ᠦᠪᠦᠷ ᠮᠤᠡᠭᠭᠤᠯ ᠤ᠋ᠨ ᠦᠨᠳᠦᠷ ᠤᠨᠠᠯᠲᠠ ᠶ᠋ᠢᠨ 10 ᠵᠢᠱ᠌ᠢᠶ᠎ᠡ ᠪᠦᠬᠦ ᠤᠯᠤᠰ ᠤ᠋ᠨ ᠨᠡᠢᠲᠡᠯᠢᠭ ᠵᠢᠱ᠌ᠢᠶ᠎ᠡ ᠪᠡᠷ ᠰᠤᠡᠭᠭᠤᠭᠳᠠᠪᠠ
2026-02-16 16:51:32
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠤᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠮᠠᠨ ᠤ᠋ ᠤᠷᠤᠨ ᠤ᠋ ᠰᠢᠷ᠎ᠡ ᠪᠤᠷᠴᠠᠭ ᠪᠠ ᠰᠢᠯᠢᠮᠳᠡᠭ ᠤ᠋ᠨ ᠦᠨᠳᠦᠷ ᠤᠨᠠᠯᠲᠠ ᠶ᠋ᠢᠨ 10 ᠵᠢᠱ᠌ᠢᠶ᠎ᠡ ᠤᠯᠤᠰ ᠤ᠋ᠨ ᠲᠠᠷᠢᠶᠠᠯᠠᠡᠭ ᠤ᠋ᠨ ᠮᠡᠷᠭᠡᠵᠢᠯ ᠢ᠋ ᠳᠡᠯᠭᠡᠷᠡᠭᠦᠯᠬᠦ ᠦᠢᠯᠡᠴᠢᠯᠡᠭᠡᠨ ᠤ᠋ ᠲᠦᠪ ᠤ᠋ᠨ ᠤᠢᠷ᠎ᠠ ᠳ᠋ᠤ ᠨᠡᠢᠲᠡᠯᠡᠭᠰᠡᠨ 《2025 ᠤᠨ ᠤ᠋ ᠶᠡᠬᠡ ᠬᠡᠪᠴᠢᠶ᠎ᠡ ᠪᠡᠷ ᠲᠠᠷᠢᠭᠰᠠᠨ ᠰᠢᠷ᠎ᠡ ᠪᠤᠷᠴᠠᠭ ᠰᠢᠯᠢᠮᠳᠡᠭ ᠯᠣᠬᠠᠱᠧᠩ ᠤ᠋ᠨ ᠦᠨᠳᠦᠷ ᠤᠨᠠᠯᠲᠠ ᠶ᠋ᠢᠨ ᠨᠡᠢᠲᠡᠯᠢᠭ ᠵᠢᠱ᠌ᠢᠶ᠎ᠡ》 ᠪᠡᠷ ᠰᠤᠡᠭᠭᠤᠭᠳᠠᠪᠠ᠃

ᠲᠤᠰ ᠤᠳᠠᠭ᠎ᠠ ᠳ᠋ᠤ ᠮᠠᠨ ᠤ᠋ ᠤᠷᠤᠨ ᠤ᠋ ᠰᠢᠷ᠎ᠡ ᠪᠤᠷᠴᠠᠭ ᠤ᠋ᠨ ᠬᠠᠪᠤᠷ ᠤ᠋ᠨ ᠲᠠᠷᠢᠶᠠᠯᠠᠭ᠎ᠠ ᠶ᠋ᠢᠨ ᠦᠨᠳᠦᠷ ᠤᠨᠠᠯᠲᠠ ᠶ᠋ᠢᠨ 7 ᠵᠢᠱ᠌ᠢᠶ᠎ᠡ ᠪᠤᠯᠤᠨ ᠶᠡᠬᠡ ᠬᠡᠪᠴᠢᠶ᠎ᠡ ᠪᠡᠷ ᠲᠠᠷᠢᠭᠰᠠᠨ ᠰᠢᠯᠢᠮᠳᠡᠭ ᠤ᠋ᠨ ᠬᠠᠪᠤᠷ ᠤ᠋ᠨ ᠲᠠᠷᠢᠶᠠᠯᠠᠭ᠎ᠠ ᠶ᠋ᠢᠨ ᠦᠨᠳᠦᠷ ᠤᠨᠠᠯᠲᠠ ᠶ᠋ᠢᠨ 3 ᠵᠢᠱ᠌ᠢᠶ᠎ᠡ ᠪᠦᠬᠦ ᠤᠯᠤᠰ ᠤ᠋ᠨ ᠨᠡᠢᠲᠡᠯᠢᠭ ᠵᠢᠱ᠌ᠢᠶ᠎ᠡ ᠪᠡᠷ ᠰᠤᠩᠭᠤᠭᠳᠠᠵᠤ᠂ ᠬᠦᠯᠦᠨ ᠪᠤᠢᠷ ᠬᠤᠲᠠ᠂ ᠬᠢᠡᠭᠭᠠᠨ ᠠᠢᠮᠠᠭ᠂ ᠪᠤᠭᠤᠲᠤ ᠬᠤᠲᠠ ᠵᠡᠷᠭᠡ ᠰᠢᠷ᠎ᠡ ᠪᠤᠷᠴᠠᠭ ᠪᠠ ᠰᠢᠯᠢᠮᠳᠡᠭ ᠤ᠋ᠨ ᠭᠤᠤᠯ ᠭᠠᠷᠤᠯᠲᠠ ᠶ᠋ᠢᠨ ᠤᠷᠤᠨ ᠢ᠋ ᠬᠠᠮᠤᠷᠴᠠᠢ᠃ ᠡᠳᠡᠭᠡᠷ ᠵᠢᠱ᠌ᠢᠶ᠎ᠡ ᠨᠢ 《ᠮᠡᠷᠭᠡᠵᠢᠯ ᠤ᠋ᠨ ᠬᠤᠷᠠᠮᠠᠯ + ᠨᠠᠷᠢᠯᠢᠭ ᠬᠠᠮᠢᠶᠠᠷᠤᠯᠲᠠ》 ᠶ᠋ᠢᠨ ᠵᠠᠭᠪᠤᠷ ᠵᠢᠡᠷ ᠤᠨᠠᠯᠳᠠ ᠵᠢ ᠨᠡᠮᠡᠭᠳᠡᠭᠦᠯᠵᠤ᠂ ᠪᠦᠬᠦ ᠤᠷᠤᠨ ᠴᠢᠨᠠᠭᠰᠢᠯᠠᠪᠠᠯ ᠪᠦᠬᠦ ᠤᠯᠤᠰ ᠲᠦ᠍ ᠨᠢᠭᠡ ᠪᠦᠯᠦᠭ ᠬᠠᠭᠤᠯᠪᠤᠷᠢᠯᠠᠵᠤ ᠪᠤᠯᠬᠤᠢᠴᠠ ᠳᠡᠯᠭᠡᠷᠡᠭᠦᠯᠵᠦ ᠪᠤᠯᠬᠤᠢᠴᠠ ᠦᠯᠢᠭᠡᠷ ᠵᠢᠱ᠌ᠢᠶ᠎ᠡ ᠬᠠᠡᠭᠭᠠᠪᠠ᠃

2025 ᠤᠨ ᠳ᠋ᠦ ᠬᠦᠯᠦᠨ ᠪᠤᠢᠷ ᠬᠤᠲᠠ ᠦᠨᠳᠦᠷ ᠳᠠᠯᠠᠡᠭ ᠭᠠᠷᠭᠠᠨ ᠰᠢᠷ᠎ᠡ ᠪᠤᠷᠴᠠᠭ ᠲᠠᠷᠢᠬᠤ ᠮᠡᠷᠭᠡᠵᠢᠯ ᠢ᠋ ᠲᠠᠷᠢᠶᠠᠨ ᠭᠠᠵᠠᠷ ᠢ᠋ ᠨᠠᠷᠢᠯᠢᠭ ᠲᠡᠭᠰᠢᠯᠡᠬᠦ᠂ ᠵᠦᠢ ᠵᠤᠬᠢᠰᠲᠠᠢ ᠪᠡᠷ ᠨᠢᠭᠲᠠ ᠲᠠᠷᠢᠬᠤ ᠵᠡᠷᠭᠡ ᠤᠨᠠᠯᠲᠠ ᠵᠢ ᠨᠡᠮᠡᠭᠳᠡᠭᠦᠯᠬᠦ ᠮᠡᠷᠭᠡᠵᠢᠯ ᠯᠤᠬᠡ ᠢᠵᠢ ᠪᠦᠷᠢᠳᠦᠭᠦᠯᠦᠨ ᠬᠡᠷᠡᠭᠵᠢᠭᠦᠯᠵᠦ᠂ ᠲᠦᠮᠡᠨ ᠮᠦ᠍ ᠶ᠋ᠢᠨ ᠵᠢᠱ᠌ᠢᠶ᠎ᠡ ᠦᠵᠡᠭᠦᠯᠬᠦ ᠲᠠᠷᠢᠶᠠᠨ ᠤ᠋ ᠮᠦ᠍ ᠨᠢᠭᠡᠴᠢ ᠶ᠋ᠢᠨ ᠤᠨᠠᠯᠲᠠ ᠨᠢ 318.6 ᠺᠢᠯᠣᠭ᠌ᠷᠠᠮ ᠳ᠋ᠦ ᠬᠦᠷᠴᠦ᠂ ᠮᠠᠨ ᠤ᠋ ᠤᠷᠤᠨ ᠤ᠋ ᠲᠦᠮᠡᠨ ᠮᠦ᠍ ᠪᠡᠷ ᠬᠡᠪᠴᠢᠶᠠᠵᠢᠬᠦᠯᠦᠨ ᠲᠠᠷᠢᠭᠰᠠᠨ ᠰᠢᠷ᠎ᠡ ᠪᠤᠷᠴᠠᠭ ᠤ᠋ᠨ ᠦᠨᠳᠦᠷ ᠤᠨᠠᠯᠲᠠ ᠶ᠋ᠢᠨ ᠲᠡᠮᠲᠡᠭᠯᠡᠯ ᠢ᠋ ᠰᠢᠨᠡᠳᠭᠡᠪᠡ; ᠬᠢᠡᠭᠭᠠᠨ ᠠᠢᠮᠠᠭ ᠦᠨᠳᠦᠷ ᠳᠠᠯᠠᠡᠭ ᠭᠠᠷᠭᠠᠨ ᠰᠢᠷ᠎ᠡ ᠪᠤᠷᠴᠠᠭ ᠢ᠋ ᠨᠢᠭᠲᠠ ᠲᠠᠷᠢᠵᠤ ᠭᠦᠶᠦᠭᠡᠨ ᠪᠤᠯᠠᠵᠤ ᠳᠤᠰᠤᠯᠠᠭᠠᠨ ᠤᠰᠤᠯᠠᠵᠤ ᠤᠰᠤ ᠪᠤᠷᠳᠤᠭᠤᠷ ᠢ᠋ ᠨᠢᠭᠡ ᠴᠤᠭᠴᠠᠵᠢᠭᠤᠯᠤᠭᠰᠠᠨ ᠮᠡᠷᠭᠡᠵᠢᠯ ᠢ᠋ ᠨᠠᠷᠢᠯᠢᠭ ᠬᠡᠮᠵᠢᠵᠦ ᠨᠢᠭᠲᠠ ᠲᠠᠷᠢᠬᠤ᠂ ᠪᠤᠬᠢᠷᠳᠤᠯ ᠦᠭᠡᠢ ᠪᠡᠷ ᠤᠨᠠᠯᠲᠠ ᠵᠢ ᠨᠡᠮᠡᠭᠳᠡᠭᠦᠯᠬᠦ ARC ᠡᠪᠴᠡᠯᠳᠦᠯ ᠤ᠋ᠨ ᠵᠠᠡᠭᠬᠢᠯᠠᠭ᠎ᠠ ᠶ᠋ᠢᠨ ᠮᠡᠷᠭᠡᠵᠢᠯ ᠯᠤᠬᠡ ᠢᠵᠢ ᠪᠦᠷᠢᠳᠦᠭᠦᠯᠦᠨ ᠬᠡᠷᠡᠭᠵᠢᠭᠦᠯᠵᠦ᠂ ᠦᠨᠳᠦᠷ ᠤᠨᠠᠯᠲᠠ ᠶ᠋ᠢᠨ ᠵᠢᠱ᠌ᠢᠶ᠎ᠡ ᠦᠵᠡᠭᠦᠯᠬᠦ ᠲᠠᠷᠢᠶᠠᠨ ᠤ᠋ ᠮᠦ᠍ ᠨᠢᠭᠡᠴᠢ ᠶ᠋ᠢᠨ ᠤᠨᠠᠯᠲᠠ ᠨᠢ 328.6 ᠺᠢᠯᠣᠭ᠌ᠷᠠᠮ᠎ᠳᠤ ᠬᠦᠷᠴᠦ᠍᠂ ᠮᠠᠨ ᠤ᠋ ᠤᠷᠤᠨ ᠤ᠋ ᠵᠠᠭᠤᠨ ᠮᠦ᠍ ᠪᠡᠷ ᠲᠦᠪᠯᠡᠷᠡᠬᠦᠯᠤᠨ ᠲᠠᠷᠢᠭᠰᠠᠨ ᠰᠢᠷ᠎ᠡ ᠪᠤᠷᠴᠠᠭ ᠤ᠋ᠨ ᠦᠨᠳᠦᠷ ᠤᠨᠠᠯᠲᠠ ᠶ᠋ᠢᠨ ᠲᠡᠮᠲᠡᠭᠯᠡᠯ ᠢ᠋ ᠰᠢᠨᠡᠳᠭᠡᠪᠡ; ᠪᠤᠭᠤᠲᠤ ᠬᠤᠲᠠ ᠰᠢᠷ᠎ᠠ ᠪᠤᠷᠴᠠᠭ ᠤ᠋ᠨ ᠪᠦᠷᠬᠦᠪᠴᠢ ᠶ᠋ᠢᠨ ᠳᠤᠤᠭᠤᠷ ᠲᠤᠰᠤᠯᠠᠭᠠᠨ ᠤᠰᠤᠯᠠᠵᠤ ᠨᠢᠭᠲᠠ ᠲᠠᠷᠢᠬᠤ ᠮᠡᠷᠭᠡᠵᠢᠯ ᠢ᠋ 《ᠲᠤᠰᠤᠯᠠᠭᠠᠨ ᠤᠰᠤᠯᠠᠵᠤ ᠬᠤᠵᠢᠷ ᠢ᠋ ᠪᠠᠭᠠᠰᠬᠠᠬᠤ + ᠤᠷᠭᠠᠨᠢᠭ ᠪᠤᠷᠳᠤᠭᠤᠷ ᠤᠷᠤᠭᠤᠯᠬᠤ》 ᠪᠠ 《ᠨᠠᠷᠢᠯᠢᠭ ᠬᠡᠮᠵᠢᠵᠦ ᠨᠢᠭᠲᠠ ᠲᠠᠷᠢᠬᠤ + ᠨᠠᠷᠢᠯᠢᠭ ᠤᠨᠤᠴᠠᠲᠠᠢ ᠪᠡᠷ ᠤᠰᠤ ᠪᠤᠷᠳᠤᠭᠤᠷ ᠢ᠋ ᠲᠤᠬᠢᠷᠠᠭᠤᠯᠬᠤ》 ᠮᠡᠷᠭᠡᠵᠢᠯ ᠯᠤᠬᠡ ᠢᠵᠢ ᠪᠦᠷᠢᠳᠦᠭᠦᠯᠦᠨ ᠬᠡᠷᠡᠭᠵᠢᠭᠦᠯᠵᠦ᠂ ᠵᠢᠱ᠌ᠢᠶ᠎ᠡ ᠦᠵᠡᠭᠦᠯᠬᠦ ᠲᠠᠷᠢᠶᠠᠨ ᠤ᠋ ᠮᠦ᠍ ᠨᠢᠭᠡᠴᠢ ᠶ᠋ᠢᠨ ᠤᠨᠠᠯᠲᠠ ᠨᠢ 376 ᠺᠢᠯᠣᠭ᠌ᠷᠠᠮ᠎ᠳᠤ ᠬᠦᠷᠴᠦ᠍᠂ ᠮᠠᠨ ᠤ᠋ ᠤᠷᠤᠨ ᠤ᠋ ᠰᠢᠷ᠎ᠡ ᠪᠤᠷᠴᠠᠭ ᠤ᠋ᠨ ᠦᠨᠳᠦᠷ ᠤᠨᠠᠯᠲᠠ ᠶ᠋ᠢᠨ ᠲᠡᠮᠲᠡᠭᠯᠠᠯ ᠢ᠋ ᠰᠢᠨᠡᠳᠭᠡᠪᠡ᠃

2025 ᠤᠨ ᠳ᠋ᠦ ᠬᠥᠯᠥᠨ ᠪᠤᠢᠷ ᠬᠣᠲᠠ ᠲᠠᠷᠢᠶᠠᠨ ᠭᠤᠤᠷᠰᠤ ᠶ᠋ᠢ ᠦᠯᠡᠳᠡᠬᠡᠨ ᠬᠠᠭᠠᠯᠪᠤᠷᠢᠯᠠᠬᠤ ᠦᠬᠡᠢ ᠪᠡᠷ ᠲᠠᠷᠢᠬᠤ ᠪᠦᠬᠦ᠌ ᠶᠠᠪᠤᠴᠠ ᠶ᠋ᠢᠨ ᠮᠠᠰᠢᠨᠴᠢᠯᠠᠯᠲᠠ ᠶ᠋ᠢᠨ ᠮᠡᠷᠭᠡᠵᠢᠯ ᠢ᠋ ᠰᠢᠯᠢᠮᠳᠡᠭ ᠤ᠋ᠨ ᠦᠷ᠎ᠡ ᠵᠢ ᠲᠠᠷᠢᠶᠠᠨ ᠡᠮ ᠶ᠋ᠢᠡᠷ ᠦᠡᠭᠭᠡᠯᠡᠬᠦ᠂ ᠬᠥᠷᠥᠰᠥ᠍ ᠱᠢᠷᠣᠶ ᠶ᠋ᠢ ᠱᠢᠨᠵᠢᠨ ᠪᠣᠷᠳᠣᠭᠤᠷ ᠣᠷᠣᠭᠤᠯᠬᠤ ᠵᠡᠷᠭᠡ ᠤᠨᠠᠯᠲᠠ ᠵᠢ ᠨᠡᠮᠡᠭ᠌ᠳᠡᠭᠦᠯᠬᠦ᠌ ᠠᠷᠭ᠎ᠠ ᠬᠡᠮᠵᠢᠶ᠎ᠡ ᠯᠤᠬᠡ ᠢᠵᠢ ᠪᠦᠷᠢᠳᠦᠭᠦᠯᠦᠨ ᠬᠡᠷᠡᠭᠵᠢᠭᠦᠯᠵᠦ᠂ ᠱᠢᠯᠢᠮᠳᠡᠭ ᠤ᠋ᠨ ᠵᠢᠱ᠌ᠢᠶ᠎ᠡ ᠦᠵᠡᠭᠦᠯᠬᠦ᠌ ᠲᠠᠷᠢᠶᠠᠨ ᠤ᠋ ᠮᠦ᠍ ᠨᠢᠭᠡᠴᠢ ᠶ᠋ᠢᠨ ᠤᠨᠠᠯᠲᠠ ᠨᠢ 280.3 ᠺᠢᠯᠣᠭ᠌ᠷᠠᠮ ᠳ᠋ᠦ ᠬᠦᠷᠴᠦ᠂ ᠮᠠᠨ ᠤ᠋ ᠣᠷᠣᠨ ᠤ᠋ ᠱᠢᠯᠢᠮᠳᠡᠭ ᠤ᠋ᠨ ᠥᠨᠳᠥᠷ ᠤᠨᠠᠯᠲᠠ᠎ᠶ᠋ᠢᠨ ᠲᠡᠮᠳᠡᠭ᠌ᠯᠡᠯ᠎ᠢ ᠱᠢᠨᠡᠳᠭᠡᠪᠡ; ᠪᠤᠭᠤᠲᠤ ᠬᠣᠲᠠ ᠵᠤᠷᠬ᠎ᠠ ᠭᠠᠷᠭᠠᠨ ᠦᠷᠭᠡᠨ ᠪᠦᠰᠡᠲᠦ ᠰᠦᠯᠢᠶᠤᠤ ᠪᠦᠷᠬᠦᠪᠴᠢ ᠳᠠᠷᠤᠵᠤ ᠰᠢᠯᠢᠮᠳᠡᠭ ᠲᠠᠷᠢᠬᠤ ᠬᠤᠷᠠᠮᠠᠯ ᠮᠡᠷᠭᠡᠵᠢᠯ ᠢ᠋ ᠵᠤᠷᠬ᠎ᠠ ᠭᠠᠷᠭᠠᠵᠤ ᠪᠤᠷᠤᠭᠠᠨ ᠤ᠋ ᠤᠰᠤ ᠵᠢ ᠴᠤᠭᠯᠠᠭᠤᠯᠬᠤ᠂ ᠡᠪᠡᠳᠴᠢᠨ ᠬᠤᠷᠤᠬᠠᠢ ᠶ᠋ᠢᠨ ᠬᠦᠨᠦᠭᠡᠯ ᠢ᠋ ᠪᠤᠬᠢᠷᠳᠤᠯ ᠦᠭᠡᠢ ᠪᠡᠷ ᠰᠡᠷᠭᠡᠢᠯᠡᠨ ᠡᠵᠡᠮᠳᠡᠬᠦ ᠮᠡᠷᠭᠡᠵᠢᠯ ᠯᠤᠬᠡ ᠢᠵᠢ ᠪᠦᠷᠢᠳᠦᠭᠦᠯᠦᠨ ᠬᠡᠷᠡᠭᠵᠢᠭᠦᠯᠵᠦ᠂ ᠮᠦ᠍ ᠨᠢᠭᠡᠴᠢ ᠶ᠋ᠢᠨ ᠤᠨᠠᠯᠲᠠ ᠨᠢ 211.9 ᠺᠢᠯᠣᠭ᠌ᠷᠠᠮ ᠳ᠋ᠦ ᠬᠦᠷᠴᠦ᠂ ᠰᠢᠯᠢᠮᠳᠡᠭ ᠤ᠋ᠨ ᠤᠨᠠᠯᠳᠠ ᠵᠢ ᠨᠡᠮᠡᠭᠳᠡᠬᠦᠯᠬᠦ ᠰᠢᠨ᠎ᠡ ᠦᠯᠢᠭᠡᠷ ᠵᠢᠱ᠌ᠢᠶ᠎ᠡ ᠵᠢ ᠪᠤᠢ ᠪᠤᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号