ᠰᠢᠩ ᠯᠦᠩ ᠳᠢ ᠲᠣᠰᠬᠣᠨ᠎ᠤ ᠠᠷᠠᠳ ᠴᠠᠭᠠᠨ ᠰᠠᠷ᠎ᠠ᠎ᠶᠢᠨ 《ᠲᠣᠮᠣ᠌ ᠪᠡᠯᠡᠭ》 ᠲᠤᠰᠤᠯ᠎ᠠ
2026-02-17 09:56:06
ᠵᠣᠬᠢᠶᠠᠭ᠍ᠴᠢ᠄
ᠪᠦᠦ ᠴᠢᠩ ᠱᠧᠩ᠂ ᠴᠢᠨ ᠢᠩ
ᠣᠩᠱᠢᠭ᠍ᠰᠠᠨ ᠣᠳᠠᠭ᠎ᠠ᠄
★★★☆☆

ᠴᠠᠭᠠᠨ ᠰᠠᠷ᠎ᠠ ᠥᠢᠷᠠᠳᠤᠬᠤ ᠵᠢ ᠳᠠᠭᠠᠯᠳᠤᠨ᠂ ᠪᠠᠶᠠᠷ᠎ᠤᠨ ᠡᠳᠥᠷ᠎ᠤᠨ ᠠᠭᠤᠷ ᠠᠮᠢᠰᠬᠤᠯ ᠶᠠᠪᠤᠬᠤ ᠳᠤᠳᠤᠮ ᠥᠳᠭᠡᠷᠡᠨ᠎ᠡ᠃ 2 ᠰᠠᠷ᠎ᠠ᠎ᠶᠢᠨ 13᠎ᠪ ᠡᠳᠦᠷ᠂ ᠲᠦᠩᠯᠢᠶᠣᠣ ᠬᠤᠳᠠ᠎ᠶᠢᠨ ᠺᠠᠢᠯᠤ ᠰᠢᠶᠠᠨ᠎ᠤ ᠰᠢᠶᠣᠣ ᠵᠢᠶᠧ ᠵᠢᠢ ᠪᠠᠯᠭᠠᠰᠤᠨ᠎ᠤ ᠰᠢᠩ ᠯᠦᠩ ᠳᠢ ᠲᠣᠰᠬᠣᠨ ᠳ᠋ᠤ ᠪᠠᠶᠠᠷ ᠪᠠᠶᠠᠰᠬᠤᠯᠠᠩᠳᠥ ᠠᠭᠤᠷ ᠠᠮᠢᠰᠬᠤᠯ ᠪᠢᠯᠬᠠᠵᠤ᠂ 180 ᠡᠷᠦᠬᠡ ᠲᠣᠰᠬᠣᠨ᠎ᠤ ᠠᠷᠠᠳ ᠴᠠᠭᠠᠨ ᠰᠠᠷ᠎ᠠ᠎ᠶᠢᠨ 《ᠲᠣᠮᠣ᠌ ᠪᠡᠯᠡᠭ》 ᠲᠤᠰᠤᠯ᠎ᠠ᠃

ᠰᠢᠩ ᠯᠦᠩ ᠳᠢ ᠲᠣᠰᠬᠣᠨ᠎ᠤ ᠨᠠᠮ᠎ᠤᠨ ᠭᠡᠰᠢᠭᠥᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠲᠦ ᠬᠥᠮᠥᠨ ᠤᠯᠠᠨ ᠴᠤᠬᠯᠠᠷᠠᠨ ᠬᠥᠷ ᠬᠥᠭᠵᠢᠶᠠᠨ ᠵᠢᠨᠷ ᠪᠢᠯᠬᠠᠨ᠎ᠠ᠃ ᠲᠣᠰᠬᠣᠨ᠎ᠤ 《ᠬᠣᠶᠠᠷ ᠵᠥᠪᠯᠡᠯ》 ᠤ᠋ᠨ ᠬᠢᠨ ᠨᠠᠷᠢᠨ ᠨᠢᠮᠪᠠᠢ ᠵᠣᠬᠢᠶᠠᠨ ᠪᠠᠢᠭᠤᠯᠵᠤ᠂ ᠲᠣᠰᠬᠣᠨ᠎ᠤ 70 ᠨᠠᠰᠤᠨ᠎ᠠᠴᠠ ᠳᠡᠭᠡᠭᠰᠢᠬᠢ ᠨᠠᠰᠤᠲᠠᠢᠴᠤᠳ ᠡᠨᠳᠡ ᠲᠣᠭᠣᠷᠢᠨ ᠰᠠᠭᠤᠯᠴᠠᠵᠤ᠂ ᠪᠠᠶᠡᠷ ᠪᠠᠬᠠᠳᠤᠯᠳᠥ ᠠᠭᠤᠷ ᠠᠮᠢᠰᠬᠤᠯ᠎ᠤᠨ ᠳᠤᠮᠳᠠ ᠰᠢᠨ᠎ᠡ ᠵᠢᠯ᠎ᠦᠨ 《ᠤᠯᠠᠭᠠᠨ ᠪᠠᠭᠯᠠᠭ᠎ᠠ》 ᠵᠢ ᠲᠤᠰᠴᠥ ᠪᠠᠢᠯ᠎ᠠ᠃

ᠲᠣᠰᠬᠣᠨ᠎ᠤ ᠠᠷᠠᠳ ᠶᠢᠨ ᠬᠦᠶ ᠱᠠᠨ ᠢᠨᠢᠶᠡᠳᠥ ᠪᠢᠯᠬᠠᠭᠤᠯᠤᠨ ᠤᠯᠠᠭᠠᠨ ᠪᠠᠭᠯᠠᠭ᠎ᠠ᠎ᠶᠢ ᠲᠣᠰᠴᠤ ᠠᠪᠬᠤ ᠳ᠋ᠠᠭᠠᠨ᠄ 《ᠰᠢᠨ᠎ᠡ ᠵᠢᠯ᠎ᠦᠨ ᠤᠯᠠᠭᠠᠨ ᠪᠠᠭᠯᠠᠭ᠎ᠠ ᠤᠯᠤᠬᠰᠠᠨ ᠳ᠋ᠠᠭᠠᠨ ᠮᠠᠰᠢ ᠪᠠᠶᠠᠷ᠎ᠲᠠᠢ ᠪᠠᠢᠨ᠎ᠠ᠂ ᠡᠢᠨ᠎ᠬᠦ ᠴᠠᠭᠠᠨ ᠰᠠᠷ᠎ᠠ ᠵᠢᠨ ᠠᠭᠤᠷ ᠠᠮᠢᠰᠬᠤᠯ ᠨᠢᠭᠡ ᠯᠡ ᠳᠡᠭᠡᠷ᠎ᠡ ᠥᠳᠬᠡᠷᠡᠴᠢᠭᠡᠯ᠎ᠡ》 ᠭᠡᠵᠦ ᠰᠡᠳᠬᠢᠯ ᠳᠣᠭᠳᠣᠯᠤᠨ ᠬᠡᠯᠡᠨ᠎ᠡ᠃ ᠲᠡᠷᠡ ᠪᠡᠷ ᠨᠠᠰᠤᠳᠠᠢᠴᠤᠳ᠎ᠲᠦ ᠤᠯᠭᠤᠬᠰᠠᠨ ᠤᠯᠠᠭᠠᠨ ᠪᠠᠬᠯᠠᠭ᠎ᠠ ᠵᠢ 5 ᠵᠢᠯ ᠳᠠᠷᠠᠭᠠᠯᠠᠨ ᠲᠤᠰᠴᠤ ᠪᠠᠢᠭ᠎ᠠ ᠶᠤᠮ᠃ ᠣᠢᠯᠠᠭᠠᠭᠰᠠᠨ᠎ᠢᠶᠠᠷ᠂ ᠡᠨᠡ ᠵᠢᠯ ᠪᠥᠬᠥ ᠲᠣᠰᠬᠣᠨ᠎ᠤ ᠪᠦᠬᠦᠯᠢ 70 ᠨᠠᠰᠤᠨ᠎ᠠᠴᠠ ᠳᠡᠭᠡᠭᠰᠢᠬᠢ 70 ᠨᠠᠰᠤᠲᠠᠨ ᠬᠥᠮᠥᠨ ᠪᠥᠷᠢ 300 ᠲᠥᠭᠥᠷᠢᠭ᠎ᠦᠨ ᠤᠯᠠᠭᠠᠨ ᠪᠠᠭᠯᠠᠭ᠎ᠠ ᠲᠤᠰᠴᠠᠢ᠃ ᠡᠨᠡ ᠬᠦ᠌ ᠦᠨᠡᠨ ᠪᠣᠳᠠᠲᠠᠢ ᠬᠠᠯᠠᠮᠵᠢᠯᠠᠯ ᠨᠢ ᠨᠠᠰᠤᠲᠠᠢᠴᠤᠳ᠎ᠲᠤ ᠲᠣᠰᠬᠣᠨ᠎ᠤ ᠬᠠᠮᠲᠤ ᠨᠡᠢᠳᠡ᠎ᠶᠢᠨ ᠬᠠᠯᠠᠭᠤᠨ ᠳᠤᠯᠠᠭᠠᠨ᠎ᠢ ᠭᠦᠨ ᠮᠡᠳᠡᠷᠡᠭᠦᠯᠵᠤ ᠪᠠᠢᠯ᠎ᠠ᠃

ᠮᠤᠷᠢᠨ ᠵᠢᠯ᠎ᠤᠨ ᠴᠠᠭᠠᠨ ᠰᠠᠷ᠎ᠠ᠎ᠳᠤ ᠰᠢᠩ ᠯᠦᠩ ᠳᠢ ᠲᠣᠰᠬᠣᠨ᠎ᠤ 《ᠬᠣᠶᠠᠷ ᠵᠥᠪᠯᠡᠯ》 ᠨᠢ ᠪᠠᠰᠠ ᠪᠦᠬᠦ ᠲᠣᠰᠬᠣᠨ᠎ᠤ 180 ᠡᠷᠦᠬᠡ᠎ᠳᠦ 6 ᠲᠦᠮᠡᠨ ᠲᠥᠭᠥᠷᠢᠭ᠎ᠦᠨ ᠶᠡᠷᠦᠩᠬᠡᠢ ᠦᠷᠳᠡᠭ ᠪᠦᠬᠦᠢ ᠴᠠᠭᠠᠨ ᠰᠠᠷ᠎ᠠ᠎ᠶᠢᠨ ᠪᠡᠯᠡᠭ ᠪᠡᠯᠡᠳᠬᠡᠵᠦ᠂ ᠪᠦᠬᠦ ᠲᠣᠰᠬᠣᠨ᠎ᠤ ᠠᠷᠠᠳ᠎ᠲᠤ ᠬᠠᠮᠲᠤ᠎ᠶᠢᠨ ᠠᠵᠤ ᠠᠬᠤᠢ᠎ᠶᠢᠨ ᠬᠥᠭᠵᠢᠯᠲᠡ᠎ᠶᠢᠨ ᠡᠯᠪᠡᠭ ᠪᠠᠶᠠᠯᠢᠭ᠋ ᠦᠷ᠎ᠡ ᠪᠦᠲᠦᠮᠵᠢ ᠵᠢ ᠡᠳ᠋ᠯᠡᠭᠦᠯᠥᠭᠰᠡᠨ ᠪᠠᠢᠨ᠎ᠠ᠃

ᠲᠣᠰᠬᠣᠨ᠎ᠤ ᠨᠠᠮ᠎ᠤᠨ ᠭᠡᠰᠢᠭᠥᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠳᠤᠳᠤᠷ᠎ᠠ ᠨᠠᠰᠤᠳᠠᠢᠴᠤᠳ᠎ᠲᠦ ᠤᠯᠠᠭᠠᠨ ᠪᠠᠬᠯᠠᠭ᠎ᠠ ᠭᠠᠷᠳᠠᠭᠤᠯᠬᠤ ᠵᠢᠨ ᠲᠠᠭᠠᠦ ᠬᠠᠮᠳᠤ ᠨᠡᠢᠳᠡ ᠡᠴᠡ ᠪᠠᠰᠠ ᠡᠷᠦᠬᠡ ᠪᠦᠷᠢ᠎ᠳᠦ ᠲᠤᠲᠤᠷᠭ᠎ᠠ ᠵᠡᠷᠭᠡ ᠠᠮᠢᠳᠤᠷᠠᠯ᠎ᠤᠨ ᠡᠳ᠋ ᠪᠣᠳᠠᠰ ᠲᠦᠭᠡᠭᠡᠵᠦ᠂ ᠡᠯᠪᠡᠭ ᠬᠤᠷᠢᠶᠠᠯᠲᠠ᠎ᠶᠢᠨ ᠪᠠᠶᠠᠷ ᠪᠠᠬᠠᠳᠤᠯ ᠲᠤᠰᠬᠤᠨ ᠳᠥᠭᠥᠷᠡᠩ ᠴᠤᠤᠷᠢᠶᠠᠳᠤᠨ᠎ᠠ᠃ ᠲᠣᠰᠬᠣᠨ᠎ᠤ ᠺᠠᠳ᠋ᠷ ᠪᠣᠯᠣᠨ ᠳᠤᠭᠤᠢᠯᠠᠩ᠎ᠤᠨ ᠳᠠᠷᠤᠭ᠎ᠠ ᠨᠠᠷ ᠠᠵᠢᠯ ᠵᠢᠨᠨ ᠲᠣᠳᠣᠷᠬᠠᠢ ᠬᠤᠪᠢᠶᠠᠷᠢᠯᠠᠨ᠂ ᠤᠭᠤᠳᠠ ᠲᠠᠢ ᠳᠤᠳᠤᠷᠭ᠎ᠠ ᠵᠢ ᠲᠣᠰᠬᠣᠨ᠎ᠤ ᠠᠷᠠᠳ᠎ᠲᠤ ᠨᠢᠭᠡᠳ ᠨᠢᠭᠡ ᠪᠡᠷ ᠭᠠᠷᠳᠠᠭᠤᠯᠵᠤ ᠪᠠᠢᠯ᠎ᠠ᠃

ᠲᠣᠰᠬᠣᠨ᠎ᠤ ᠠᠷᠠᠳ ᠰᠢᠦᠢ ᠱᠢ ᠯᠢᠨ᠄ 《ᠡᠨᠡ ᠪᠣᠯ ᠳᠥᠷᠪᠡᠳᠡᠬᠢ ᠵᠢᠯ ᠲᠣᠰᠬᠣᠨ᠎ᠠᠴᠠ ᠥᠭᠭᠦᠭᠰᠡᠨ ᠴᠠᠭᠠᠨ ᠰᠠᠷ᠎ᠠ᠎ᠶᠢᠨ ᠪᠡᠯᠡᠭ ᠪᠣᠯᠬᠤ ᠶᠤᠮ᠂ ᠮᠠᠨ᠎ᠤ ᠲᠣᠰᠬᠣᠨ᠎ᠤ ᠬᠠᠮᠳᠤ ᠵᠢᠨ ᠠᠵᠤ ᠠᠬᠤᠢ ᠵᠢᠨ ᠬᠥᠭᠵᠢᠯᠲᠠ ᠵᠢ ᠳᠠᠭᠠᠯᠳᠤᠨ ᠤᠯᠠᠨ᠎ᠢᠶᠠᠷ᠎ᠢᠶᠠᠨ ᠴᠥᠮ ᠠᠰᠢᠭ᠋ ᠬᠦᠷᠲᠡᠵᠦ᠂ ᠮᠠᠨᠤᠰ᠎ᠤᠨ ᠰᠡᠳᠬᠢᠯ ᠳ᠋ᠤ ᠲᠤᠢᠯ᠎ᠤᠨ ᠬᠠᠯᠠᠭᠤᠨ ᠳᠤᠯᠠᠭᠠᠨ ᠰᠠᠨᠠᠬᠳᠠᠵᠤ ᠪᠠᠢᠨ᠎ᠠ》 ᠭᠡᠵᠦ ᠰᠡᠳᠬᠢᠯ ᠬᠥᠳᠡᠯᠦᠨ ᠬᠡᠯᠡᠨ᠎ᠡ᠃

ᠰᠢᠩ ᠯᠦᠩ ᠳᠢ ᠲᠣᠰᠬᠣᠨ ᠪᠠᠰᠠ ᠰᠤᠷᠭᠠᠨ ᠬᠥᠮᠦᠵᠢᠯ᠎ᠦᠨ ᠬᠥᠭᠵᠢᠯᠲᠡ᠎ᠶᠢ ᠴᠢᠬᠤᠯᠠᠴᠢᠯᠠᠨ᠂ ᠬᠠᠮᠲᠤ ᠨᠡᠶ᠋ᠢᠲᠡ᠎ᠡᠴᠡ ᠲᠣᠰ ᠪᠠᠯᠭᠠᠰᠤᠨ᠎ᠳᠤ ᠰᠤᠷᠤᠯᠴᠠᠵᠤ ᠪᠠᠢᠭ᠎ᠠ ᠳᠤᠮᠳᠠᠳᠤ ᠪᠠᠭ᠎ᠠ ᠰᠤᠷᠭᠠᠭᠤᠯᠢ᠎ᠶᠢᠨ 66 ᠰᠣᠷᠣᠭ᠍ᠴᠢ᠎ᠳᠤ ᠬᠥᠮᠥᠨ ᠪᠦᠷᠢ᠎ᠳᠦ 100 ᠲᠥᠭᠥᠷᠢᠭ᠎ᠦᠨ ᠵᠠᠮ ᠬᠠᠷᠢᠯᠴᠠᠭᠠᠨ᠎ᠤ ᠵᠠᠷᠤᠳᠠᠯ ᠨᠥᠬᠥᠪᠦᠷᠢᠯᠡᠵᠦ᠂ ᠭᠡᠷ᠎ᠦᠨ ᠠᠬᠠᠮᠠᠳ᠎ᠤᠨ ᠠᠵᠤ ᠠᠬᠤᠢ᠎ᠶᠢᠨ ᠳᠠᠷᠤᠭᠠᠰᠤ᠎ᠶᠢ ᠬᠥᠩᠭᠡᠯᠡᠨ᠂ ᠬᠡᠦᠬᠡᠳ᠎ᠦᠨ ᠰᠤᠷᠤᠯᠴᠠᠯᠭ᠎ᠠ ᠳ᠋ᠤ ᠨᠠᠩ ᠲᠥᠬᠥᠮ ᠥᠵᠡᠭᠥᠯᠪᠡ᠃ ᠡᠭᠦᠨ᠎ᠦ ᠬᠠᠮᠳᠤ ᠶᠡᠬᠡ ᠳᠡᠭᠡᠳᠦ ᠰᠤᠷᠭᠠᠭᠤᠯᠢ᠎ᠳᠤ ᠰᠢᠯᠭᠠᠭᠤᠯᠤᠨ ᠣᠷᠣᠭᠰᠠᠨ ᠵᠢᠩᠬᠢᠨᠢ ᠠᠩᠭᠢ᠎ᠶᠢᠨ 3 ᠣᠶᠤᠲᠠᠨ ᠳ᠋ᠤ ᠬᠥᠮᠥᠨ ᠪᠦᠷᠢ᠎ᠳᠦ 1000 ᠲᠥᠭᠥᠷᠢᠭ ᠱᠠᠩᠨᠠᠯ ᠬᠦᠷᠳᠡᠭᠡᠵᠦ᠂ ᠲᠡᠳᠡᠨ᠎ᠦ ᠴᠢᠷᠮᠠᠢᠨ ᠰᠤᠷᠤᠯᠴᠠᠬᠤ᠎ᠶᠢ ᠵᠣᠷᠢᠭ᠍ᠵᠢᠭᠤᠯᠵᠠᠢ᠃ ᠡᠳᠡᠬᠡᠷ ᠠᠷᠭ᠎ᠠ ᠬᠡᠮᠵᠢᠶ᠎ᠡ ᠨᠢ ᠲᠣᠰᠬᠣᠨ᠎ᠤ ᠠᠷᠠᠳ᠎ᠲᠤ ᠵᠣᠯ ᠵᠢᠷᠭᠠᠯ ᠡᠳ᠋ᠯᠡᠭᠦᠯᠦᠭᠰᠡᠨ ᠵᠢᠨᠷ ᠪᠠᠷᠠᠬᠤ ᠥᠭᠡᠢ ᠲᠣᠰᠬᠣᠨ᠎ᠤ ᠢᠷᠡᠭᠡᠳᠦᠢ᠎ᠶᠢᠨ ᠬᠥᠭᠵᠢᠯᠲᠡ᠎ᠳᠦ᠎ᠴᠦ ᠬᠦᠰᠡᠯ ᠡᠷᠡᠮᠡᠯᠵᠡᠯ ᠬᠥᠪᠥᠷᠡᠭᠥᠯᠥᠭᠰᠡᠨ ᠪᠠᠢᠨ᠎ᠠ᠃

ᠡᠨᠡ ᠬᠦ᠌ ᠬᠠᠯᠠᠭᠤᠨ ᠳᠣᠲᠣᠨᠣ᠌ ᠴᠠᠭᠠᠨ ᠰᠠᠷ᠎ᠠ᠎ᠶᠢᠨ 《ᠲᠣᠮᠣ᠌ ᠪᠡᠯᠡᠭ》 ᠨᠢ ᠰᠢᠩ ᠯᠦᠩ ᠳᠢ ᠲᠣᠰᠬᠣᠨ᠎ᠤ ᠬᠠᠮᠲᠤ᠎ᠶᠢᠨ ᠠᠵᠤ ᠠᠬᠤᠢ᠎ᠶᠢᠨ ᠬᠥᠭᠵᠢᠯᠲᠡ᠎ᠶᠢᠨ ᠯᠠᠪᠳᠠᠭᠤᠨ ᠪᠠᠲᠤᠲᠠᠢ ᠦᠷ᠎ᠡ ᠪᠦᠲᠦᠮᠵᠢ᠎ᠡᠴᠡ ᠰᠠᠯᠵᠤ ᠴᠢᠳᠠᠬᠤ ᠥᠭᠡᠢ ᠶᠤᠮ᠃ ᠣᠢᠷ᠎ᠠ᠎ᠶᠢᠨ ᠵᠢᠯ᠎ᠡᠴᠡ ᠨᠠᠭᠠᠰᠢ ᠲᠣᠰᠬᠣᠨ᠎ᠤ 《ᠬᠣᠶᠠᠷ ᠵᠥᠪᠯᠡᠯ》 ᠤ᠋ᠨ ᠳᠠᠭᠠᠭᠤᠯᠭ᠎ᠠ ᠳᠣᠣᠷ᠎ᠠ ᠰᠢᠩ ᠯᠦᠩ ᠳᠢ ᠲᠣᠰᠬᠣᠨ ᠤᠯᠠᠨ ᠲᠦᠮᠡᠨ᠎ᠦ 《ᠪᠠᠴᠢᠮᠳᠠᠵᠦ᠂ ᠳᠦᠪᠡᠭᠳᠡᠵᠦ᠂ ᠬᠦᠴᠢᠷᠳᠡᠵᠦ᠂ ᠵᠤᠪᠠᠨᠢᠵᠦ》 ᠪᠠᠢᠭ᠎ᠠ ᠠᠰᠠᠭᠤᠳᠠᠯ᠎ᠳ᠋ᠤ᠌ ᠠᠩᠬᠠᠷᠤᠯ᠎ᠢᠶᠠᠨ ᠲᠥᠪᠯᠡᠷᠡᠭᠦᠯᠵᠦ᠂ ᠠᠵᠤ ᠦᠢᠯᠡᠰ᠎ᠦᠨ ᠬᠥᠭᠵᠢᠯᠲᠡ᠎ᠶᠢ ᠭᠦᠨᠵᠡᠭᠡᠢᠷᠡᠭᠦᠯᠥᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠪᠥᠬᠥ ᠬᠥᠴᠥᠨ ᠵᠢᠨᠷ ᠠᠳᠬᠤᠵᠤ ᠢᠷᠡᠪᠡ᠃ ᠴᠥᠬᠥᠷᠡᠰᠢ ᠦᠭᠡᠢ ᠴᠢᠷᠮᠠᠢᠯᠭ᠎ᠠ᠎ᠪᠠᠷ ᠳᠠᠮᠵᠢᠨ 2025 ᠣᠨ᠎ᠳᠤ ᠲᠣᠰᠬᠣᠨ᠎ᠤ ᠬᠠᠮᠲᠤ᠎ᠶᠢᠨ ᠣᠷᠣᠯᠭ᠎ᠠ 100 ᠲᠦᠮᠡᠨ ᠲᠥᠭᠥᠷᠢᠭ᠎ᠲᠦ ᠬᠦᠷᠴᠦ᠂ ᠲᠣᠰᠬᠣᠨ᠎ᠤ ᠠᠷᠠᠳ᠎ᠤᠨ ᠬᠦᠷᠲᠡᠮᠵᠢ ᠵᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠥᠷᠬᠥᠯᠵᠢᠯᠡᠨ ᠳᠡᠭᠡᠭᠰᠢᠯᠡᠭᠥᠯᠵᠤ ᠴᠢᠳᠠᠬᠰᠠᠨ ᠪᠠᠢᠨ᠎ᠠ᠃

ᠴᠠᠭᠠᠨ ᠰᠠᠷ᠎ᠠ᠎ᠶᠢᠨ 《ᠲᠣᠮᠣ᠌ ᠪᠡᠯᠡᠭ》 ᠨᠢ ᠬᠠᠮᠲᠤ᠎ᠶᠢᠨ ᠠᠵᠤ ᠠᠬᠤᠢ᠎ᠶᠢᠨ ᠬᠥᠭᠵᠢᠯᠲᠡ᠎ᠶᠢᠨ ᠠᠰᠢᠭ᠋ ᠲᠤᠰᠠ᠎ᠶᠢ ᠡᠷᠦᠬᠡ ᠪᠦᠷᠢ᠎ᠳᠦ ᠨᠠᠷᠢᠯᠢᠭ᠋ ᠣᠨᠣᠴᠠᠲᠠᠢ᠎ᠪᠠᠷ ᠬᠥᠷᠭᠡᠵᠤ᠂ ᠡᠨᠡ ᠬᠦ᠌ ᠴᠠᠭᠠᠨ ᠰᠠᠷ᠎ᠠ᠎ᠶᠢ ᠨᠠᠩ ᠬᠠᠯᠠᠭᠤᠨ ᠳᠤᠯᠠᠭᠠᠨ ᠂ ᠨᠠᠩ ᠤᠳᠬ᠎ᠠ ᠠᠭᠤᠯᠭ᠎ᠠ᠎ᠲᠠᠢ ᠪᠣᠯᠭᠠᠵᠠᠢ᠃

ᠰᠢᠩ ᠯᠦᠩ ᠳᠢ ᠲᠣᠰᠬᠣᠨ᠎ᠤ ᠨᠠᠮ᠎ᠤᠨ ᠡᠭᠦᠷ᠎ᠦᠨ ᠱᠦᠵᠢ᠂ ᠲᠣᠰᠬᠣᠨ᠎ᠤ ᠠᠷᠠᠳ᠎ᠤᠨ ᠵᠥᠪᠯᠡᠯ᠎ᠦᠨ ᠡᠷᠬᠢᠯᠡᠭᠴᠢ ᠸᠠᠩ ᠭᠠᠩ᠄ 《ᠲᠠᠷᠠᠭᠠᠴᠢ᠎ᠶᠢᠨ ᠠᠯᠬᠤᠮ᠎ᠳᠤ ᠰᠢᠩ ᠯᠦᠩ ᠳᠢ ᠲᠣᠰᠬᠣᠨ᠎ᠤ 〈ᠬᠣᠶᠠᠷ ᠵᠥᠪᠯᠡᠯ〉 ᠤ᠋ᠨ ᠬᠢᠨ ᠠᠷᠠᠳ᠎ᠤᠨ ᠲᠥᠯᠥᠭᠡ ᠵᠢᠳᠬᠦᠬᠦ ᠠᠮᠠᠯᠠᠯᠲᠠ ᠪᠠᠨ ᠥᠷᠬᠥᠯᠵᠢᠯᠠᠨ ᠪᠠᠷᠢᠮᠲᠠᠯᠠᠵᠤ᠂ ᠲᠣᠰᠬᠣᠨ᠎ᠤ ᠠᠷᠠᠳ᠎ᠲᠤ ᠵᠢᠯ ᠪᠣᠯᠭᠠᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠯᠠᠮᠵᠢᠯᠠᠯ ᠪᠠ ᠴᠠᠭᠠᠨ ᠰᠠᠷ᠎ᠠ᠎ᠶᠢᠨ ᠠᠰᠠᠷᠠᠮᠵᠢᠳᠥ ᠠᠵᠢᠯᠯᠠᠭ᠎ᠠ ᠵᠢ ᠡᠳ᠋ᠯᠡᠭᠥᠯᠵᠤ ᠮᠡᠳᠡᠷᠡᠭᠦᠯᠬᠦ᠎ᠪᠡᠷ ᠪᠠᠷᠠᠬᠤ ᠦᠭᠡᠢ ᠨᠠᠩ ᠴᠤ᠌ ᠣᠨᠴᠠᠯᠢᠭ᠍ᠲᠤ ᠠᠵᠤ ᠦᠢᠯᠡᠰ᠎ᠢ ᠭᠥᠭᠵᠢᠭᠥᠯᠵᠤ᠂ ᠠᠵᠤ ᠦᠢᠯᠡᠰ᠎ᠦᠨ ᠲᠠᠰ ᠳᠡᠪᠰᠢᠬᠦ᠎ᠶᠢ ᠠᠬᠢᠭᠤᠯᠤᠨ᠂ ᠲᠣᠰᠬᠣᠨ᠎ᠤ ᠬᠠᠮᠲᠤ᠎ᠶᠢᠨ ᠠᠵᠤ ᠠᠬᠤᠢ᠎ᠶᠢᠨ ᠬᠥᠭᠵᠢᠯᠲᠡ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ; ᠬᠥᠮᠥᠰ᠎ᠦᠨ ᠣᠷᠣᠰᠢᠨ ᠰᠠᠭᠤᠬᠤ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠦᠵᠡᠰᠬᠦᠯᠡᠩᠲᠦ ᠰᠠᠢᠬᠠᠨ ᠣᠷᠣᠰᠢᠨ ᠰᠠᠭᠤᠬᠤ᠎ᠳᠤ ᠲᠣᠬᠢᠷᠠᠮᠵᠢᠲᠠᠢ ᠬᠥᠳᠡᠭᠡ ᠲᠣᠰᠬᠣᠨ᠎ᠢ ᠪᠠᠢᠭᠤᠯᠥᠨ᠂ ᠲᠣᠰᠬᠣᠨ᠎ᠤ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠥᠨ᠎ᠡ; ᠦᠢᠯᠡᠴᠢᠯᠡᠭᠡᠨ᠎ᠦ ᠪᠠᠲᠤᠯᠠᠭ᠎ᠠ᠎ᠶᠢ ᠲᠡᠭᠦᠯᠳᠡᠷᠵᠢᠭᠦᠯᠵᠦ᠂ ᠲᠣᠰᠬᠣᠨ᠎ᠤ ᠠᠷᠠᠳ᠎ᠤᠨ ᠬᠣᠢᠰᠢᠳᠠ᠎ᠶᠢᠨ ᠵᠣᠪᠠᠨᠢᠯ᠎ᠢ ᠰᠢᠢᠳᠪᠦᠷᠢᠯᠡᠨ᠂ ᠲᠣᠰᠬᠣᠨ᠎ᠤ ᠠᠷᠠᠳ᠎ᠤᠨ ᠠᠮᠢᠳᠤᠷᠠᠯ᠎ᠢ ᠤᠯᠠᠮ᠎ᠠᠴᠠ ᠤᠯᠠᠮ ᠰᠠᠢᠵᠢᠷᠠᠭᠤᠯᠵᠤ᠂ ᠨᠤᠲᠤᠭ ᠤᠰᠤᠨ᠎ᠤ ᠬᠥᠭᠵᠢᠯᠲᠡ᠎ᠶᠢ ᠤᠯᠠᠮ᠎ᠠᠴᠠ ᠤᠯᠠᠮ ᠲᠥᠷᠭᠡᠳᠭᠡᠨ᠎ᠡ》 ᠭᠡᠵᠤ ᠢᠳᠡᠭᠡᠯ ᠳᠥᠭᠥᠷᠡᠩ ᠬᠡᠯᠡᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号