ᠣᠢᠷ᠎ᠠ᠎ᠳᠤ᠂ ᠮᠠᠰᠢ ᠣᠯᠠᠨ ᠤᠯᠤᠰ᠎ᠤᠨ ᠤᠳᠤᠷᠢᠳᠭᠤ ᠬᠥᠮᠦᠰ ᠪᠣᠯᠤᠨ ᠣᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭᠠᠲᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ᠎ᠳᠦ ᠴᠠᠬᠢᠯᠭᠠᠨ ᠴᠢᠮᠡᠭᠡ ᠶᠠᠪᠤᠭᠤᠯᠤᠭ᠍ᠰᠠᠨ ᠪᠤᠶᠤ ᠵᠠᠬᠢᠳᠠᠯ ᠢᠯᠡᠭᠡᠵᠦ᠍᠂ ᠳᠤᠮᠳᠠᠳᠤ ᠤᠯᠤᠰ᠎ᠤᠨ ᠠᠷᠠᠳ ᠲᠦᠮᠡᠨ ᠳᠤ ᠮᠣᠷᠢᠨ ᠵᠢᠯ᠎ᠦᠨ ᠴᠠᠭᠠᠨ ᠰᠠᠷ᠎ᠠ᠎ᠵᠢᠨ ᠪᠠᠶᠠᠷ ᠬᠦᠷᠭᠡᠪᠡ᠃
ᠤᠷᠤᠰ᠎ᠤᠨ ᠶᠡᠷᠦᠩᠬᠡᠢᠯᠡᠭ᠌ᠴᠢ ᠫᠦᠲ᠋ᠢᠨ ᠲᠡᠷᠢᠭᠦᠯᠡᠭ᠌ᠴᠢ ᠰᠢ ᠵᠢᠨ ᠫᠢᠩ᠎ᠳᠦ ᠴᠢᠩ ᠰᠡᠳᠭᠢᠯ᠎ᠦᠨ ᠪᠠᠶᠠᠷ ᠬᠦᠷᠭᠡᠵᠦ᠍᠂ ᠥᠩᠭᠡᠷᠡᠭ᠌ᠰᠡᠨ ᠨᠢᠭᠡ ᠵᠢᠯ᠎ᠳᠦ᠂ ᠤᠷᠤᠰ ᠳᠤᠮᠳᠠᠳᠤ᠎ᠶ᠋ᠢᠨ ᠱᠢᠨ᠎ᠡ ᠴᠠᠭ ᠦᠶ᠎ᠡ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ ᠰᠠᠢ᠌ᠨ ᠰᠠᠢᠬᠠᠨ ᠬᠥᠭ᠌ᠵᠢᠯᠲᠡ᠎ᠶ᠋ᠢ ᠪᠠᠲᠤᠯᠠᠭ᠍ᠰᠠᠨ ᠪᠥᠭᠡᠳ ᠡᠯᠪᠡᠭ ᠦᠷ᠎ᠡ ᠪᠦᠲᠦᠭᠡᠯ ᠣᠯᠵᠤ᠂ ᠴᠢᠬᠤᠯᠠ ᠶᠡᠬᠡ ᠬᠠᠮᠲᠤᠷᠠᠯᠴᠠᠭᠠᠨ᠎ᠤ ᠲᠦᠷᠦᠯ ᠵᠦᠢᠯ ᠲᠣᠭ᠍ᠲᠠᠭᠤᠨ᠎ᠢᠶᠠᠷ ᠠᠬᠢᠵᠦ᠍᠂ ᠤᠷᠤᠰ ᠳᠤᠮᠳᠠᠳᠤ ᠬᠠᠷᠢᠯᠴᠠᠨ ᠦᠯᠦ ᠸᠢᠰᠠᠯᠠᠬᠤ᠎ᠶ᠋ᠢ ᠪᠡᠶᠡᠯᠡᠭᠦᠯᠵᠦ᠍᠂ ᠰᠣᠶᠣᠯ᠎ᠤᠨ ᠣᠨ᠎ᠢ ᠠᠮᠵᠢᠯᠲᠠ᠎ᠲᠠᠶ ᠡᠷᠬᠢᠯᠡᠵᠦ᠍᠂ 2026 ᠣᠨ᠎ᠳᠤ 《ᠤᠷᠤᠰ ᠳᠤᠮᠳᠠᠳᠤ᠎ᠶ᠋ᠢᠨ ᠰᠤᠷᠭᠠᠨ ᠬᠥᠮᠦᠵᠢᠯ᠎ᠦᠨ ᠣᠨ》 ᠢ᠋ ᠬᠠᠮᠲᠤ᠎ᠪᠠᠷ ᠡᠬᠢᠯᠡᠭᠦᠯᠬᠦ᠌ ᠪᠣᠯᠤᠨ᠎ᠠ᠃ ᠳᠤᠮᠳᠠᠳᠤ ᠤᠯᠤᠰ᠎ᠤᠨ ᠠᠷᠠᠳ ᠲᠦᠮᠡᠨ᠎ᠦ ᠵᠣᠯ ᠵᠢᠷᠭᠠᠯ᠎ᠲᠠᠶ ᠠᠮᠤᠷ ᠠᠮᠤᠭᠤᠯᠠᠩ᠂ ᠠᠯᠢᠪᠠ ᠪᠦᠬᠦᠨ ᠤᠷᠤᠭ᠍ᠰᠢᠲᠠᠶ ᠪᠠᠢᠬᠤ᠎ᠶ᠋ᠢ ᠵᠥᠩᠨᠡᠶ᠎ᠡ ᠭᠡᠵᠦ ᠢᠯᠡᠳᠭᠡᠪᠡ᠃
ᠪᠷᠠᠽᠢᠯ᠎ᠤᠨ ᠶᠡᠷᠦᠩᠬᠡᠢᠯᠡᠭ᠌ᠴᠢ ᠯᠦᠯᠠ ᠬᠣᠶᠠᠷ ᠤᠯᠤᠰ᠎ᠤᠨ ᠠᠷᠠᠳ ᠲᠦᠮᠡᠨ᠎ᠦ ᠤᠯᠠᠭᠠᠨ ᠮᠤᠷᠢᠨ ᠵᠢᠯ᠎ᠳᠤ ᠬᠥᠭ᠌ᠵᠢᠨ ᠮᠠᠨᠳᠤᠵᠤ᠂ ᠦᠯᠵᠡᠢ ᠪᠡᠯᠭᠡ᠎ᠲᠡᠶ ᠠᠮᠤᠷ ᠠᠮᠤᠭᠤᠯᠠᠩ ᠪᠠᠢᠬᠤ᠎ᠶ᠋ᠢ ᠬᠦᠰᠡᠨ ᠵᠥᠩᠨᠡᠪᠡ᠃ ᠪᠷᠠᠽᠢᠯ᠎ᠤᠨ ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠥᠷᠭᠡᠳᠭᠡᠵᠦ᠍᠂ ᠨᠡᠩ ᠲᠥᠪ ᠭᠣᠣᠯᠴᠢ ᠳᠡᠯᠡᠬᠡᠢ ᠶᠢᠷᠲᠢᠨᠴᠦ᠍ ᠪᠣᠯᠤᠨ ᠨᠡᠩ ᠦᠷᠭᠦᠯᠵᠢᠯᠡᠬᠦ᠌ ᠤᠳᠤᠨ ᠪᠥᠮᠪᠥᠷᠴᠡᠭ ᠪᠦᠬᠦᠢ ᠪᠷᠠᠽᠢᠯ ᠳᠤᠮᠳᠠᠳᠤ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠭᠠᠷ ᠬᠣᠯᠪᠣᠨ ᠪᠠᠢᠭᠤᠯᠤᠨ᠎ᠠ ᠭᠡᠵᠦ᠍ ᠢᠯᠡᠳᠭᠡᠪᠡ᠃
ᠡᠮᠦᠨᠡᠲᠦ ᠠᠹᠷᠢᠺᠠ᠎ᠶ᠋ᠢᠨ ᠶᠡᠷᠦᠩᠬᠡᠢᠯᠡᠭ᠌ᠴᠢ ᠯᠠᠮᠠᠹᠦ᠋ᠰᠠ᠂ ᠡᠮᠦᠨᠡᠲᠦ ᠠᠹᠷᠢᠺᠠ ᠢᠮᠠᠭ᠍ᠲᠠ ᠳᠤᠮᠳᠠᠳᠤ ᠤᠯᠤᠰ᠎ᠢ ᠵᠠᠩᠭᠢᠯᠠᠭ᠎ᠠ᠎ᠶ᠋ᠢᠨ ᠬᠠᠨᠢᠲᠠᠨ᠎ᠢᠶᠠᠷ ᠦᠵᠡᠵᠦ᠍᠂ ᠱᠢᠨ᠎ᠡ ᠴᠠᠭ ᠦᠶ᠎ᠡ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠬᠠᠮᠲᠤᠷᠠᠯᠴᠠᠭ᠎ᠠ᠎ᠪᠠᠨ ᠴᠢᠨᠠᠭ᠍ᠰᠢᠳᠠ ᠴᠢᠩᠭᠠᠳᠭᠠᠵᠤ᠂ ᠬᠠᠮᠲᠤ᠎ᠶ᠋ᠢᠨ ᠬᠥᠭ᠌ᠵᠢᠯ ᠴᠡᠴᠡᠭ᠌ᠯᠡᠯ᠎ᠢ ᠠᠬᠢᠭᠤᠯᠵᠤ᠂ ᠳᠡᠯᠡᠬᠡᠢ᠎ᠶ᠋ᠢᠨ ᠡᠩᠬᠡ ᠲᠠᠢᠪᠤᠩ ᠪᠣᠯᠤᠨ ᠬᠥᠭ᠌ᠵᠢᠯᠲᠡ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠪᠡ᠃
ᠰᠠᠦ᠋ᠳᠢ ᠠᠷᠠᠪ᠎ᠤᠨ ᠤᠯᠤᠰ᠎ᠤᠨ ᠸᠠᠩ ᠰᠠᠯᠸᠮᠠᠨ᠂ ᠸᠠᠩ᠎ᠤᠨ ᠵᠠᠯᠭᠠᠮᠵᠢᠯᠠᠭ᠍ᠴᠢ ᠪᠥᠭᠡᠳ ᠲᠡᠷᠢᠭᠦᠨ ᠰᠠᠢᠳ ᠮᠦᠬᠠᠨᠮᠦᠳ᠋ ᠬᠣᠶᠠᠷ ᠤᠯᠤᠰ᠎ᠤᠨ ᠨᠥᠬᠥᠷᠰᠡᠭ ᠬᠠᠷᠢᠯᠴᠠᠭ᠎ᠠ᠎ᠶ᠋ᠢ ᠳᠡᠭᠡᠳᠦ ᠬᠡᠮᠵᠢᠢ᠎ᠡ᠎ᠪᠡᠷ ᠮᠠᠭ᠍ᠲᠠᠨ ᠰᠠᠢᠱᠢᠶᠠᠵᠤ᠂ ᠳᠤᠷᠠᠲᠠᠶ᠎ᠠ ᠳᠤᠮᠳᠠᠳᠤ ᠤᠯᠤᠰ᠎ᠲᠠᠶ ᠬᠠᠮᠲᠤ᠎ᠪᠠᠷ ᠡᠯ᠎ᠡ ᠬᠦᠷᠢᠶᠡᠨ᠎ᠦ ᠬᠠᠮᠲᠤᠷᠠᠯᠴᠠᠭ᠎ᠠ᠎ᠶ᠋ᠢᠨ ᠤᠷᠤᠬ᠍ᠰᠢ ᠬᠥᠭ᠌ᠵᠢᠬᠦ᠌᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃
ᠠᠷᠠᠪ᠎ᠤᠨ ᠬᠣᠯᠪᠣᠭᠠᠲᠤ ᠠᠬᠠᠮᠠᠳᠳᠦ ᠤᠯᠤᠰ᠎ᠤᠨ ᠶᠡᠷᠦᠩᠬᠡᠢᠯᠡᠭ᠌ᠴᠢ ᠮᠦᠬᠠᠨᠮᠦᠳ᠋ ᠲᠡᠷᠢᠭᠦᠯᠡᠭ᠌ᠴᠢ ᠰᠢ ᠵᠢᠨ ᠫᠢᠩ᠎ᠳᠦ ᠴᠢᠩ ᠰᠡᠳᠭᠢᠯ᠎ᠦᠨ ᠪᠠᠶᠠᠷ ᠬᠦᠷᠭᠡᠵᠦ᠍ ᠰᠠᠢ᠌ᠨ ᠰᠠᠢᠬᠠᠨ ᠵᠥᠩᠨᠡᠯ ᠳᠡᠪᠱᠢᠭᠦᠯᠵᠦ᠍᠂ ᠳᠤᠮᠳᠠᠳᠤ ᠤᠯᠤᠰ᠎ᠤᠨ ᠲᠠᠰᠤᠷᠠᠯᠳᠠ ᠦᠭᠡᠢ ᠬᠥᠭ᠌ᠵᠢᠨ ᠲᠠᠪᠱᠢᠬᠤ᠎ᠶ᠋ᠢ ᠵᠥᠩᠨᠡᠪᠡ᠃
ᠯᠠᠤᠰ᠎ᠤᠨ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠲᠦᠩᠯᠦ᠋ᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠠᠷᠠᠳ ᠲᠦᠮᠡᠨ ᠯᠠᠪᠲᠠᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠱᠢᠨ᠎ᠡ ᠠᠶᠠᠯᠠᠯ᠎ᠢᠶᠠᠨ ᠤᠷᠤᠭ᠍ᠰᠢᠲᠠᠢ ᠡᠬᠢᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌ ᠬᠠᠷᠠᠯᠲᠠ ᠲᠡᠢᠰᠢ ᠡᠷᠡᠰ ᠪᠠᠲᠤ ᠤᠷᠤᠭ᠍ᠰᠢᠯᠠᠬᠤ᠎ᠶ᠋ᠢ ᠪᠠᠲᠤ ᠢᠲᠡᠭᠡᠵᠦ᠍ ᠪᠠᠢᠨ᠎ᠠ᠃ ᠯᠠᠤᠰ᠎ᠤᠨ ᠬᠢᠨ ᠳᠤᠮᠳᠠᠳᠤ᠎ᠤᠯᠤᠰ᠎ᠲᠠᠶ ᠬᠠᠮᠲᠤ᠎ᠪᠠᠷ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 65 ᠵᠢᠯ᠎ᠦᠨ ᠤᠢ ᠵᠢᠴᠢ 《ᠯᠠᠤᠰ ᠳᠤᠮᠳᠠᠳᠤ᠎ᠶ᠋ᠢᠨ ᠨᠥᠬᠥᠷᠯᠡᠯ᠎ᠦᠨ ᠣᠨ》 ᠤ᠋ ᠱᠢᠷᠢᠰ ᠠᠵᠢᠯᠯᠠᠭ᠎ᠠ᠎ᠶ᠋ᠢ ᠰᠠᠢᠲᠤᠷ ᠡᠷᠬᠢᠯᠡᠵᠦ᠍᠂ ᠥᠨᠳᠥᠷ ᠪᠠᠷᠢᠮᠵᠢᠶ᠎ᠠ ᠲᠠᠢ᠂ ᠴᠢᠨᠠᠷ ᠰᠠᠢᠲᠠᠢ᠂ ᠥᠨᠳᠥᠷ ᠲᠦᠪᠱᠢᠨ ᠪᠦᠬᠦᠢ ᠯᠠᠤᠰ ᠳᠤᠮᠳᠠᠳᠤ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠤᠨ᠎ᠠ ᠭᠡᠵᠦ᠍ ᠢᠯᠡᠳᠭᠡᠪᠡ᠃
ᠺᠦᠪᠠ᠎ᠶ᠋ᠢᠨ ᠬᠤᠪᠢᠰᠭᠠᠯ᠎ᠤᠨ ᠤᠳᠤᠷᠢᠳᠭᠤ ᠬᠥᠮᠦᠨ ᠯᠤᠤᠷ·ᠺᠠᠰᠲᠷᠣ᠋ ᠪᠣᠯᠤᠨ ᠺᠦᠪᠠ᠎ᠶ᠋ᠢᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠨᠢᠭᠡᠳᠦᠭᠡᠷ ᠱᠦᠵᠢ᠂ ᠺᠦᠪᠠ᠎ᠶ᠋ᠢᠨ ᠤᠯᠤᠰ᠎ᠤᠨ ᠲᠡᠷᠢᠭᠦᠯᠡᠭ᠌ᠴᠢ ᠳ᠋ᠢᠶᠠᠰ ᠊ ᠺᠠᠨ᠋ᠸᠢ᠌ᠷ ᠳᠤᠮᠳᠠᠳᠤ ᠤᠯᠤᠰ᠎ᠤᠨ ᠠᠷᠠᠳ ᠲᠦᠮᠡᠨ᠎ᠦ ᠮᠤᠷᠢᠨ ᠵᠢᠯ᠎ᠳᠦ ᠲᠦᠮᠡᠨ ᠶᠠᠪᠤᠳᠠᠯ ᠲᠡᠭᠦᠰ ᠠᠮᠵᠢᠯᠲᠠ ᠲᠠᠢ ᠪᠠᠢᠬᠤ ᠶ᠋ᠢ ᠵᠥᠩᠨᠡᠵᠦ᠍᠂ ᠳᠤᠮᠳᠠᠳᠤ ᠤᠯᠤᠰ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠬᠤ᠎ᠳᠤ ᠴᠢᠬᠤᠯᠠ ᠦᠢᠯᠡᠳᠦᠯ ᠦᠵᠡᠭᠦᠯᠪᠡ᠂ ᠺᠦᠪᠠ᠎ᠶ᠋ᠢᠨ ᠬᠢᠨ ᠳᠤᠷᠠᠲᠠᠶ᠎ᠠ ᠺᠦᠪᠠ ᠳᠤᠮᠳᠠᠳᠤ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠬᠠᠮᠲᠤ᠎ᠪᠠᠷ ᠪᠠᠢᠭᠤᠯᠬᠤ᠎ᠶ᠋ᠢ ᠦᠷᠭᠦᠯᠵᠢᠯᠡᠨ ᠠᠬᠢᠭᠤᠯᠤᠨ᠎ᠠ ᠭᠡᠵᠦ᠍ ᠢᠯᠡᠳᠭᠡᠪᠡ᠃
ᠺᠠᠮᠪᠤᠵᠠ᠎ᠶᠢᠨ ᠠᠷᠠᠳ᠎ᠤᠨ ᠨᠠᠮ᠎ᠤᠨ ᠲᠡᠷᠢᠭᠦᠯᠡᠭᠴᠢ᠂ ᠳᠡᠭᠡᠳᠦ ᠵᠥᠪᠯᠡᠯ᠎ᠦᠨ ᠲᠡᠷᠢᠭᠦᠯᠡᠭᠴᠢ ᠬᠤᠩᠰᠸᠨ᠂ ᠮᠤᠷᠢᠨ ᠵᠢᠯ ᠨᠢ ᠺᠠᠮᠪᠤᠵᠠ ᠳᠤᠮᠳᠠᠳᠤ᠎ᠶᠢᠨ ᠦᠨᠡᠨᠴᠢ ᠨᠥᠬᠥᠷᠯᠡᠯ᠎ᠳᠦ ᠭᠡᠷᠡᠯ ᠭᠢᠯᠪᠠᠭ᠎ᠠ ᠨᠡᠮᠡᠷᠢᠯᠡᠵᠦ᠂ ᠬᠣᠶᠠᠷ ᠤᠯᠤᠰ᠎ᠤᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢ ᠭᠦᠨᠵᠡᠭᠡᠢᠷᠡᠭᠦᠯᠬᠦ᠂ ᠰᠢᠨ᠎ᠡ ᠴᠠᠭ ᠦᠶ᠎ᠡ᠎ᠶᠢᠨ ᠪᠦᠬᠦ ᠲᠠᠯ᠎ᠡ ᠵᠢᠨ ᠺᠠᠮᠪᠤᠵᠠ ᠳᠤᠮᠳᠠᠳᠤ᠎ᠶᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠦ᠎ᠶᠢ ᠪᠠᠲᠤ ᠢᠲᠡᠭᠡᠵᠦ ᠪᠠᠢᠨ᠎ᠠ ᠭᠡᠵᠦ ᠢᠯᠡᠳᠬᠡᠪᠡ᠃
ᠫᠠᠺᠢᠰᠲ᠋ᠠᠨ᠎ᠤ ᠶᠡᠷᠦᠩᠬᠡᠢ ᠰᠠᠢᠳ ᠰᠢᠶᠠᠪᠠᠽᠢ᠂ ᠲᠡᠷᠢᠭᠦᠯᠡᠭᠴᠢ ᠰᠢ ᠵᠢᠨ ᠫᠢᠩ᠎ᠦᠨ ᠠᠯᠤᠰ᠎ᠤᠨ ᠬᠠᠷᠠᠴᠠ ᠬᠤᠯᠠ᠎ᠶᠢᠨ ᠪᠣᠳᠣᠯᠭ᠎ᠠ᠎ᠲᠠᠢ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠣᠳᠣᠬᠢᠴᠢᠯᠠᠯᠲᠠ᠎ᠵᠢᠨ ᠪᠦᠲᠦᠭᠡᠨ ᠪᠠᠢᠭᠤᠯᠤᠯᠲᠠ᠂ ᠰᠢᠨ᠎ᠡ᠎ᠶᠢ ᠡᠭᠦᠳᠬᠦ ᠪᠠ ᠪᠦᠬᠦ ᠪᠥᠮᠪᠥᠷᠴᠡᠭ᠎ᠦᠨ ᠬᠠᠮᠲᠤᠷᠠᠯᠴᠠᠭ᠎ᠠ ᠵᠡᠷᠭᠡ ᠲᠠᠯ᠎ᠠ᠎ᠪᠠᠷ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠠᠮᠵᠢᠯᠲᠠ ᠣᠯᠵᠠᠢ᠃ ᠫᠠᠺᠢᠰᠲ᠋ᠠᠨ᠎ᠤ ᠬᠢᠨ ᠲᠡᠷᠢᠭᠦᠯᠡᠭᠴᠢ ᠰᠢ ᠵᠢᠨ ᠫᠢᠩ᠎ᠦᠨ ᠳᠤᠷᠠᠳᠤᠭᠰᠠᠨ ᠲᠦᠷᠪᠡᠨ ᠶᠡᠬᠡ ᠪᠦᠬᠦ ᠪᠥᠮᠪᠥᠷᠴᠡᠭ᠎ᠦᠨ ᠰᠠᠨᠠᠭᠠᠴᠢᠯᠠᠭ᠎ᠠ᠎ᠶᠢ ᠡᠷᠡᠰ ᠲᠡᠮᠵᠢᠵᠤ᠂ ᠬᠣᠶᠠᠷ ᠤᠯᠤᠰ᠎ᠤᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭ᠎ᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠦᠶ᠎ᠡ᠎ᠶᠢᠨ ᠦᠶ᠎ᠡ᠎ᠳᠡᠭᠡᠨ ᠨᠥᠬᠥᠷᠰᠡᠭ ᠪᠠᠢᠬᠤ᠂ ᠬᠥᠭᠵᠢᠯ ᠴᠡᠴᠡᠭᠯᠡᠯ᠎ᠦᠨ ᠰᠠᠢᠨ ᠰᠠᠢᠬᠠᠨ ᠢᠷᠡᠭᠡᠳᠦᠢ᠎ᠶᠢ ᠬᠠᠮᠲᠤ᠎ᠪᠠᠷ ᠡᠳ᠋ᠯᠡᠬᠦ ᠲᠡᠢᠰᠢ ᠭᠠᠷ ᠬᠣᠯᠪᠣᠨ ᠤᠷᠤᠭᠰᠢᠯᠠᠨ᠎ᠠ ᠭᠡᠵᠦ ᠢᠯᠡᠳᠭᠡᠪᠡ᠃
ᠨᠸᠫᠠᠯ᠎ᠤᠨ ᠶᠡᠷᠦᠩᠬᠡᠢᠯᠡᠭᠴᠢ ᠪᠤᠤᠳ᠋ᠸᠷ᠂ ᠲᠦᠷ ᠴᠠᠭ᠎ᠤᠨ ᠵᠠᠰᠠᠭ᠎ᠤᠨ ᠣᠷᠳᠣᠨ᠎ᠤ ᠶᠡᠷᠦᠩᠬᠡᠢ ᠰᠠᠢᠳ ᠺᠠᠷ᠎ᠵᠢ᠂ ᠨᠸᠫᠠᠯ ᠳᠤᠮᠳᠠᠳᠤ᠎ᠶᠢᠨ ᠬᠠᠷᠢᠯᠴᠠᠭ᠎ᠠ ᠥᠨᠢ ᠤᠳᠠᠭᠠᠨ ᠲᠡᠦᠬᠡ᠎ᠲᠠᠢ ᠶᠤᠮ᠂ ᠬᠣᠶᠠᠷ ᠤᠯᠤᠰ᠎ᠤᠨ ᠬᠠᠷᠢᠯᠴᠠᠨ ᠠᠰᠢᠭ᠍ᠲᠠᠢ ᠬᠠᠮᠲᠤᠷᠠᠯᠴᠠᠭ᠎ᠠ ᠨᠡᠩ ᠤᠯᠠᠨ ᠡᠯᠪᠡᠭ ᠦᠷ᠎ᠡ ᠪᠦᠲᠦᠭᠡᠯ ᠣᠯᠬᠤ᠎ᠶᠢ ᠢᠲᠡᠭᠡᠵᠦ ᠪᠠᠢᠨ᠎ᠠ᠃ ᠳᠤᠮᠳᠠᠳᠤ ᠤᠯᠤᠰ ᠲᠠᠰᠤᠷᠠᠯᠲᠠ ᠦᠭᠡᠢ ᠬᠥᠭᠵᠢᠨ ᠴᠡᠴᠡᠭᠯᠡᠬᠦ᠎ᠶᠢ ᠵᠥᠩᠨᠡᠵᠦ ᠪᠠᠢᠨ᠎ᠠ ᠭᠡᠵᠦ ᠢᠯᠡᠳᠬᠡᠪᠡ᠃
ᠰᠷᠢ ᠯᠠᠨᠺᠠ ᠵᠢᠨ ᠶᠡᠷᠦᠩᠬᠡᠢᠯᠡᠭᠴᠢ ᠳ᠋ᠢᠰᠠᠨᠠᠶᠠᠺ᠂ ᠰᠷᠢ ᠯᠠᠨᠺᠠ ᠵᠢᠨ ᠬᠢᠨ ᠳᠤᠮᠳᠠᠳᠤ ᠤᠯᠤᠰ᠎ᠢ ᠢᠲᠡᠭᠡᠮᠵᠢᠲᠡᠢ ᠨᠠᠢᠵᠠ᠎ᠪᠠᠷ ᠦᠵᠡᠵᠦ ᠪᠠᠢᠨ᠎ᠠ᠂ ᠳᠤᠮᠳᠠᠳᠤ ᠤᠯᠤᠰ᠎ᠤᠨ ᠤᠷᠳᠤ ᠬᠤᠭᠤᠴᠠᠭᠠᠨ᠎ᠤ ᠲᠤᠷᠰᠢ ᠦᠵᠡᠭᠦᠯᠦᠭᠰᠡᠨ ᠡᠷᠡᠰ ᠪᠠᠲᠤ ᠳᠡᠮᠵᠢᠯᠭᠡ᠎ᠳᠦ ᠲᠠᠯᠠᠷᠬᠠᠵᠤ ᠪᠠᠢᠨ᠎ᠠ᠃ ᠳᠤᠮᠳᠠᠳᠤ ᠤᠯᠤᠰ ᠮᠣᠷᠢᠨ ᠵᠢᠯ᠎ᠳᠦ ᠳᠠᠬᠢᠨ ᠭᠡᠷᠡᠯ ᠰᠠᠴᠤᠷᠠᠩᠭᠤᠢ ᠠᠮᠵᠢᠯᠲᠠ ᠣᠯᠵᠤ᠂ ᠤᠯᠤᠰ ᠣᠷᠣᠨ ᠴᠡᠴᠡᠭᠯᠡᠨ ᠬᠦᠴᠦᠷᠬᠡᠭᠵᠢᠵᠦ᠂ ᠠᠷᠠᠳ ᠲᠦᠮᠡᠨ ᠠᠵᠠ ᠵᠢᠷᠭᠠᠯ᠎ᠲᠠᠢ ᠪᠠᠢᠬᠤ᠎ᠶᠢ ᠵᠥᠩᠨᠡᠵᠦ ᠪᠠᠢᠨ᠎ᠠ ᠭᠡᠵᠦ ᠢᠯᠡᠳᠭᠡᠪᠡ᠃
ᠮᠠᠯᠳᠠᠢ᠍ᠢᠹᠤᠨ ᠶᠡᠷᠦᠩᠬᠡᠢᠯᠡᠭᠴᠢ ᠮᠦᠶᠢᠽᠢ᠂ ᠮᠠᠯᠳᠠᠢ᠍ᠢᠹᠤᠨ ᠬᠢᠨ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠪᠠᠷᠢᠮᠲᠠᠯᠠᠵᠤ᠂ ᠮᠠᠯᠳᠠᠢ᠍ᠢᠹ ᠳᠤᠮᠳᠠᠳᠤ᠎ᠶᠢᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢ ᠨᠠᠨᠳᠢᠩᠨᠠᠵᠤ᠂ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠬᠠᠮᠲᠤ᠎ᠶᠢᠨ ᠬᠠᠷᠠᠯᠲᠠ᠎ᠪᠠᠨ ᠪᠡᠶᠡᠯᠡᠭᠦᠯᠬᠦ᠎ᠶᠢ ᠬᠦᠰᠡᠵᠦ ᠪᠠᠢᠨ᠎ᠠ᠃ ᠳᠤᠮᠳᠠᠳᠤ ᠤᠯᠤᠰ ᠦᠷᠭᠦᠯᠵᠢᠯᠡᠨ ᠬᠥᠭᠵᠢᠨ ᠳᠠᠪᠰᠢᠵᠤ᠂ ᠥᠨᠢ ᠡᠭᠦᠷᠢᠳᠡ ᠴᠡᠴᠡᠭᠯᠡᠨ ᠬᠥᠭᠵᠢᠬᠦ᠎ᠶᠢ ᠵᠥᠩᠨᠡᠵᠦ ᠪᠠᠢᠨ᠎ᠠ ᠭᠡᠵᠦ ᠢᠯᠡᠳᠬᠡᠪᠡ᠃
ᠺᠢᠷᠬᠢᠽᠰᠲ᠋ᠠᠨ᠎ᠤ ᠶᠡᠷᠦᠩᠬᠡᠢᠯᠡᠭᠴᠢ ᠵᠠᠫᠠᠯᠤᠹ᠂ ᠲᠡᠷᠢᠭᠦᠯᠡᠭᠴᠢ ᠰᠢ ᠵᠢᠨ ᠫᠢᠩ᠎ᠦᠨ ᠬᠠᠯᠠᠮᠵᠢᠯᠠᠯ ᠳᠣᠣᠷ᠎ᠠ᠂ ᠬᠣᠶᠠᠷ ᠤᠯᠤᠰ᠎ᠤᠨ ᠬᠠᠷᠢᠯᠴᠠᠭ᠎ᠠ ᠲᠠᠰᠤᠷᠠᠯᠳᠠ ᠦᠭᠡᠢ ᠳᠡᠭᠡᠭᠰᠢᠯᠡᠵᠦ᠂ ᠨᠥᠬᠥᠷᠰᠡᠭ ᠬᠠᠮᠲᠤᠷᠠᠯᠴᠠᠭ᠎ᠠ ᠡᠯ᠎ᠡ ᠵᠠᠩᠭᠢᠯᠠᠭ᠎ᠠ᠎ᠶᠢᠨ ᠬᠦᠷᠢᠶ᠎ᠡ᠎ᠶᠢ ᠬᠠᠮᠤᠷᠴᠤ᠂ ᠬᠣᠶᠠᠷ ᠲᠠᠯ᠎ᠠ᠎ᠶᠢᠨ ᠠᠷᠠᠳ ᠲᠦᠮᠡᠨ᠎ᠦ ᠦᠨᠳᠦᠰᠦᠨ ᠠᠰᠢᠭ᠋ ᠲᠤᠰᠠ᠎ᠳᠤ ᠨᠡᠢᠴᠡᠨ᠎ᠡ᠃ ᠨᠥᠬᠥᠷᠰᠡᠭ ᠳᠤᠮᠳᠠᠳᠤ ᠤᠯᠤᠰ᠎ᠤᠨ ᠠᠷᠠᠳ ᠲᠦᠮᠡᠨ ᠠᠮᠤᠷ ᠠᠮᠤᠭᠤᠯᠠᠩ᠂ ᠥᠨᠢ ᠡᠭᠦᠷᠢᠳᠡ ᠴᠡᠴᠡᠭᠯᠡᠨ ᠬᠥᠭᠵᠢᠬᠦ᠎ᠶᠢ ᠵᠦᠨᠭᠨᠡᠵᠦ ᠪᠠᠢᠨ᠎ᠠ ᠭᠡᠵᠦ ᠢᠯᠡᠳᠭᠡᠪᠡ᠃
ᠦᠽᠪᠸᠺᠰᠲ᠋ᠠᠨ᠎ᠤ ᠶᠡᠷᠦᠩᠬᠡᠢᠯᠡᠭᠴᠢ ᠮᠢᠷᠵᠢᠶᠤᠤᠶᠸᠹ᠂ ᠴᠠᠭᠠᠨ ᠰᠠᠷ᠎ᠠ᠎ᠶᠢ ᠪᠠᠶᠠᠷᠯᠠᠨ ᠪᠡᠯᠭᠡᠯᠡᠬᠦ ᠪᠠᠶᠠᠷᠲᠤ ᠠᠭᠤᠷ ᠠᠮᠢᠰᠬᠤᠯ᠎ᠤᠨ ᠳᠤᠮᠳᠠ᠂ ᠦᠽᠪᠸᠺᠰᠲ᠋ᠠᠨ ᠳᠤᠮᠳᠠᠳᠤ ᠦᠶ᠎ᠡ᠎ᠶᠢᠨ ᠦᠶ᠎ᠡ᠎ᠳᠡᠭᠡᠨ ᠨᠥᠬᠥᠷᠰᠡᠭ ᠬᠠᠷᠢᠯᠴᠠᠭ᠎ᠠ᠎ᠪᠠᠨ ᠲᠠᠰᠤᠷᠠᠯᠳᠠ ᠦᠭᠡᠢ ᠪᠡᠬᠢᠵᠢᠭᠦᠯᠬᠦ᠎ᠶᠢ ᠵᠥᠩᠨᠡᠵᠦ ᠪᠠᠢᠨ᠎ᠠ᠃ ᠦᠽᠪᠧᠺᠰᠲ᠋ᠠᠨ᠎ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ᠎ᠪᠠᠷ ᠴᠢᠷᠮᠠᠢᠵᠤ᠂ ᠬᠣᠶᠠᠷ ᠤᠯᠤᠰ᠎ᠤᠨ ᠪᠦᠬᠦ ᠲᠠᠯ᠎ᠠ᠎ᠶᠢᠨ ᠬᠠᠮᠲᠤᠷᠠᠯᠴᠠᠭ᠎ᠠ᠎ᠶᠢᠨ ᠨᠡᠩ ᠥᠨᠳᠥᠷ ᠲᠦᠪᠰᠢᠨ᠎ᠳᠦ ᠭᠠᠷᠬᠤ᠎ᠶᠢ ᠠᠬᠢᠭᠤᠯᠵᠤ᠂ ᠨᠡᠩ ᠤᠯᠠᠨ ᠳᠠᠯᠳᠠ ᠬᠦᠴᠦᠨ᠎ᠢ ᠪᠠᠳᠠᠷᠠᠭᠤᠯᠤᠨ᠎ᠠ ᠭᠡᠵᠦ ᠢᠯᠡᠳᠬᠡᠪᠡ᠃
ᠠᠽᠧᠷᠪᠠᠶ᠋ᠢᠵᠠᠨ᠎ᠤ ᠶᠡᠷᠦᠩᠬᠡᠢᠯᠡᠭᠴᠢ ᠠᠯᠢᠶᠸᠹ᠂ ᠴᠠᠭᠠᠨ ᠰᠠᠷ᠎ᠠ ᠨᠢ ᠡᠩᠬᠡ ᠲᠠᠢᠪᠤᠩ ᠪᠠ ᠡᠶ᠎ᠡ ᠵᠣᠬᠢᠴᠠᠯ᠎ᠢ ᠪᠡᠯᠭᠡᠳᠡᠵᠦ᠂ ᠬᠣᠶᠠᠷ ᠤᠯᠤᠰ᠎ᠤᠨ ᠬᠠᠷᠢᠯᠴᠠᠭ᠎ᠠ ᠪᠠ ᠤᠯᠠᠮᠵᠢᠯᠠᠯᠲᠤ ᠨᠥᠬᠥᠷᠯᠡᠯ ᠲᠠᠰᠤᠷᠠᠯᠲᠠ ᠦᠭᠡᠢ ᠭᠦᠨᠵᠡᠭᠡᠢᠷᠡᠵᠦ᠂ ᠬᠣᠶᠠᠷ ᠲᠠᠯ᠎ᠠ᠎ᠶᠢᠨ ᠬᠠᠮᠲᠤᠷᠠᠯᠴᠠᠭ᠎ᠠ ᠤᠯᠠᠮ ᠴᠢᠨᠠᠭᠰᠢᠳᠠ ᠥᠷᠭᠡᠵᠢᠵᠦ᠂ ᠬᠣᠶᠠᠷ ᠤᠯᠤᠰ᠎ᠤᠨ ᠠᠷᠠᠳ ᠲᠦᠮᠡᠨ᠎ᠳᠦ ᠨᠠᠩ ᠰᠠᠢᠨ ᠪᠤᠶᠠᠨ ᠦᠢᠯᠡᠳᠬᠦ᠎ᠶᠢ ᠢᠲᠡᠭᠡᠵᠦ ᠪᠠᠢᠨ᠎ᠠ᠃ ᠨᠥᠬᠥᠷᠰᠡᠭ ᠳᠤᠮᠳᠠᠳᠤ ᠤᠯᠤᠰ᠎ᠤᠨ ᠠᠷᠠᠳ ᠲᠦᠮᠡᠨ ᠡᠩᠬᠡ ᠲᠠᠢᠪᠤᠩ ᠴᠡᠴᠡᠭᠯᠡᠯ ᠬᠥᠭᠵᠢᠯ᠎ᠢ ᠡᠭᠦᠷᠢᠳᠡ ᠡᠳ᠋ᠯᠡᠬᠦ᠎ᠶᠢ ᠵᠥᠩᠨᠡᠵᠦ ᠪᠠᠢᠨ᠎ᠠ ᠭᠡᠵᠦ ᠢᠯᠡᠳᠭᠡᠪᠡ᠃
ᠺᠤᠨᠭᠭᠤ᠋ (ᠪᠷᠠᠽᠠᠸᠢᠯ) ᠵᠢᠨ ᠶᠡᠷᠦᠩᠬᠡᠢᠯᠡᠭᠴᠢ ᠰᠠᠰᠦ᠋ ᠲᠡᠷᠢᠭᠦᠯᠡᠭᠴᠢ ᠰᠢ ᠵᠢᠨ ᠫᠢᠩ ᠪᠣᠯᠣᠨ ᠪᠦᠬᠦ ᠳᠤᠮᠳᠠᠳᠤ ᠤᠯᠤᠰ᠎ᠤᠨ ᠠᠷᠠᠳ ᠲᠦᠮᠡᠨ᠎ᠦ ᠲᠦᠮᠡᠨ ᠬᠡᠷᠡᠭ ᠲᠡᠭᠦᠰ ᠪᠦᠲᠦᠬᠦ᠎ᠶᠢ ᠵᠥᠩᠨᠡᠵᠦ᠂ 2026 ᠣᠨ ᠪᠣᠯ 《ᠳᠤᠮᠳᠠᠳᠤ ᠠᠹᠷᠢᠺᠠ᠎ᠶᠢᠨ ᠰᠣᠶᠣᠯ ᠢᠷᠭᠡᠨᠰᠢᠯ᠎ᠦᠨ ᠰᠣᠯᠢᠯᠴᠠᠭᠠᠨ᠎ᠤ ᠣᠨ》 ᠪᠣᠯᠣᠨ᠎ᠠ᠂ ᠡᠳᠦᠷ ᠢᠷᠡᠬᠦᠶ᠎ᠡ ᠨᠢᠭ᠍ᠲᠠᠷᠠᠵᠤ ᠪᠠᠢᠭ᠎ᠠ ᠰᠣᠶᠣᠯ ᠢᠷᠭᠡᠨᠰᠢᠯ᠎ᠦᠨ ᠰᠣᠯᠢᠯᠴᠠᠭ᠎ᠠ ᠨᠢ ᠠᠹᠷᠢᠺᠠ ᠳᠤᠮᠳᠠᠳᠤ᠎ᠶᠢᠨ ᠬᠠᠷᠢᠯᠴᠠᠭ᠎ᠠ᠎ᠶᠢ ᠭᠦᠨᠵᠡᠭᠡᠢᠷᠡᠭᠦᠯᠬᠦ᠎ᠳᠦ ᠠᠰᠢᠭ᠍ᠲᠠᠢ ᠪᠠᠢᠵᠤ᠂ ᠬᠣᠶᠠᠷ ᠲᠠᠯ᠎ᠠ᠎ᠶᠢᠨ ᠠᠷᠠᠳ ᠲᠦᠮᠡᠨ᠎ᠦ ᠠᠵᠠ ᠵᠢᠷᠭᠠᠯ᠎ᠢ ᠨᠡᠩ ᠰᠠᠢᠲᠤᠷ ᠠᠬᠢᠭᠤᠯᠬᠤ᠎ᠶᠢ ᠢᠲᠡᠭᠡᠵᠦ ᠪᠠᠢᠨ᠎ᠠ ᠭᠡᠵᠦ ᠢᠯᠡᠳᠬᠡᠪᠡ᠃
ᠺᠸᠨᠢᠶᠠ ᠵᠢᠨ ᠶᠡᠷᠦᠩᠬᠡᠢᠯᠡᠭᠴᠢ ᠷᠦᠲ᠋ᠤ᠋ ᠳᠤᠮᠳᠠᠳᠤ ᠤᠯᠤᠰ ᠮᠤᠷᠢᠨ ᠵᠢᠯ᠎ᠢ ᠪᠠᠶᠠᠷᠯᠠᠨ ᠤᠭᠲᠤᠵᠤ ᠪᠠᠢᠭ᠎ᠠ ᠲᠠᠰᠢᠷᠠᠮ᠎ᠳᠤ᠂ ᠳᠤᠮᠳᠠᠳᠤ ᠤᠯᠤᠰ᠎ᠤᠨ ᠴᠡᠴᠡᠭᠯᠡᠨ ᠬᠥᠭᠵᠢᠬᠦ᠎ᠶᠢ ᠵᠥᠩᠨᠡᠵᠦ᠂ ᠺᠸᠨᠢᠶᠠ ᠳᠤᠮᠳᠠᠳᠤ᠎ᠶᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ ᠰᠢᠨ᠎ᠡ ᠠᠮᠵᠢᠯᠲᠠ ᠣᠯᠵᠤ᠂ ᠬᠣᠶᠠᠷ ᠤᠯᠤᠰ᠎ᠤᠨ ᠬᠠᠮᠲᠤ᠎ᠶᠢᠨ ᠬᠦᠰᠡᠯ ᠡᠷᠡᠮᠡᠯᠵᠡᠯ᠎ᠢ ᠪᠡᠶᠡᠯᠡᠭᠦᠯᠬᠦ᠎ᠶᠢ ᠵᠥᠩᠨᠡᠵᠦ ᠪᠠᠢᠨ᠎ᠠ ᠭᠡᠵᠦ ᠢᠯᠡᠳᠭᠡᠪᠡ᠃
ᠽᠠᠮᠪᠢᠶ᠎ᠠ᠎ᠶᠢᠨ ᠶᠡᠷᠦᠩᠬᠡᠢᠯᠡᠭᠴᠢ ᠰᠢᠴᠢᠯᠠᠢ᠍ᠢᠮᠠ᠂ ᠮᠤᠷᠢ ᠪᠤᠯ ᠡᠷᠬᠡ ᠴᠢᠯᠦᠭᠡ᠂ ᠢᠲᠡᠭᠡᠯ ᠪᠣᠯᠣᠨ ᠬᠦᠴᠦᠨ ᠴᠢᠳᠠᠯ᠎ᠤᠨ ᠪᠡᠯᠭᠡᠳᠡᠯ ᠮᠦᠨ᠂ ᠳᠤᠮᠳᠠᠳᠤ ᠤᠯᠤᠰ ᠮᠣᠷᠢᠨ ᠵᠢᠯ᠎ᠳᠦ ᠨᠡᠩ ᠴᠡᠴᠡᠭᠯᠡᠨ ᠬᠥᠭᠵᠢᠵᠦ᠂ ᠰᠢᠨ᠎ᠡ᠎ᠶᠢ ᠡᠭᠦᠳᠦᠭᠰᠡᠨ ᠡᠶ᠎ᠡ ᠵᠣᠬᠢᠴᠠᠩᠭᠤᠢ ᠢᠷᠡᠭᠡᠳᠦᠢ᠎ᠶᠢ ᠨᠡᠭᠡᠭᠡᠨ᠎ᠡ ᠭᠡᠳᠡᠭ ᠲᠦ᠍ ᠢᠲᠡᠭᠡᠵᠦ ᠪᠠᠢᠨ᠎ᠠ᠃ ᠳᠤᠷᠠᠲᠠᠶ᠎ᠠ ᠬᠣᠶᠠᠷ ᠤᠯᠤᠰ᠎ᠤᠨ ᠨᠥᠬᠥᠷᠯᠡᠯ ᠪᠣᠯᠣᠨ ᠬᠠᠮᠲᠤᠷᠠᠯᠴᠠᠭ᠎ᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠭᠠᠷ ᠬᠣᠯᠪᠣᠨ ᠬᠥᠭᠵᠢᠵᠤ᠂ ᠪᠦᠬᠦ ᠪᠥᠮᠪᠥᠷᠴᠡᠭ᠎ᠦᠨ ᠡᠩᠬᠡ ᠲᠠᠢᠪᠤᠩ ᠲᠣᠭᠲᠠᠭᠤᠨ᠎ᠳᠤ ᠬᠦᠴᠦᠨ ᠴᠢᠳᠠᠯ᠎ᠢᠶᠠᠨ ᠡᠷᠭᠦᠨ᠎ᠡ᠃ ᠳᠤᠮᠳᠠᠳᠤ ᠤᠯᠤᠰ᠎ᠤᠨ ᠠᠷᠠᠳ ᠲᠦᠮᠡᠨ᠎ᠦ ᠵᠣᠯ ᠵᠢᠷᠭᠠᠯ᠎ᠲᠠᠢ ᠠᠮᠤᠷ ᠠᠮᠤᠭᠤᠯᠠᠩ᠂ ᠪᠦᠯᠬᠦᠮᠳᠡᠨ ᠲᠡᠮᠡᠴᠡᠬᠦ᠎ᠶᠢ ᠬᠦᠰᠡᠨ ᠵᠥᠩᠨᠡᠶ᠎ᠡ ᠭᠡᠵᠦ ᠢᠯᠡᠳᠬᠡᠪᠡ᠃
ᠰᠢᠶᠸᠷᠠ ᠯᠢᠶᠤᠨᠤ ᠶᠡᠷᠦᠩᠬᠡᠢᠯᠡᠭᠴᠢ ᠪᠢ᠊·ᠤᠦ ᠳᠤᠮᠳᠠᠳᠤ ᠤᠯᠤᠰ ᠴᠡᠴᠡᠭᠯᠡᠨ ᠬᠥᠭᠵᠢᠵᠦ᠂ ᠠᠷᠠᠳ ᠲᠦᠮᠡᠨ ᠠᠮᠤᠷ ᠲᠠᠢᠪᠤᠩ ᠠᠵᠤ ᠲᠦᠷᠦᠭᠦ᠎ᠶᠢ ᠬᠦᠰᠡᠨ ᠵᠥᠩᠨᠡᠵᠦ᠂ ᠰᠢᠶᠸᠷᠠ ᠯᠢᠶᠤᠨ ᠳᠤᠮᠳᠠᠳᠤ ᠤᠯᠤᠰ᠎ᠤᠨ ᠬᠠᠷᠢᠯᠴᠠᠭ᠎ᠠ ᠦᠷᠭᠦᠯᠵᠢᠯᠡᠨ ᠴᠢᠩᠭᠠᠷᠠᠵᠤ᠂ ᠬᠣᠶᠠᠷ ᠤᠯᠤᠰ᠎ᠤᠨ ᠬᠠᠮᠲᠤᠷᠠᠯᠴᠠᠭ᠎ᠠ ᠲᠠᠰᠤᠷᠠᠯᠳᠡ ᠦᠭᠡᠢ ᠭᠦᠨᠵᠡᠭᠡᠢᠷᠡᠵᠦ᠂ ᠠᠷᠠᠳ ᠲᠦᠮᠡᠨ᠎ᠦ ᠨᠥᠬᠥᠷᠯᠡᠯ ᠨᠡᠩ ᠨᠢᠭ᠍ᠲᠠᠷᠠᠬᠤᠶᠢ ᠬᠦᠰᠡᠵᠦ ᠪᠠᠢᠨ᠎ᠠ ᠭᠡᠵᠦ ᠢᠯᠡᠳᠭᠡᠪᠡ᠃
ᠰᠸᠨ᠋ᠸᠭᠠᠯᠤᠨ ᠶᠡᠷᠦᠩᠬᠡᠢᠯᠡᠭᠴᠢ ᠹᠠᠶᠸ ᠨᠥᠬᠥᠷᠰᠡᠭ ᠳᠤᠮᠳᠠᠳᠤ ᠤᠯᠤᠰ᠎ᠤᠨ ᠠᠷᠠᠳ ᠲᠦᠮᠡᠨ ᠵᠣᠯ ᠵᠢᠷᠭᠠᠯ᠎ᠲᠠᠢ ᠠᠮᠤᠷ ᠠᠮᠤᠭᠤᠯᠠᠩ᠂ ᠠᠮᠢᠳᠤᠷᠠᠯ ᠪᠠᠶᠠᠨ ᠴᠢᠨᠡᠭᠡᠯᠢᠭ ᠪᠠᠢᠬᠤ᠎ᠶᠢ ᠬᠦᠰᠡᠨ ᠵᠥᠩᠨᠡᠵᠦ᠂ ᠳᠤᠷᠠᠲᠠᠶ᠎ᠠ ᠳᠤᠮᠳᠠᠳᠤ ᠤᠯᠤᠰ᠎ᠲᠠᠢ ᠬᠠᠮᠲᠤ ᠪᠠᠷ ᠴᠢᠷᠮᠠᠢᠵᠤ᠂ ᠬᠣᠶᠠᠷ ᠤᠯᠤᠰ᠎ᠤᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢ ᠲᠠᠰᠤᠷᠠᠯᠳᠡ ᠦᠭᠡᠢ ᠴᠢᠩᠭᠠᠳᠬᠠᠨ᠎ᠠ ᠭᠡᠵᠦ ᠢᠯᠡᠳᠭᠡᠪᠡ᠃
ᠭᠠᠨᠠ᠎ᠶᠢᠨ ᠶᠡᠷᠦᠩᠬᠡᠢᠯᠡᠭᠴᠢ ᠮᠠᠬᠠᠮᠠ᠂ ᠲᠡᠷᠢᠭᠦᠯᠡᠭᠴᠢ ᠰᠢ᠎ᠶᠢᠨ ᠫᠢᠩ ᠤᠨ ᠳᠠᠭᠠᠭᠤᠯᠭ᠎ᠠ ᠳᠣᠣᠷ᠎ᠠ᠂ ᠬᠣᠶᠠᠷ ᠤᠯᠤᠰ᠎ᠤᠨ ᠬᠠᠷᠢᠯᠴᠠᠭ᠎ᠠ ᠢᠯᠡᠳᠲᠡ ᠬᠥᠭᠵᠢᠯᠲᠡ᠎ᠲᠠᠢ ᠪᠣᠯᠪᠠ᠃ ᠭᠠᠨᠠ᠎ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠴᠢᠷᠮᠠᠢᠵᠤ᠂ ᠳᠡᠯᠡᠬᠡᠢ ᠨᠡᠢᠭᠡᠮ ᠣᠨᠴᠠᠭᠠᠢᠯᠠᠨ ᠪᠦᠬᠦ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ᠎ᠤᠳ᠎ᠤᠨ ᠬᠥᠭᠵᠢᠯ ᠴᠡᠴᠡᠭᠯᠡᠯ ᠲᠠᠪᠰᠢᠯᠳᠠ ᠪᠣᠯᠣᠨ ᠠᠷᠠᠳ ᠲᠦᠮᠡᠨ᠎ᠦ ᠪᠤᠶᠠᠨ ᠵᠢᠷᠭᠠᠯ᠎ᠤᠨ ᠲᠥᠯᠥᠭᠡ ᠲᠠᠰᠤᠷᠠᠯᠲᠠ ᠦᠭᠡᠢ ᠲᠡᠮᠡᠴᠡᠨ᠎ᠡ ᠭᠡᠵᠦ ᠢᠯᠡᠳᠬᠡᠪᠡ᠃
ᠺᠤᠮᠤᠷ᠎ᠤᠨ ᠶᠡᠷᠦᠩᠬᠡᠢᠯᠡᠭᠴᠢ ᠠᠵᠠᠯᠢ ᠳᠤᠮᠳᠠᠳᠤ ᠤᠯᠤᠰ ᠳᠡᠯᠡᠬᠡᠢ᠎ᠶᠢᠨ ᠲᠠᠪᠴᠠᠩ᠎ᠳᠤ ᠨᠡᠩ ᠶᠡᠬᠡ ᠨᠥᠯᠥᠭᠡᠯᠡᠬᠦ ᠬᠦᠴᠦᠨ᠎ᠢᠶᠡᠨ ᠪᠠᠳᠠᠷᠠᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠣᠨ ᠪᠦᠬᠦ ᠬᠥᠮᠥᠨ ᠲᠥᠷᠥᠯᠬᠢᠲᠡᠨ᠎ᠦ ᠬᠠᠮᠲᠤ᠎ᠶᠢᠨ ᠠᠰᠢᠭ᠋ ᠲᠤᠰᠠ᠎ᠶᠢ ᠬᠥᠭᠡᠭᠡᠴᠡᠯᠳᠦᠬᠦ ᠵᠥᠪ ᠣᠨᠣᠪᠴᠢᠲᠠᠢ ᠠᠭᠤᠤ ᠶᠡᠬᠡ ᠵᠠᠮ ᠳᠡᠭᠡᠷ᠎ᠡ ᠲᠠᠰᠤᠷᠠᠯᠲᠠ ᠦᠭᠡᠢ ᠰᠢᠨ᠎ᠡ ᠠᠮᠵᠢᠯᠲᠠ ᠣᠯᠵᠤ᠂ ᠳᠡᠯᠡᠬᠡᠢ᠎ᠶᠢᠨ ᠡᠩᠬᠡ ᠲᠠᠢᠪᠤᠩ ᠪᠣᠯᠣᠨ ᠬᠥᠭᠵᠢᠯᠲᠡ᠎ᠶᠢ ᠠᠬᠢᠭᠤᠯᠬᠤ᠎ᠶᠢ ᠬᠦᠰᠡᠨ ᠵᠥᠩᠨᠡᠪᠡ᠃
ᠭᠠᠪᠤᠨᠤ ᠶᠡᠷᠦᠩᠬᠡᠢᠯᠡᠭᠴᠢ ᠡᠸᠨᠬᠦᠢ᠍ᠢᠮᠠ᠂ ᠴᠠᠭᠠᠨ ᠰᠠᠷ᠎ᠠ ᠨᠢ ᠥᠨᠢ ᠤᠳᠠᠭᠠᠨ ᠲᠡᠦᠬᠡ᠎ᠲᠠᠢ᠂ ᠡᠶ᠎ᠡ ᠵᠣᠬᠢᠴᠠᠩᠭᠤᠢ ᠪᠠ ᠬᠦᠰᠡᠯ ᠡᠷᠡᠮᠡᠯᠵᠡᠯ᠎ᠢ ᠪᠡᠯᠭᠡᠳᠡᠵᠤ᠂ ᠭᠠᠪᠤᠨᠤ ᠬᠢᠨ ᠳᠤᠮᠳᠠᠳᠤ ᠤᠯᠤᠰ ᠯᠤᠭ᠎ᠠ᠎ᠶᠢᠨ ᠨᠥᠬᠥᠷᠰᠡᠭ ᠬᠠᠮᠲᠤᠷᠠᠯᠴᠠᠭᠠᠨ᠎ᠤ ᠬᠠᠷᠢᠯᠴᠠᠭ᠎ᠠ᠎ᠪᠠᠨ ᠴᠢᠩᠭᠠᠳᠬᠠᠵᠤ᠂ ᠭᠠᠷ ᠬᠣᠯᠪᠣᠨ ᠬᠥᠭᠵᠢᠯ ᠴᠡᠴᠡᠭᠯᠡᠯ᠎ᠢ ᠪᠡᠶᠡᠯᠡᠭᠦᠯᠬᠦ᠎ᠶᠢ ᠬᠦᠰᠡᠵᠦ ᠪᠠᠢᠨ᠎ᠠ ᠭᠡᠵᠦ ᠢᠯᠡᠳᠬᠡᠪᠡ᠃
ᠰᠸᠢᠢᠱᠸᠯᠤᠨ ᠶᠡᠷᠦᠩᠬᠡᠢᠯᠡᠭᠴᠢ ᠾᠸᠮᠢᠨᠢᠶᠧ᠂ ᠡᠨᠡ ᠵᠢᠯ ᠪᠣᠯ ᠰᠸᠢᠢᠱᠸᠯ ᠳᠤᠮᠳᠠᠳᠤ᠎ᠶᠢᠨ ᠬᠠᠷᠢᠯᠴᠠᠭ᠎ᠠ ᠪᠠᠢᠭᠤᠯᠤᠭᠰᠠᠨ 50 ᠵᠢᠯ᠎ᠦᠨ ᠤᠢ ᠪᠣᠯᠣᠨ᠎ᠠ᠂ ᠬᠣᠶᠠᠷ ᠲᠠᠯ᠎ᠠ᠎ᠶᠢᠨ ᠬᠠᠷᠢᠯᠴᠠᠭ᠎ᠠ ᠦᠷᠭᠦᠯᠵᠢᠯᠡᠨ ᠥᠷᠨᠢᠨ ᠬᠥᠭᠵᠢᠵᠦ᠂ ᠰᠸᠢᠢᠱᠸᠯ ᠳᠤᠮᠳᠠᠳᠤ᠎ᠶᠢᠨ ᠨᠥᠬᠥᠷᠯᠡᠯ ᠰᠢᠨ᠎ᠡ ᠠᠮᠢᠵᠢᠷᠠᠯ᠎ᠤᠨ ᠬᠦᠴᠦᠨ᠎ᠲᠠᠢ ᠪᠣᠯᠬᠤ᠎ᠶᠢ ᠢᠲᠡᠭᠡᠵᠦ ᠪᠠᠢᠨ᠎ᠠ᠃ ᠳᠤᠮᠳᠠᠳᠤ ᠤᠯᠤᠰ᠎ᠤᠨ ᠠᠷᠠᠳ ᠲᠦᠮᠡᠨ ᠤᠯᠤᠰ ᠣᠷᠣᠨ᠎ᠤ᠎ᠪᠠᠨ ᠪᠦᠲᠦᠭᠡᠨ ᠪᠠᠢᠭᠤᠯᠤᠯᠲᠠ ᠳᠤᠮᠳᠠ ᠳᠠᠬᠢᠨᠲᠠ ᠭᠡᠷᠡᠯ ᠰᠠᠴᠤᠷᠠᠩᠭᠤᠢ ᠠᠮᠵᠢᠯᠲᠠ ᠣᠯᠬᠤ᠎ᠶᠢ ᠬᠦᠰᠡᠨ ᠵᠦᠨᠭᠨᠡᠶᠡ ᠭᠡᠵᠦ ᠢᠯᠡᠳᠬᠡᠪᠡ᠃
ᠪᠤᠼᠸᠠᠨᠠ ᠵᠢᠨ ᠶᠡᠷᠦᠩᠬᠡᠢᠯᠡᠭᠴᠢ ᠪᠦᠸᠸᠺᠸ ᠳᠤᠮᠳᠠᠳᠤ ᠤᠯᠤᠰ᠎ᠤᠨ ᠪᠦᠬᠦ ᠪᠥᠮᠪᠥᠷᠴᠡᠭ᠎ᠦᠨ ᠵᠠᠰᠠᠯᠲᠠ ᠪᠣᠯᠣᠨ ᠬᠠᠮᠲᠤ᠎ᠶᠢᠨ ᠬᠥᠭᠵᠢᠯ ᠴᠡᠴᠡᠭᠯᠡᠯ᠎ᠢ ᠠᠬᠢᠭᠤᠯᠤᠭᠰᠠᠨ᠎ᠢ ᠳᠡᠭᠡᠳᠦ ᠬᠡᠮᠵᠢᠶ᠎ᠡ᠎ᠪᠡᠷ ᠮᠠᠭᠲᠠᠨ ᠰᠠᠢᠰᠢᠶᠠᠵᠤ᠂ ᠬᠣᠶᠠᠷ ᠤᠯᠤᠰ᠎ᠤᠨ ᠭᠦᠨ ᠵᠤᠵᠠᠭᠠᠨ ᠨᠥᠬᠥᠷᠯᠡᠯ ᠪᠣᠯᠣᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭ᠎ᠠ᠎ᠶᠢ ᠴᠢᠨᠠᠭᠰᠢᠳᠠ ᠭᠦᠨᠵᠡᠭᠡᠢᠷᠡᠭᠦᠯᠬᠦ᠎ᠶᠢ ᠬᠦᠰᠡᠵᠦ ᠪᠠᠢᠨ᠎ᠠ ᠭᠡᠵᠦ ᠢᠯᠡᠳᠭᠡᠪᠡ᠃
ᠰᠣᠮᠠᠯᠢ᠎ᠶᠢᠨ ᠶᠡᠷᠦᠩᠬᠡᠢᠯᠡᠭᠴᠢ ᠮᠠᠬᠠᠮᠤᠳ᠋᠂ ᠳᠤᠮᠳᠠᠳᠤ ᠤᠯᠤᠰ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢ ᠲᠣᠭᠲᠠᠭᠠᠵᠤ᠂ ᠠᠯᠤᠰ ᠬᠡᠳᠤ᠎ᠶᠢᠨ ᠪᠠᠢᠯᠳᠤᠬᠤ ᠪᠣᠳᠣᠯᠭ᠎ᠠ᠎ᠶᠢᠨ ᠬᠠᠷᠡᠴᠡ᠎ᠪᠠᠨ ᠢᠯᠡᠷᠡᠭᠦᠯᠪᠡ᠃ ᠰᠣᠮᠠᠯᠢ ᠵᠢᠨ ᠬᠢᠨ ᠡᠭᠦᠨ᠎ᠢ ᠶᠡᠬᠡᠳᠡ ᠪᠢᠰᠢᠷᠡᠵᠦ᠂ ᠳᠤᠷᠠᠲᠠᠶ᠎ᠠ ᠳᠤᠮᠳᠠᠳᠤ ᠤᠯᠤᠰ᠎ᠲᠠᠢ ᠨᠢᠭ᠍ᠲᠠ ᠬᠠᠮᠵᠢᠯᠴᠠᠵᠤ᠂ ᠬᠥᠭᠵᠢᠯᠲᠡ᠎ᠶᠢ ᠠᠬᠢᠭᠤᠯᠤᠨ᠎ᠠ᠃ ᠳᠤᠮᠳᠠᠳᠤ ᠤᠯᠤᠰ᠎ᠤᠨ ᠲᠦᠷᠦ ᠲᠦᠪᠰᠢᠨ ᠲᠦᠮᠡᠨ ᠠᠮᠤᠭᠤᠯᠠᠩ᠂ ᠴᠡᠴᠡᠭᠯᠡᠨ ᠬᠥᠭᠵᠢᠬᠦ᠎ᠶᠢ ᠬᠦᠰᠡᠵᠦ ᠪᠠᠢᠨ᠎ᠠ ᠭᠡᠵᠦ ᠢᠯᠡᠳᠬᠡᠪᠡ᠃
ᠳᠤᠮᠳᠠᠳᠤ ᠠᠹᠷᠢᠺᠠ᠎ᠶᠢᠨ ᠶᠡᠷᠦᠩᠬᠡᠢᠯᠡᠭᠴᠢ ᠲᠦᠸᠠᠳ᠋ᠸᠯᠠ᠂ ᠳᠤᠮᠳᠠᠳᠤ ᠠᠹᠷᠢᠺᠠ ᠢᠮᠠᠭᠲᠠ ᠳᠤᠮᠳᠠᠳᠤ ᠤᠯᠤᠰ᠎ᠢ ᠢᠲᠡᠭᠡᠭᠦᠰᠢᠲᠡᠢ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ᠎ᠢᠶᠠᠷ ᠦᠵᠡᠵᠦ᠂ ᠪᠦᠬᠦ ᠪᠥᠮᠪᠥᠷᠴᠡᠭ᠎ᠦᠨ ᠳᠦᠷᠪᠡᠨ ᠶᠡᠬᠡ ᠰᠠᠨᠠᠭᠠᠴᠢᠯᠠᠭ᠎ᠠ᠎ᠶᠢ ᠡᠷᠡᠰ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ᠎ᠲᠠᠢ ᠬᠠᠮᠲᠤ ᠪᠠᠷ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠵᠦ᠂ ᠭᠠᠷ ᠬᠣᠯᠪᠣᠨ ᠳᠡᠯᠡᠬᠡᠢ᠎ᠶᠢᠨ ᠡᠩᠬᠡ ᠲᠠᠢᠪᠤᠩ ᠪᠣᠯᠣᠨ ᠬᠥᠭᠵᠢᠯᠲᠡ᠎ᠶᠢ ᠠᠬᠢᠭᠤᠯᠤᠨ᠎ᠠ ᠭᠡᠵᠦ ᠢᠯᠡᠳᠬᠡᠪᠡ᠃
ᠰᠸᠷᠪᠢᠶ᠎ᠠ ᠵᠢᠨ ᠶᠡᠷᠦᠩᠬᠡᠢᠯᠡᠭᠴᠢ ᠦᠴᠢᠴᠢ᠂ ᠮᠣᠷᠢᠨ ᠵᠢᠯ ᠠᠮᠢᠵᠢᠷᠠᠯ᠎ᠤᠨ ᠬᠦᠴᠦᠨ᠂ ᠤᠷᠤᠭᠰᠢᠯᠠᠨ ᠲᠠᠪᠰᠢᠬᠤ᠂ ᠡᠷᠡᠯᠬᠡᠭ ᠪᠠᠭᠠᠲᠤᠷᠯᠢᠭ᠋ ᠪᠠ ᠡᠷᠡᠰ ᠰᠢᠭᠤᠷᠬᠠᠢ᠎ᠶᠢ ᠪᠡᠯᠭᠡᠳᠡᠵᠦ᠂ ᠲᠡᠷᠢᠭᠦᠯᠡᠭᠴᠢ ᠰᠢ᠎ᠶᠢᠨ ᠫᠢᠩ᠎ᠤᠨ ᠥᠨᠳᠥᠷ᠎ᠲᠦ ᠵᠣᠭᠰᠣᠨ ᠠᠯᠤᠰ᠎ᠢ ᠪᠠᠷᠠᠯᠠᠨ᠂ ᠪᠠᠶᠠᠯᠢᠭ ᠤᠶᠤᠨ ᠤᠬᠠᠭᠠᠨ᠎ᠤ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠦᠷᠭᠦᠯᠵᠢᠯᠡᠨ ᠡᠯ᠎ᠡ ᠬᠦᠷᠢᠶᠡᠨ᠎ᠳᠦ ᠬᠥᠮᠥᠰ᠎ᠦᠨ ᠠᠩᠬᠠᠷᠤᠯ᠎ᠢ ᠲᠠᠲᠠᠭᠰᠠᠨ ᠠᠮᠵᠢᠯᠲᠠ ᠣᠯᠬᠤ᠎ᠶᠢ ᠢᠲᠡᠭᠡᠵᠦ ᠪᠠᠢᠨ᠎ᠠ᠃ ᠢᠲᠡᠭᠡᠯᠲᠦ ᠨᠠᠢᠵᠠ ᠪᠠ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ ᠪᠣᠯᠤᠭᠰᠠᠨ᠎ᠤ ᠬᠤᠪᠢ᠎ᠳᠤ᠂ ᠰᠸᠷᠪᠢᠶ᠎ᠠ ᠳᠤᠷᠠᠲᠠᠶ᠎ᠠ ᠰᠢᠨ᠎ᠡ ᠴᠠᠭ ᠦᠶ᠎ᠡ᠎ᠶᠢᠨ ᠰᠸᠷᠪᠢᠶ᠎ᠠ ᠳᠤᠮᠳᠠᠳᠤ᠎ᠶᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠦᠨ᠎ᠡ ᠭᠡᠵᠦ ᠢᠯᠡᠳᠬᠡᠪᠡ᠃
ᠬᠠᠩᠭᠠᠷᠢ᠎ᠶ᠋ᠢᠨ ᠶᠡᠷᠦᠩᠬᠡᠢᠯᠡᠭ᠌ᠴᠢ ᠱᠦᠶᠦᠺᠸ᠂ ᠶᠡᠷᠦᠩᠬᠡᠢ ᠰᠠᠢᠳ ᠡᠸᠦᠷᠪᠠᠨ᠂ ᠬᠠᠩᠭᠠᠷᠢ᠎ᠶ᠋ᠢᠨ ᠬᠢᠨ ᠬᠣᠶᠠᠷ ᠤᠯᠤᠰ᠎ᠤᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢᠨ ᠣᠯᠤᠭ᠍ᠰᠠᠨ ᠢᠯᠡᠳᠲᠡ ᠦᠷ᠎ᠡ ᠪᠦᠲᠦᠭᠡᠯ᠎ᠢ ᠨᠠᠨᠳᠢᠩᠨᠠᠨ ᠦᠵᠡᠵᠦ᠍ ᠪᠠᠢᠨ᠎ᠠ᠃ ᠬᠠᠩᠭᠠᠷᠢ᠎ᠶ᠋ᠢᠨ ᠲᠡᠦᠬᠡ ᠪᠣᠯᠤᠨ ᠤᠯᠠᠮᠵᠢᠯᠠᠯᠲᠤ ᠰᠣᠶᠣᠯ᠎ᠳᠤ ᠮᠤᠷᠢ ᠭᠣᠣᠯᠯᠠᠭ᠍ᠴᠢ ᠪᠠᠢᠷᠢ᠎ᠶ᠋ᠢ ᠡᠵᠡᠯᠡᠵᠦ᠍ ᠪᠠᠢᠨ᠎ᠠ᠂ ᠬᠠᠩᠭᠠᠷᠢ᠎ᠶ᠋ᠢᠨ ᠬᠢᠨ ᠳᠤᠷᠠᠲᠠᠶ᠎ᠠ ᠬᠦᠷᠴᠦ᠍ ᠢᠷᠡᠬᠦ᠌ ᠮᠤᠷᠢᠨ ᠵᠢᠯ᠎ᠳᠦ ᠳᠤᠮᠳᠠᠳᠤ᠎ᠶ᠋ᠢᠨ ᠬᠢᠨ ᠲᠠᠶ ᠬᠠᠮᠲᠤ᠎ᠪᠠᠷ ᠴᠢᠷᠮᠠᠢᠵᠤ ᠪᠠᠢᠭᠠᠳ ᠱᠢᠨ᠎ᠡ ᠴᠠᠭ ᠦᠶ᠎ᠡ᠎ᠶ᠋ᠢᠨ ᠴᠠᠭ ᠮᠦᠴᠡ ᠪᠦᠬᠦᠨ ᠤ᠋ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠲᠠᠰᠤᠷᠠᠯᠳᠡ ᠦᠭᠡᠢ ᠤᠷᠤᠬ᠍ᠰᠢ ᠬᠥᠭ᠌ᠵᠢᠬᠦ᠌᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃
ᠰᠯᠤᠸᠠᠺᠢᠶ᠎ᠠ ᠵᠢᠨ ᠶᠡᠷᠦᠩᠬᠡᠢᠯᠡᠭ᠌ᠴᠢ ᠫᠸᠢ᠌ᠯᠢᠭ᠌ᠸᠷᠢᠨᠢ᠂ ᠰᠯᠤᠸᠠᠺᠢᠶ᠎ᠠ ᠳᠤᠮᠳᠠᠳᠤ᠎ᠶ᠋ᠢᠨ ᠨᠥᠬᠥᠷᠰᠡᠭ ᠬᠠᠷᠢᠯᠴᠠᠭ᠎ᠠ ᠮᠤᠷᠢᠨ ᠵᠢᠯ ᠳ᠋ᠤ ᠦᠷᠭᠦᠯᠵᠢᠯᠡᠨ ᠯᠠᠪᠳᠠᠭᠤᠨ᠎ᠢᠶᠠᠷ ᠤᠷᠤᠭ᠍ᠰᠢᠯᠠᠵᠤ᠂ ᠭᠠᠷ ᠬᠣᠯᠪᠣᠨ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠨ ᠪᠤᠶᠠᠨ ᠦᠢᠯᠡᠳᠬᠦ᠌᠎ᠶ᠋ᠢ ᠬᠦᠰᠡᠵᠦ᠍ ᠪᠠᠢᠨ᠎ᠠ ᠭᠡᠵᠦ᠍ ᠢᠯᠡᠳᠭᠡᠪᠡ᠃
ᠠᠢ᠌ᠰᠯᠠᠨᠳ᠋ᠤᠨ ᠶᠡᠷᠦᠩᠬᠡᠢᠯᠡᠭ᠌ᠴᠢ ᠲᠤᠮᠠᠰᠳ᠋ᠤᠲ ᠳᠤᠮᠳᠠᠳᠤ ᠤᠯᠤᠰ᠎ᠤᠨ ᠠᠷᠠᠳ ᠲᠦᠮᠡᠨ᠎ᠳᠦ ᠬᠠᠮᠤᠭ᠎ᠤᠨ ᠬᠠᠯᠠᠭᠤᠨ ᠪᠠᠶᠠᠷ ᠬᠦᠷᠭᠡᠵᠦ᠍᠂ ᠬᠠᠮᠤᠭ᠎ᠤᠨ ᠴᠢᠩ ᠰᠡᠳᠭᠢᠯ᠎ᠦᠨ ᠵᠥᠩᠨᠡᠯ ᠳᠡᠪᠱᠢᠭᠦᠯᠵᠦ᠍᠂ ᠬᠣᠶᠠᠷ ᠤᠯᠤᠰ᠎ᠤᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠳᠡᠯᠡᠬᠡᠢ᠎ᠶ᠋ᠢᠨ ᠡᠩᠬᠡ ᠲᠠᠢᠪᠤᠩ ᠪᠣᠯᠤᠨ ᠦᠷᠭᠦᠯᠵᠢᠯᠡᠬᠦ᠌ ᠬᠥᠭ᠌ᠵᠢᠯᠲᠡ᠎ᠶ᠋ᠢ ᠬᠠᠮᠲᠤ᠎ᠪᠠᠷ ᠠᠬᠢᠭᠤᠯᠬᠤ᠎ᠶ᠋ᠢ ᠬᠦᠰᠡᠪᠡ᠃
ᠰᠠᠢᠫᠷᠦ᠋ᠰ᠎ᠦᠨ ᠶᠡᠷᠦᠩᠬᠡᠢᠯᠡᠭ᠌ᠴᠢ ᠡᡁᠸᠷᠢᠰᠲ᠋ᠤᠽᠦᠯᠢᠵᠢᠰ᠂ ᠰᠠᠢᠫᠷᠦ᠋ᠰ᠎ᠦᠨ ᠬᠢᠨ ᠨᠢᠭᠡ ᠳᠤᠮᠳᠠᠳᠤ ᠤᠯᠤᠰ ᠪᠠᠢᠬᠤ ᠲᠦᠷᠦ᠍᠎ᠶ᠋ᠢᠨ ᠪᠤᠳᠤᠯᠭ᠎ᠠ᠎ᠶ᠋ᠢ ᠦᠷᠭᠦᠯᠵᠢᠯᠡᠨ ᠡᠷᠡᠰ ᠬᠡᠷᠡᠭ᠌ᠵᠢᠭᠦᠯᠵᠦ᠍᠂ ᠳᠤᠮᠳᠠᠳᠤ ᠤᠯᠤᠰ᠎ᠯᠤᠭ᠎ᠠ ᠨᠥᠬᠥᠷᠯᠡᠯ ᠪᠣᠯᠤᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠦᠨ᠎ᠡ᠃ ᠳᠤᠮᠳᠠᠳᠤ ᠤᠯᠤᠰ ᠱᠢᠨ᠎ᠡ ᠨᠢᠭᠡᠨ ᠵᠢᠯ᠎ᠳᠦ ᠤᠷᠤᠭ᠍ᠰᠢᠯᠠᠯᠲᠠ᠎ᠶ᠋ᠢᠨ ᠬᠠᠨᠳᠤᠰᠢ᠎ᠪᠠᠨ ᠪᠠᠲᠤᠯᠠᠵᠤ᠂ ᠰᠠᠢᠫᠷᠦ᠋ᠰ ᠳᠤᠮᠳᠠᠳᠤ᠎ᠶ᠋ᠢᠨ ᠨᠥᠬᠥᠷᠯᠡᠯ ᠦᠶ᠎ᠡ᠎ᠶ᠋ᠢᠨ ᠦᠶ᠎ᠡ᠎ᠳᠡᠭᠡᠨ ᠮᠥᠩᠬᠡᠷᠡᠬᠦ᠌ᠶ᠋ᠢ ᠬᠦᠰᠡᠨ ᠵᠥᠩᠨᠡᠵᠦ᠍ ᠪᠠᠢᠨ᠎ᠠ ᠭᠡᠵᠦ᠍ ᠢᠯᠡᠳᠭᠡᠪᠡ᠃
ᠰᠯᠤᠸᠧᠨᠢᠶ᠎ᠠ᠎ᠶ᠋ᠢᠨ ᠶᠡᠷᠦᠩᠬᠡᠢᠯᠡᠭ᠌ᠴᠢ ᠮᠦᠰᠠᠷ᠂ ᠰᠯᠤᠸᠧᠨᠢᠶ᠎ᠠ᠎ᠶ᠋ᠢᠨ ᠬᠢᠨ ᠳᠤᠮᠳᠠᠳᠤ ᠤᠯᠤᠰ᠎ᠲᠠᠶ ᠬᠣᠶᠠᠷ ᠲᠠᠯ᠎ᠠ᠎ᠶ᠋ᠢᠨ ᠬᠠᠷᠢᠴᠠᠭ᠎ᠠ᠎ᠪᠠᠨ ᠭᠦᠨᠵᠡᠭᠡᠢᠷᠡᠭᠦᠯᠵᠦ᠍᠂ ᠡᠯ᠎ᠡ ᠳᠡᠰ ᠳᠠᠪᠬᠤᠷᠭ᠎ᠠ᠎ᠶ᠋ᠢᠨ ᠶᠠᠷᠢᠯᠴᠠᠭ᠎ᠠ ᠰᠣᠯᠢᠯᠴᠠᠭ᠎ᠠ᠎ᠪᠠᠨ ᠨᠢᠭ᠍ᠲᠠᠷᠠᠭᠤᠯᠤᠨ᠎ᠠ᠃ ᠳᠤᠮᠳᠠᠳᠤ ᠤᠯᠤᠰ᠎ᠤᠨ ᠠᠷᠠᠳ ᠲᠦᠮᠡᠨ ᠵᠣᠯ ᠵᠢᠷᠭᠠᠯ᠎ᠲᠠᠶ ᠠᠮᠤᠷ ᠠᠮᠤᠭᠤᠯᠠᠩ ᠪᠠᠢᠬᠤ᠎ᠶ᠋ᠢ ᠵᠥᠩᠨᠡᠶ᠎ᠡ ᠭᠡᠵᠦ ᠢᠯᠡᠳᠬᠡᠪᠡ᠃
ᠪᠤᠯᠭᠠᠷᠢᠶ᠎ᠠ᠎ᠶ᠋ᠢᠨ ᠶᠡᠷᠦᠩᠬᠡᠢᠯᠡᠭ᠌ᠴᠢ ᠶᠤᠲ᠋ᠤᠸᠠ ᠲᠡᠷᠢᠭᠦᠯᠡᠭ᠌ᠴᠢ ᠰᠢ ᠵᠢᠨ ᠫᠢᠩ᠎ᠳᠦ ᠬᠠᠮᠤᠭ᠎ᠤᠨ ᠴᠢᠩ ᠰᠡᠳᠭᠢᠯ᠎ᠦᠨ ᠮᠡᠨᠳᠦᠴᠢᠯᠡᠯ ᠳᠡᠪᠱᠢᠭᠦᠯᠵᠦ᠍᠂ ᠱᠢᠨ᠎ᠡ ᠨᠢᠭᠡ ᠵᠢᠯ᠎ᠳᠡᠭᠡᠨ ᠡᠩᠬᠡ ᠲᠠᠢᠪᠤᠩ ᠵᠣᠯ ᠵᠢᠷᠭᠠᠯ᠎ᠢ ᠠᠪᠴᠢᠷᠠᠵᠤ᠂ ᠨᠥᠬᠥᠷᠰᠡᠭ ᠳᠤᠮᠳᠠᠳᠤ ᠤᠯᠤᠰ᠎ᠤᠨ ᠠᠷᠠᠳ ᠲᠦᠮᠡᠨ᠎ᠦ ᠦᠯᠵᠡᠢ ᠪᠡᠯᠭᠡ᠎ᠲᠡᠶ ᠪᠠᠢᠬᠤ᠎ᠶ᠋ᠢ ᠵᠥᠩᠨᠡᠪᠡ᠃
ᠨᠠᠦ᠋ᠷᠦ᠋ ᠵᠢᠨ ᠶᠡᠷᠦᠩᠬᠡᠢᠯᠡᠭ᠌ᠴᠢ ᠠᠳ᠋ᠢ᠊·ᠠᠩ ᠠᠭᠤᠤ ᠶᠡᠬᠡ ᠳᠤᠮᠳᠠᠳᠤ ᠤᠯᠤᠰ ᠱᠢᠨ᠎ᠡ ᠨᠢᠭᠡᠨ ᠵᠢᠯ᠎ᠳᠦ ᠴᠤᠭ ᠪᠠᠳᠠᠷᠠᠩᠭᠤᠢ ᠵᠣᠷᠢᠭ ᠰᠠᠨᠠᠭ᠎ᠠ᠎ᠪᠠᠷ ᠬᠥᠭ᠌ᠵᠢᠯᠲᠡ᠎ᠶ᠋ᠢ ᠠᠬᠢᠭᠤᠯᠵᠤ᠂ ᠥᠨᠢ ᠡᠭᠦᠷᠢᠳᠡ ᠴᠡᠴᠡᠭ᠌ᠯᠡᠨ ᠬᠥᠭ᠌ᠵᠢᠬᠦ᠌᠎ᠶ᠋ᠢ ᠬᠦᠰᠡᠨ ᠵᠥᠩᠨᠡᠪᠡ᠃ ᠨᠠᠥ᠋ᠷᠦ᠋ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠷᠬᠡ ᠮᠡᠳᠡᠯ ᠪᠣᠯᠤᠨ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ ᠪᠠᠨ ᠬᠠᠮᠠᠭᠠᠯᠠᠬᠤ᠎ᠶ᠋ᠢ ᠡᠷᠡᠰ ᠳᠡᠮᠵᠢᠵᠦ᠍᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠠᠮᠲᠤᠷᠠᠯᠴᠠᠭᠠᠨ᠎ᠤ ᠬᠣᠯᠪᠣᠭᠠᠰᠤ᠎ᠪᠠᠨ ᠴᠢᠩᠭᠠᠳᠭᠠᠵᠤ᠂ ᠡᠩᠬᠡ ᠲᠠᠢᠪᠤᠩ ᠪᠣᠯᠤᠨ ᠬᠥᠭ᠌ᠵᠢᠯᠲᠡ᠎ᠶ᠋ᠢ ᠬᠠᠮᠲᠤ᠎ᠪᠠᠷ ᠠᠬᠢᠭᠤᠯᠤᠨ᠎ᠠ ᠭᠡᠵᠦ ᠢᠯᠡᠳᠭᠡᠪᠡ᠃
ᠺᠢᠷᠢᠪᠠᠰᠢ ᠵᠢᠨ ᠶᠡᠷᠦᠩᠬᠡᠢᠯᠡᠭ᠌ᠴᠢ ᠮᠠᠮᠤᠤ᠂ ᠺᠢᠷᠢᠪᠠᠰᠢ ᠳᠤᠮᠳᠠᠳᠤ ᠤᠯᠤᠰ᠎ᠯᠤᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠡᠷᠡᠰ ᠲᠡᠮᠵᠢᠨ᠎ᠠ᠃ ᠮᠣᠷᠢᠨ ᠵᠢᠯ ᠳᠤᠮᠳᠠᠳᠤ ᠤᠯᠤᠰ᠎ᠲᠤ ᠦᠷᠭᠦᠯᠵᠢᠯᠡᠨ ᠳᠠᠪᠱᠢᠯᠲᠠ᠂ ᠲᠣᠭ᠍ᠲᠠᠭᠤᠨ ᠪᠣᠯᠤᠨ ᠠᠮᠵᠢᠯᠲᠠ ᠠᠪᠴᠢᠷᠠᠬᠤ᠎ᠶ᠋ᠢ ᠬᠦᠰᠡᠵᠦ᠍ ᠪᠠᠢᠨ᠎ᠠ ᠭᠡᠵᠦ ᠢᠯᠡᠳᠬᠡᠪᠡ᠃
ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠨᠠᠷᠢᠨ ᠪᠢᠴᠢᠭ᠎ᠦᠨ ᠳᠠᠷᠤᠭ᠎ᠠ ᠭᠦᠲᠸᠯᠸᠢ᠌ᠰ ᠸᠢᠳᠢᠣ᠋᠎ᠪᠠᠷ ᠴᠠᠭᠠᠨ ᠰᠠᠷ᠎ᠠ᠎ᠶ᠋ᠢᠨ ᠪᠠᠶᠠᠷ᠎ᠤᠨ ᠦᠭᠡ ᠬᠡᠯᠡᠵᠦ᠍᠂ ᠮᠣᠷᠢ ᠬᠦᠴᠦᠨ ᠴᠢᠳᠠᠯ᠂ ᠠᠮᠵᠢᠯᠲᠠ ᠪᠠ ᠡᠷᠡᠯᠬᠡᠭ᠌ᠯᠡᠨ ᠤᠷᠤᠭ᠍ᠰᠢᠯᠠᠬᠤ᠎ᠶ᠋ᠢ ᠪᠡᠯᠭᠡᠳᠡᠵᠦ᠍ ᠪᠠᠢᠨ᠎ᠠ᠂ ᠳᠡᠯᠡᠬᠡᠢ ᠳ᠋ᠠᠬᠢᠨ᠎ᠳᠤ ᠡᠳᠡᠭᠡᠷ ᠵᠠᠩ ᠴᠢᠨᠠᠷ ᠲᠤᠯᠭᠠᠮ᠎ᠠ ᠱᠠᠭᠠᠷᠳᠠᠭ᠍ᠳᠠᠵᠤ ᠪᠠᠢᠨ᠎ᠠ᠃ ᠳᠤᠮᠳᠠᠳᠤ ᠤᠯᠤᠰ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠦ ᠤᠯᠠᠨ ᠲᠠᠯᠠᠲᠤ ᠦᠵᠡᠯ ᠪᠣᠯᠤᠨ ᠪᠦᠬᠦ᠌ ᠪᠥᠮᠪᠥᠷᠴᠡᠭ᠎ᠦᠨ ᠪᠦᠯᠬᠦᠮᠳᠡᠯ᠎ᠦᠨ ᠦᠢᠯᠡᠰ᠎ᠲᠦ ᠦᠵᠡᠭᠦᠯᠦᠭ᠌ᠰᠡᠨ ᠬᠦᠴᠦᠲᠡᠢ ᠳᠡᠮᠵᠢᠯᠭᠡ᠎ᠳᠦ ᠲᠠᠯᠠᠷᠬᠠᠵᠤ ᠪᠠᠢᠨ᠎ᠠ᠂ ᠡᠯ᠎ᠡ ᠲᠠᠯ᠎ᠠ᠎ᠶ᠋ᠢᠨ ᠬᠢᠨ᠎ᠲᠡᠶ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠨᠡᠩ ᠠᠮᠤᠷ ᠲᠦᠪᠱᠢᠨ᠂ ᠨᠡᠩ ᠪᠠᠭ᠍ᠲᠠᠭᠠᠮᠵᠢᠲᠠᠢ ᠢᠷᠡᠭᠡᠳᠦᠢ᠎ᠶ᠋ᠢ ᠴᠣᠭ᠍ᠴᠠᠯᠠᠬᠤ᠎ᠶ᠋ᠢ ᠬᠦᠰᠡᠵᠦ᠍ ᠪᠠᠢᠨ᠎ᠠ ᠭᠡᠵᠦ ᠢᠯᠡᠳᠬᠡᠪᠡ᠃
ᠮᠣᠩᠭᠣᠯ ᠤᠯᠤᠰ᠎ᠤᠨ ᠶᠡᠷᠦᠩᠬᠡᠢᠯᠡᠭ᠌ᠴᠢ ᠬᠦᠷᠡᠯᠰᠦ᠋ᠬᠡ᠂ ᠠᠷᠮᠧᠨᠢᠶ᠎ᠠ᠎ᠶ᠋ᠢᠨ ᠶᠡᠷᠦᠩᠬᠡᠢᠯᠡᠭ᠌ᠴᠢ ᠺᠠᠴᠠᠲ᠋ᠥ᠋ᠷᠢᠶᠠᠨ᠂ ᠢᠷᠠᠨ᠎ᠤ ᠶᠡᠷᠦᠩᠬᠡᠢᠯᠡᠭ᠌ᠴᠢ ᠫᠸᠽᠸᠱᠺᠢᠶᠠᠨ᠂ ᠤᠮᠠᠨ ᠤ᠋ ᠰᠦᠳᠠᠨ ᠬᠠᠢᠰᠠᠢᠮ᠂ ᠢᠰᠷᠧᠯ᠎ᠦᠨ ᠶᠡᠷᠦᠩᠬᠡᠢᠯᠡᠭ᠌ᠴᠢ ᠾᠧᠷᠽᠤᠭᠧ᠂ ᠲᠦᠨᠢᠰ᠎ᠦᠨ ᠶᠡᠷᠦᠩᠬᠡᠢᠯᠡᠭ᠌ᠴᠢ ᠰᠠᠢᠳ᠋ᠧ᠂ ᠠᠦ᠋ᠰᠲ᠋ᠷᠢᠶ᠎ᠠ᠎ᠶ᠋ᠢᠨ ᠶᠡᠷᠦᠩᠬᠡᠢᠯᠡᠭ᠌ᠴᠢ ᠸᠠᠨᠳ᠋ᠧᠷ ᠊ ᠪᠧᠯᠸᠨ᠂ ᠫᠤᠰᠨᠢᠶ᠎ᠠ ᠪᠠ ᠾᠸᠷᠽᠸᠭᠤᠸᠢ᠍ᠨᠠ ᠵᠢᠨ ᠲᠡᠷᠢᠭᠦᠯᠡᠭ᠌ᠴᠢᠳ᠎ᠦᠨ ᠪᠦᠯᠬᠦᠮ᠎ᠦᠨ ᠵᠢᠵᠢᠭᠦᠷ ᠲᠡᠷᠢᠭᠦᠯᠡᠭ᠌ᠴᠢ ᠺᠸᠮᠦᠱᠢᠴᠢ᠂ ᠺᠷᠣᠲ᠋ᠢᠶᠠᠶ᠋ᠢᠨ ᠶᠡᠷᠦᠩᠬᠡᠢᠯᠡᠭ᠌ᠴᠢ ᠮᠢᠷᠠᠨᠣᠸᠢᠴᠢ᠂ ᠹᠢᠨᠯᠠᠨᠳ᠋᠎ᠤᠨ ᠶᠡᠷᠦᠩᠬᠡᠶ ᠰᠠᠢᠳ ᠤᠷᠪᠤᠸ᠂ ᠠᠨᠲ᠋ᠢᠭᠤᠸᠠ ᠪᠠ ᠪᠠᠪᠳᠠ ᠵᠢᠨ ᠪᠦᠬᠦᠳᠡ ᠵᠢ ᠵᠠᠬᠢᠷᠤᠭ᠍ᠴᠢ ᠰᠠᠢᠳ ᠸᠢᠯᠢᠶᠠᠮᠰ᠂ ᠶᠡᠷᠦᠩᠬᠡᠶ ᠰᠠᠢᠳ ᠪᠦᠯᠠᠩ᠂ ᠪᠠᠬᠠᠮᠠᠶ᠋ᠢᠨ ᠪᠥᠬᠥᠳᠡ᠎ᠶ᠋ᠢ ᠵᠠᠬᠢᠷᠤᠭ᠍ᠴᠢ ᠰᠠᠢᠳ ᠫᠯᠠᠲ᠂ ᠶᠡᠷᠦᠩᠬᠡᠶ ᠰᠠᠢᠳ ᠳ᠋ᠠᠸᠢᠰ᠂ ᠳ᠋ᠣᠮᠢᠨᠢᠺᠠ᠎ᠶ᠋ᠢᠨ ᠶᠡᠷᠦᠩᠬᠡᠶ ᠰᠠᠢᠳ ᠰᠸᠺᠷᠢᠲ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠮᠤ ᠪᠤᠳᠠᠭ᠎ᠠ ᠲᠠᠷᠢᠶᠠᠯᠠᠩ᠎ᠤᠨ ᠵᠣᠬᠢᠶᠠᠨ ᠪᠠᠢᠭᠤᠯᠤᠯᠲᠠ᠎ᠶ᠋ᠢᠨ ᠶᠡᠷᠦᠩᠬᠡᠶ ᠠᠵᠢᠯᠯᠠᠭ᠍ᠴᠢ ᠴᠢᠦᠶ ᠳ᠋ᠦᠩ ᠢᠦᠶ᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠨᠠᠷᠢᠨ ᠪᠢᠴᠢᠭ᠎ᠦᠨ ᠳᠠᠷᠤᠭ᠎ᠠ ᠶᠸᠷᠮᠸᠢ᠌ᠺᠪᠠᠶ᠍ᠸᠹ ᠪᠠᠰᠠ ᠲᠡᠷᠢᠭᠦᠯᠡᠭ᠌ᠴᠢ ᠰᠢ ᠵᠢᠨ ᠫᠢᠩ᠎ᠳᠦ ᠴᠠᠬᠢᠯᠭᠠᠨ ᠴᠢᠮᠡᠭᠡ ᠶᠠᠪᠤᠭᠤᠯᠤᠭ᠍ᠰᠠᠨ ᠪᠤᠶᠤ ᠵᠠᠬᠢᠳᠠᠯ ᠢᠯᠡᠭᠡᠵᠦ᠍ ᠴᠠᠭᠠᠨ ᠰᠠᠷ᠎ᠠ᠎ᠶ᠋ᠢᠨ ᠵᠥᠩᠨᠡᠯ ᠳᠡᠪᠱᠢᠭᠦᠯᠵᠦ᠂ ᠳᠤᠮᠳᠠᠳᠤ ᠤᠯᠤᠰ᠎ᠤᠨ ᠠᠷᠠᠳ ᠲᠦᠮᠡᠨ ᠠᠵᠠ ᠵᠢᠷᠭᠠᠯ᠎ᠲᠠᠶ ᠠᠮᠤᠷ ᠠᠮᠤᠭᠤᠯᠠᠩ ᠪᠠᠢᠬᠤ᠎ᠶ᠋ᠢ ᠬᠦᠰᠡᠵᠦ᠂ ᠳᠤᠮᠳᠠᠳᠤ ᠤᠯᠤᠰ ᠲᠠᠰᠤᠷᠠᠯᠲᠠ ᠦᠭᠡᠢ ᠴᠡᠴᠡᠭ᠌ᠯᠡᠨ ᠬᠥᠭ᠌ᠵᠢᠬᠦ᠌᠎ᠶ᠋ᠢ ᠵᠥᠩᠨᠡᠪᠡ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 16 ᠤ᠋ ᠴᠠᠬᠢᠯᠭᠠᠨ ᠮᠡᠳᠡᠭᠡ)