ᠬᠤᠸᠠᠩ ᡁᠢ ᠴᠢᠶᠠᠩ ᠶᠠᠷᠢᠶ᠎ᠠ ᠲᠠᠯᠪᠢᠵᠠᠢ
2 ᠰᠠᠷ᠎ᠠ᠎ᠶᠢᠨ 11᠎ᠤ᠋ ᠡᠳᠦᠷ᠂ ᠪᠦᠬᠦ ᠣᠷᠣᠨ᠎ᠤ ᠮᠥᠩᠭᠥᠨ ᠭᠦᠢᠯᠭᠡᠭᠡᠨ᠎ᠦ ᠰᠢᠰᠲ᠋ᠸᠮ᠎ᠤᠨ ᠠᠵᠢᠯ᠎ᠤᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠮᠥᠩᠭᠥᠨ ᠭᠦᠢᠯᠭᠡᠭᠡᠨ᠎ᠦ ᠬᠤᠷᠢᠶ᠎ᠠ ᠢ᠋ᠢᠨ ᠠᠯᠪᠠᠨ ᠭᠡᠷ᠎ᠦᠨ ᠡᠷᠬᠢᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠬᠤᠸᠠᠩ ᡁᠢ ᠴᠢᠶᠠᠩ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠥᠪᠥᠷ ᠮᠣᠩᠭᠣᠯ ᠮᠥᠩᠭᠥᠨ ᠭᠦᠢᠯᠭᠡᠭᠡᠨ᠎ᠦ ᠲᠦᠭᠰᠢᠭᠦᠷᠢ᠎ᠶᠢ ᠬᠦᠴᠦᠲᠡᠢ ᠡᠮᠬᠢ ᠵᠢᠷᠤᠮ᠎ᠲᠠᠢ ᠪᠦᠲᠦᠮᠵᠢᠲᠡᠶ᠎ᠪᠡᠷ ᠠᠷᠢᠯᠭᠠᠵᠤ᠂ 《1+4》 ᠣᠷᠣᠨ ᠨᠤᠲᠤᠭ᠎ᠤᠨ ᠬᠠᠤᠯᠢ᠎ᠶᠢᠨ ᠡᠷᠬᠡᠲᠡᠨ᠎ᠦ ᠪᠠᠩᠬᠢ᠎ᠶᠢᠨ ᠰᠢᠨ᠎ᠡ ᠪᠠᠢᠷᠢᠰᠢᠯ᠎ᠢ ᠦᠨᠳᠦᠰᠦᠨ᠎ᠳᠡᠭᠡᠨ ᠪᠦᠷᠢᠯᠳᠦᠭᠦᠯᠵᠦ᠂ ᠭᠣᠣᠯ ᠬᠠᠷᠢᠭᠤᠴᠠᠯᠭ᠎ᠠ ᠭᠣᠣᠯ ᠠᠵᠢᠯ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠦᠨ᠂ ᠲᠥᠬᠥᠮ ᠲᠦᠳᠡ ᠮᠥᠩᠭᠥᠨ ᠭᠦᠢᠯᠭᠡᠭᠡᠨ᠎ᠢ ᠡᠷᠭᠢᠯᠡᠬᠦ ᠣᠢᠯᠠᠭᠠᠭᠳᠠᠬᠤᠨ᠎ᠢ ᠪᠣᠶ ᠪᠣᠯᠭᠠᠵᠤ᠂ ᠲᠠᠪᠤᠨ ᠵᠢᠯ ᠳᠠᠷᠠᠭᠠᠯᠠᠨ ᠵᠠᠬ᠎ᠠ ᠳᠡᠯᠭᠡᠭᠦᠷ᠎ᠲᠦ ᠭᠠᠷᠤᠭᠰᠠᠨ ᠠᠵᠤ ᠠᠬᠤᠢᠯᠠᠯ ᠲᠠᠢ ᠪᠠᠢᠵᠦ᠂ ᠮᠥᠩᠭᠥᠨ ᠭᠦᠢᠯᠭᠡᠭᠡᠨ᠎ᠦ ᠠᠵᠢᠯ᠎ᠤᠨ ᠠᠮᠵᠢᠯᠲᠠ ᠪᠦᠲᠦᠮᠵᠢ ᠨᠤᠲᠠᠯᠠᠭᠤᠰᠢᠲᠠᠢ ᠪᠠᠢᠨ᠎ᠠ᠃ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ ᠮᠥᠨ᠂ ᠶᠡᠷᠦᠩᠬᠡᠢ ᠱᠦᠵᠢ ᠰᠢ᠎ᠶᠢᠨ ᠫᠢᠩ᠎ᠤᠨ ᠮᠥᠩᠭᠥᠨ ᠭᠦᠢᠯᠭᠡᠭᠡᠨ᠎ᠦ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》ᠠᠵᠢᠯ᠎ᠤᠨ ᠪᠠᠢᠷᠢᠯᠠᠭᠤᠯᠤᠯᠲᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ 《ᠲᠦᠭᠰᠢᠭᠦᠷᠢ᠎ᠶᠢ ᠰᠡᠷᠭᠡᠢᠯᠡᠬᠦ᠂ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ》 ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ᠂ ᠲᠦᠭᠰᠢᠭᠦᠷᠢ ᠶᠡᠬᠡᠲᠡᠢ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢ ᠬᠥᠳᠡᠯᠦᠩᠭᠦᠢ᠎ᠪᠡᠷ ᠠᠷᠢᠯᠭᠠᠬᠤ᠎ᠶᠢ ᠠᠬᠢᠭᠤᠯᠵᠤ᠂ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢ ᠪᠡᠬᠢᠵᠢᠭᠦᠯᠦᠨ ᠴᠢᠩᠭᠠᠳᠬᠠᠵᠤ᠂ ᠪᠣᠳᠠᠲᠤ ᠴᠣᠭᠴᠠ᠎ᠶᠢᠨ ᠠᠵᠤ ᠠᠬᠤᠢ᠎ᠶᠢ ᠣᠨᠣᠪᠴᠢᠲᠠᠶ ᠳᠡᠮᠵᠢᠵᠦ᠂ ᠪᠥᠬᠥ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠳᠦ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠬᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号