣᠲᠣᠷᠠᠬᠢ ᠪᠡᠯᠡ ᠣᠷᠣᠭᠤᠯᠤᠯᠲᠠ᠎ᠶ᠋ᠢᠨ ᠬᠡᠪᠴᠢᠢ᠎ᠡ᠎ᠶ᠋ᠢ ᠵᠣᠬᠢᠰᠲᠠᠢ ᠨᠡᠮᠡᠭ᠌ᠳᠡᠭᠦᠯᠵᠦ᠍᠂ 《ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ ᠵᠢᠨ ᠬᠡᠷᠡᠭᠵᠢᠭᠦᠯᠦᠯᠲᠡ ᠪᠤᠯᠤᠨ ᠭᠤᠤᠯᠳᠠᠯᠭ᠎ᠠ ᠲᠠᠢ ᠬᠦᠷᠢᠶᠡᠨ᠎ᠳᠡᠬᠢ ᠠᠮᠤᠷ ᠲᠦᠪᠰᠢᠨ᠎ᠤ ᠴᠢᠳᠠᠪᠦᠷᠢ ᠵᠢᠨ ᠪᠠᠢᠭᠤᠯᠤᠯᠲᠠ》 ᠵᠢᠨ ᠲᠦᠷᠦᠯ ᠵᠦᠢᠯ᠎ᠢ ᠱᠢᠯᠢᠳᠡᠭ᠌ᠵᠢᠭᠦᠯᠦᠨ ᠬᠡᠷᠡᠭ᠌ᠵᠢᠭᠦᠯᠵᠦ᠍᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠭᠠᠢ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠬᠡᠷᠡᠭ᠌ᠴᠡᠭᠡ᠎ᠶ᠋ᠢᠨ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠵᠦ᠍᠂ ᠱᠢᠨ᠎ᠡ ᠬᠡᠯᠪᠡᠷᠢ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠴᠢᠨᠠᠷᠲᠠᠢ ᠮᠥᠩᠭᠥᠨ ᠭᠦᠢᠯᠭᠡᠭᠡᠨ᠎ᠦ ᠪᠠᠭᠠᠵᠢ᠎ᠶ᠋ᠢᠨ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠬᠤᠳᠠ᠎ᠶ᠋ᠢᠨ ᠱᠢᠨᠡᠴᠢᠯᠡᠯᠲᠡ᠎ᠶ᠋ᠢ ᠴᠢᠨᠠᠷ ᠰᠠᠢᠲᠠᠢ ᠠᠬᠢᠭᠤᠯᠵᠤ᠂ ᠠᠷᠠᠳ᠎ᠤᠨ ᠪᠡᠯᠡ ᠣᠷᠣᠭᠤᠯᠤᠯᠲᠠ᠎ᠶ᠋ᠢᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠢ ᠬᠥᠭ᠌ᠵᠢᠭᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠵᠣᠬᠢᠶᠠᠯ᠎ᠳᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠬᠥᠳᠡᠯᠭᠡᠬᠦ᠌ ᠡᠨᠧᠷᠭᠢ᠎ᠶ᠋ᠢ ᠱᠠᠯᠠᠪᠳᠠᠨ ᠪᠣᠢᠵᠢᠭᠤᠯᠤᠨ ᠪᠤᠵᠠᠭᠠᠢᠷᠠᠭᠤᠯᠬᠤ ᠬᠡᠷᠡᠭ᠌ᠲᠡᠢ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠲᠠᠰᠤᠷᠠᠯᠲᠠ ᠥᠬᠡᠶ ᠪᠣᠶ ᠪᠣᠯᠭᠠᠬᠤ ᠬᠡᠷᠡᠭᠲᠡᠢ᠃ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ ᠲᠥᠰᠦᠯ᠎ᠢ ᠲᠣᠭ᠍ᠲᠠᠭᠠᠬᠤ ᠬᠡᠷᠡᠭᠲᠡᠢ᠃ ᠪᠡᠭᠡᠵᠢᠩ(ᠪᠡᠭᠡᠵᠢᠩ ᠲᠢᠶᠠᠨᠵᠢᠨ ᠾᠧᠪᠧᠢ)᠂ ᠱᠠᠩᠬᠠᠢ (ᠬᠥᠬᠡᠮᠥ᠋ᠷᠡᠨ᠎ᠦ ᠭᠤᠷᠪᠠᠯᠵᠢᠨ ᠬᠣᠢᠭ)᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠤ ᠣᠯᠠᠨ ᠤᠯᠤᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠦᠲᠦᠭᠡᠨ ᠪᠠᠢᠭᠤᠯᠵᠤ᠂ ᠳᠡᠯᠡᠬᠡᠢ᠎ᠶ᠋ᠢᠨ ᠲᠡᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠤᠯᠤᠮᠲᠠ᠎ᠶ᠋ᠢ ᠪᠠᠢᠭᠤᠯᠬᠤ ᠬᠡᠷᠡᠭᠲᠡᠢ᠃ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠱᠢᠨ᠎ᠡ ᠮᠡᠷᠭᠡᠵᠢᠯ ᠱᠢᠨ᠎ᠡ ᠦᠶ᠋ᠯᠡᠳᠬᠦᠨ ᠱᠢᠨ᠎ᠡ ᠠᠬᠤᠶ ᠪᠠᠢᠳᠠᠯ᠎ᠤᠨ ᠬᠡᠷᠡᠭ᠌ᠯᠡᠯᠲᠡ᠎ᠶ᠋ᠢᠨ ᠵᠢᠱ᠌ᠢᠶ᠎ᠡ ᠦᠵᠡᠭᠦᠯᠬᠦ᠌᠎ᠶ᠋ᠢ ᠥᠷᠭᠡᠳᠭᠡᠬᠦ᠌᠎ᠶ᠋ᠢ ᠳᠡᠮᠵᠢᠵᠦ᠍᠂ ᠱᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢ ᠬᠠᠮᠠᠭᠠᠯᠠᠬᠤ ᠲᠦᠷᠢᠮ᠎ᠢ ᠲᠡᠭᠦᠯᠳᠡᠷᠵᠢᠭᠦᠯᠦᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠵᠢ ᠲᠦᠷᠭᠡᠳᠭᠡᠬᠦ ᠬᠡᠷᠡᠭᠲᠡᠢ᠃ ᠦᠢᠯᠡᠴᠢᠯᠡᠭᠡᠨ᠎ᠦ ᠦᠢᠯᠡᠰ᠎ᠦᠨ ᠴᠢᠳᠠᠮᠵᠢ᠎ᠵᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭᠠᠨ᠎ᠤ ᠲᠥᠰᠦᠯ᠎ᠢ ᠲᠣᠭ᠍ᠲᠠᠭᠠᠬᠤ ᠬᠡᠷᠡᠭᠲᠡᠢ᠃ ᠱᠢᠨ᠎ᠡ ᠨᠢᠭᠡ ᠡᠭᠡᠯᠵᠢ᠎ᠶ᠋ᠢᠨ ᠭᠣᠣᠯᠳᠠᠯᠭ᠎ᠠ᠎ᠲᠠᠶ ᠠᠵᠤ ᠦᠢᠯᠡᠰ᠎ᠦᠨ ᠬᠡᠯᠬᠢᠶ᠎ᠡ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠠᠵᠢᠯᠯᠠᠭ᠎ᠠ᠎ᠶ᠋ᠢ ᠬᠡᠷᠡᠭ᠌ᠵᠢᠭᠦᠯᠬᠦ ᠬᠡᠷᠡᠭᠲᠡᠢ᠃ 《ᠵᠣᠬᠢᠶᠠᠮᠠᠯ ᠣᠶᠤᠨ ᠴᠢᠳᠠᠪᠤᠷᠢ +》 ᠶ᠋ᠢ ᠭᠦᠨᠵᠡᠭᠡᠢᠷᠡᠭᠦᠯᠦᠨ ᠥᠷᠭᠡᠳᠭᠡᠵᠦ᠍᠂ ᠵᠣᠬᠢᠶᠠᠮᠠᠯ ᠣᠶᠤᠨ ᠴᠢᠳᠠᠪᠤᠷᠢ᠎ᠶ᠋ᠢᠨ ᠵᠠᠰᠠᠯᠲᠠ᠎ᠶ᠋ᠢ ᠲᠡᠭᠦᠯᠳᠡᠷᠵᠢᠭᠦᠯᠬᠦ ᠬᠡᠷᠡᠭᠲᠡᠢ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡ᠎ᠶ᠋ᠢᠨ ᠱᠢᠨ᠎ᠡ᠎ᠶ᠋ᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠥᠭᠡᠷᠡᠴᠢᠯᠡᠯᠲᠡ᠎ᠬᠢᠵᠦ ᠪᠣᠭᠣᠮᠲᠠ ᠰᠢᠪᠲᠤᠯᠬᠤ᠎ᠶᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ᠎ᠶᠢᠨ ᠬᠥᠳᠡᠯᠭᠡᠬᠦ ᠬᠦᠴᠦᠨ ᠠᠮᠢᠵᠢᠷᠠᠯ᠎ᠤᠨ ᠬᠦᠴᠦᠨ᠎ᠢ ᠴᠢᠩᠭᠠᠳᠬᠠᠬᠤ ᠬᠡᠷᠡᠭᠲᠡᠢ᠃ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶᠢᠨ ᠳᠦᠷᠢᠮ᠎ᠢ ᠲᠣᠭᠲᠠᠭᠠᠵᠤ᠂ 《ᠳᠣᠲᠣᠭᠠᠳᠤ᠎ᠵᠢᠨ ᠥᠷᠢᠰᠦᠯᠳᠦᠭᠡᠨ》 ᠢ᠋ ᠭᠦᠨᠵᠡᠭᠡᠢ ᠴᠡᠭᠴᠡᠯᠡᠨ ᠵᠠᠰᠠᠵᠤ᠂ ᠵᠠᠬ᠎ᠠ ᠳᠡᠯᠭᠡᠭᠦᠷ᠎ᠦᠨ ᠰᠠᠢᠨ ᠰᠠᠢᠬᠠᠨ ᠠᠮᠢ ᠠᠬᠤᠢ᠎ᠶᠢ ᠪᠤᠢ ᠪᠣᠯᠭᠠᠬᠤ ᠬᠡᠷᠡᠭᠲᠡᠢ᠃ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠤᠯᠠᠮ ᠴᠢᠨᠠᠭᠰᠢᠳᠠ ᠭᠦᠨᠵᠡᠭᠡᠢᠷᠡᠭᠦᠯᠬᠦ ᠲᠥᠰᠥᠯ᠎ᠢ ᠲᠣᠭᠲᠠᠭᠠᠨ ᠬᠡᠷᠡᠭᠵᠢᠭᠦᠯᠵᠦ᠂ ᠠᠷᠠᠳ᠎ᠤᠨ ᠡᠵᠡᠩᠨᠡᠯᠲᠡ᠎ᠵᠢᠨ ᠠᠵᠤ ᠠᠬᠤᠢ᠎ᠶᠢ ᠠᠬᠢᠭᠤᠯᠬᠤ ᠬᠠᠤᠯᠢ᠎ᠶᠢᠨ ᠢᠵᠢ ᠪᠦᠷᠢᠳᠦᠭᠰᠡᠨ ᠬᠠᠤᠯᠢ ᠲᠣᠭᠲᠠᠭᠠᠯ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠬᠦ ᠬᠡᠷᠡᠭᠲᠡᠢ᠃ ᠥᠷᠢᠲᠦᠵᠦ ᠪᠠᠢᠭ᠎ᠠ ᠠᠵᠤ ᠠᠬᠤᠢᠯᠠᠯ᠎ᠤᠨ ᠳᠠᠩᠰᠠᠨ᠎ᠳᠠᠬᠢ ᠵᠣᠭᠣᠰ᠎ᠢ ᠱᠠᠯᠠᠪᠳᠠᠨ ᠢᠯᠭᠠᠷᠠᠭᠤᠯᠬᠤ ᠬᠡᠷᠡᠭᠲᠡᠢ᠃ ᠲᠠᠪᠴᠠᠩ᠎ᠤᠨ ᠠᠵᠤ ᠠᠬᠤᠢᠯᠠᠯ ᠪᠠ ᠲᠠᠪᠴᠠᠩ᠎ᠤᠨ ᠳᠣᠲᠣᠷᠠᠬᠢ ᠡᠵᠡᠩᠨᠡᠭᠴᠢ᠂ ᠬᠥᠳᠡᠯᠮᠦᠷᠢᠴᠢᠳ᠎ᠦᠨ ᠬᠠᠮᠲᠤ᠎ᠪᠠᠷ ᠠᠰᠢᠭ᠋ ᠬᠦᠷᠳᠡᠬᠦ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠡᠯᠧᠮᠧᠨ᠋ᠲ᠎ᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠢ ᠥᠷᠭᠡᠳᠬᠡᠬᠦ ᠬᠡᠷᠡᠭᠲᠡᠢ᠃ ᠡᠳ᠋᠎ᠦᠨ ᠵᠠᠰᠠᠭ᠎ᠤᠨ ᠰᠢᠯᠵᠢᠭᠦᠯᠦᠨ ᠲᠤᠭᠠᠴᠠᠭ᠎ᠠ ᠬᠢᠬᠦ ᠪᠦᠲᠦᠴᠡ᠎ᠶᠢ ᠰᠢᠯᠢᠳᠡᠭᠵᠢᠭᠦᠯᠵᠦ᠂ ᠣᠷᠣᠨ ᠨᠤᠲᠤᠭ᠎ᠤᠨ ᠭᠠᠢᠯᠢ᠎ᠶᠢᠨ ᠰᠢᠰᠲᠧᠮ᠎ᠢ ᠲᠡᠭᠦᠯᠳᠡᠷᠵᠢᠭᠦᠯᠬᠦ ᠬᠡᠷᠡᠭᠲᠡᠢ᠃ ᠳᠤᠮᠳᠠ ᠪᠠᠭ᠎ᠠ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠲᠣᠭ᠎ᠠ ᠬᠡᠮᠵᠢᠶ᠎ᠡ᠎ᠶᠢ ᠪᠠᠭᠠᠰᠬᠠᠨ ᠶᠠᠰᠤ ᠴᠢᠨᠠᠷ᠎ᠢ ᠳᠡᠭᠡᠭᠰᠢᠯᠡᠭᠦᠯᠬᠦ᠎ᠶᠢ ᠭᠦᠨᠵᠡᠭᠡᠢ ᠠᠬᠢᠭᠤᠯᠵᠤ᠂ ᠬᠥᠷᠥᠩᠭᠡ᠎ᠶᠢᠨ ᠵᠠᠬ᠎ᠠ ᠳᠡᠯᠭᠡᠭᠦᠷ᠎ᠦᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠭᠠᠳᠠᠭᠠᠳᠤ ᠨᠡᠭᠡᠭᠡᠯᠲᠡ᠎ᠶᠢ ᠪᠠᠷᠢᠮᠲᠠᠯᠠᠵᠤ᠂ ᠤᠯᠠᠨ ᠬᠦᠷᠢᠶᠡᠨ᠎ᠳᠡᠬᠢ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ᠋ ᠬᠦᠷᠳᠡᠬᠦ᠎ᠶᠢ ᠠᠬᠢᠭᠤᠯᠬᠤ ᠬᠡᠷᠡᠭᠲᠡᠢ᠃ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠪᠠᠢᠷᠢᠰᠢᠯ᠎ᠢ ᠶᠠᠭ ᠲᠠᠬᠢᠨ ᠴᠣᠭᠴᠠᠯᠠᠵᠤ ᠪᠠᠢᠨ᠎ᠠ᠂ ᠨᠡᠭᠡᠭᠡᠯᠲᠡ᠎ᠪᠡᠷ ᠬᠠᠮᠲᠤᠷᠠᠯᠴᠠᠭ᠎ᠠ᠎ᠪᠠᠨ ᠨᠡᠮᠡᠭᠳᠡᠭᠦᠯᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠣᠰ ᠣᠷᠴᠢᠯ᠎ᠢ ᠰᠢᠯᠤᠭᠤᠳᠬᠠᠬᠤ ᠬᠡᠷᠡᠭᠲᠡᠢ᠃ ᠳᠦᠷᠢᠮ᠎ᠦᠨ ᠬᠡᠯᠪᠡᠷᠢ᠎ᠶᠢᠨ ᠨᠡᠭᠡᠭᠡᠯᠲᠡ᠎ᠶᠢ ᠯᠠᠪᠳᠠᠭᠤᠨ᠎ᠢᠶᠠᠷ ᠠᠬᠢᠭᠤᠯᠵᠤ᠂ ᠦᠢᠯᠡᠴᠢᠯᠡᠭᠡᠨ᠎ᠦ ᠬᠦᠷᠢᠶᠡᠨ᠎ᠳᠡᠬᠢ ᠪᠡᠶ᠎ᠡ᠎ᠪᠡᠨ ᠳᠠᠭᠠᠭᠠᠵᠤ ᠨᠡᠭᠡᠭᠡᠯᠲᠡ ᠬᠢᠬᠦ᠎ᠶᠢ ᠡᠮᠬᠢ ᠵᠢᠷᠤᠮ᠎ᠲᠠᠢ᠎ᠪᠠᠷ ᠥᠷᠭᠡᠳᠬᠡᠨ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠠᠢᠷᠢᠰᠢᠭᠤᠯᠤᠯᠲᠠ᠎ᠶᠢᠨ ᠬᠡᠪᠴᠢᠶ᠎ᠡ᠎ᠶᠢ ᠰᠢᠯᠢᠳᠡᠭᠵᠢᠭᠦᠯᠵᠦ᠂ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠷᠠᠯᠵᠢᠶ᠎ᠠ ᠪᠡᠯᠡ ᠣᠷᠣᠭᠤᠯᠤᠯᠲᠠ᠎ᠶᠢ ᠨᠢᠭᠡ ᠴᠣᠭᠴᠠᠵᠢᠭᠤᠯᠬᠤ᠂ ᠳᠣᠲᠣᠭᠠᠳᠤ ᠭᠠᠳᠠᠭᠠᠳᠤ ᠠᠷᠠᠯᠵᠢᠶ᠎ᠠ᠎ᠶᠢ ᠨᠢᠭᠡ ᠴᠣᠭᠴᠠᠵᠢᠭᠤᠯᠬᠤ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠦᠢᠯᠡᠴᠢᠯᠡᠭᠡᠨ᠎ᠦ ᠭᠠᠳᠠᠭᠠᠳᠤ ᠭᠠᠷᠭᠠᠯᠲᠠ᠎ᠶᠢ ᠵᠣᠷᠢᠭ᠍ᠵᠢᠭᠤᠯᠤᠨ ᠳᠡᠮᠵᠢᠵᠦ᠂ ᠲᠣᠭᠠᠴᠢᠯᠠᠭᠰᠠᠨ ᠠᠷᠠᠯᠵᠢᠶ᠎ᠠ᠂ ᠪᠣᠬᠢᠷᠲᠤᠯ ᠦᠭᠡᠢ ᠠᠷᠠᠯᠵᠢᠶ᠎ᠠ᠎ᠶᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶᠢ ᠠᠬᠢᠭᠤᠯᠬᠤ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠭᠠᠳᠠᠭᠠᠳᠤ ᠪᠡᠯᠡ᠎ᠶᠢᠨ ᠬᠢᠯᠢ᠎ᠶᠢᠨ ᠳᠣᠲᠣᠷ᠎ᠠ ᠲᠠᠬᠢᠨ ᠪᠡᠯᠡ ᠣᠷᠣᠭᠤᠯᠬᠤ᠎ᠶᠢ ᠠᠬᠢᠭᠤᠯᠵᠤ᠂ ᠤᠷᠤᠨ ᠨᠤᠲᠤᠭᠴᠢᠯᠠᠨ ᠦᠢᠯᠡᠳᠪᠦᠷᠢᠯᠡᠬᠦ᠎ᠶᠢ ᠥᠷᠭᠡᠳᠬᠡᠬᠦ ᠬᠡᠷᠡᠭᠲᠡᠢ᠃ ᠭᠠᠳᠠᠭᠠᠳᠤ᠎ᠳᠠᠬᠢ ᠶᠡᠷᠦᠩᠬᠡᠢᠯᠡᠭᠰᠡᠨ ᠦᠢᠯᠡᠴᠢᠯᠡᠭᠡᠨ᠎ᠦ ᠰᠢᠰᠲᠧᠮ᠎ᠢ ᠲᠡᠭᠦᠯᠳᠡᠷᠵᠢᠭᠦᠯᠬᠦ ᠬᠡᠷᠡᠭᠲᠡᠢ᠃ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠲᠦᠭᠡᠨ ᠪᠠᠢᠭᠤᠯᠬᠤ ᠴᠢᠨᠠᠷ ᠰᠠᠢᠲᠠᠢ ᠬᠦᠭᠵᠢᠯᠲᠡ ᠵᠢ ᠠᠬᠢᠭᠤᠯᠬᠤ ᠬᠡᠷᠡᠭᠲᠡᠢ᠃ ᠨᠡᠩ ᠤᠯᠠᠨ ᠣᠷᠣᠨ ᠪᠦᠰᠡ ᠪᠣᠯᠣᠨ ᠬᠣᠶᠠᠷ ᠲᠠᠯ᠎ᠠ᠎ᠶᠢᠨ ᠠᠷᠠᠯᠵᠢᠶᠠᠨ᠎ᠤ ᠪᠡᠯᠡ ᠣᠷᠣᠭᠤᠯᠤᠯᠲᠠ᠎ᠶᠢᠨ ᠬᠡᠯᠡᠯᠴᠡᠭᠡᠷ᠎ᠢ ᠵᠥᠪᠳᠡᠯᠴᠡᠨ ᠲᠣᠭᠲᠠᠬᠤ᠎ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠵᠣᠬᠢᠴᠠᠩᠭᠤᠢ ᠬᠥᠭᠵᠢᠯᠲᠡ᠎ᠶᠢ ᠪᠠᠷᠢᠮᠲᠠᠯᠠᠵᠤ᠂ ᠬᠤᠳᠠ ᠬᠥᠳᠡᠭᠡ᠎ᠶᠢᠨ ᠠᠭᠤᠰᠤᠯᠴᠠᠯ ᠪᠠ ᠣᠷᠣᠨ ᠪᠦᠰᠡ᠎ᠶᠢᠨ ᠬᠠᠮᠲᠤᠷᠠᠯᠴᠠᠭ᠎ᠠ᠎ᠶᠢ ᠠᠬᠢᠭᠤᠯᠬᠤ ᠬᠡᠷᠡᠭᠲᠡᠢ᠃ ᠰᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠣᠲᠠ ᠪᠠᠯᠭᠠᠰᠤᠵᠢᠯᠲᠠ᠎ᠶᠢᠨ ᠪᠦᠲᠦᠭᠡᠨ ᠪᠠᠢᠭᠤᠯᠤᠯᠲᠠ ᠪᠠ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠶᠠᠨ᠎ᠤ ᠬᠡᠪᠴᠢᠶᠡᠨ᠎ᠤ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠳᠡᠢ᠃ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠠᠮᠤ ᠪᠤᠳᠠᠭᠠᠨ᠎ᠤ ᠦᠢᠯᠡᠳᠪᠦᠷᠢᠯᠡᠯ᠎ᠢ ᠥᠴᠥᠬᠡᠨ ᠴᠦ᠍ ᠰᠤᠯᠠᠷᠠᠭᠤᠯᠤᠯ ᠦᠭᠡᠢ᠎ᠪᠡᠷ ᠰᠠᠢᠲᠤᠷ ᠠᠳᠬᠤᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠦ ᠦᠨ᠎ᠡ ᠬᠠᠩᠰᠢ᠎ᠶᠢ ᠢᠮᠠᠭᠲᠠ ᠵᠦᠢ ᠵᠣᠬᠢᠰᠲᠠᠢ ᠬᠡᠮᠵᠢᠶᠡᠨ᠎ᠳᠦ ᠪᠠᠢᠯᠭᠠᠬᠤ᠎ᠶᠢ ᠠᠬᠢᠭᠤᠯᠵᠤ᠂ ᠲᠠᠷᠢᠶᠠᠴᠢᠳ᠎ᠤᠨ ᠣᠷᠣᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ᠎ᠶᠢ ᠠᠬᠢᠭᠤᠯᠬᠤ ᠬᠡᠷᠡᠭᠳᠡᠢ᠃ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ᠂ ᠪᠠᠢᠩᠭᠤᠵᠢᠭᠤᠯᠤᠨ ᠬᠠᠪᠰᠤᠷᠤᠨ ᠲᠡᠳᠬᠦᠬᠦ᠎ᠶᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶᠢᠨ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠬᠦ᠎ᠳᠦ ᠣᠷᠣᠭᠤᠯᠵᠤ᠂ ᠬᠡᠪᠴᠢᠶᠡᠵᠢᠭᠰᠡᠨ ᠴᠢᠨᠠᠷᠲᠠᠢ᠎ᠪᠠᠷ ᠲᠠᠬᠢᠨ ᠶᠠᠳᠠᠭᠤᠷᠠᠬᠤ ᠪᠠ ᠶᠠᠳᠠᠭᠤᠷᠠᠬᠤᠪᠠᠢᠳᠠᠯ ᠦᠯᠦ ᠡᠬᠦᠰᠬᠦ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠳᠡᠢ᠃ ᠡᠯ᠎ᠡ ᠭᠠᠵᠠᠷ ᠣᠷᠣᠨ ᠪᠦᠬᠦ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠠᠬᠢ ᠪᠠᠢᠷᠢ ᠲᠣᠭᠲᠠᠭᠠᠯᠲᠠ᠎ᠪᠡᠨ ᠣᠨᠣᠪᠴᠢᠲᠠᠢ ᠡᠵᠡᠮᠳᠡᠵᠦ᠂ ᠭᠣᠣᠯ ᠴᠣᠭᠴᠠ᠎ᠶᠢᠨ ᠴᠢᠳᠠᠮᠵᠢ᠎ᠪᠠᠨ ᠴᠢᠩᠭᠠᠳᠬᠠᠵᠤ᠂ ᠬᠠᠷᠢᠴᠠᠨᠭᠭᠤᠢ ᠳᠠᠪᠠᠭᠤᠯᠢᠭ᠋᠎ᠢᠶᠠᠨ ᠪᠠᠳᠠᠷᠠᠭᠤᠯᠬᠤ ᠬᠡᠷᠡᠭᠲᠡᠢ᠃ ᠠᠵᠤ ᠠᠬᠤᠢ᠎ᠶᠢᠨ ᠲᠣᠮᠣ᠌ ᠮᠤᠵᠢ᠎ᠶᠢᠨ ᠭᠣᠣᠯ ᠲᠤᠯᠭᠠᠭᠤᠷᠢᠯᠠᠯ ᠪᠤᠯᠬᠤ ᠵᠢ ᠲᠡᠮᠵᠢᠵᠤ᠂ ᠭᠣᠣᠯᠳᠠᠯᠭ᠎ᠠ᠎ᠲᠠᠢ ᠬᠤᠳᠠ᠎ᠶᠢᠨ ᠰᠦᠷᠦᠭᠵᠢᠯ᠎ᠦᠨ ᠵᠣᠬᠢᠴᠠᠯᠳᠤᠨ ᠬᠤᠯᠪᠤᠭᠠᠯᠠᠨ ᠬᠦᠳᠡᠯᠦᠯᠴᠡᠬᠦ᠎ᠶᠢ ᠴᠢᠩᠭᠠᠳᠬᠠᠵᠤ᠂ ᠵᠠᠰᠠᠭ ᠵᠠᠬᠢᠷᠭᠠᠨ᠎ᠤ ᠣᠷᠣᠨ ᠠᠯᠤᠰᠯᠠᠭᠰᠠᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ ᠬᠡᠷᠡᠭᠳᠡᠢ᠃ ᠭᠣᠣᠯ ᠪᠣᠯᠬᠤ ᠲᠠᠯᠠᠢ᠎ᠶᠢᠨ ᠪᠤᠯᠤᠩ᠎ᠤᠨ ᠪᠦᠬᠦᠯᠢ ᠴᠣᠭᠴᠠ᠎ᠶᠢᠨ ᠲᠥᠯᠦᠪᠵᠢᠭᠦᠯᠭᠡ᠎ᠶᠢ ᠴᠢᠩᠭᠠᠳᠬᠠᠵᠤ᠂ ᠲᠠᠯᠠᠢ ᠲᠠᠩᠭᠢᠰ᠎ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠳᠡᠢ ᠭᠡᠵᠤ ᠵᠢᠭᠠᠵᠤ ᠭᠠᠷᠭᠠᠪᠠ᠃
ᠵᠣᠬᠢᠶᠠᠯ᠎ᠳᠤ᠂ 《ᠬᠣᠣᠰ ᠨᠡᠭᠦᠷᠡᠰᠦᠲᠥ᠋ᠷᠥᠭᠴᠢ》 ᠪᠡᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠶᠢ ᠬᠤᠪᠢᠷᠠᠭᠤᠯᠬᠤ᠎ᠶᠢ ᠠᠬᠢᠭᠤᠯᠬᠤ ᠬᠡᠷᠡᠭᠲᠡᠢ᠃ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠦᠰᠦᠯᠲᠠ ᠵᠢ ᠨᠡᠮᠡᠭᠳᠡᠭᠦᠯᠬᠦ᠎ᠶᠢ ᠬᠠᠮᠵᠢᠯᠴᠠᠭᠤᠯᠤᠨ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ᠎ᠶᠢᠨ ᠬᠥᠳᠡᠯᠭᠡᠬᠦ ᠡᠨᠧᠷᠭᠢ᠎ᠶᠢ ᠨᠡᠮᠡᠭᠳᠡᠭᠦᠯᠬᠦ ᠬᠡᠷᠡᠭᠳᠡᠢ᠃ ᠭᠣᠣᠯᠳᠠᠯᠭ᠎ᠠ᠎ᠲᠠᠢ ᠠᠵᠢᠯ ᠲᠦᠷᠦᠯ᠎ᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠥᠭᠡᠷᠡᠴᠢᠯᠡᠯᠲᠡ᠎ᠶᠢ ᠭᠦᠨᠵᠡᠭᠡᠢ ᠠᠬᠢᠭᠤᠯᠬᠤ ᠬᠡᠷᠡᠭᠳᠡᠢ᠃ ᠡᠨᠧᠷᠭᠢ᠎ᠶᠢᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠳᠠ ᠵᠢᠨ ᠲᠥᠯᠦᠪᠵᠢᠭᠦᠯᠭᠡ᠎ᠶᠢᠨ ᠬᠦᠲᠦᠯᠪᠦᠷᠢ᠎ᠶᠢ ᠲᠣᠭᠲᠠᠭᠠᠵᠤ᠂ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲᠧᠮ᠎ᠦᠨ ᠪᠠᠢᠭᠤᠯᠤᠯᠲᠠ᠎ᠶᠢ ᠲᠦᠷᠭᠡᠳᠬᠡᠵᠦ᠂ ᠪᠤᠬᠢᠷᠳᠤᠯ ᠦᠭᠡᠢ ᠴᠠᠬᠢᠯᠭᠠᠨ᠎ᠤ ᠬᠡᠷᠡᠭᠯᠡᠯᠲᠡ᠎ᠶᠢ ᠦᠷᠭᠡᠳᠬᠡᠬᠦ ᠬᠡᠷᠡᠭᠳᠡᠢ᠃ ᠪᠦᠬᠦ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶᠢ ᠴᠢᠩᠭᠠᠳᠬᠠᠬᠤ ᠬᠡᠷᠡᠭᠳᠡᠢ᠃ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢᠯᠡᠨ ᠵᠠᠰᠠᠬᠤ ᠠᠵᠢᠯᠯᠠᠭ᠎ᠠ᠎ᠶᠢ ᠬᠡᠷᠡᠭᠵᠢᠭᠦᠯᠵᠦ᠂ ᠬᠥᠬᠡ ᠣᠭᠲᠠᠷᠭᠤᠢ᠂ ᠬᠦᠬᠡᠮᠳᠦᠭ ᠤᠰᠤ᠂ ᠠᠷᠢᠭᠤᠨ ᠬᠥᠷᠥᠰᠥ᠎ᠶᠢ ᠬᠠᠮᠠᠭᠠᠯᠠᠬᠤ ᠲᠠᠢ᠍ᠢᠯᠠᠯᠳᠤᠭᠠᠨᠢ ᠭᠦᠨᠵᠡᠭᠡᠢ ᠰᠠᠢᠲᠤᠷ ᠬᠢᠵᠦ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠠᠵᠢᠯ᠎ᠢ ᠴᠢᠩᠭᠠᠳᠬᠠᠬᠤ ᠬᠡᠷᠡᠭᠳᠡᠢ᠃ 《ᠤᠮᠠᠷᠠᠲᠦ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠤᠭᠤᠮᠲᠠ ᠰᠢᠪᠲᠤᠯᠬᠤ ᠲᠠᠢ᠍ᠢᠯᠠᠯᠳᠤᠭᠠᠨᠢ ᠯᠠᠪᠳᠠᠭᠤᠨ ᠠᠬᠢᠭᠤᠯᠵᠤ᠂ ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠎ᠢ ᠨᠡᠢᠳᠭᠡᠵᠦ ᠰᠢᠯᠢᠳᠡᠭᠵᠢᠭᠦᠯᠬᠦ᠎ᠶᠢ ᠬᠡᠷᠡᠭᠵᠢᠭᠦᠯᠬᠦ ᠬᠡᠷᠡᠭᠳᠡᠢ᠃ ᠴᠠᠭ ᠠᠭᠤᠷ᠎ᠤᠨ ᠬᠢᠨᠠᠨ ᠬᠡᠮᠵᠢᠯᠲᠡ᠎ᠶᠢᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠰᠢᠰᠲᠧᠮ᠎ᠦᠨ ᠪᠠᠢᠭᠤᠯᠤᠯᠲᠠ᠎ᠶᠢ ᠴᠢᠩᠭᠠᠳᠬᠠᠵᠤ᠂ ᠤᠮᠠᠷᠠᠲᠤ ᠣᠷᠣᠨ᠎ᠤ ᠦᠶᠡᠷ᠎ᠢ ᠰᠡᠷᠭᠡᠢᠯᠡᠵᠦ ᠤᠰᠤᠲᠤᠯ᠎ᠢ ᠵᠠᠯᠠᠵᠤ ᠭᠠᠮᠰᠢᠭ᠋᠎ᠢ ᠡᠰᠡᠷᠭᠦᠴᠡᠬᠦ ᠰᠠᠭᠤᠷᠢ ᠲᠥᠬᠦᠭᠡᠷᠦᠮᠵᠢ᠎ᠶᠢᠨ ᠳᠤᠲᠠᠭᠳᠠᠯ᠎ᠢ ᠱᠠᠯᠠᠪᠳᠠᠨ ᠨᠥᠬᠥᠪᠦᠷᠢᠯᠡᠵᠦ᠂ ᠬᠦᠨᠳᠦ ᠬᠡᠴᠡᠭᠦᠦ ᠴᠠᠭ ᠠᠭᠤᠷ᠎ᠢ ᠠᠷᠭᠠᠴᠠᠭᠠᠬᠤ ᠴᠢᠳᠠᠪᠤᠷᠢ᠎ᠵᠢ ᠳᠡᠭᠡᠭᠰᠢᠯᠡᠭᠦᠯᠬᠦ ᠬᠡᠷᠡᠭᠳᠡᠢ ᠭᠡᠵᠤ ᠵᠢᠭᠠᠵᠤ ᠭᠠᠷᠭᠠᠪᠠ᠃
ᠵᠣᠬᠢᠶᠠᠯ᠎ᠳᠤ᠂ ᠠᠷᠠᠳ᠎ᠤᠨ ᠠᠮᠢᠳᠤᠷᠠᠯ ᠶᠠᠭᠤᠨ ᠡᠴᠡᠴᠤ ᠴᠢᠬᠤᠯᠠ ᠪᠠᠢᠬᠤ᠎ᠶ᠋ᠢ ᠪᠠᠷᠢᠮᠲᠠᠯᠠᠵᠤ᠂ ᠠᠷᠠᠳ ᠤᠯᠠᠨ᠎ᠳᠤ ᠢᠯᠡᠭᠦᠬᠡᠨ ᠪᠣᠳᠠᠲᠤ ᠶᠠᠪᠤᠳᠠᠯ ᠬᠢᠵᠦ᠍ ᠥᠭ᠌ᠬᠦ᠎ᠪᠡᠷ ᠴᠢᠷᠮᠠᠢᠬᠤ ᠬᠡᠷᠡᠭ᠌ᠲᠡᠢ᠃ ᠠᠵᠢᠯ ᠣᠯᠭᠣᠯᠲᠠ᠎ᠶ᠋ᠢ ᠤᠷᠢᠳ᠎ᠢᠶᠠᠷ ᠪᠣᠳᠣᠯᠬᠢᠯᠠᠬᠤ ᠲᠥᠷᠥ᠎ᠶ᠋ᠢᠨ ᠪᠣᠳᠣᠯᠭ᠎ᠠ᠎ᠶ᠋ᠢᠨ ᠤᠳᠤᠷᠢᠳᠤᠮᠵᠢ᠎ᠶ᠋ᠢ ᠴᠢᠩᠭᠠᠳᠭᠠᠵᠤ᠂ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠬᠡᠪᠴᠢᠶ᠎ᠡ᠎ᠶ᠋ᠢ ᠥᠷᠭᠡᠳᠭᠡᠨ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠬᠥᠯᠥᠰᠥᠨ ᠲᠠᠷᠢᠶᠠᠴᠢᠳ ᠵᠡᠷᠭᠡ ᠭᠤᠤᠯᠳᠠᠯᠭ᠎ᠠ᠎ᠲᠠᠶ ᠬᠥᠮᠦᠰ᠎ᠦᠨ ᠠᠵᠢᠯ ᠣᠯᠭᠣᠯᠲᠠ᠎ᠶ᠋ᠢ ᠬᠦᠴᠦᠯᠡᠨ ᠲᠣᠭ᠍ᠲᠠᠪᠤᠷᠢᠵᠢᠭᠤᠯᠵᠤ᠂ ᠠᠮᠢᠳᠤᠯᠢᠭ᠎ᠢᠶᠠᠷ ᠠᠵᠢᠯ ᠣᠯᠤᠭ᠍ᠰᠠᠳ᠂ ᠱᠢᠨ᠎ᠡ ᠠᠵᠢᠯ ᠣᠯᠭᠣᠯᠲᠠ᠎ᠶ᠋ᠢᠨ ᠬᠡᠯᠪᠡᠷᠢ᠎ᠶᠢᠨ ᠬᠥᠮᠦᠰ᠎ᠦᠨ ᠠᠵᠢᠯᠲᠠᠨ ᠠᠵᠢᠯᠴᠢᠨ᠎ᠤ ᠳᠠᠭᠠᠳᠭᠠᠯ᠎ᠳᠤ ᠣᠷᠣᠯᠴᠠᠬᠤ᠎ᠶ᠋ᠢ ᠵᠣᠷᠢᠭ᠍ᠵᠢᠭᠤᠯᠤᠨ ᠳᠡᠮᠵᠢᠬᠦ ᠬᠡᠷᠡᠭᠳᠡᠢ᠃ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠪᠠᠢᠷᠢᠱᠢᠯ᠎ᠤᠨ ᠪᠦᠲᠦᠴᠡ᠎ᠶ᠋ᠢᠨ ᠲᠣᠬᠢᠷᠠᠭᠤᠯᠤᠯᠲᠠ᠎ᠶ᠋ᠢ ᠠᠬᠢᠭᠤᠯᠵᠤ᠂ ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠡᠷᠳᠡᠮ᠎ᠤᠨ ᠴᠤᠯᠠ᠎ᠶ᠋ᠢᠨ ᠬᠠᠩᠭᠠᠯᠭ᠎ᠠ ᠪᠠ ᠴᠢᠨᠠᠷ ᠰᠠᠢᠲᠠᠶ ᠳᠡᠭᠡᠳᠦ ᠰᠤᠷᠭᠠᠭᠤᠯᠢ᠎ᠶ᠋ᠢᠨ ᠵᠢᠩᠬᠢᠨᠢ ᠠᠩᠭᠢ᠎ᠶ᠋ᠢᠨ ᠰᠣᠷᠣᠭ᠍ᠴᠢ ᠡᠯᠰᠡᠬᠦ᠌ ᠬᠡᠪᠴᠢᠶ᠎ᠡ᠎ᠶ᠋ᠢ ᠨᠡᠮᠡᠭ᠌ᠳᠡᠭᠦᠯᠬᠦ ᠬᠡᠷᠡᠭᠳᠡᠢ᠃ ᠡᠮ᠎ᠦᠨ ᠵᠦᠶ᠋ᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠶ᠋ᠢ ᠱᠢᠯᠢᠳᠡᠭ᠌ᠵᠢᠭᠦᠯᠵᠦ᠍᠂ ᠡᠮ ᠡᠮᠨᠡᠯᠭᠡ᠎ᠶᠢᠨ ᠳᠠᠭᠠᠳᠭᠠᠯ᠎ᠤᠨ ᠲᠣᠭᠠᠴᠠᠭ᠎ᠠ ᠬᠢᠬᠦ᠌ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ ᠬᠡᠷᠡᠭᠳᠡᠢ᠃ ᠡᠷᠡᠭᠦᠯᠵᠢᠬᠦᠯᠬᠦ ᠰᠤᠪᠢᠯᠠᠯᠲᠠ᠎ᠶᠢᠨ ᠬᠡᠪᠴᠢᠶ᠎ᠡ ᠵᠢ ᠥᠷᠭᠡᠳᠭᠡᠨ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠦᠷᠢᠮ᠎ᠢ ᠬᠡᠷᠡᠭ᠌ᠵᠢᠭᠦᠯᠦᠨ᠂ ᠭᠠᠭ᠍ᠴᠠᠭᠠᠷ ᠰᠠᠭᠤᠭ᠎ᠠ ᠨᠠᠰᠤᠲᠠᠢᠴᠤᠳ ᠵᠡᠷᠭᠡ ᠬᠦᠴᠢᠷᠳᠡᠯᠲᠡᠶ ᠬᠥᠮᠦᠰ᠎ᠢ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠬᠤ ᠬᠡᠷᠡᠭᠳᠡᠢ᠃ ᠢᠳᠡᠪᠬᠢᠲᠡᠶ ᠤᠷᠤᠭ᠍ᠯᠠᠵᠤ ᠬᠡᠦᠬᠡᠳ ᠠᠪᠬᠤ ᠦᠵᠡᠯᠲᠡ᠎ᠶ᠋ᠢ ᠰᠠᠨᠠᠭᠠᠴᠢᠯᠠᠵᠤ᠂ ᠱᠢᠨ᠎ᠡ ᠲᠥᠷᠥᠭ᠌ᠰᠡᠨ ᠬᠥᠮᠦᠨ ᠠᠮᠠ᠎ᠶ᠋ᠢᠨ ᠬᠡᠪᠴᠢᠶ᠎ᠡ᠎ᠶ᠋ᠢ ᠴᠢᠷᠮᠠᠢᠨ ᠲᠣᠭ᠍ᠲᠠᠪᠤᠷᠢᠵᠢᠭᠤᠯᠬᠤ ᠬᠡᠷᠡᠭᠳᠡᠢ᠃ ᠠᠶᠤᠯᠭᠦᠢ ᠦᠢᠯᠡᠳᠪᠦᠷᠢᠯᠡᠯ᠂ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ ᠡᠴᠡ ᠠᠪᠤᠷᠠᠬᠤ᠂ ᠢᠳᠡᠭᠡᠨ᠎ᠤ ᠵᠦᠢᠯᠡᠰ ᠡᠮ᠎ᠦᠨ ᠵᠦᠢᠯᠡᠰ᠎ᠦᠨ ᠠᠮᠤᠷ ᠲᠦᠪᠱᠢᠨ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ ᠬᠡᠷᠡᠭᠳᠡᠢ᠃ ᠨᠡᠢᠭᠡᠮ᠎ᠦᠨ ᠰᠡᠳᠭᠢᠴᠡ᠎ᠶ᠋ᠢᠨ ᠵᠢᠯᠣᠭᠣᠳᠣᠯᠭ᠎ᠠ᠎ᠶ᠋ᠢ ᠴᠢᠩᠭᠠᠳᠭᠠᠬᠤ ᠬᠡᠷᠡᠭᠳᠡᠢ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠬᠣᠷᠢᠭ᠎ᠠ ᠱᠤᠭᠤᠮ᠎ᠢ ᠪᠠᠲᠤ ᠰᠠᠬᠢᠬᠤ᠎ᠶ᠋ᠢ ᠪᠠᠷᠢᠮᠲᠠᠯᠠᠵᠤ᠂ ᠭᠣᠣᠯᠳᠠᠯᠭ᠎ᠠ᠎ᠲᠠᠶ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠢᠳᠡᠪᠬᠢᠲᠡᠢ ᠯᠠᠪᠳᠠᠭᠤᠨ᠎ᠢᠶᠠᠷ ᠠᠷᠢᠯᠭᠠᠬᠤ ᠬᠡᠷᠡᠭ᠌ᠲᠡᠢ᠃ ᠲᠦᠭ᠌ᠰᠢᠭᠦᠷᠢ᠎ᠶ᠋ᠢ ᠰᠡᠷᠭᠡᠢᠯᠡᠬᠦ᠌ ᠪᠠ ᠬᠥᠭ᠌ᠵᠢᠯᠲᠡ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠬᠥᠭ᠌ᠵᠢᠯᠲᠡ᠎ᠶ᠋ᠢᠨ ᠤᠶᠠᠨ ᠬᠠᠲᠠᠨ ᠴᠢᠨᠠᠷ᠎ᠢ ᠤᠯᠠᠮ ᠨᠢᠭᠡ ᠠᠯᠬᠤᠮ ᠴᠢᠩᠭᠠᠳᠭᠠᠬᠤ ᠬᠡᠷᠡᠭᠳᠡᠢ᠃ ᠭᠡᠷ ᠭᠠᠵᠠᠷ᠎ᠤᠨ ᠬᠦᠷᠦᠨᠭ᠌ᠭᠡ᠎ᠶ᠋ᠢᠨ ᠵᠠᠬ᠎ᠠ ᠳᠡᠯᠭᠡᠭᠦᠷ᠎ᠢ ᠬᠦᠴᠦᠯᠡᠨ ᠲᠣᠭ᠍ᠲᠠᠪᠤᠷᠢᠵᠢᠭᠤᠯᠵᠤ᠂ ᠬᠤᠳᠠ᠎ᠶ᠋ᠢᠨ ᠪᠠᠢᠳᠠᠯ᠎ᠳᠠᠭᠠᠨ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭ᠌ᠵᠢᠭᠦᠯᠵᠦ᠍ ᠨᠡᠮᠡᠭ᠌ᠳᠡᠯ᠎ᠢ ᠬᠢᠵᠠᠭᠠᠷᠯᠠᠨ᠂ ᠬᠥᠮᠥᠷᠭᠡᠯᠡᠯᠲᠠᠶ᠋ᠢ ᠪᠠᠭᠠᠰᠭᠠᠵᠤ᠂ ᠬᠠᠩᠭᠠᠯᠭ᠎ᠠ᠎ᠶ᠋ᠢ ᠱᠢᠯᠢᠳᠡᠭ᠌ᠵᠢᠭᠦᠯᠦᠨ᠂ ᠬᠠᠳᠠᠭᠠᠯᠠᠭ᠍ᠳᠠᠵᠤ ᠪᠠᠢᠭ᠎ᠠ ᠲᠠᠸᠠᠷ᠎ᠤᠨ ᠭᠡᠷ ᠪᠠᠢᠱᠢᠩ᠎ᠢ ᠬᠤᠳᠠᠯᠳᠤᠨ ᠠᠪᠴᠤ᠌ ᠪᠠᠲᠤᠯᠠᠭ᠎ᠠ᠎ᠶ᠋ᠢᠨ ᠴᠢᠨᠠᠷᠲᠠᠢ ᠣᠷᠣᠨ ᠰᠠᠭᠤᠴᠠ ᠵᠡᠷᠭᠡ᠎ᠳᠦ ᠭᠣᠣᠯᠳᠠᠯᠭ᠎ᠠ᠎ᠲᠠᠶ ᠬᠡᠷᠡᠭ᠌ᠯᠡᠬᠦ᠌᠎ᠶ᠋ᠢ ᠵᠣᠷᠢᠭ᠍ᠵᠢᠭᠤᠯᠤᠨ᠎ᠠ᠃ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ 《ᠰᠠᠢᠨ ᠬᠡᠷ ᠪᠠᠢᠱᠢᠩ》 ᠤ᠋ᠨ ᠪᠥᠲᠥᠭᠡᠨ ᠪᠠᠢᠭᠤᠯᠤᠯᠲᠠ᠎ᠶ᠋ᠢ ᠡᠮᠬᠢ ᠵᠢᠷᠤᠮ᠎ᠲᠠᠶ ᠠᠬᠢᠭᠤᠯᠵᠤ᠂ ᠬᠡᠷ ᠭᠠᠵᠠᠷ᠎ᠤᠨ ᠬᠥᠷᠥᠩᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠵᠠᠭ᠍ᠪᠤᠷ᠎ᠢ ᠲᠦᠷᠭᠡᠳᠭᠡᠨ ᠪᠠᠢᠭᠤᠯᠬᠤ ᠬᠡᠷᠡᠭᠳᠡᠢ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠭ᠌ᠴᠡᠭᠡᠨ᠎ᠦ ᠲᠦᠭ᠌ᠰᠢᠭᠦᠷᠢ᠎ᠶ᠋ᠢ ᠢᠳᠡᠪᠬᠢᠲᠡᠢ ᠪᠥᠭᠡᠳ ᠡᠮᠬᠢ ᠵᠢᠷᠤᠮ᠎ᠲᠠᠶ᠎ᠪᠠᠷ ᠠᠷᠢᠯᠭᠠᠵᠤ᠂ ᠡᠯ᠎ᠡ ᠭᠠᠵᠠᠷ᠎ᠤᠨ ᠰᠠᠨᠠᠭᠠᠴᠢᠯᠠᠭ᠎ᠠ ᠡᠴᠡ᠎ᠪᠠᠨ ᠥᠷᠢ ᠥᠭ᠌ᠴᠡᠭᠡ᠎ᠪᠡᠨ ᠠᠷᠢᠯᠭᠠᠬᠤ᠎ᠶ᠋ᠢ ᠱᠠᠯᠠᠪᠳᠠᠭᠤᠯᠬᠤ ᠬᠡᠷᠡᠭᠳᠡᠢ᠃ ᠥᠷᠢ ᠥᠭ᠌ᠴᠡᠭᠡ᠎ᠶ᠋ᠢ ᠳᠠᠬᠢᠨ ᠨᠡᠢᠳᠭᠡᠬᠦ ᠪᠠ ᠰᠣᠯᠢᠬᠤ ᠠᠷᠭ᠎ᠠ᠎ᠶ᠋ᠢ ᠱᠢᠯᠢᠳᠡᠭ᠌ᠵᠢᠭᠦᠯᠵᠦ᠍᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠪᠠᠯᠠ ᠲᠣᠬᠢᠷᠠᠭᠤᠯᠬᠤ ᠲᠠᠪᠴᠠᠩ᠎ᠤᠨ ᠡᠵᠡᠩᠨᠡᠯᠲᠡ᠎ᠶ᠋ᠢᠨ ᠴᠢᠨᠠᠷᠲᠠᠶ ᠥᠷᠢ ᠥᠭ᠌ᠴᠡᠭᠡ᠎ᠶ᠋ᠢᠨ ᠲᠦᠭ᠌ᠰᠢᠭᠦᠷᠢ᠎ᠶ᠋ᠢ ᠠᠷᠢᠯᠭᠠᠬᠤ ᠬᠡᠷᠡᠭᠳᠡᠢ ᠭᠡᠵᠦ ᠵᠢᠭᠠᠵᠤ ᠭᠠᠷᠭᠠᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 15 ᠤ᠋ ᠴᠠᠬᠢᠯᠭᠠᠨ ᠮᠡᠳᠡᠭᠡ)