ᠬᠦᠭᠵᠢᠶᠡᠨᠲᠤ ᠴᠠᠭᠠᠨ ᠰᠠᠷ᠎ᠠ᠎ᠵᠢᠨ ᠠᠮᠤᠷ ᠲᠦᠪᠰᠢᠨ᠎ᠢ ᠪᠠᠳᠤᠯᠠᠨ᠎ᠠ
2026-02-17 10:07:09
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠬᠥᠬᠡᠭᠡ ᠰᠠᠷ᠎ᠠ᠎ᠪᠡᠷ ᠠᠭᠤᠷ ᠠᠮᠢᠰᠬᠤᠯ ᠬᠠᠬᠢᠷ ᠬᠦᠢᠲᠡᠨ ᠪᠠᠢᠬᠰᠠᠨ ᠴᠦ᠍ ᠤᠯᠠᠭᠠᠨᠬᠠᠳᠠ ᠬᠣᠲᠠ᠎ᠶ᠋ᠢᠨ ᠰᠦᠩᠱᠠᠨ ᠲᠣᠭᠣᠷᠢᠭ᠎ᠤᠨ ᠵᠡᠭᠡᠯᠢ ᠭᠤᠳᠤᠮᠵᠢ᠎ᠪᠠᠷ ᠴᠠᠭᠠᠨ ᠰᠠᠷ᠎ᠠ ᠵᠢᠨ ᠪᠠᠶᠠᠷᠳᠤ ᠠᠭᠤᠷ ᠠᠮᠢᠰᠭᠤᠯ ᠦᠤᠨᠭᠡᠨ ᠪᠠᠢᠯ᠎ᠠ᠃ ᠡᠨᠡ ᠬᠦ᠌ ᠪᠠᠶᠠᠷ ᠪᠠᠶᠠᠰᠭᠤᠯᠠᠩᠲᠤ ᠴᠠᠭ ᠮᠦᠴᠡ᠎ᠳᠤ᠂ ᠨᠠᠮ᠎ᠤᠨ ᠵᠣᠬᠢᠶᠠᠨ ᠪᠠᠢᠭᠤᠯᠤᠯᠲᠠ᠎ᠪᠠᠷ ᠬᠥᠲᠥᠯᠦᠮᠵᠢ ᠪᠣᠯᠭᠠᠭ᠍ᠰᠠᠨ᠂ ᠨᠠᠮ᠎ᠤᠨ ᠭᠡᠱᠢᠭᠦᠳ᠎ᠢᠶᠡᠷ ᠭᠣᠣᠯ ᠬᠦᠴᠦᠨ ᠪᠣᠯᠭᠠᠨ ᠰᠦᠯᠵᠢᠭᠰᠡᠨ 《ᠠᠮᠤᠷ ᠠᠮᠤᠭᠤᠯᠠᠩ᠎ᠤᠨ ᠲᠣᠣᠷ》 ᠨᠢ ᠲᠦᠭ ᠲᠦᠮᠡᠨ ᠠᠢᠯ ᠡᠷᠦᠬᠡ᠎ᠳᠦ ᠨᠢᠳᠤᠨ᠎ᠳᠦ ᠦᠵᠡᠭ᠌ᠳᠡᠮ᠎ᠡ ᠭᠠᠷ᠎ᠲᠤ ᠪᠠᠷᠢᠭ᠍ᠳᠠᠮ᠎ᠠ ᠠᠮᠤᠷ ᠠᠮᠤᠭᠤᠯᠠᠩ᠎ᠢ ᠨᠡᠮᠡᠷᠢᠯᠡᠭ᠌ᠰᠡᠨ ᠪᠠᠢᠨ᠎ᠠ᠃

2 ᠰᠠᠷ᠎ᠠ᠎ᠶ᠋ᠢᠨ 14 ᠎ᠤ᠋ ᠡᠳᠦᠷ᠎ᠦᠨ ᠥᠷᠯᠥᠭᠡ᠎ᠶ᠋ᠢᠨ ᠲᠤᠯᠤᠭᠠᠨ ᠴᠠᠭ ᠬᠠᠭᠠᠰ᠎ᠲᠤ᠂ ᠱᠢᠶᠠᠩ ᠶᠠᠩ ᠵᠡᠭᠡᠯᠢ ᠭᠤᠳᠤᠮᠵᠢ᠎ᠶ᠋ᠢᠨ ᠠᠨ ᠵᠢᠤᠢ ᠨᠡᠢᠭᠡᠮ ᠲᠣᠭᠣᠷᠢᠭ᠎ᠤᠨ ᠸᠠᠩ ᠱᠣ᠌ ᠴᠢᠩ ᠨᠠᠰᠤᠳᠠᠨ ᠥᠷᠯᠥᠭᠡ᠎ᠶ᠋ᠢᠨ ᠪᠣᠯᠪᠠᠰᠤᠷᠠᠯ᠎ᠳᠤ ᠣᠷᠣᠯᠴᠠᠭᠠᠳ ᠪᠤᠴᠠᠨ ᠢᠷᠡᠵᠦ᠂ ᠵᠠᠩᠰᠢᠯ ᠶᠤᠰᠤᠭᠠᠷ ᠲᠣᠯᠣᠭᠠᠢ ᠥᠨᠳᠡᠢᠨ ᠥᠪᠡᠷ᠎ᠦᠨ ᠠᠰᠠᠷ ᠵᠦᠭ᠎ᠢᠶᠡᠨ ᠬᠠᠷᠠᠪᠠ᠃ ᠥᠩᠭᠡᠷᠡᠭ᠌ᠰᠡᠨ᠎ᠳᠦ ᠠᠭᠠᠯᠵᠢᠨ ᠲᠣᠣᠷ ᠱᠢᠭ᠋ ᠰᠦᠯᠵᠢᠯᠳᠦᠨ ᠡᠷᠦᠢ ᠬᠤᠷᠤᠢ ᠦᠭᠡᠢ ᠪᠠᠢᠭᠰᠠᠨ ᠴᠠᠬᠢᠯᠭᠠᠨ ᠤᠳᠠᠰᠤ ᠨᠢ ᠪᠠᠷ᠎ᠠ ᠰᠤᠷᠠᠭ ᠦᠭᠡᠢ ᠪᠤᠯᠵᠤ᠂ ᠬᠡᠷᠡᠮ ᠨᠢ ᠴᠡᠪᠡᠷ ᠲᠡᠭᠰᠢ ᠪᠤᠯᠵᠠᠢ᠃ 《ᠣᠳᠣ ᠰᠠᠨᠠᠭ᠎ᠠ ᠰᠡᠳᠭᠢᠯ ᠠᠮᠤᠷ ᠪᠣᠯᠤᠯ᠎ᠠ᠂ ᠡᠨᠡ ᠵᠢᠯ ᠠᠮᠤᠷ ᠲᠠᠢᠪᠤᠩ ᠰᠢᠨᠡᠯᠡᠵᠦ ᠴᠢᠳᠠᠨ᠎ᠠ!》 ᠭᠡᠵᠦ ᠸᠠᠩ ᠱᠣ᠌ ᠴᠢᠩ ᠪᠠᠶᠠᠷᠲᠠᠢᠬᠠᠨ ᠬᠡᠯᠡᠨ᠎ᠡ᠃

ᠨᠠᠰᠤᠳᠠᠨ᠎ᠢ ᠰᠠᠨᠠᠭ᠎ᠠ ᠰᠡᠳᠭᠢᠯ ᠠᠮᠤᠷ ᠪᠤᠯᠭᠠᠭᠰᠠᠨ᠎ᠤ ᠰᠢᠯᠲᠠᠭᠠᠨ ᠨᠢ ᠨᠡᠢᠭᠡᠮ ᠲᠣᠭᠣᠷᠢᠭ᠎ᠤᠨ ᠨᠠᠮ᠎ᠤᠨ ᠶᠡᠷᠦᠩᠬᠡᠶ ᠡᠭᠦᠷ᠎ᠦᠨ ᠨᠢᠭᠡ ᠤᠳᠠᠭᠠᠨ᠎ᠤ ᠨᠠᠷᠢᠨ ᠨᠢᠮᠪᠠᠶ ᠵᠢᠭᠰᠠᠭᠠᠨ ᠪᠠᠢᠴᠠᠭᠠᠯᠲᠠ᠎ᠡᠴᠡ ᠢᠷᠡᠯᠲᠡᠢ᠃ ᠨᠡᠢᠭᠡᠮ ᠲᠣᠭᠣᠷᠢᠭ᠎ᠤᠨ ᠠᠵᠢᠯᠲᠠᠨ ᠡᠴᠡ᠂ ᠴᠥᠭᠡᠨ ᠪᠤᠰᠤ ᠰᠠᠭᠤᠭᠠᠯᠢ ᠠᠷᠠᠳ ᠳᠥᠭᠥᠮ᠎ᠢ ᠪᠣᠳᠣᠵᠤ᠂ ᠭᠡᠷ ᠳᠣᠲᠣᠷ᠎ᠠ᠎ᠡᠴᠡ ᠪᠠᠨ ᠴᠠᠬᠢᠯᠭᠠᠨ ᠤᠲᠠᠰᠤ ᠲᠠᠲᠠᠵᠤ ᠭᠠᠷᠭᠠᠭᠠᠳ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡᠨ᠎ᠳᠡᠭᠡᠨ ᠴᠠᠬᠢᠯᠭᠠᠨ ᠴᠡᠨᠡᠭ᠌ᠯᠡᠵᠦ᠍᠂ ᠠᠶᠤᠯ ᠲᠦᠭᠰᠢᠭᠦᠷᠢ ᠵᠢᠨ ᠲᠠᠯᠲᠠ ᠭᠡᠮ ᠬᠦᠨᠲᠤ ᠨᠤᠴᠢᠲᠠᠢ ᠤᠷᠤᠰᠢᠵᠤ ᠪᠠᠢᠭᠰᠠᠨ᠎ᠢ ᠤᠯᠵᠤ ᠮᠡᠳᠡᠭᠰᠡᠨ ᠪᠠᠢᠨ᠎ᠠ᠃ 《ᠵᠥᠪᠬᠡᠨ ᠬᠣᠷᠢᠭ᠍ᠯᠠᠭᠠᠳ ᠪᠣᠯᠬᠤ ᠦᠭᠡᠢ᠂ ᠰᠠᠭᠤᠭᠠᠯᠢ ᠠᠷᠠᠳ᠎ᠲᠤ ᠠᠰᠠᠭᠤᠳᠠᠯ᠎ᠢ ᠰᠢᠢᠳᠪᠦᠷᠢᠯᠡᠵᠦ ᠥᠭ᠌ᠬᠦ ᠬᠡᠷᠡᠭ᠌ᠲᠡᠢ》 ᠭᠡᠵᠦ᠍ ᠠᠨ ᠵᠢᠤᠢ ᠨᠡᠢᠭᠡᠮ ᠲᠣᠭᠣᠷᠢᠭ᠎ᠤᠨ ᠨᠠᠮ᠎ᠤᠨ ᠶᠡᠷᠦᠩᠬᠡᠢ ᠡᠭᠦᠷ᠎ᠦᠨ ᠱᠦᠵᠢ ᠭᠦᠸᠧ ᠷᠦᠩ ᠮᠢᠨ ᠬᠡᠯᠡᠪᠡ᠃ ᠨᠡᠢᠭᠡᠮ ᠲᠣᠭᠣᠷᠢᠭ᠎ᠡᠴᠡ ᠳᠠᠷᠤᠢᠬᠠᠨ 《ᠴᠤᠭ᠍ᠯᠠᠷᠠᠬᠤ ᠪᠦᠷᠢᠶ᠎ᠡ》 ᠵᠢ ᠬᠠᠩᠭᠢᠨᠠᠭᠤᠯᠵᠤ᠂ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯᠯᠠᠬᠤ ᠬᠣᠷᠢᠶ᠎ᠠ᠂ ᠨᠡᠢᠭᠡᠮ ᠲᠣᠭᠣᠷᠢᠭ᠎ᠤᠨ ᠣᠷᠣᠨ ᠰᠠᠭᠤᠴᠠ᠎ᠶ᠋ᠢᠨ ᠪᠥᠲᠥᠭᠡᠨ ᠪᠠᠢᠭᠤᠯᠤᠯᠲᠠ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠪᠣᠯᠤᠨ ᠠᠳᠠᠯ ᠠᠬᠤᠶ᠎ᠶ᠋ᠢᠨ ᠺᠣᠮᠫᠠᠨᠢ᠎ᠬᠠᠮᠲᠤ ᠬᠤᠷᠠᠨ ᠴᠤᠭᠯᠠᠷᠠᠵᠤ᠂ ᠳᠠᠬᠢᠨ ᠳᠠᠪᠲᠠᠨ ᠬᠠᠢᠨ ᠪᠠᠢᠴᠠᠭᠠᠵᠤ᠂ ᠲᠦᠷᠭᠡᠨ ᠵᠣᠬᠢᠴᠠᠭᠤᠯᠵᠤ᠂ ᠲᠡᠮᠡᠢ ᠤᠳᠠᠯ ᠥᠬᠡᠶ ᠪᠡᠷ ᠰᠠᠭᠤᠭᠠᠯᠢ ᠠᠷᠠᠳ᠎ᠤᠨ ᠲᠣᠭᠣᠷᠢᠭ᠎ᠤᠨ ᠲᠡᠷᠭᠡᠨ ᠫᠧᠩ᠎ᠳᠤ ᠴᠣ ᠱᠢᠨ᠎ᠡ ᠤᠶᠤᠨᠴᠢ ᠴᠠᠬᠢᠯᠭᠠᠨ ᠴᠡᠨᠡᠭ᠌ᠯᠡᠬᠦ᠌ ᠱᠣᠩ ᠪᠤᠰᠭᠠᠵᠠᠶ᠃

ᠴᠠᠬᠢᠯᠭᠠᠨ ᠴᠡᠨᠡᠭ᠌ᠯᠡᠬᠦ᠌ ᠱᠤᠩ᠎ᠢ ᠬᠡᠷᠬᠢᠨ ᠬᠡᠷᠡᠭ᠌ᠯᠡᠬᠦ᠌ ᠲᠤᠬᠠᠢ ᠨᠠᠮ᠎ᠤᠨ ᠭᠡᠱᠢᠭᠦᠳ ᠡᠴᠡ 《ᠵᠢᠭᠠᠨ ᠵᠢᠯᠣᠭᠣᠳᠣᠭ᠍ᠴᠢ》 ᠪᠣᠯᠵᠣ᠂ ᠲᠡᠷᠭᠡᠨ ᠫᠧᠩ᠎ᠤᠨ ᠬᠠᠵᠠᠭᠤ᠎ᠳᠤ ᠡᠭᠡᠯᠵᠢᠯᠡᠨ ᠨᠢᠭᠡ ᠭᠠᠷᠠᠭ ᠵᠢᠵᠢᠭᠦᠷᠯᠡᠵᠦ᠂ ᠰᠠᠭᠤᠭᠠᠯᠢ ᠠᠷᠠᠳ᠎ᠲᠤ ᠺᠣᠳ᠋ ᠱᠢᠷᠪᠢᠬᠦ᠌᠂ ᠴᠠᠬᠢᠯᠭᠠᠨ ᠴᠡᠨᠡᠭ᠌ᠯᠡᠬᠦ᠌ ᠶᠠᠪᠤᠴᠠ᠎ᠶ᠋ᠢ ᠵᠢᠭᠠᠵᠤ ᠦᠭᠭᠦᠭᠰᠡᠨ ᠪᠠᠢᠨ᠎ᠠ᠃ ᠥᠩᠭᠡᠷᠡᠭ᠌ᠰᠡᠨ᠎ᠳᠤ ᠴᠠᠬᠢᠯᠭᠠᠨ ᠤᠳᠠᠰᠤ ᠡᠷᠦᠢ ᠬᠤᠷᠤᠢ ᠦᠭᠡᠢ ᠰᠦᠯᠵᠢᠯᠳᠦᠵᠦ ᠪᠠᠢᠭᠰᠠᠨ ᠭᠠᠵᠠᠷ᠎ᠲᠤ ᠣᠲᠣ ᠢᠯᠡ ᠲᠣᠳᠣ ᠠᠮᠤᠷ ᠲᠦᠪᠱᠢᠨ᠎ᠦ ᠰᠠᠨᠠᠭᠤᠯᠤᠮᠵᠢ᠎ᠶ᠋ᠢᠨ ᠫᠠᠢᠰᠠ ᠵᠢ ᠪᠤᠰᠬᠠᠪᠠ᠃ 《ᠪᠢᠳᠡ ᠵᠥᠪᠬᠡᠨ 〈ᠢᠩᠭᠢᠵᠦ᠍ ᠬᠢᠵᠦ᠍ ᠪᠣᠯᠬᠤ ᠦᠭᠡᠢ〉 ᠭᠡᠵᠦ᠍ ᠬᠡᠯᠡᠭᠡᠳ ᠯᠡ ᠪᠣᠯᠬᠤ ᠦᠭᠡᠢ᠂ ᠨᠠᠩ ᠴᠢᠬᠤᠯᠠ ᠨᠢ 〈ᠶᠠᠭᠠᠬᠢᠵᠤ ᠰᠠᠢᠳᠤᠷ ᠬᠢᠬᠦ〉 ᠲᠤᠬᠠᠢ ᠬᠠᠪᠰᠤᠷᠤᠯᠭ᠎ᠠ ᠦᠵᠡᠭᠦᠯᠬᠦ ᠬᠡᠷᠡᠭ᠌ᠲᠡᠶ!》 ᠭᠡᠵᠦ ᠭᠦᠸᠧ ᠷᠦᠩ ᠮᠢᠨ ᠡᠴᠡ ᠠᠵᠢᠯ᠎ᠤᠨ ᠤᠭ ᠰᠠᠨᠠᠭ᠎ᠠ᠎ᠪᠠᠨ ᠲᠡᠯᠭᠡᠯ᠎ᠡ᠃

ᠵᠧᠨ ᠰᠢᠩ ᠵᠡᠭᠡᠯᠢ ᠭᠤᠳᠤᠮᠵᠢ᠎ᠶ᠋ᠢᠨ ᠱᠣ᠌ ᠱᠢᠶᠠᠩ ᠲᠢᠩ ᠶᠤᠸᠠᠨ ᠨᠡᠢᠭᠡᠮ ᠲᠣᠭᠣᠷᠢᠭ᠎ᠤᠨ ᠨᠢᠭᠡᠳᠦᠭᠡᠷ ᠬᠤᠭᠤᠴᠠᠭᠠᠨ᠎ᠤ ᠰᠠᠭᠤᠭᠠᠯᠢ ᠠᠷᠠᠳ᠎ᠤᠨ ᠰᠠᠨᠠᠭ᠎ᠠ ᠰᠡᠳᠭᠢᠯ ᠴᠤ᠌ ᠠᠮᠤᠷ ᠪᠤᠯᠤᠭᠰᠠᠨ ᠪᠠᠢᠨ᠎ᠠ᠃ ᠡᠨᠳᠡᠬᠢ ᠬᠡᠳᠦᠨ ᠠᠰᠠᠷ᠎ᠤᠨ ᠭᠤᠲᠤᠮᠵᠢ᠎ᠳᠤ ᠦᠩᠭᠡᠷᠡᠭᠰᠡᠨ᠎ᠳᠤ ᠬᠠᠭᠤᠴᠢᠨ ᠭᠡᠷ᠎ᠦᠨ ᠬᠡᠷᠡᠭ᠌ᠰᠡᠯ᠂ ᠴᠠᠭᠠᠰᠤᠨ ᠬᠠᠢᠷᠴᠠᠭ᠂ ᠳᠤᠭᠤᠶ ᠲᠡᠷᠭᠡ᠎ᠵᠡᠷᠭᠡ ᠵᠢ ᠤᠪᠤᠭᠠᠯᠠᠵᠤ᠂ ᠨᠠᠭᠠᠰᠢ ᠴᠠᠭᠠᠰᠢ ᠶᠠᠪᠤᠬᠤ᠎ᠳᠤ ᠲᠦᠢᠯ᠎ᠤᠨ ᠳᠥᠭᠥᠮ ᠦᠭᠡᠢ ᠪᠠᠢᠯ᠎ᠠ᠃

ᠴᠡᠪᠡᠷᠯᠡᠬᠡ᠎ᠶᠢᠨ ᠠᠵᠢᠯ᠎ᠢ ᠬᠢᠬᠦ᠌᠎ᠳᠦ ᠳᠡᠢᠮᠦ ᠬᠢᠯᠪᠠᠷ ᠪᠢᠰᠢ ᠪᠠᠢᠵᠤ ᠡᠪ ᠦᠭᠡᠢᠳᠦᠪᠡᠯ ᠬᠡᠯᠡ ᠠᠮᠠ ᠵᠦᠷᠢᠯᠳᠦᠵᠦ ᠭᠡᠷᠡᠬᠦᠯ ᠭᠠᠷᠴᠦ ᠮᠡᠳᠡᠨ᠎ᠡ᠃ ᠨᠡᠢᠭᠡᠮ ᠲᠣᠭᠣᠷᠢᠭ᠎ᠤᠨ ᠨᠠᠮ᠎ᠤᠨ ᠡᠭᠦᠷ ᠨᠢᠭᠡᠨ ᠰᠠᠢᠨ ᠠᠷᠭ᠎ᠠ ᠪᠤᠳᠤᠵᠤ ᠭᠠᠷᠭᠠᠪᠠ᠄ ᠨᠠᠮ᠎ᠤᠨ ᠭᠡᠱᠢᠭᠦᠨ ᠳᠦᠷᠦᠭᠦᠯᠡᠨ ᠠᠵᠢᠯ ᠡᠴᠡ᠎ᠪᠠᠨ ᠠᠮᠠᠷᠠᠭ᠍ᠰᠠᠨ 3 ᠠᠬᠠᠮᠠᠳ ᠨᠠᠮ᠎ᠤᠨ ᠭᠡᠱᠢᠭᠦᠨ᠎ᠢ ᠳᠠᠭᠠᠭᠤᠯᠤᠨ ᠬᠥᠳᠡᠯᠦᠯᠴᠡᠵᠦ᠍᠂ ᠥᠪᠡᠷ᠎ᠦᠨ ᠭᠡᠷ᠎ᠦᠨ ᠡᠭᠦᠳᠡᠨ᠎ᠳᠡᠬᠢ ᠪᠠ ᠣᠯᠠᠨ ᠨᠡᠢᠲᠡ᠎ᠶ᠋ᠢᠨ ᠣᠷᠣᠨ ᠪᠦᠰᠡ᠎ᠳᠡᠬᠢ ᠡᠯᠳᠡᠪ ᠪᠣᠳᠠᠰ᠎ᠢ ᠴᠡᠪᠡᠷᠯᠡᠪᠡ᠃ ᠵᠠᠯᠭᠠᠭᠠᠳ᠂ ᠨᠡᠢᠭᠡᠮ ᠲᠣᠭᠣᠷᠢᠭ᠎ᠤᠨ ᠨᠠᠮ᠎ᠤᠨ ᠭᠡᠱᠢᠭᠦᠨ᠂ ᠠᠯᠪᠠᠨ ᠠᠵᠢᠯ ᠲᠠᠢ ᠨᠡᠷ᠎ᠡ ᠮᠡᠳᠡᠭᠦᠯᠦᠭ᠌ᠰᠡᠨ ᠨᠠᠮ᠎ᠤᠨ ᠭᠡᠱᠢᠭᠦᠨ ᠪᠣᠯᠤᠨ ᠰᠠᠭᠤᠭᠠᠯᠢ ᠠᠷᠠᠳ᠎ᠤᠨ ᠬᠠᠯᠠᠭᠤᠨ ᠰᠡᠳᠭᠢᠯ᠎ᠲᠡᠶ ᠨᠠᠮ᠎ᠤᠨ ᠭᠡᠱᠢᠭᠦᠨ᠎ᠢᠶᠡᠷ ᠪᠦᠷᠢᠯᠳᠦᠭ᠌ᠰᠡᠨ 《ᠨᠠᠮ᠎ᠤᠨ ᠭᠡᠱᠢᠭᠦᠨ᠎ᠦ ᠬᠣᠱᠢᠭᠤᠴᠢ ᠠᠩᠬᠢ》 ᠬᠠᠯᠠᠱᠢᠷᠠᠯ ᠦᠭᠡᠢ ᠪᠡᠷ ᠭᠡᠷ ᠡᠷᠦᠬᠡ᠎ᠳᠦ ᠬᠦᠷᠴᠦ ᠨᠠᠷᠢᠯᠢᠭ ᠳᠠᠢᠯᠪᠤᠷᠢᠯᠠᠬᠤ ᠠᠵᠢᠯ ᠬᠢᠪᠡ᠃

《ᠯᠢ ᠠᠨᠢᠶ᠎ᠠ ᠡ᠂ ᠡᠳᠡᠭᠡᠷ ᠬᠡᠷᠡᠭᠴᠡᠭᠡ ᠦᠭᠡᠢ ᠬᠠᠢ᠍ᠢᠷᠴᠠᠭ᠎ᠢ ᠡᠨᠳᠡ ᠣᠪᠣᠭᠠᠯᠠᠵᠤ ᠪᠤᠯᠬᠤ ᠦᠭᠡᠢ ᠰᠢᠤ᠂ ᠭᠡᠨᠡᠳᠳᠡ ᠭᠠᠯ ᠵᠤᠯᠭᠠᠪᠠᠯ ᠬᠡᠴᠢᠨᠡᠨ ᠠᠶᠤᠯᠲᠠᠢ ᠪᠤᠢ᠂ ᠠᠰᠠᠷ᠎ᠤᠨ ᠭᠤᠳᠤᠮᠵᠢ ᠵᠢ ᠲᠦᠭ᠌ᠵᠢᠭᠡᠳ ᠬᠡᠦᠬᠡᠳ᠎ᠢᠶᠡᠨ ᠲᠡᠪᠡᠷᠢᠭᠡᠳ ᠦᠩᠭᠡᠷᠡᠬᠦ᠎ᠳᠤ᠎ᠴᠤ ᠬᠦᠴᠢᠷ ᠪᠠᠢᠨ᠎ᠠ》᠃ ᠨᠠᠮ᠎ᠤᠨ ᠭᠡᠱᠢᠭᠦᠳ ᠬᠠᠶᠠᠭᠳᠠᠮᠠᠯ ᠬᠠᠢᠷᠴᠠᠭ᠎ᠢ ᠬᠠᠪᠰᠤᠷᠤᠨ ᠴᠡᠪᠡᠷᠯᠡᠵᠦ ᠦᠭᠬᠦ᠎ᠶ᠋ᠢᠨ ᠳᠠᠭᠠᠤ ᠡᠢᠨ᠎ᠬᠦ ᠵᠣᠭᠣᠭ ᠳᠡᠯᠭᠡᠪᠡ᠃ ᠠᠶ᠎ᠠ ᠵᠦᠬᠡᠯᠡᠨ ᠦᠭᠡ ᠶᠠᠷᠢᠶ᠎ᠠ ᠰᠠᠭᠤᠭᠠᠯᠢ ᠠᠷᠠᠳ᠎ᠤᠨ ᠰᠡᠳᠬᠢᠯ᠎ᠤᠨ ᠬᠦᠨ᠎ᠳᠦ ᠬᠦᠷᠴᠡᠢ᠃ ᠨᠢᠭᠡ ᠦᠳᠡ᠎ᠶᠢᠨ ᠬᠣᠢᠨ᠎ᠠ᠎ᠶ᠋ᠢᠨ ᠬᠦᠳᠡᠯᠮᠦᠷᠢ ᠬᠥᠯᠥᠰᠥ᠍ ᠪᠡᠷ ᠳᠠᠮᠵᠢᠨ ᠠᠰᠠᠷ᠎ᠤᠨ ᠭᠤᠳᠤᠮᠵᠢ ᠠᠭᠤᠵᠢᠮ ᠰᠠᠷᠠᠭᠤᠯ ᠪᠤᠯᠪᠠ᠃

ᠥᠩᠭᠡᠲᠦ ᠳ᠋ᠧᠩ ᠦᠨᠳᠦᠷ᠎ᠲᠦ ᠳᠤᠸᠠᠯᠠᠵᠤ᠂ ᠢᠦᠶ ᠯᠦᠩ ᠵᠡᠭᠡᠯᠢ ᠭᠤᠳᠤᠮᠵᠢ᠎ᠶ᠋ᠢᠨ ᠴᠧᠩ ᠯᠦᠩ ᠨᠡᠢᠭᠡᠮ ᠲᠣᠭᠣᠷᠢᠭ᠎ᠤᠨ 《ᠨᠠᠮ᠎ᠤᠨ ᠭᠡᠱᠢᠭᠦᠨ᠎ᠦ ᠬᠣᠱᠢᠭᠤᠴᠢ ᠠᠩᠭᠢ》 ᠬᠣᠶᠠᠷ ᠪᠦᠯᠦᠭ ᠬᠤᠪᠢᠶᠠᠵᠤ᠂ ᠠᠮᠤᠷ ᠲᠦᠪᠱᠢᠨ᠎ᠦ ᠰᠠᠨᠠᠭᠤᠯᠤᠮᠵᠢ ᠵᠢ ᠵᠡᠭᠡᠯᠢ ᠭᠤᠳᠤᠮᠵᠢ᠎ᠳᠤ ᠬᠦᠷᠭᠡᠪᠡ᠃

ᠵᠡᠭᠡᠯᠢ ᠳᠠᠭᠠᠤ᠎ᠶᠢᠨ ᠵᠢᠵᠢᠭ ᠳᠡᠯᠭᠡᠭᠦᠷ᠎ᠲᠦ᠂ ᠨᠠᠮ᠎ᠤᠨ ᠭᠡᠱᠢᠭᠦᠨ ᠤᠬᠠᠭᠤᠯᠭ᠎ᠠ᠎ᠶ᠋ᠢᠨ ᠬᠠᠭᠤᠳᠠᠰᠤ᠎ᠪᠠᠨ ᠳᠡᠯᠭᠡᠵᠦ᠂ ᠱᠢᠲᠠᠮᠠᠬᠠᠢ ᠬᠡᠢ᠎ᠶ᠋ᠢᠨ ᠵᠤᠤᠬ᠎ᠠ᠎ᠶ᠋ᠢ ᠵᠢᠭᠠᠵᠤ᠄ 《ᠵᠠᠩᠭᠤᠢᠳᠠ ᠡ᠂ ᠡᠨᠡ ᠲᠦᠭ᠌ᠰᠢᠭᠦᠷᠢ ᠮᠡᠳᠡᠭᠦᠯᠬᠦ᠌ ᠮᠠᠱᠢᠨ ᠤᠳᠠᠬᠤ ᠦᠭᠡᠢ ᠬᠤᠭᠤᠴᠠᠭ᠎ᠠ ᠲᠤᠯᠬᠤ ᠭᠡᠵᠦ᠍ ᠪᠠᠢᠨ᠎ᠠ᠂ ᠴᠠᠭ ᠲᠤᠬᠠᠢ᠎ᠳᠤᠨᠢ ᠰᠣᠯᠢᠬᠤ ᠬᠡᠷᠡᠭ᠌ᠲᠡᠢ᠂ ᠠᠮᠤᠷ ᠲᠦᠪᠱᠢᠨ ᠪᠣᠯ ᠪᠤᠶᠠᠨ ᠵᠢᠷᠭᠠᠯ᠂ ᠪᠠᠰᠠ ᠴᠤ᠌ ᠠᠷᠠᠯᠵᠢᠶ᠎ᠠ ᠮᠠᠢᠮᠠᠢ ᠬᠥᠭ᠌ᠵᠢᠨ ᠪᠠᠳᠠᠷᠠᠬᠤ᠎ᠶ᠋ᠢᠨ ᠰᠠᠭᠤᠷᠢ ᠪᠣᠯᠤᠨ᠎ᠠ!》 ᠣᠢᠷ᠎ᠠ᠎ᠶ᠋ᠢᠨ ᠬᠤᠭᠤᠴᠠᠭᠠᠨ᠎ᠤ ᠬᠡᠷᠡᠭ᠎ᠦᠨ ᠵᠢᠱ᠌ᠢᠶ᠎ᠡ᠎ᠲᠡᠶ ᠤᠶᠠᠯᠳᠤᠭᠤᠯᠤᠨ᠂ ᠳᠡᠳᠡ ᠱᠢᠲᠠᠮᠠᠬᠠᠶ ᠬᠡᠶ᠎ᠶ᠋ᠢᠨ ᠠᠮᠤᠷ ᠲᠦᠪᠱᠢᠨ᠂ ᠬᠣᠭᠣᠯᠠᠶ᠎ᠶ᠋ᠢ ᠥᠪᠡᠰᠦᠪᠡᠨ ᠪᠠᠢᠴᠠᠭᠠᠬᠤ ᠴᠢᠬᠤᠯᠠ ᠵᠦᠢᠯᠡᠰ᠎ᠢ ᠲᠣᠪ ᠲᠣᠳᠣᠷᠬᠠᠶ ᠲᠠᠢᠯᠪᠤᠷᠢᠯᠠᠵᠤ ᠦᠭᠪᠡ᠃

ᠰᠠᠭᠤᠭᠠᠯᠢ ᠠᠷᠠᠳ᠎ᠤᠨ ᠭᠡᠷ᠎ᠲᠦ᠂ ᠣᠨᠴᠠᠭᠠᠢᠯᠠᠨ ᠭᠠᠭ᠍ᠴᠠᠭᠠᠷ ᠰᠠᠭᠤᠵᠤ ᠪᠠᠢᠭ᠎ᠠ ᠨᠠᠰᠤᠲᠠᠨ᠎ᠤ ᠭᠡᠷ᠎ᠲᠦ᠂ ᠰᠠᠨᠠᠭᠤᠯᠤᠮᠵᠢ ᠨᠢ ᠨᠡᠩ ᠬᠠᠯᠠᠭᠤᠨ ᠳᠤᠯᠠᠭᠠᠨ ᠪᠠᠢᠯ᠎ᠠ᠃ 《ᠠᠪᠠᠭ᠎ᠠ ᠡ᠂ ᠣᠷᠴᠢᠮ᠎ᠢᠶᠡᠷ ᠬᠤᠳᠠᠯᠳᠤᠨ ᠠᠪᠤᠬᠴᠢᠳ᠎ᠤᠨ ᠦᠢᠯᠡᠴᠢᠯᠡᠭᠴᠢ ᠡᠴᠡ ᠵᠣᠭᠣᠰ ᠪᠤᠴᠠᠭᠠᠬᠤ ᠨᠡᠷ᠎ᠡ ᠪᠡᠷ ᠱᠢᠯᠭᠠᠨ ᠪᠠᠲᠤᠯᠠᠬᠤ ᠺᠣᠳ᠋᠎ᠢᠶᠡᠨ ᠶᠠᠪᠤᠭᠤᠯᠵᠤ ᠦᠭᠬᠦ ᠵᠢ ᠱᠠᠭᠠᠷᠳᠠᠳᠠᠭ ᠨᠢᠭᠡ ᠵᠦᠢᠯ᠎ᠦᠨ ᠱᠢᠨ᠎ᠡ ᠬᠡᠯᠪᠡᠷᠢ᠎ᠶᠢᠨ ᠮᠡᠬᠡᠯᠡᠯ ᠡᠭᠦᠰᠴᠦ ᠪᠠᠢᠨ᠎ᠠ᠂ ᠡᠭᠦᠨ᠎ᠢ ᠶᠠᠭᠠᠬᠢᠭ᠍ᠰᠠᠨ ᠴᠤ᠌ ᠢᠲᠡᠭᠡᠵᠦ᠍ ᠪᠣᠯᠬᠤ ᠦᠭᠡᠢ ᠰᠢᠤ!》ᠮᠡᠬᠡᠯᠡᠯ᠎ᠢ ᠰᠡᠷᠭᠡᠢᠯᠡᠬᠦ᠌ ᠮᠡᠳᠡᠯᠭᠡ ᠵᠢ ᠳᠠᠮᠵᠢᠭᠤᠯᠬᠤ᠎ᠡᠴᠡ ᠭᠠᠳᠠᠨ᠎ᠠ᠂ ᠨᠠᠮ᠎ᠤᠨ ᠭᠡᠱᠢᠭᠦᠳ ᠪᠠᠰᠠ ᠴᠠᠬᠢᠯᠭᠠᠨ ᠤᠲᠠᠰᠤ᠎ᠶ᠋ᠢ ᠪᠠᠢᠴᠠᠭᠠᠵᠤ᠂ ᠳᠤᠯᠠᠭᠠᠯᠠᠮᠵᠢ᠎ᠶᠢᠨ ᠳᠡᠷᠭᠡᠳᠡᠬᠢ ᠡᠯᠳᠡᠪ ᠪᠣᠳᠠᠰ᠎ᠢ ᠴᠡᠪᠡᠷᠯᠡᠵᠦ᠍᠂ ᠨᠠᠰᠤᠲᠠᠨ᠎ᠳᠦ ᠠᠮᠤᠷ ᠲᠦᠪᠱᠢᠨ᠎ᠢᠶᠡᠷ ᠴᠠᠬᠢᠯᠭᠠᠨ ᠬᠡᠷᠡᠭ᠌ᠯᠡᠬᠦ᠌᠎ᠶ᠋ᠢ ᠨᠠᠷᠢᠨ ᠨᠢᠮᠪᠠᠢ ᠵᠢᠭᠠᠪᠠ᠃

ᠰᠥᠨᠢ ᠳᠦᠯᠢ ᠪᠤᠯᠵᠤ᠂ ᠰᠠᠭᠤᠭᠠᠯᠢ ᠠᠷᠠᠳ᠎ᠤᠨ ᠲᠣᠭᠣᠷᠢᠭ ᠠᠭᠠᠵᠢᠮ᠎ᠢᠶᠠᠷ ᠨᠠᠮ ᠵᠢᠮ ᠪᠣᠯᠪᠠ᠂ ᠭᠡᠪᠡᠴᠦ᠍ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ᠎ᠦ ᠠᠪᠴᠢᠷᠠᠭ᠍ᠰᠠᠨ ᠰᠠᠬᠢᠨ ᠬᠠᠮᠠᠭᠠᠯᠠᠯᠲᠠ ᠨᠢ ᠢᠮᠠᠭ᠍ᠲᠠ ᠬᠦᠮᠦᠰ᠎ᠤᠨ ᠳᠡᠷᠭᠡᠳᠡ ᠪᠠᠢᠨ᠎ᠠ᠃ ᠠᠯᠢ ᠤᠯᠠᠨ ᠪᠠᠲᠤ ᠴᠢᠩᠭ᠎ᠠ ᠲᠠᠢ᠌ᠴᠢᠨ ᠪᠡᠬᠢᠯᠡᠯᠲᠡ ᠪᠣᠯᠤᠨ ᠠᠯᠢ ᠤᠯᠠᠨ ᠶᠠᠭᠠᠷᠠᠯᠲᠠᠢ ᠵᠤᠷᠴᠢᠵᠤ ᠪᠠᠢᠭ᠎ᠠ ᠨᠠᠮ᠎ᠤᠨ ᠭᠡᠱᠢᠭᠦᠨ᠂ ᠡᠭᠦᠷᠭᠡ ᠬᠠᠷᠢᠭᠤᠴᠠᠯᠭ᠎ᠠ ᠪᠣᠯᠤᠨ ᠬᠦᠴᠦ᠍ ᠬᠥᠯᠥᠰᠥ᠎ᠪᠡᠷ᠎ᠢᠶᠡᠨ ᠡᠨᠡᠬᠦ᠌ ᠨᠤᠲᠤᠭ ᠳᠡᠪᠢᠰᠭᠡᠷ ᠳᠡᠭᠡᠷᠡᠬᠢ ᠴᠠᠭᠠᠨ ᠰᠠᠷ᠎ᠠ᠎ᠶ᠋ᠢᠨ ᠥᠳᠭᠡᠨ ᠵᠤᠵᠠᠭᠠᠨ ᠦᠨᠦᠷ ᠠᠮᠲᠠ᠎ᠶ᠋ᠢ ᠰᠠᠬᠢᠨ ᠬᠠᠮᠠᠭᠠᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号