ᠥᠪᠥᠷ ᠮᠣᠩᠭᠣᠯ ᠤ᠋ᠨ ᠤᠰᠤ ᠬᠡᠷᠡᠭᠯᠡᠬᠦ ᠡᠷᠬᠡ ᠢ᠋ᠢᠨ ᠠᠷᠠᠯᠵᠢᠶᠠᠨ ᠤ᠋ ᠬᠡᠮᠵᠢᠶ᠎ᠡ 9 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠢ᠋ ᠳᠠᠪᠠᠪᠠ
2026-02-17 10:17:07
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠤᠰᠤ ᠬᠡᠷᠡᠭᠯᠡᠬᠦ ᠡᠷᠬᠡ ᠢ᠋ᠢ ᠰᠢᠯᠵᠢᠭᠦᠯᠬᠦ ᠪᠡᠷ ᠳᠡᠮᠵᠢᠨ ᠤᠰᠤᠨ ᠤ᠋ ᠡᠬᠢ ᠪᠠᠶᠠᠯᠢᠭ ᠤ᠋ᠨ ᠲᠤᠬᠢᠷᠠᠭᠤᠯᠤᠯᠲᠠ ᠢ᠋ᠢ ᠰᠢᠯᠢᠳᠡᠭᠵᠢᠭᠦᠯᠤᠨ᠎ᠠ


ᠥᠪᠥᠷ ᠮᠣᠩᠭᠣᠯ ᠤ᠋ᠨ ᠦᠪᠡᠷᠳᠡᠬᠡᠨ ᠵᠠᠰᠠᠬᠤ ᠤᠷᠤᠨ ᠤ᠋ ᠤᠰᠤᠨ ᠠᠰᠢᠬᠯᠠᠯᠳᠠ ᠵᠢᠨ ᠲᠢᠩᠬᠢᠮ ᠡᠴᠡ ᠤᠢᠯᠠᠭᠠᠭᠰᠠᠨ ᠵᠢᠡᠷ᠂ 2025 ᠣᠨ ᠳ᠋ᠤ ᠮᠠᠨ ᠤ᠋ ᠤᠷᠤᠨ ᠤ᠋ ᠤᠰᠤ ᠬᠡᠷᠡᠭᠯᠡᠬᠦ ᠡᠷᠬᠡ ᠢ᠋ᠢᠨ ᠠᠷᠠᠯᠵᠢᠶᠠᠨ ᠤ᠋ ᠬᠡᠮᠵᠢᠶ᠎ᠡ 9.34 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ᠂ ᠠᠷᠠᠯᠵᠢᠶᠠᠨ ᠤ᠋ ᠵᠣᠭᠣᠰ ᠤ᠋ᠨ ᠲᠣᠭ᠎ᠠ 10.28 ᠳ᠋ᠦᠩᠱᠢᠭᠤᠷ ᠲᠥᠭᠥᠷᠢᠭ ᠲᠤ᠌ ᠬᠦᠷᠴᠦ᠍᠂ 2024 ᠣᠨ ᠤ᠋᠎ᠬᠢ ᠡᠴᠡ ᠲᠣᠰᠪᠤᠷᠢ 1.2 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠪᠠ 1.26 ᠳ᠋ᠦᠩᠱᠢᠭᠤᠷ ᠲᠥᠭᠥᠷᠢᠭ ᠨᠡᠮᠡᠭ᠌ᠳᠡᠨ᠂ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠠᠯᠠᠱᠠ ᠠᠢᠮᠠᠭ᠂ ᠦᠬᠠᠶ ᠬᠣᠲᠠ ᠵᠡᠷᠭᠡ 5 ᠠᠢᠮᠠᠭ ᠬᠣᠲᠠ ᠢ᠋ᠢ ᠬᠠᠮᠤᠷᠴᠦ᠂ ᠤᠰᠤ ᠬᠡᠷᠡᠭᠯᠡᠬᠦ ᠡᠷᠬᠡ ᠢ᠋ᠢ ᠰᠢᠯᠵᠢᠭᠦᠯᠬᠦ ᠪᠡᠷ ᠳᠡᠮᠵᠢᠨ ᠦᠪᠤᠷ ᠮᠤᠩᠭᠤᠯ ᠤ᠋ᠨ ᠬᠠᠳᠤᠨ ᠭᠤᠤᠯ ᠤ᠋ᠨ ᠰᠠᠪᠠ ᠭᠠᠵᠠᠷ ᠤ᠋ᠨ ᠤᠰᠤᠨ ᠤ᠋ ᠡᠬᠢ ᠪᠠᠶᠠᠯᠢᠭ ᠤ᠋ᠨ ᠲᠤᠬᠢᠷᠠᠭᠤᠯᠤᠯᠲᠠ ᠢ᠋ᠢ ᠤᠯᠠᠮ ᠰᠢᠯᠢᠳᠡᠭᠵᠢᠭᠦᠯᠪᠡ᠃

ᠠᠯᠠᠱᠠ ᠠᠢᠮᠠᠭ ᠰᠸᠴᠤᠸᠠᠨ ᠮᠤᠵᠢ ᠢ᠋ᠢᠨ ᠭᠠᠨ ᠽᠢ ᠵᠧᠸ᠋ ᠲᠠᠢ 180 ᠲᠦᠮᠡᠨ ᠪᠣᠰᠣᠭ᠎ᠠ ᠳᠥᠷᠪᠡᠯᠵᠢᠨ ᠮᠧᠲ᠋ᠷ ᠤ᠋ᠨ ᠤᠰᠤ ᠬᠡᠷᠡᠭᠯᠡᠬᠦ ᠡᠷᠬᠡ ᠢ᠋ᠢᠨ ᠠᠷᠠᠯᠵᠢᠶᠠᠨ ᠤ᠋ ᠵᠥᠪᠯᠡᠯᠴᠡᠭᠡᠷ ᠲᠤᠭᠲᠠᠵᠤ᠂ ᠤᠰᠤᠨ ᠠᠱᠢᠭ᠍ᠯᠠᠯᠲᠠ ᠢ᠋ᠢᠨ ᠶᠠᠮᠤᠨ ᠤ᠋ 《ᠬᠠᠲᠤᠨ ᠭᠤᠤᠯ ᠤ᠋ᠨ ᠰᠠᠪᠠ ᠭᠠᠵᠠᠷ ᠤ᠋ᠨ ᠮᠤᠵᠢ ᠣᠷᠣᠨ ᠠᠯᠤᠰᠯᠠᠭ᠍ᠰᠠᠨ ᠤᠰᠤ ᠬᠡᠷᠡᠭ᠌ᠯᠡᠬᠦ᠌ ᠡᠷᠬᠡ ᠢ᠋ᠢᠨ ᠠᠷᠠᠯᠵᠢᠶ᠎ᠠ ᠢ᠋ᠢ ᠢᠳᠡᠪᠬᠢᠲᠡᠶ ᠰᠦᠪᠡᠭ᠌ᠴᠢᠯᠡᠬᠦ᠌ ᠪᠠ ᠵᠢᠷᠤᠮᠵᠢᠭᠤᠯᠤᠨ ᠠᠬᠢᠭᠤᠯᠬᠤ ᠲᠤᠬᠠᠶ ᠰᠠᠨᠠᠯ》 ᠢ᠋ ᠨᠡᠢᠲᠡᠯᠡᠭ᠌ᠰᠡᠨ ᠤ᠋ ᠳᠠᠷᠠᠭᠠᠬᠢ ᠠᠩᠬᠠᠳᠠᠭ᠍ᠴᠢ ᠮᠤᠵᠢ ᠣᠷᠣᠨ ᠠᠯᠤᠰᠯᠠᠭ᠍ᠰᠠᠨ ᠤᠰᠤ ᠬᠡᠷᠡᠭ᠌ᠯᠡᠬᠦ᠌ ᠡᠷᠬᠡ ᠢ᠋ᠢᠨ ᠠᠷᠠᠯᠵᠢᠶ᠎ᠠ ᠵᠢ ᠪᠦᠳᠦᠬᠡᠵᠠᠢ᠃ ᠥᠪᠥᠷ ᠮᠣᠩᠭᠣᠯ ᠤ᠋ᠨ ᠲᠢᠶᠠᠨ ᠷᠦᠨ ᠪᠤᠬᠢᠷᠳᠤᠯ ᠦᠭᠡᠢ ᠡᠨ᠋ᠸᠷᠭᠢ ᠢ᠋ᠢᠨ ᠬᠢᠮᠢ ᠢ᠋ᠢᠨ ᠠᠵᠤ ᠦᠢᠯᠡᠳᠪᠦᠷᠢ ᠢ᠋ᠢᠨ ᠬᠢᠵᠠᠭᠠᠷᠲᠤ ᠺᠣᠮᠫᠠᠨᠢ ᠤᠷᠳᠤᠰ ᠬᠤᠳᠠ ᠢ᠋ᠢᠨ 《ᠤᠰᠤᠨ ᠤ᠋ ᠪᠠᠩᠬᠢ》 — ᠤᠰᠤᠨ ᠤ᠋ ᠡᠷᠬᠡ ᠢ᠋ᠢᠨ ᠠᠷᠠᠯᠵᠢᠶᠠᠨ ᠤ᠋ ᠲᠠᠪᠴᠠᠩ ᠵᠢᠡᠷ ᠳᠠᠮᠵᠢᠨ 42.3 ᠲᠦᠮᠡᠨ ᠪᠣᠰᠣᠭ᠎ᠠ ᠳᠥᠷᠪᠡᠯᠵᠢᠨ ᠮᠸᠲᠷ ᠤ᠋ᠨ ᠤᠰᠤ ᠬᠡᠷᠡᠭᠯᠡᠬᠦ ᠡᠷᠬᠡ ᠢ᠋ᠢ ᠠᠷᠠᠯᠵᠢᠶᠠᠯᠠᠵᠤ᠂ ᠠᠵᠤ ᠠᠬᠤᠢᠯᠠᠯ ᠤ᠋ᠨ ᠵᠢᠡᠨ 80 ᠲᠦᠮᠡᠨ ᠲᠣᠨ ᠬᠢᠮᠢ ᠢ᠋ᠢᠨ ᠪᠤᠷᠳᠤᠭᠤᠷ ᠦᠢᠯᠡᠳᠪᠦᠷᠢᠯᠡᠬᠦ᠌ ᠲᠦᠷᠦᠯ ᠵᠦᠢᠯ ᠤ᠋ᠨ ᠲᠣᠭ᠍ᠲᠠᠭ᠍ᠰᠠᠨ ᠬᠤᠭᠤᠴᠠᠭᠠᠨ ᠳ᠋ᠤ ᠪᠠᠷᠢᠯᠭ᠎ᠠ ᠡᠬᠢᠯᠡᠭᠦᠯᠬᠦ᠌ ᠢ᠋ᠢ ᠪᠠᠲᠤᠯᠠᠪᠠ᠃ ᠪᠤᠭᠤᠲᠤ ᠬᠣᠲᠠ ᠤᠰᠤ ᠬᠡᠷᠡᠭ᠌ᠯᠡᠬᠦ᠌ ᠡᠷᠬᠡ ᠢ᠋ᠢ ᠣᠬᠣᠷ ᠬᠤᠭᠤᠴᠠᠭ᠎ᠠ ᠪᠡᠷ ᠠᠷᠠᠯᠵᠢᠶᠠᠯᠠᠬᠤ ᠲᠣᠭ᠍ᠲᠠᠴᠠ ᠢ᠋ᠢ ᠬᠡᠷᠡᠭ᠌ᠵᠢᠭᠦᠯᠵᠦ᠍᠂ 347.95 ᠲᠦᠮᠡᠨ ᠪᠣᠰᠣᠭ᠎ᠠ ᠳᠥᠷᠪᠡᠯᠵᠢᠨ ᠮᠧᠲ᠋ᠷ ᠤ᠋ᠨ ᠤᠰᠤ ᠬᠡᠷᠡᠭᠯᠡᠬᠦ ᠡᠷᠬᠡ ᠢ᠋ᠢ 11 ᠠᠵᠤ ᠠᠬᠤᠢᠯᠠᠯ ᠳ᠋ᠤ ᠨᠠᠷᠢᠯᠢᠬ ᠤᠨᠤᠴᠠᠲᠠᠢ ᠰᠢᠯᠵᠢᠭᠦᠯᠦᠨ ᠥᠭ᠌ᠴᠦ᠂ ᠠᠵᠤ ᠠᠬᠤᠢᠯᠠᠯ ᠤ᠋ᠨ ᠤᠰᠤ ᠬᠡᠷᠡᠭ᠌ᠯᠡᠬᠦ᠌ ᠬᠦᠴᠢᠷᠳᠡᠯ ᠢ᠋ ᠱᠢᠶ᠋ᠳᠪᠦᠷᠢᠯᠡᠵᠡᠢ ᠁

ᠤᠰᠤ ᠬᠡᠷᠡᠭ᠌ᠯᠡᠬᠦ᠌ ᠡᠷᠬᠡ ᠢ᠋ᠢ ᠠᠷᠠᠯᠵᠢᠶᠠᠯᠠᠬᠤ ᠭᠡᠳᠡᠭ ᠨᠢ ᠵᠠᠬ᠎ᠠ ᠳᠡᠯᠭᠡᠭᠦᠷ ᠤ᠋ᠨ ᠲᠣᠭ᠍ᠲᠠᠴᠠ ᠪᠡᠷ ᠳᠡᠮᠵᠢᠨ ᠤᠰᠤᠨ ᠤ᠋ ᠡᠬᠢ ᠪᠠᠶᠠᠯᠢᠭ ᠤ᠋ᠨ ᠬᠡᠷᠡᠭ᠌ᠯᠡᠬᠦ᠌ ᠡᠷᠬᠡ ᠢ᠋ᠢ ᠭᠠᠵᠠᠷ ᠣᠷᠣᠨ ᠤ᠋ ᠬᠣᠭᠣᠷᠣᠨᠳᠣ᠂ ᠰᠠᠪᠠ ᠭᠠᠵᠠᠷ ᠤ᠋ᠨ ᠬᠣᠭᠣᠷᠣᠨᠳᠣ᠂ ᠰᠠᠪᠠ ᠭᠠᠵᠠᠷ ᠤ᠋ᠨ ᠳᠡᠭᠡᠳᠦ ᠳᠤᠤᠷᠠᠳᠤ ᠤᠷᠤᠰᠭᠠᠯ ᠵᠢᠴᠢ ᠠᠵᠢᠯ ᠲᠥᠷᠥᠯ ᠤ᠋ᠨ ᠬᠣᠭᠣᠷᠣᠨᠳᠣ ᠪᠠ ᠤᠰᠤ ᠬᠡᠷᠡᠭ᠌ᠯᠡᠬᠦ᠌ ᠡᠷᠦᠬᠡ ᠢ᠋ᠢᠨ ᠬᠣᠭᠣᠷᠣᠨᠳᠣ ᠬᠦᠢᠯᠬᠡᠬᠡᠬᠦ ᠢ᠋ᠢ ᠵᠢᠭᠠᠵᠤ ᠪᠣᠶ᠃ 《ᠮᠠᠨ ᠤ᠋ ᠣᠷᠣᠨ ᠤᠰᠤᠨ ᠤ᠋ ᠡᠬᠢ ᠪᠠᠶᠠᠯᠢᠭ ᠤ᠋ᠨ ᠨᠥᠬᠥᠴᠡᠯ ᠪᠣᠯᠤᠨ ᠠᠵᠤ ᠠᠬᠤᠶ ᠨᠡᠢᠭᠡᠮ ᠤ᠋ᠨ ᠬᠥᠭ᠌ᠵᠢᠯᠲᠡ ᠢ᠋ᠢᠨ ᠪᠣᠳᠠᠲᠤ ᠪᠠᠢᠳᠠᠯ ᠢ᠋ ᠦᠨᠳᠦᠰᠦᠯᠡᠨ ᠬᠠᠮᠢᠶ᠎ᠠ ᠪᠦᠬᠦᠢ ᠡᠳᠡᠬᠡᠳ ᠤ᠋ᠨ ᠤᠰᠤ ᠬᠡᠷᠡᠭᠯᠡᠬᠦ ᠡᠷᠬᠡ ᠢ᠋ᠢ ᠨᠤᠲᠠᠯᠠᠨ ᠲᠣᠭ᠍ᠲᠠᠭᠠᠵᠤ᠂ ᠣᠯᠠᠨ ᠬᠡᠯᠪᠡᠷᠢ ᠪᠦᠬᠦᠢ ᠤᠰᠤ ᠬᠡᠷᠡᠭᠯᠡᠬᠦ ᠡᠷᠬᠡ ᠢ᠋ᠢᠨ ᠠᠷᠠᠯᠵᠢᠶ᠎ᠠ ᠢ᠋ᠢ ᠬᠦᠴᠦᠯᠡᠨ ᠠᠬᠢᠭᠤᠯᠵᠤ᠂ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠢ᠋ᠢᠨ ᠳᠣᠲᠣᠭᠠᠳᠤ ᠬᠥᠳᠡᠯᠭᠡᠬᠦ᠌ ᠬᠦᠴᠦᠨ ᠢ᠋ ᠬᠥᠭ᠌ᠵᠢᠭᠡᠨ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠢ᠋ᠢᠨ ᠬᠠᠮᠠᠭᠠᠯᠠᠯᠲᠠ ᠬᠢᠭᠡᠳ ᠠᠵᠤ ᠠᠬᠤᠶ ᠨᠡᠢᠭᠡᠮ ᠤ᠋ᠨ ᠴᠢᠨᠠᠷ ᠰᠠᠢᠲᠠᠶ ᠬᠥᠭ᠌ᠵᠢᠯᠲᠡ ᠳ᠋ᠤ ᠤᠰᠤᠨ ᠤ᠋ ᠪᠠᠲᠤᠯᠠᠭ᠎ᠠ᠎ᠬᠠᠡᠭᠭᠠᠵᠤ ᠪᠠᠢᠨ᠎ᠠ》 ᠭᠡᠵᠤ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠤ᠋ᠨ ᠤᠰᠤᠨ ᠤ᠋ ᠡᠬᠢ ᠪᠠᠶᠠᠯᠢᠭ ᠤ᠋ᠨ ᠬᠠᠮᠢᠶᠠᠷᠤᠯᠲᠠ ᠢ᠋ᠢᠨ ᠭᠠᠵᠠᠷ ᠤ᠋ᠨ ᠳᠡᠳ᠋ ᠳᠠᠷᠤᠭ᠎ᠠ ᠸᠠᠩ ᠸᠸᠨ ᠭᠤᠸᠠᠩ ᠲᠠᠨᠢᠯᠴᠠᠭᠤᠯᠪᠠ᠃

ᠣᠢᠯᠠᠭᠠᠭ᠍ᠰᠠᠨ ᠵᠢᠡᠷ᠂ ᠬᠠᠲᠤᠨ ᠭᠤᠤᠯ ᠮᠠᠨ ᠤ᠋ ᠤᠷᠤᠨ ᠤ᠋ 7 ᠠᠢᠮᠠᠭ ᠬᠣᠲᠠ ᠪᠠᠷ ᠤᠷᠤᠰᠤᠨ ᠦᠡᠭᠭᠡᠷᠡᠵᠤ ᠪᠠᠢᠭ᠎ᠠ ᠪᠤᠯᠪᠠᠴᠦ ᠦᠪᠤᠷ ᠮᠤᠩᠭᠤᠯ ᠤ᠋ᠨ ᠬᠠᠲᠤᠨ ᠭᠤᠤᠯ ᠤ᠋ᠨ ᠰᠠᠪᠠ ᠭᠠᠵᠠᠷ ᠲᠦ᠍ ᠤᠰᠤᠨ ᠤ᠋ ᠡᠬᠢ ᠪᠠᠶᠠᠯᠢᠭ ᠳᠤᠲᠠᠮᠠᠭ ᠪᠠᠢᠵᠤ᠂ ᠤᠰᠤᠨ ᠤ᠋ ᠡᠬᠢ ᠪᠠᠶᠠᠯᠢᠭ ᠤ᠋ᠨ ᠠᠱᠢᠭ᠍ᠯᠠᠵᠤ ᠪᠣᠯᠬᠤ ᠶᠡᠷᠦᠩᠬᠡᠶ ᠬᠡᠮᠵᠢᠶ᠎ᠡ ᠵᠦᠪᠬᠡᠨ 89.75 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠪᠠᠢᠵᠤ᠂ ᠡᠬᠦᠨ ᠤ᠋ ᠲᠤᠳᠤᠷ᠎ᠠ ᠬᠠᠲᠤᠨ ᠭᠤᠤᠯ ᠡᠴᠡ ᠤᠰᠤ ᠵᠠᠯᠠᠬᠤ ᠬᠡᠮᠵᠢᠶ᠎ᠠ 58.6 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠯᠡ ᠪᠠᠢᠳᠠᠭ᠃ ᠮᠠᠨ ᠤ᠋ ᠤᠷᠤᠨ 2003 ᠣᠨ ᠳ᠋ᠤ ᠠᠢᠮᠠᠭ ᠬᠣᠲᠠ ᠢ᠋ᠢᠨ ᠳᠣᠲᠣᠷ᠎ᠠ ᠤᠰᠤᠨ ᠤ᠋ ᠡᠷᠬᠡ ᠢ᠋ᠢ ᠱᠢᠯᠵᠢᠭᠦᠯᠬᠦ ᠠᠵᠢᠯ ᠢ᠋ ᠰᠦᠪᠡᠭ᠌ᠴᠢᠯᠡᠨ ᠦᠷᠨᠢᠬᠦᠯᠵᠤ᠂ 2014 ᠣᠨ ᠳ᠋ᠤ ᠪᠥᠬᠥ᠌ ᠤᠯᠤᠰ ᠤ᠋ᠨ ᠤᠰᠤᠨ ᠤ᠋ ᠡᠷᠬᠡ ᠢ᠋ᠢ ᠰᠢᠯᠵᠢᠬᠦᠯᠬᠦ 7 ᠲᠤᠷᠱᠢᠯᠲᠠ ᠢ᠋ᠢᠨ ᠴᠡᠭ ᠤ᠋ᠨ ᠨᠢᠭᠡ ᠪᠡᠷ ᠰᠤᠡᠭᠭᠤᠭᠳᠠᠨ᠂ ᠠᠢᠮᠠᠭ ᠬᠣᠲᠠ ᠢ᠋ᠢᠨ ᠬᠣᠭᠣᠷᠣᠨᠳᠤ ᠤᠰᠤᠨ ᠤ᠋ ᠡᠷᠬᠡ ᠢ᠋ᠢ ᠱᠢᠯᠵᠢᠭᠦᠯᠬᠦ ᠠᠵᠢᠯ ᠢ᠋ ᠶᠠᠪᠤᠭᠳᠠᠭᠤᠯᠤᠭᠰᠠᠨ ᠶᠤᠮ᠃ 20 ᠭᠠᠷᠤᠢ ᠵᠢᠯ ᠤ᠋ᠨ ᠬᠠᠯᠠᠰᠢᠷᠠᠯ ᠦᠬᠡᠢ ᠴᠢᠷᠮᠠᠢᠯᠭ᠎ᠠ ᠪᠠ ᠦᠢᠯᠡᠳᠦᠯᠭᠡ ᠪᠡᠷ ᠳᠠᠮᠵᠢᠨ ᠮᠠᠨ ᠤ᠋ ᠤᠷᠤᠨ ᠨᠢᠭᠡᠨᠲᠡ ᠤᠰᠤᠨ ᠤ᠋ ᠡᠷᠬᠡ ᠢ᠋ᠢᠨ ᠠᠷᠠᠯᠵᠢᠶᠠᠨ ᠤ᠋ ᠲᠠᠪᠴᠠᠩ ᠢ᠋ ᠪᠦᠷᠢᠨᠱᠢᠭᠦᠯᠤᠨ᠂ ᠤᠰᠤᠨ ᠤ᠋ ᠡᠷᠬᠡ ᠢ᠋ᠢᠨ ᠠᠷᠠᠯᠵᠢᠶᠠᠨ ᠤ᠋ ᠲᠦᠷᠢᠮ ᠢ᠋ ᠲᠡᠭᠦᠯᠳᠡᠷᠵᠢᠭᠦᠯᠵᠦ᠍᠂ ᠤᠰᠤ ᠬᠡᠷᠡᠭ᠌ᠯᠡᠬᠦ᠌ ᠡᠷᠬᠡ ᠢ᠋ᠢᠨ ᠥᠭᠡᠷᠡᠴᠢᠯᠡᠯᠲᠡ ᠢ᠋ᠢᠨ ᠲᠠᠷᠳᠠᠩ ᠵᠠᠮ ᠢ᠋ ᠨᠡᠬᠡᠬᠡᠭᠰᠡᠨ ᠪᠠᠢᠨ᠎ᠠ᠃

2025 ᠣᠨ ᠳ᠋ᠤ᠂ ᠮᠠᠨ ᠤ᠋ ᠤᠷᠤᠨ ᠪᠥᠬᠥ᠌ ᠤᠯᠤᠰ ᠤ᠋ᠨ ᠤᠰᠤ ᠬᠡᠷᠡᠭᠯᠡᠬᠦ ᠡᠷᠬᠡ ᠢ᠋ᠢᠨ ᠠᠷᠠᠯᠵᠢᠶᠠᠨ ᠤ᠋ ᠲᠠᠪᠴᠠᠩ ᠢ᠋ᠢᠡᠷ ᠳᠡᠮᠵᠢᠨ ᠤᠰᠤ ᠬᠡᠷᠡᠭᠯᠡᠬᠦ ᠡᠷᠬᠡ ᠢ᠋ᠢᠨ ᠠᠷᠠᠯᠵᠢᠶ᠎ᠠ ᠢ᠋ᠢ 102 ᠤᠳᠠᠭ᠎ᠠ ᠥᠷᠨᠢᠭᠦᠯᠵᠦ᠍᠂ ᠠᠷᠠᠯᠵᠢᠶᠠᠨ ᠤ᠋ ᠬᠡᠮᠵᠢᠶ᠎ᠡ ᠨᠢ 0.44 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ᠂ ᠠᠷᠠᠯᠵᠢᠶᠡᠨ ᠤ᠋ ᠵᠣᠭᠣᠰ ᠤ᠋ᠨ ᠲᠣᠭ᠎ᠠ ᠨᠢ 0.68 ᠳ᠋ᠦᠩᠱᠢᠭᠤᠷ ᠲᠥᠭᠥᠷᠢᠭ ᠲᠤ᠌ ᠬᠦᠷᠴᠡᠶ; ᠥᠪᠡᠷᠲᠡᠭᠡᠨ ᠵᠠᠰᠠᠬᠤ ᠣᠷᠣᠨ ᠤ᠋ ᠤᠰᠤ ᠬᠡᠷᠡᠭᠯᠡᠬᠦ ᠡᠷᠬᠡ ᠢ᠋ᠢᠨ ᠠᠷᠠᠯᠵᠢᠶᠠᠨ ᠤ᠋ ᠲᠠᠪᠴᠠᠩ ᠢ᠋ᠢᠡᠷ ᠳᠠᠮᠵᠢᠨ ᠤᠰᠤ ᠬᠡᠷᠡᠭᠯᠡᠬᠦ ᠡᠷᠬᠡ ᠢ᠋ᠢᠨ ᠠᠷᠠᠯᠵᠢᠶ᠎ᠠ ᠢ᠋ᠢ 30 ᠤᠳᠠᠭ᠎ᠠ ᠥᠷᠨᠢᠭᠦᠯᠵᠦ᠍᠂ ᠠᠷᠠᠯᠵᠢᠶᠠᠨ ᠤ᠋ ᠬᠡᠮᠵᠢᠶ᠎ᠡ ᠨᠢ 6.13 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ᠂ ᠠᠷᠠᠯᠵᠢᠶᠡᠨ ᠤ᠋ ᠵᠣᠭᠣᠰ ᠤ᠋ᠨ ᠲᠣᠭ᠎ᠠ ᠨᠢ 6.26 ᠳ᠋ᠦᠩᠱᠢᠭᠤᠷ ᠲᠥᠭᠥᠷᠢᠭ ᠲᠤ᠌ ᠬᠥᠷᠪᠡ; ᠬᠠᠲᠤᠨ ᠭᠤᠤᠯ ᠳᠠᠭᠠᠤ ᠢ᠋ᠢᠨ ᠬᠣᠯᠪᠣᠭ᠍ᠳᠠᠯ ᠪᠥᠬᠥᠶ ᠠᠢᠮᠠᠭ ᠬᠣᠲᠠ ᠲᠣᠰ ᠱᠠᠲᠤᠨ ᠤ᠋ ᠣᠯᠠᠨ ᠨᠡᠢᠲᠡ ᠢ᠋ᠢᠨ ᠡᠬᠢ ᠪᠠᠶᠠᠯᠢᠭ ᠤ᠋ᠨ ᠠᠷᠠᠯᠵᠢᠶᠠᠨ ᠤ᠋ ᠲᠠᠪᠴᠠᠩ ᠢ᠋ᠢᠡᠷ ᠳᠠᠮᠵᠢᠨ ᠤᠰᠤ ᠬᠡᠷᠡᠭᠯᠡᠬᠦ ᠡᠷᠬᠡ ᠢ᠋ᠢᠨ ᠠᠷᠠᠯᠵᠢᠶ᠎ᠠ ᠢ᠋ᠢ 87 ᠤᠳᠠᠭ᠎ᠠ ᠦᠷᠨᠢᠭᠦᠯᠵᠤ᠂ ᠠᠷᠠᠯᠵᠢᠶᠠᠨ ᠤ᠋ ᠬᠡᠮᠵᠢᠶ᠎ᠡ ᠨᠢ 2.77 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ᠂ ᠠᠷᠠᠯᠵᠢᠶᠡᠨ ᠤ᠋ ᠵᠣᠭᠣᠰ ᠤ᠋ᠨ ᠲᠣᠭ᠎ᠠ ᠨᠢ 3.34 ᠳ᠋ᠦᠩᠱᠢᠭᠤᠷ ᠲᠥᠭᠥᠷᠢᠭ ᠲᠤ᠌ ᠬᠦᠷᠴᠦ᠍᠂ ᠤᠰᠤ ᠬᠡᠷᠡᠭᠯᠡᠬᠦ ᠡᠷᠬᠡ ᠢ᠋ᠢᠨ ᠠᠷᠠᠯᠵᠢᠶ᠎ᠠ ᠬᠥᠭ᠌ᠵᠢᠶᠡᠨᠲᠦ ᠪᠠᠢᠳᠠᠯ ᠳ᠋ᠤ ᠤᠷᠤᠵᠠᠢ᠃

《ᠮᠠᠨ ᠤ᠋ ᠤᠷᠤᠨ ᠨᠢᠬᠡᠨᠳᠡ ᠬᠠᠲᠤᠨ ᠭᠤᠤᠯ ᠤ᠋ᠨ ᠥᠪᠥᠷ ᠮᠣᠩᠭᠣᠯ ᠳ᠋ᠡᠬᠢ ᠭᠤᠤᠯ ᠤᠷᠤᠰᠭᠠᠯ ᠤ᠋ᠨ ᠤᠰᠤ ᠬᠡᠷᠡᠭᠯᠡᠬᠦ ᠡᠷᠬᠡ ᠢ᠋ᠢ ᠠᠢᠮᠠᠭ ᠬᠣᠲᠠ ᠢ᠋ᠢᠨ ᠬᠣᠭᠣᠷᠣᠨᠳᠣ ᠱᠢᠯᠵᠢᠭᠦᠯᠦᠨ ᠥᠭ᠌ᠬᠦ ᠬᠣᠶᠠᠳᠤᠭᠠᠷ ᠬᠤᠭᠤᠴᠠᠭᠠᠨ ᠤ᠋ ᠢᠨᠵᠧᠨᠧᠷᠢᠩ ᠢ᠋ ᠪᠦᠬᠦᠨ ᠢ᠋ ᠳᠠᠭᠤᠰᠭᠠᠵᠤ᠂ ᠤᠰᠤ ᠠᠷᠪᠢᠯᠠᠬᠤ ᠴᠢᠳᠠᠪᠤᠷᠢ ᠢ᠋ᠢ ᠰᠢᠨ᠎ᠠ ᠪᠡᠷ 2.1 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠨᠡᠮᠡᠭ᠌ᠳᠡᠭᠦᠯᠤᠨ᠂ ᠰᠢᠯᠵᠢᠭᠦᠯᠦᠨ ᠦᠭᠴᠤ ᠪᠤᠯᠬᠤ ᠤᠰᠤᠨ ᠤ᠋ ᠭᠦᠢᠴᠡᠳᠬᠡᠯ ᠲᠤᠭ᠎ᠠ ᠵᠢ ᠰᠢᠨ᠎ᠠ ᠪᠡᠷ 1.2 ᠳ᠋ᠦᠩᠱᠢᠭᠤᠷ ᠪᠣᠰᠣᠭ᠎ᠠ ᠳᠥᠷᠪᠡᠯᠵᠢᠨ ᠮᠸᠲᠷ ᠨᠡᠮᠡᠭᠳᠡᠭᠦᠯᠪᠠ》 ᠬᠡᠵᠤ ᠸᠠᠩ ᠸᠸᠨ ᠭᠤᠸᠠᠩ ᠬᠡᠯᠡᠵᠤ ᠪᠠᠢᠯ᠎ᠠ᠃ ᠡᠭᠦᠨ ᠳ᠋ᠤ ᠱᠢᠯᠵᠢᠭᠦᠯᠦᠨ ᠥᠭ᠌ᠬᠦ ᠨᠥᠬᠥᠴᠡᠯ ᠢ᠋ ᠪᠦᠷᠢᠯᠳᠦᠭᠦᠯᠦᠭ᠌ᠰᠡᠨ ᠲᠦᠷᠦᠭᠦᠦ ᠪᠦᠯᠦᠭ ᠤ᠋ᠨ 5300 ᠲᠦᠮᠡᠨ ᠪᠣᠰᠣᠭ᠎ᠠ ᠳᠥᠷᠪᠡᠯᠵᠢᠨ ᠮᠧᠲ᠋ᠷ ᠤ᠋ᠨ ᠤᠰᠤᠨ ᠤ᠋ ᠭᠦᠶ᠋ᠴᠡᠳᠭᠡᠯ ᠲᠣᠭ᠎ᠠ ᠢ᠋ᠢ ᠨᠢᠭᠡᠨᠲᠡ ᠤᠰᠤ ᠬᠡᠷᠡᠭᠯᠡᠬᠦ ᠡᠷᠬᠡ ᠢ᠋ᠢᠨ ᠠᠷᠠᠯᠵᠢᠶᠠᠨ ᠤ᠋ ᠲᠣᠭ᠍ᠲᠠᠴᠠ ᠶᠣᠰᠣᠭᠠᠷ ᠣᠷᠳᠣᠰ ᠬᠣᠲᠠ᠂ ᠪᠤᠭᠤᠲᠤ ᠬᠣᠲᠠ ᠵᠡᠷᠭᠡ ᠬᠠᠲᠤᠨ ᠭᠤᠤᠯ ᠳᠠᠭᠠᠤ ᠢ᠋ᠢᠨ 5 ᠠᠢᠮᠠᠭ ᠬᠣᠲᠠ ᠳ᠋ᠤ ᠱᠢᠯᠢᠳᠡᠭ᠌ᠵᠢᠭᠦᠯᠦᠨ ᠳᠣᠭᠢᠷᠠᠭᠤᠯᠵᠤ᠂ ᠦᠯᠡᠳᠡᠭ᠌ᠰᠡᠨ 6700 ᠲᠦᠮᠡᠨ ᠪᠣᠰᠣᠭ᠎ᠠ ᠳᠥᠷᠪᠡᠯᠵᠢᠨ ᠮᠧᠲ᠋ᠷ ᠤ᠋ᠨ ᠤᠰᠤ ᠱᠢᠯᠵᠢᠭᠦᠯᠬᠦ᠌ ᠭᠦᠶ᠋ᠴᠡᠳᠭᠡᠯ ᠲᠣᠭ᠎ᠠ ᠢ᠋ᠢ ᠬᠠᠲᠤᠨ ᠭᠤᠤᠯ ᠤ᠋ᠨ ᠤᠰᠤᠨ ᠠᠱᠢᠭ᠍ᠯᠠᠯᠲᠠ ᠢ᠋ᠢᠨ ᠵᠥᠪᠯᠡᠯ ᠡᠴᠡ ᠬᠢᠨᠠᠨ ᠱᠢᠯᠭᠠᠭ᠍ᠰᠠᠨ ᠤ᠋ ᠳᠠᠷᠠᠭ᠎ᠠ ᠱᠢᠯᠢᠳᠡᠭ᠌ᠵᠢᠭᠦᠯᠦᠨ ᠲᠣᠬᠢᠷᠠᠭᠤᠯᠵᠤ᠂ ᠬᠠᠲᠤᠨ ᠭᠤᠤᠯ ᠳᠠᠭᠠᠤ ᠭᠠᠵᠠᠷ ᠣᠷᠣᠨ ᠤ᠋ ᠠᠵᠤ ᠠᠬᠤᠶ ᠨᠡᠢᠭᠡᠮ ᠤ᠋ᠨ ᠵᠣᠬᠢᠴᠠᠩᠭᠤᠶ ᠬᠥᠭ᠌ᠵᠢᠯᠲᠡ ᠢ᠋ᠢ ᠬᠦᠴᠦᠲᠡᠶ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号