ᠨᠡᠩ ᠰᠠᠢ᠌ᠨ ᠰᠠᠢᠬᠠᠨ ᠢᠷᠡᠭᠡᠳᠦᠢ᠎ᠶ᠋ᠢ ᠬᠠᠮᠲᠤ᠎ᠪᠠᠷ ᠡᠭᠦᠳᠦᠨ ᠨᠡᠭᠡᠭᠡᠨ᠎ᠡ
2026-02-16 16:56:24
ᠵᠣᠬᠢᠶᠠᠭ᠍ᠴᠢ᠄
ᠱᠢᠤᠸᠠᠢ ᠢ ᠴᠢᠶᠥ᠋ᠨ ᠪᠤᠶᠠᠠᠠᠨᠡᠷᠢᠯ ᠬᠠᠢ ᠵᠢᠶᠥ᠋ᠨ ᠯᠢ ᠱᠢᠨ ᠵᠢᠶᠦ᠋ᠨ ᠯᠢᠦ ᠬᠣᠩ ᠵᠠᠩ ᠼᠠᠢ ᠳ᠋ᠦᠩ ᠮᠧᠢ ᠯᠢ ᠱᠢᠤᠸᠠᠢ ᠶᠣᠣ ᠪᠥᠸᠧ᠎ᠶ᠋ᠢᠨ ᠹᠸᠩ ᠪᠠᠶᠠᠰᠭᠤᠯᠠᠩ ᠭᠤᠤ ᠮᠢᠨ ᠨᠠ ᠵᠧᠩ ᠱᠢᠤᠸᠠᠢ ᠯᠢᠶᠠᠩ ᠬᠤᠤ ᠪᠢᠶᠤᠤ ᠶᠠᠩ ᠬᠣᠩ ᠮᠧᠢ
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ ᠵᠢᠨ ᠫᠢᠩ᠎ᠦᠨ ᠴᠠᠭᠠᠨ ᠰᠠᠷ᠎ᠠ᠎ᠶ᠋ᠢᠨ ᠬᠠᠮᠲᠤ᠎ᠶ᠋ᠢᠨ ᠵᠣᠯᠭᠠᠯᠲᠠ ᠳᠡᠭᠡᠷᠡᠬᠢ ᠴᠢᠬᠤᠯᠠ ᠶᠠᠷᠢᠶ᠎ᠠ ᠪᠦᠬᠦ᠌ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ᠎ᠦ ᠳᠤᠮᠳᠠ ᠬᠠᠯᠠᠭᠤᠨ ᠲᠤᠰᠭᠠᠯ ᠭᠠᠷᠪᠠ


2 ᠰᠠᠷ᠎ᠠ᠎ᠶ᠋ᠢᠨ 14 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ 2026 ᠣᠨ᠎ᠤ ᠴᠠᠭᠠᠨ ᠰᠠᠷ᠎ᠠ᠎ᠶ᠋ᠢᠨ ᠬᠠᠮᠲᠤ᠎ᠶ᠋ᠢᠨ ᠵᠣᠯᠭᠠᠯᠲᠠ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠬᠥᠬᠡᠭ᠌ᠴᠢᠨ ᠮᠣᠭᠠᠢ ᠵᠢᠯ᠎ᠦᠨ ᠶᠡᠷᠦ᠍ ᠪᠤᠰᠤ᠎ᠶ᠋ᠢᠨ ᠠᠶᠠᠨ᠎ᠢ ᠡᠷᠭᠢᠴᠡᠭᠦᠯᠵᠦ᠍᠂ ᠤᠯᠠᠭᠠᠨ ᠮᠤᠷᠢᠨ ᠵᠢᠯ᠎ᠦᠨ ᠬᠥᠭ᠌ᠵᠢᠯᠲᠡ᠎ᠶ᠋ᠢᠨ ᠵᠢᠷᠤᠭ ᠲᠥᠯᠥᠪᠯᠡᠭᠡ᠎ᠶ᠋ᠢ ᠵᠢᠷᠤᠭ᠍ᠯᠠᠵᠤ᠂ ᠥᠪᠥᠷ ᠮᠣᠩᠭᠣᠯ᠎ᠤᠨ ᠡᠬᠡ ᠭᠠᠵᠠᠷ᠎ᠲᠤ ᠬᠠᠯᠠᠭᠤᠨ ᠲᠤᠰᠭᠠᠯ ᠭᠠᠷᠪᠠ᠃ ᠪᠦᠬᠦ᠌ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ᠎ᠤ ᠲᠡᠮᠡᠴᠡᠯ᠎ᠤᠨ ᠵᠤᠷᠢᠭ ᠨᠢ ᠬᠦᠪᠴᠢᠯᠡᠭᠳᠡᠵᠦ᠂ ᠲᠤᠢᠯ᠎ᠢᠶᠠᠷ ᠤᠷᠮᠠᠱᠢᠨ ᠵᠣᠷᠢᠭ᠍ᠵᠢᠵᠤ᠂ ᠤᠯᠠᠨ᠎ᠢᠶᠠᠷ᠎ᠢᠶᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠠᠷᠢᠶᠠᠨ᠎ᠤ ᠵᠣᠷᠢᠭ ᠰᠠᠨᠠᠭ᠎ᠠ᠎ᠲᠠᠶ ᠨᠢᠭᠡᠳᠭᠡᠵᠦ᠍᠂ ᠵᠢᠯᠤᠭᠤ ᠡᠷᠭᠦᠨ ᠮᠤᠷᠳᠠᠬᠤ ᠡᠷᠴᠢ ᠬᠦᠴᠦᠨ᠂ ᠴᠤᠴᠠᠯᠲᠠ ᠦᠭᠡᠢ ᠤᠷᠤᠭ᠍ᠰᠢᠯᠠᠬᠤ ᠡᠷᠴᠢ ᠵᠣᠷᠢᠭ᠎ᠢᠶᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍᠂ ᠨᠡᠩ ᠰᠠᠢ᠌ᠨ ᠰᠠᠢᠬᠠᠨ ᠢᠷᠡᠭᠡᠳᠦᠢ᠎ᠶ᠋ᠢ ᠬᠠᠮᠲᠤ᠎ᠪᠠᠷ ᠡᠭᠦᠳᠦᠨ ᠨᠡᠭᠡᠭᠡᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃

ᠨᠢᠭᠡ ᠰᠡᠳᠭᠢᠯ ᠨᠢᠭᠡ ᠴᠢᠭ᠌ᠯᠡᠯ᠎ᠢᠶᠡᠷ ᠨᠠᠮ᠎ᠢᠶᠠᠨ ᠳᠠᠭᠠᠵᠤ ᠤᠷᠤᠭᠰᠢᠯᠠᠨ᠎ᠠ

ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠬᠥᠮᠦᠰ᠎ᠢ ᠵᠣᠷᠢᠭ᠍ᠵᠢᠭᠤᠯᠵᠤ᠂ ᠡᠷᠡᠯᠬᠡᠭ᠌ᠯᠡᠨ ᠤᠷᠤᠭ᠍ᠰᠢᠯᠠᠬᠤ ᠡᠷᠴᠢ ᠵᠤᠷᠢᠭ᠎ᠢ ᠬᠦᠪᠴᠢᠯᠡᠵᠦ᠂ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠰᠣᠷᠣᠭ᠍ᠴᠢ ᠯᠢ ᠨᠠᠨ᠂ ᠱᠢᠨ᠎ᠡ ᠴᠠᠭ ᠦᠶ᠎ᠡ᠎ᠶ᠋ᠢᠨ ᠵᠠᠯᠠᠭᠤᠴᠤᠳ ᠪᠣᠯᠤᠭ᠍ᠰᠠᠨ᠎ᠤ ᠬᠤᠪᠢ᠎ᠳᠤ᠂ ᠡᠷᠡᠰ ᠭᠤᠢᠪᠢᠰᠢ ᠥᠬᠡᠶ᠎ᠪᠡᠷ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠨ ᠤᠷᠤᠬᠰᠢᠯᠠᠵᠦ᠂ ᠪᠤᠭᠤᠮᠳᠠ ᠰᠢᠪᠳᠤᠯᠬᠤ ᠡᠷᠴᠢ ᠬᠦᠴᠦᠨ ᠪᠠ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ᠎ᠶ᠋ᠢ ᠪᠠᠷᠢᠮᠲᠠᠯᠠᠵᠤ᠂ ᠬᠦᠰᠡᠯᠡᠩ᠎ᠲᠡᠶ᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠬᠦ᠌᠂ ᠵᠣᠪᠠᠭᠤᠷᠢ ᠵᠦᠳᠡᠭᠦᠷᠢ᠎ᠶ᠋ᠢ ᠳᠠᠭᠠᠭᠠᠵᠤ ᠳᠡᠢᠯᠬᠦ᠌᠂ ᠵᠣᠷᠢᠭ᠍ᠲᠠᠶ ᠲᠡᠮᠡᠴᠡᠬᠦ᠌ ᠱᠢᠨ᠎ᠡ ᠴᠠᠭ ᠦᠶ᠎ᠡ᠎ᠶ᠋ᠢᠨ ᠰᠠᠢᠨ ᠵᠠᠯᠠᠭᠤᠴᠤᠳ ᠪᠣᠯᠬᠤ᠎ᠪᠠᠷ ᠴᠢᠷᠮᠠᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠥᠲᠥᠭᠡᠨ ᠪᠠᠢᠭᠤᠯᠤᠯᠲᠠ᠎ᠲᠤᠮᠳᠠ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠭᠡᠪᠡ᠃

ᠣᠷᠳᠣᠰ ᠬᠣᠲᠠ᠎ᠶ᠋ᠢᠨ ᠦᠦᠱᠢᠨ ᠬᠣᠱᠢᠭᠤᠨ᠎ᠤ ᠰᠦᠯᠳᠡ ᠰᠤᠮᠤ᠎ᠶ᠋ᠢᠨ ᠨᠠᠷᠢᠨ ᠭᠤᠤᠯ ᠲᠣᠰᠭᠣᠨ᠎ᠤ ᠨᠠᠮ᠎ᠤᠨ ᠶᠡᠷᠦᠩᠬᠡᠶ ᠡᠭᠦᠷ᠎ᠦᠨ ᠱᠦᠵᠢ ᠰᠡᠷᠭᠦᠯᠡᠩ᠂ ᠶᠡᠷᠦᠩᠬᠡᠶ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠮᠠᠯᠵᠢᠬᠤ ᠲᠠᠷᠢᠶᠠᠯᠠᠬᠤ ᠣᠷᠣᠨ᠎ᠤ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠤᠨᠴᠠᠯᠢᠬ᠍ᠳᠤ ᠳᠠᠷᠢᠵᠤ ᠲᠡᠵᠢᠭᠡᠬᠦ᠌ ᠦᠶ᠋ᠯᠡᠰ᠎ᠢ ᠬᠦᠴᠦᠷᠬᠡᠭ᠌ᠵᠢᠭᠦᠯᠦᠨ᠂ ᠦᠶ᠋ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠰᠠᠢᠵᠢᠷᠠᠭᠤᠯᠵᠤ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠥᠷᠢᠯᠡᠨ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠣᠷᠣᠱᠢᠨ ᠰᠠᠭᠤᠷᠢᠱᠢᠬᠤ᠎ᠳᠤ ᠲᠠᠭᠠᠯᠠᠮᠵᠢᠲᠠᠢ ᠦᠶ᠋ᠯᠡᠰ ᠪᠤᠰᠭᠠᠬᠤ᠎ᠳᠤ ᠲᠣᠬᠢᠷᠠᠮᠵᠢᠲᠠᠶ ᠡᠶ᠎ᠡ ᠵᠤᠬᠢᠴᠠᠩᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠥᠬᠥ᠌ ᠬᠦᠴᠦᠨ᠎ᠢᠶᠡᠷ᠎ᠢᠶᠡᠨ ᠪᠥᠲᠥᠭᠡᠨ ᠪᠠᠢᠭᠤᠯᠤᠨ᠎ᠠ ᠭᠡᠪᠡ᠃

ᠥᠪᠥᠷ ᠮᠣᠩᠭᠣᠯ᠎ᠤᠨ ᠵᠢᠶᠠ ᠢᠦᠢ ᠬᠥᠳᠡᠭᠡ ᠠᠵᠤ ᠠᠬᠤᠢ᠎ᠶᠢᠨ ᠬᠥᠭᠵᠢᠯᠲᠡ᠎ᠶᠢᠨ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠵᠢᠢ ᠪᠢᠨ᠂ ᠶᠠᠷᠢᠶᠠᠨ᠎ᠤ ᠵᠣᠷᠢᠭ᠋ ᠰᠠᠨᠠᠭ᠎ᠠ᠎ᠶᠢ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ᠂ ᠡᠷᠡᠮᠡᠬᠡᠢᠯᠡᠨ ᠤᠷᠤᠭᠰᠢᠯᠠᠵᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠦᠨ ᠲᠥᠯᠥᠭᠡ ᠪᠦᠯᠬᠦᠮᠳᠡᠨ ᠲᠡᠮᠡᠴᠡᠨ᠎ᠡ ᠭᠡᠵᠦ ᠢᠯᠡᠳᠬᠡᠪᠡ᠃

ᠬᠥᠯᠥᠨ ᠪᠤᠢ᠍ᠢᠷ ᠬᠤᠳᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠰᠣᠨᠢᠨ ᠮᠡᠳᠡᠭᠡ ᠤᠬᠠᠭᠤᠯᠭ᠎ᠠ᠎ᠶᠢᠨ ᠰᠠᠯᠠᠭᠠᠨ᠎ᠤ ᠳᠠᠷᠤᠭ᠎ᠠ ᠵᠠᠩ ᠰᠢᠤᠸᠠᠨ᠂ ᠬᠢᠯᠢ ᠬᠢᠵᠠᠭᠠᠷ᠎ᠤᠨ ᠠᠮᠤᠷ ᠲᠣᠭᠲᠠᠭᠤᠨ᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠳᠤ ᠰᠠᠭᠤᠷᠢᠯᠠᠵᠤ᠂ ᠶᠠᠷᠢᠶᠠᠨ᠎ᠤ ᠵᠣᠷᠢᠭ᠋ ᠰᠠᠨᠠᠭ᠎ᠠ᠎ᠶᠢ ᠳᠣᠲᠣᠭᠠᠳᠤ᠎ᠶᠢ ᠬᠠᠮᠠᠭᠠᠯᠠᠬᠤ ᠤᠬᠠᠭᠤᠯᠭ᠎ᠠ᠎ᠶᠢᠨ ᠪᠦᠬᠦ ᠶᠠᠪᠤᠴᠠ᠎ᠳᠤ ᠠᠭᠤᠰᠤᠯᠴᠠᠭᠤᠯᠵᠤ᠂ ᠴᠠᠭᠳᠠᠭ᠎ᠠ᠎ᠶᠢᠨ ᠦᠯᠢᠬᠡᠷ᠎ᠢ ᠰᠠᠢᠲᠤᠷ ᠶᠠᠷᠢᠵᠤ᠂ ᠬᠢᠯᠢ᠎ᠬᠢᠵᠠᠭᠠᠷ᠎ᠤᠨ ᠠᠮᠤᠷ ᠲᠦᠪᠰᠢᠨ᠎ᠢ ᠰᠠᠬᠢᠨ ᠬᠠᠮᠠᠭᠠᠯᠠᠨ᠎ᠠ ᠭᠡᠵᠦ ᠢᠯᠡᠳᠬᠡᠪᠡ᠃ ᠠᠯᠠᠱᠠ ᠠᠢᠮᠠᠭ᠎ᠤᠨ ᠠᠯᠠᠱᠠ ᠪᠠᠷᠠᠭᠤᠨ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠠᠷᠠᠳ᠎ᠤᠨ ᠴᠠᠭᠳᠠᠭ᠎ᠠ ᠱᠢ ᠪᠢᠨ᠂ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠰᠠᠬᠢᠨ ᠬᠠᠮᠠᠭᠠᠯᠠᠬᠤ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠡᠭᠦᠷᠭᠡᠯᠡᠵᠦ᠂ ᠣᠷᠭᠢᠯᠤᠮ᠎ᠠ ᠬᠠᠯᠠᠭᠤᠨ ᠰᠡᠳᠬᠢᠯᠭᠡ᠎ᠪᠡᠷ ᠠᠷᠠᠳ ᠣᠯᠠᠨ᠎ᠤ ᠵᠣᠯ ᠵᠢᠷᠭᠠᠯ ᠠᠮᠤᠷ ᠠᠮᠤᠭᠤᠯᠠᠩ᠎ᠢ ᠰᠠᠬᠢᠨ ᠬᠠᠮᠠᠭᠠᠯᠠᠨ᠎ᠠ ᠭᠡᠪᠡ᠃

ᠪᠣᠳᠠᠲᠠᠢ ᠠᠵᠢᠯᠯᠠᠨ ᠪᠠᠳᠤ ᠦᠢᠯᠡᠳᠦᠯᠬᠡᠵᠢᠬᠦᠯᠵᠥ ᠬᠥᠭᠵᠢᠯᠲᠡ᠎ᠶᠢ ᠠᠬᠢᠭᠤᠯᠤᠨ᠎ᠠ

2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ ᠪᠣᠯᠣᠨ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠳᠠᠬᠢ 《ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠬᠦᠴᠦᠯᠡᠨ ᠠᠬᠢᠭᠤᠯᠬᠤ ᠬᠡᠷᠡᠭᠲᠡᠢ》 ᠭᠡᠬᠦ ᠥᠭᠦᠯᠡᠯᠲᠡ ᠨᠢ ᠥᠷᠭᠡᠨ ᠣᠯᠠᠨ ᠺᠠᠳ᠋ᠷ ᠣᠯᠠᠨ ᠲᠦᠮᠡᠨ᠎ᠦ ᠡᠷᠴᠢ ᠵᠣᠷᠢᠭ᠋᠎ᠢ ᠳᠠᠬᠢᠨ᠎ᠢᠶᠠᠷ ᠨᠡᠮᠡᠭᠳᠡᠭᠦᠯᠪᠡ᠃

ᠪᠤᠭᠤᠲᠤ ᠬᠣᠲᠠ᠎ᠶᠢᠨ ᠺᠦᠨ ᠬᠥᠩ ᠵᠠᠮ᠎ᠤᠨ ᠵᠡᠭᠡᠯᠢ ᠭᠤᠳᠤᠮᠵᠢ᠎ᠶᠢᠨ ᠨᠠᠮ᠎ᠤᠨ ᠠᠵᠢᠯᠯᠠᠬᠤ ᠬᠤᠷᠢᠶ᠎ᠠ᠎ᠵᠢᠨ ᠳᠡᠳ᠋ ᠱᠦᠵᠢ ᠺᠠᠩ ᠺᠠᠢ᠂ ᠶᠠᠷᠢᠶᠠᠨ᠎ᠤ ᠵᠣᠷᠢᠭ᠋ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠵᠡᠭᠡᠯᠢ ᠭᠤᠳᠤᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠬᠠᠷᠠᠯᠲᠠ᠎ᠶᠢ ᠪᠠᠲᠤ ᠡᠵᠡᠮᠳᠡᠵᠦ᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶᠢ ᠳᠠᠭᠠᠭᠤᠯᠵᠤ᠂《ᠬᠣᠷᠢᠨ ᠳᠥᠷᠪᠡᠨ ᠴᠠᠭ ᠤᠯᠠᠷᠢᠯ᠎ᠤᠨ ᠵᠠᠰᠠᠯᠲᠠ᠎ᠶᠢᠨ ᠡᠳᠦᠷ᠎ᠦᠨ ᠲᠡᠮᠳᠡᠭᠯᠡᠯ》 ᠢ᠋ ᠰᠠᠢᠲᠤᠷ ᠬᠡᠷᠡᠭᠯᠡᠵᠦ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢᠨ ᠴᠤᠤᠷᠢᠶᠠᠳᠤᠨ ᠳᠠᠭᠠᠬᠤ ᠪᠢᠳᠡᠬᠦᠦ ᠲᠣᠭᠲᠠᠴᠠ᠎ᠶᠢ ᠪᠦᠷᠢᠨᠰᠢᠭᠦᠯᠵᠦ᠂ ᠨᠠᠷᠢᠨ ᠨᠢᠮᠪᠠᠢ ᠵᠠᠰᠠᠯᠲᠠ ᠵᠢ ᠣᠯᠠᠨ ᠲᠦᠮᠡᠨ᠎ᠦ ᠡᠭᠦᠳᠡᠨ᠎ᠳᠦ ᠬᠦᠷᠲᠡᠯ᠎ᠡ ᠬᠢᠨ᠎ᠡ ᠭᠡᠵᠦ ᠢᠯᠡᠳᠭᠡᠪᠡ᠃

ᠤᠯᠠᠭᠠᠨᠬᠠᠳᠠ ᠬᠤᠳᠠ᠎ᠶᠢᠨ ᠰᠦᠩᠱᠠᠨ ᠲᠣᠭᠣᠷᠢᠭ᠋᠎ᠤᠨ ᠸᠠᠩ᠎ᠤᠨ ᠬᠤᠷᠤᠭ᠎ᠠ ᠪᠠᠯᠭᠠᠰᠤ᠎ᠶᠢᠨ ᠨᠠᠮ᠎ᠤᠨ ᠬᠤᠷᠢᠶ᠎ᠠ᠎ᠵᠢᠨ ᠱᠦᠵᠢ ᠮᠠ ᠰᠢᠶᠣᠣ ᠮᠢᠩ᠂ ᠡᠬᠢᠯᠡᠮᠡᠭᠴᠡ ᠰᠢᠪᠳᠤᠯᠤᠯᠳᠠ ᠬᠢᠬᠦ ᠡᠷᠴᠢ ᠵᠤᠷᠢᠭ ᠵᠢᠡᠷ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠠᠵᠢᠯ᠎ᠢ ᠰᠠᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠠᠮᠤ ᠪᠤᠳᠠᠭᠠᠨ᠎ᠤ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠮᠢᠬᠠᠨ᠎ᠤ ᠦᠬᠡᠷ ᠲᠡᠵᠢᠭᠡᠨ ᠦᠷᠡᠵᠢᠭᠦᠯᠬᠦ ᠪᠠ ᠲᠥᠬᠥᠭᠡᠷᠦᠮᠵᠢᠲᠦ ᠲᠠᠷᠢᠶᠠᠯᠠᠩ᠎ᠢ ᠰᠠᠢᠲᠤᠷ ᠬᠢᠵᠦ᠂ ᠣᠨᠴᠠᠯᠢᠭ᠍ᠲᠤ ᠠᠵᠤ ᠦᠢᠯᠡᠰ᠎ᠢ ᠪᠣᠢᠵᠢᠭᠤᠯᠵᠤ᠂ ᠠᠵᠤ ᠦᠢᠯᠡᠰ᠎ᠦᠨ ᠬᠡᠪᠴᠢᠶᠡᠵᠢᠭᠰᠡᠨ ᠬᠥᠭᠵᠢᠯᠲᠡ᠎ᠶᠢ ᠠᠬᠢᠭᠤᠯᠵᠤ᠂ ᠤᠯᠠᠨ ᠲᠦᠮᠡᠨ᠎ᠢ ᠲᠠᠢ᠍ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠵᠦ ᠪᠠᠶᠠᠵᠢᠭᠤᠯᠤᠨ᠎ᠠ ᠭᠡᠪᠡ᠃

ᠪᠠᠶᠠᠨᠨᠠᠭᠤᠷ ᠬᠤᠳᠠ᠎ᠶᠢᠨ ᠳ᠋ᠸᠩᠺᠸᠤ ᠰᠢᠶᠠᠨ᠎ᠤ ᠰᠣᠶᠣᠯ ᠪᠡᠶ᠎ᠡ᠎ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠎ᠶᠢᠨ ᠳᠠᠷᠤᠭ᠎ᠠ ᠵᠢᠶᠠ ᠰᠢᠨ ᠰᠢᠶᠠ᠂ ᠲᠤᠬᠠᠢ᠎ᠶᠢᠨ ᠭᠠᠵᠠᠷ᠎ᠤᠨ ᠬᠢᠨ ᠨᠢᠳᠤᠨᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠣᠯ ᠰᠢᠵᠢᠮ ᠪᠣᠯᠭᠠᠵᠤ᠂ 《ᠪᠡᠶ᠎ᠡ᠎ᠶᠢᠨ ᠲᠠᠮᠢᠷ + ᠰᠣᠶᠣᠯ ᠵᠢᠭᠤᠯᠴᠢᠯᠠᠯ》 ᠤ᠋ᠨ ᠠᠭᠤᠰᠤᠯᠴᠠᠨ ᠬᠥᠭᠵᠢᠬᠦ᠎ᠶᠢ ᠠᠬᠢᠭᠤᠯᠵᠤ᠂ ᠵᠠᠭᠤ ᠭᠠᠷᠤᠢ ᠲᠠᠯᠠᠪᠤᠷ ᠰᠣᠶᠣᠯ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠪᠡ᠃ ᠰᠢᠨ᠎ᠡ ᠨᠢᠭᠡ ᠵᠢᠯ᠎ᠳᠦ᠂ 《ᠮᠤᠨᠢ ᠠᠭᠤᠯᠠ ᠵᠢ ᠬᠡᠲᠦᠯᠬᠦᠢ》 ᠲᠦᠷᠦᠯ ᠲᠡᠮᠳᠡᠭ᠎ᠢ ᠦᠷᠭᠦᠯᠵᠢᠯᠡᠨ ᠬᠦᠴᠦᠷᠬᠡᠭᠵᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠬᠤ ᠵᠢ ᠰᠠᠢᠲᠤᠷ ᠬᠢᠵᠦ᠂ ᠰᠣᠶᠣᠯ ᠵᠢᠭᠤᠯᠴᠢᠯᠠᠯ ᠵᠢᠡᠷ ᠠᠵᠤ ᠦᠢᠯᠡᠰ᠎ᠢ ᠮᠠᠨᠳᠤᠭᠤᠯᠬᠤ ᠪᠡᠷ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ ᠭᠡᠵᠤ ᠲᠠᠨᠢᠯᠴᠠᠭᠤᠯᠪᠠ᠃

ᠰᠢᠯᠢᠩᠬᠣᠲᠠ᠎ᠶᠢᠨ ᠪᠤᠯᠠᠭᠠᠨ ᠰᠤᠮᠤ ᠵᠢᠨ ᠨᠠᠮ᠎ᠤᠨ ᠬᠣᠷᠢᠶ᠎ᠡ ᠵᠢᠨ ᠱᠦᠵᠢ ᠶᠠᠨ ᠹᠠᠩ᠄ 《ᠤᠯᠠᠭᠠᠨ ᠮᠣᠷᠢᠨ ᠵᠢᠯ᠎ᠳᠦ᠂ ᠮᠠᠨ᠎ᠤ ᠰᠤᠮᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 〈1571〉 ᠠᠵᠢᠯ᠎ᠤᠨ ᠪᠠᠢᠷᠢᠯᠠᠭᠤᠯᠤᠯᠲᠠ ᠪᠣᠯᠣᠨ 〈ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ〉 ᠤ᠋ᠨ ᠪᠣᠳᠠᠲᠠᠢ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠭᠣᠣᠯᠳᠠᠯᠭ᠎ᠠ᠎ᠲᠠᠢ ᠬᠦᠷᠢᠶᠡᠨ᠎ᠦ ᠬᠠᠷᠠᠯᠲᠠ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠨᠢᠭᠡ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠵᠢᠷᠤᠭᠯᠠᠬᠤ ᠪᠠ ᠡᠮᠦᠨᠡᠬᠢ ᠪᠡᠨ ᠵᠠᠯᠭᠠᠨ ᠬᠢᠬᠦ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠤᠭᠰᠠᠨ᠂ ᠠᠵᠤ ᠦᠢᠯᠡᠰ ᠬᠥᠭᠵᠢᠨ ᠮᠠᠨᠳᠤᠭᠰᠠᠨ᠂ ᠠᠮᠢ ᠠᠬᠤᠢ ᠣᠷᠣᠰᠢᠨ ᠰᠠᠭᠤᠬᠤ᠎ᠳᠤ ᠲᠣᠬᠢᠷᠠᠮᠵᠢᠲᠠᠢ᠂ ᠬᠥᠳᠡᠭᠡ ᠲᠣᠰᠬᠣᠨ᠎ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠡᠶ᠎ᠡ ᠵᠤᠬᠢᠴᠠᠩᠭᠤᠢ ᠰᠠᠢᠨ ᠰᠠᠢᠬᠠᠨ ᠪᠤᠯᠠᠭᠠᠨ ᠰᠤᠮᠤ᠎ᠶᠢ ᠪᠠᠶ᠋ᠢᠭᠤᠯᠤᠨ᠎ᠠ》 ᠭᠡᠪᠡ᠃

ᠠᠷᠠᠳ᠎ᠤᠨ ᠠᠮᠢᠳᠤᠷᠠᠯ᠎ᠢᠶᠠᠷ ᠦᠨᠳᠦᠰᠦ ᠪᠣᠯᠭᠠᠵᠤ ᠠᠷᠠᠳ᠎ᠤᠨ ᠰᠡᠳᠬᠢᠯ᠎ᠢ ᠳᠤᠯᠠᠭᠠᠴᠠᠭᠤᠯᠤᠨ᠎ᠠ

《ᠮᠠᠨ᠎ᠤ ᠨᠠᠮ ᠠᠷᠠᠳ ᠲᠦᠮᠡᠨ᠎ᠦ ᠲᠥᠯᠥᠭᠡ ᠪᠠᠢᠭᠤᠯᠤᠭᠳᠠᠵᠤ᠂ ᠠᠷᠠᠳ ᠲᠦᠮᠡᠨ᠎ᠦ ᠬᠦᠴᠦᠨ ᠵᠢᠡᠷ ᠬᠥᠭᠵᠢᠨ ᠮᠠᠨᠳᠤᠵᠤ᠂ ᠠᠯᠢᠪᠠ ᠠᠵᠢᠯ ᠴᠥᠮ ᠠᠷᠠᠳ ᠲᠦᠮᠡᠨ᠎ᠦ ᠵᠣᠯ ᠵᠢᠷᠭᠠᠯ᠎ᠤᠨ ᠲᠥᠯᠥᠭᠡ ᠶᠤᠮ》᠃ ᠶᠡᠷᠦᠩᠬᠡᠢ ᠱᠦᠵᠢ ᠰᠢ᠎ᠶᠢᠨ ᠫᠢᠩ᠎ᠤᠨ ᠭᠦᠨ ᠰᠡᠳᠬᠢᠯᠭᠡ ᠲᠡᠢ ᠦᠭᠡ ᠶᠠᠷᠢᠶ᠎ᠠ ᠨᠢ ᠥᠪᠥᠷ ᠮᠣᠩᠭᠣᠯ᠎ᠤᠨ ᠥᠷᠭᠡᠨ ᠤᠯᠠᠨ ᠺᠠᠳ᠋ᠷ ᠤᠯᠠᠨ ᠲᠦᠮᠡᠨ᠎ᠦ ᠰᠡᠳᠬᠢᠯ᠎ᠢ ᠳᠤᠯᠠᠭᠠᠴᠠᠭᠤᠯᠤᠨ᠎ᠠ᠃

ᠬᠢᠩᠭᠠᠨ ᠠᠢᠮᠠᠭ᠎ᠤᠨ ᠵᠠᠯᠠᠢᠳ ᠬᠣᠰᠢᠭᠤᠨ᠎ᠤ ᠦ᠋ ᠳ᠋ᠣᠣ ᠾᠧ ᠽᠢ ᠲᠠᠷᠢᠶᠠᠯᠠᠩ ᠮᠠᠯ ᠠᠵᠤ ᠠᠬᠤᠢ᠎ᠶᠢᠨ ᠲᠤᠰᠬᠠᠢ ᠬᠤᠷᠰᠢᠶ᠎ᠠ᠎ᠶᠢᠨ ᠬᠡᠷᠡᠭ ᠡᠷᠬᠢᠯᠡᠭᠴᠢᠳ᠎ᠦᠨ ᠳᠠᠷᠤᠭ᠎ᠠ ᠳᠦ ᠭᠠᠩ᠄《ᠶᠡᠷᠦᠩᠬᠡᠢ ᠱᠦᠵᠢ ᠰᠢ᠎ᠶᠢᠨ ᠫᠢᠩ᠎ᠤᠨ ᠶᠠᠷᠢᠶ᠎ᠠ ᠨᠤᠲᠤᠭ᠎ᠤᠨ ᠠᠷᠠᠳ ᠤᠯᠠᠨ᠎ᠤ ᠰᠡᠳᠬᠢᠯ᠎ᠢ ᠲᠤᠢᠯ᠎ᠤᠨ ᠬᠠᠯᠠᠭᠤᠨ ᠳᠤᠯᠠᠭᠠᠨ ᠪᠤᠯᠭᠠᠵᠠᠢ᠃ ᠡᠨᠡ ᠬᠡᠳᠦᠨ ᠵᠢᠯ ᠦ᠋ ᠳ᠋ᠣᠣ ᠾᠧ ᠽᠢ ᠲᠠᠷᠢᠶᠠᠯᠠᠩ ᠮᠠᠯ ᠠᠵᠤ ᠠᠬᠤᠢ᠎ᠶᠢᠨ ᠲᠤᠰᠬᠠᠢ ᠬᠤᠷᠰᠢᠶ᠎ᠠ ᠪᠦᠯᠬᠦᠮᠳᠡᠨ ᠬᠠᠪᠰᠤᠷᠤᠯᠴᠠᠵᠤ᠂ ᠰᠢᠨᠵᠢᠯᠡᠬᠦ ᠤᠬᠠᠭᠠᠨᠴᠢ᠎ᠪᠠᠷ ᠲᠠᠷᠢᠶ᠎ᠠ ᠳᠠᠷᠢᠭ᠍ᠰᠠᠨ᠎ᠡᠴᠡ ᠬᠤᠷᠰᠢᠶ᠎ᠡ ᠵᠢᠨ ᠭᠡᠰᠢᠭᠦᠳ᠎ᠦᠨ ᠤᠷᠤᠯᠭ᠎ᠠ ᠤᠯᠠᠮ ᠵᠢᠡᠷ ᠨᠡᠮᠡᠭᠳᠡᠵᠤ᠂ ᠡᠳᠦᠷ᠎ᠡᠴᠡ ᠡᠳᠦᠷ ᠥᠭᠡᠳᠡᠯᠡᠵᠦ ᠪᠠᠢᠨ᠎ᠠ᠃ ᠰᠢᠨ᠎ᠡ ᠨᠢᠭᠡ ᠵᠢᠯ᠎ᠳᠦ᠂ ᠤᠯᠠᠨ᠎ᠢᠶᠠᠷ᠎ᠢᠶᠠᠨ ᠶᠡᠷᠦᠩᠬᠡᠢ ᠱᠦᠵᠢ᠎ᠶᠢᠨ ᠵᠢᠭᠠᠭᠰᠠᠨ ᠵᠠᠮ᠎ᠢᠶᠠᠷ ᠦᠷᠭᠦᠯᠵᠢᠯᠡᠨ ᠯᠠᠪᠳᠠᠭᠤᠨ ᠤᠷᠤᠭᠰᠢᠯᠠᠵᠤ᠂ ᠲᠠᠷᠢᠶ᠎ᠠ ᠵᠢ ᠰᠠᠢᠳᠤᠷ ᠠᠷᠠᠴᠢᠯᠠᠵᠤ᠂ ᠬᠤᠷᠰᠢᠶ᠎ᠠ᠎ᠶᠢ ᠰᠠᠢᠲᠤᠷ ᠡᠷᠬᠢᠯᠡᠬᠦ᠎ᠪᠡᠷ ᠪᠠᠷᠠᠬᠤ ᠦᠭᠡᠢ ᠪᠠᠰᠠ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠬᠤ᠂ ᠪᠣᠬᠢᠷᠲᠤᠯ ᠦᠭᠡᠢ ᠲᠦᠷᠦᠯ ᠲᠡᠮᠳᠡᠭ᠎ᠢ ᠡᠭᠦᠳᠬᠦ ᠲᠠᠯ᠎ᠠ᠎ᠪᠠᠷ ᠬᠦᠴᠦ ᠣᠷᠣᠭᠤᠯᠵᠤ᠂ ᠨᠡᠩ ᠤᠯᠠᠨ ᠨᠤᠲᠤᠭ᠎ᠤᠨ ᠠᠷᠠᠳ ᠤᠯᠠᠨ᠎ᠢ ᠳᠠᠢ᠍ᠢᠴᠢᠯᠠᠨ ᠤᠨᠠᠯᠲᠠ ᠣᠷᠣᠯᠭ᠎ᠠ᠎ᠶᠢ ᠨᠢ ᠨᠡᠮᠡᠭᠳᠡᠭᠦᠯᠵᠦ᠂ ᠬᠥᠳᠡᠭᠡ ᠲᠣᠰᠬᠣᠨ᠎ᠢ ᠨᠡᠩ ᠪᠠᠶᠠᠨ ᠴᠢᠨᠡᠭᠡᠯᠢᠭ᠂ ᠨᠡᠩ ᠦᠵᠡᠰᠬᠦᠯᠡᠩᠲᠦ ᠰᠠᠢᠬᠠᠨ ᠪᠣᠯᠭᠠᠨ᠎ᠠ!》 ᠭᠡᠪᠡ᠃

《ᠪᠢᠳᠡ ᠵᠡᠭᠡᠯᠢ ᠭᠤᠳᠤᠮᠵᠢ᠎ᠶ᠋ᠢᠨ ᠪᠥᠬᠥ᠌ ᠨᠠᠮ᠎ᠤᠨ ᠭᠡᠱᠢᠭᠦᠨ ᠺᠠᠳ᠋ᠷ᠎ᠢ ᠳᠠᠭᠠᠭᠤᠯᠤᠨ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ ᠱᠢᠳᠤᠷᠭᠤ᠎ᠪᠠᠷ ᠭᠦᠶ᠋ᠴᠡᠳᠭᠡᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠡᠷᠡᠰ ᠭᠤᠢᠪᠢᠰᠢ ᠥᠬᠡᠶ᠎ᠪᠡᠷ ᠬᠠᠷᠢᠶᠠᠲᠤ ᠣᠷᠣᠨ᠎ᠤ ᠰᠠᠭᠤᠭᠠᠯᠢ ᠠᠷᠠᠳ᠎ᠲᠤ ᠠᠵᠠ ᠵᠢᠷᠭᠠᠯ ᠡᠳ᠋ᠯᠡᠭᠦᠯᠵᠦ᠍᠂ ᠦᠶ᠋ᠯᠡᠴᠢᠯᠡᠭᠡ᠎ᠪᠡᠨ ᠱᠢᠯᠢᠳᠡᠭ᠌ᠵᠢᠭᠦᠯᠦᠨ᠂ ᠬᠥᠭ᠌ᠵᠢᠯᠲᠡ᠎ᠶ᠋ᠢ ᠠᠬᠢᠭᠤᠯᠵᠤ᠂ ᠶᠠᠷᠢᠶᠠᠨ᠎ᠤ ᠵᠣᠷᠢᠭ ᠰᠠᠨᠠᠭ᠎ᠠ᠎ᠶ᠋ᠢ ᠵᠡᠭᠡᠯᠢ ᠭᠤᠳᠤᠮᠵᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠠᠮᠢᠳᠤᠯᠢᠭ ᠦᠶ᠋ᠯᠡᠳᠦᠯᠭᠡ ᠪᠣᠯᠭᠠᠨ ᠤᠨᠳᠤᠤᠰᠢᠭᠤᠯᠵᠤ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠬᠠᠷᠢᠶᠠᠲᠤ ᠣᠷᠣᠨ᠎ᠤ ᠣᠯᠠᠨ ᠲᠦᠮᠡᠨ᠎ᠳᠦ ᠨᠠᠩ ᠰᠠᠢᠨ ᠰᠠᠢᠬᠠᠨ ᠠᠮᠢᠳᠤᠷᠠᠯ᠎ᠢ ᠴᠣᠭ᠍ᠴᠠᠯᠠᠵᠤ ᠦᠭᠭᠦᠨ᠎ᠡ》᠃ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠶᠡᠬᠡ ᠰᠤᠷᠭᠠᠭᠤᠯᠢ᠎ᠵᠡᠭᠦᠨ ᠵᠠᠮ᠎ᠤᠨ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯᠯᠠᠬᠤ ᠬᠤᠷᠢᠶ᠎ᠠ᠎ᠶᠢᠨ ᠱᠦᠵᠢ ᠸᠠᠩ ᡁᠢ ᠴᠢᠶᠠᠩ᠂ 2026 ᠣᠨ᠎ᠳᠤ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ ᠠᠵᠢᠯ᠎ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠠᠵᠢᠯᠯᠠᠵᠤ ᠠᠮᠢᠳᠤᠷᠠᠬᠤ᠎ᠳᠤ ᠲᠣᠬᠢᠷᠠᠮᠵᠢᠲᠠᠶ ᠣᠳᠣᠬᠢᠴᠢᠯᠠᠭ᠍ᠰᠠᠨ ᠵᠡᠭᠡᠯᠢ ᠲᠣᠭᠣᠷᠢᠭ᠎ᠢ ᠪᠥᠲᠥᠭᠡᠨ ᠪᠠᠢᠭᠤᠯᠤᠨ᠎ᠠ; ᠨᠠᠰᠤᠵᠢᠯ᠎ᠤᠨ ᠦᠢᠯᠡᠴᠢᠯᠡᠭᠡ᠎ᠶ᠋ᠢ ᠪᠣᠳᠠᠲᠠᠢ ᠨᠠᠷᠢᠯᠢᠭ ᠬᠢᠵᠦ᠍᠂ ᠪᠠᠭᠠᠴᠤᠳ ᠬᠡᠦᠬᠡᠳ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠬᠠᠩᠭᠠᠯᠭ᠎ᠠ᠎ᠶ᠋ᠢ ᠪᠠᠶᠠᠯᠢᠭ᠍ᠵᠢᠭᠤᠯᠤᠨ᠂ 《ᠨᠠᠰᠤᠲᠠᠢᠴᠤᠤᠯ ᠪᠠ ᠨᠢᠯᠬᠠᠰ》 ᠤ᠋ᠨ ᠵᠣᠯ ᠵᠢᠷᠭᠠᠯ ᠠᠮᠤᠷ ᠠᠮᠤᠭᠤᠯᠠᠩ᠎ᠢ ᠰᠡᠳᠭᠢᠯ ᠲᠠᠯᠪᠢᠨ ᠰᠠᠬᠢᠨ ᠬᠠᠮᠠᠭᠠᠯᠠᠨ᠎ᠠ; ᠰᠤᠷᠭᠠᠭᠤᠯᠢ ᠪᠠ ᠣᠷᠣᠨ ᠨᠤᠲᠤᠭ᠂ ᠡᠮᠴᠢᠯᠡᠭᠡᠨ ᠤ᠋ ᠪᠠᠢᠭᠤᠯᠤᠮᠵᠢ ᠪᠠ ᠨᠡᠢᠭᠡᠮ᠎ᠤᠨ ᠬᠦᠴᠦᠨ ᠬᠣᠯᠪᠣᠭᠠᠯᠠᠨ ᠬᠠᠮᠵᠢᠯᠴᠠᠬᠤ ᠵᠢ ᠬᠦᠨᠵᠡᠭᠡᠢᠷᠡᠬᠦᠯᠵᠦ᠂ ᠪᠥᠬᠥ᠌ ᠣᠷᠣᠨ ᠪᠦᠰᠡ᠎ᠪᠡᠷ᠎ᠢᠶᠡᠨ ᠬᠠᠮᠵᠢᠯᠴᠠᠭ᠍ᠰᠠᠨ ᠦᠨᠳᠦᠰᠦᠨ ᠱᠠᠲᠤᠨ᠎ᠤ ᠦᠶ᠋ᠯᠡᠴᠢᠯᠡᠭᠡᠨ᠎ᠦ ᠱᠢᠨ᠎ᠡ ᠪᠠᠢᠷᠢᠱᠢᠯ᠎ᠢ ᠪᠠᠢᠭᠤᠯᠤᠨ᠎ᠠ; ᠰᠠᠭᠤᠭᠠᠯᠢ ᠲᠣᠭᠣᠷᠢᠭ᠎ᠤᠨ ᠥᠪᠡᠷ᠎ᠢᠶᠡᠨ ᠬᠠᠮᠢᠶᠠᠷᠬᠤ ᠱᠢᠰᠲ᠋ᠧᠮ᠎ᠢ ᠪᠦᠷᠢᠨᠱᠢᠬᠦᠯᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ ᠭᠡᠵᠦ ᠢᠯᠡᠳᠬᠡᠪᠡ᠃

ᠦᠬᠠᠢ ᠬᠤᠳᠠ᠎ᠶ᠋ᠢᠨ ᠬᠠᠢ᠌ᠷᠤᠪ᠎ᠤᠨ ᠲᠤᠬᠤᠢ ᠲᠣᠭᠣᠷᠢᠭ᠎ᠤᠨ ᠬᠠᠢ ᠪᠸᠢ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠤᠯᠠᠨ ᠲᠦᠮᠡᠨ᠎ᠦ ᠪᠦᠯᠬᠦᠮ᠎ᠦᠨ ᠠᠵᠢᠯᠯᠠᠭ᠍ᠴᠢ ᠺᠠᠩ ᠸᠧᠢ᠂ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠤᠯᠠᠨ ᠲᠦᠮᠡᠨ᠎ᠦ ᠬᠠᠨᠤᠮᠵᠢ᠎ᠶ᠋ᠢᠨ ᠬᠡᠮᠵᠢᠶ᠎ᠡ ᠪᠡᠷ ᠠᠵᠢᠯ᠎ᠢ ᠱᠢᠯᠭᠠᠬᠤ ᠴᠤᠷ᠎ᠤᠨ ᠭᠠᠭ᠍ᠴᠠ ᠪᠠᠷᠢᠮᠵᠢᠶ᠎ᠠ ᠪᠣᠯᠭᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠵᠡᠭᠡᠯᠢ ᠭᠤᠳᠤᠮᠵᠢ ᠨᠡᠢᠭᠡᠮ ᠲᠣᠭᠣᠷᠢᠭ᠎ᠢ ᠨᠡᠩ ᠬᠠᠯᠠᠭᠤᠨ ᠳᠤᠯᠠᠭᠠᠨ᠂ ᠤᠯᠠᠨ ᠲᠦᠮᠡᠨ᠎ᠦ ᠵᠣᠯ ᠵᠢᠷᠭᠠᠯ᠎ᠢ ᠨᠡᠩ ᠴᠢᠨᠠᠷᠯᠢᠭ ᠪᠣᠯᠭᠠᠨ᠎ᠠ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号