ᠴᠠᠭᠠᠨ ᠰᠠᠷ᠎ᠠ ᠶ᠋ᠢᠨ ᠬᠤᠭᠤᠴᠠᠭᠠᠨ ᠤ᠋ ᠵᠠᠬ᠎ᠠ ᠳᠡᠯᠭᠡᠭᠦᠷ ᠤ᠋ᠨ ᠬᠠᠨᠭᠭᠠᠯᠭ᠎ᠠ ᠵᠢ ᠪᠠᠲᠤᠯᠠᠵᠤ ᠶᠠᠰᠤ ᠴᠢᠨᠠᠷ ᠢ᠋ ᠲᠤᠬᠲᠠᠪᠤᠷᠢᠵᠢᠭᠤᠯᠬᠤ ᠠᠵᠢᠯ ᠢ᠋ ᠰᠠᠢᠲᠤᠷ ᠬᠢᠬᠦ ᠶ᠋ᠢᠨ ᠲᠦᠯᠦᠭᠡ᠂ ᠤᠢᠷ᠎ᠠ ᠳ᠋ᠤ᠂ ᠪᠦᠬᠦ ᠤᠷᠤᠨ ᠤ᠋ ᠡᠯ᠎ᠡ ᠭᠠᠵᠠᠷ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠤ᠋ᠳ ᠬᠡᠷᠡᠭ᠌ᠯᠡᠭᠡᠨ ᠤ᠋ ᠬᠠᠯᠠᠮᠱᠢᠯ ᠠᠰᠠᠭᠤᠳᠠᠯ ᠳ᠋ᠤ ᠠᠩᠬᠠᠷᠤᠯ ᠢ᠋ᠶ᠋ᠡᠨ ᠲᠥᠪᠯᠡᠷᠡᠭᠦᠯᠦᠨ᠂ ᠬᠢᠨᠠᠯᠲᠠ ᠪᠠᠢᠴᠠᠭᠠᠯᠲᠠ ᠵᠢ ᠦᠷᠭᠦᠯᠵᠢᠯᠡᠨ ᠥᠷᠨᠢᠭᠦᠯᠵᠦ᠍᠂ ᠵᠠᠬ᠎ᠠ ᠳᠡᠯᠭᠡᠭᠦᠷ ᠤ᠋ᠨ ᠡᠮᠬᠢ ᠵᠢᠷᠤᠮ ᠢ᠋ ᠵᠢᠷᠤᠮᠵᠢᠭᠤᠯᠵᠤ᠂ ᠠᠷᠠᠳ ᠣᠯᠠᠨ ᠤ᠋ ᠴᠠᠭᠠᠨ ᠰᠠᠷ᠎ᠠ ᠶ᠋ᠢᠨ ᠬᠤᠭᠤᠴᠠᠭᠠᠨ ᠤ᠋ ᠰᠠᠨᠠᠭ᠎ᠠ ᠠᠮᠤᠷ ᠬᠡᠷᠡᠭ᠌ᠯᠡᠭᠡ ᠵᠢ ᠰᠠᠢᠲᠤᠷ ᠪᠠᠲᠤᠯᠠᠵᠤ ᠪᠠᠢᠨ᠎ᠠ᠃
ᠬᠥᠬᠡᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠲᠣᠮᠣ ᠬᠡᠯᠪᠡᠷᠢ ᠶ᠋ᠢᠨ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠬᠡᠯᠬᠢᠶᠡᠵᠢᠭᠰᠡᠨ ᠬᠣᠭᠣᠯᠠᠨ ᠬᠡᠷ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ᠂ ᠴᠢᠬᠤᠯᠠ ᠠᠷᠠᠳ ᠤ᠋ᠨ ᠠᠮᠢᠳᠤᠷᠠᠯ ᠤ᠋ᠨ ᠲᠠᠸᠠᠷ᠂ ᠪᠢᠲᠡᠭᠦᠨ ᠤ᠋ ᠬᠣᠭᠣᠯᠠ ᠵᠡᠷᠭᠡ ᠭᠤᠤᠯᠳᠠᠯᠭ᠎ᠠ ᠲᠠᠢ ᠬᠦᠷᠢᠶᠡᠨ ᠳ᠋ᠤ ᠦᠨ᠎ᠡ ᠬᠠᠩᠰᠢ ᠶ᠋ᠢᠨ ᠪᠠᠢᠴᠠᠭᠠᠯᠲᠠ ᠬᠢᠪᠡ᠃ ᠪᠤᠭᠤᠲᠤ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠪᠥᠬᠥ᠌ ᠬᠣᠲᠠ ᠶ᠋ᠢᠨ ᠡᠯ᠎ᠡ ᠶᠡᠬᠡ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠵᠠᠬ᠎ᠠ ᠳᠡᠯᠭᠡᠭᠦᠷ ᠲᠦ᠍ ᠭᠦᠨᠵᠡᠭᠡᠢᠷᠡᠨ ᠲᠤᠰᠭᠠᠶ ᠪᠠᠢᠴᠠᠭᠠᠯᠲᠠ ᠥᠷᠨᠢᠭᠦᠯᠵᠦ᠍᠂ ᠦᠨ᠎ᠡ ᠬᠠᠩᠰᠢ ᠵᠢ ᠢᠯᠡ ᠬᠠᠳᠠᠬᠰᠠᠨ ᠦᠭᠡᠢ᠂ ᠬᠡᠮᠵᠢᠯᠲᠡ ᠳ᠋ᠤ ᠬᠡᠮ ᠬᠢᠬᠦ ᠵᠡᠷᠭᠡ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ ᠵᠢ ᠴᠢᠩᠭ᠎ᠠ ᠪᠠᠢᠴᠠᠭᠠᠪᠠ᠃ ᠬᠥᠯᠥᠨ ᠪᠣᠢᠷ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠪᠠᠶᠠᠷ ᠤ᠋ᠨ ᠡᠳᠦᠷ ᠤ᠋ᠨ ᠪᠣᠷᠣᠯᠠᠭᠤᠯᠭ᠎ᠠ ᠰᠠᠢᠲᠠᠶ ᠦᠶ᠋ᠯᠡᠳᠬᠦᠨ ᠤ᠋ ᠲᠥᠷᠥᠯ ᠢ᠋ ᠴᠢᠩᠭ᠎ᠠ ᠠᠩᠬᠠᠷᠴᠤ᠌᠂ ᠮᠢᠬᠠᠨ ᠤ᠋ ᠵᠦᠶ᠋ᠯ ᠤ᠋ᠨ ᠬᠢᠵᠢᠭ ᠪᠠᠢᠴᠠᠭᠠᠭ᠍ᠰᠠᠨ ᠭᠡᠷᠡᠴᠢ᠂ ᠪᠠᠷᠠᠭ᠎ᠠ ᠣᠷᠣᠭᠤᠯᠬᠤ ᠳ᠋ᠠᠭᠠᠨ ᠪᠠᠢᠴᠠᠭᠠᠨ ᠱᠢᠯᠭᠠᠭ᠍ᠰᠠᠨ ᠵᠢᠴᠢ ᠦᠨᠡᠮᠯᠡᠯ ᠪᠠᠷᠢᠮᠲᠠ ᠠᠪᠬᠤ ᠵᠢ ᠨᠠᠢᠳᠠᠪᠤᠷᠢᠵᠢᠭᠤᠯᠤᠭ᠍ᠰᠠᠨ ᠪᠠᠢᠳᠠᠯ ᠢ᠋ ᠭᠤᠤᠯᠳᠠᠯᠭ᠎ᠠ ᠲᠠᠢ ᠬᠢᠨᠠᠨ ᠪᠠᠢᠴᠠᠭᠠᠪᠠ᠃ ᠬᠢᠩᠭᠠᠨ ᠠᠢᠮᠠᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠬᠡᠲᠦ ᠳᠡᠯᠭᠡᠭᠦᠷ᠂ ᠬᠦᠶ᠋ᠲᠡᠨ ᠬᠥᠮᠥᠷᠭᠡ ᠵᠡᠷᠭᠡ ᠲᠠᠯᠠᠪᠤᠷ ᠲᠦ᠍ ᠭᠦᠨᠵᠡᠭᠡᠢᠷᠡᠨ ᠢᠳᠡᠭᠡᠨ ᠤ᠋ ᠠᠮᠤᠷ ᠲᠦᠪᠱᠢᠨ ᠤ᠋ ᠪᠠᠢᠴᠠᠭᠠᠯᠲᠠ ᠥᠷᠨᠢᠭᠦᠯᠪᠡ᠃ ᠲᠦᠩᠯᠢᠶᠣᠤ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠬᠤᠸᠠᠷ ᠫᠤᠤᠵᠢᠩ ᠤ᠋ᠨ ᠦᠢᠯᠡᠳᠬᠦᠨ ᠤ᠋ ᠶᠠᠰᠤ ᠴᠢᠨᠠᠷ ᠤ᠋ᠨ ᠠᠮᠤᠷ ᠲᠦᠪᠰᠢᠨ ᠤ᠋ ᠲᠤᠰᠭᠠᠶ ᠪᠠᠢᠴᠠᠭᠠᠯᠲᠠ ᠥᠷᠨᠢᠭᠦᠯᠪᠡ᠃ ᠤᠯᠠᠭᠠᠨᠬᠠᠳᠠ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠪᠥᠬᠥ᠌ ᠬᠣᠲᠠ ᠶ᠋ᠢᠨ ᠬᠡᠪᠴᠢᠶᠡᠨ ᠳ᠋ᠤ 40 ᠡᠳᠦᠷ ᠤ᠋ᠨ ᠬᠤᠭᠤᠴᠠᠭ᠎ᠠ ᠲᠠᠢ ᠪᠠᠶᠠᠷ ᠤ᠋ᠨ ᠡᠳᠦᠷ ᠤ᠋ᠨ ᠵᠠᠬ᠎ᠠ ᠳᠡᠯᠭᠡᠭᠦᠷ ᠤ᠋ᠨ ᠢᠳᠡᠭᠡᠨ ᠤ᠋ ᠠᠮᠤᠷ ᠲᠦᠪᠱᠢᠨ ᠤ᠋ ᠶᠡᠬᠡ ᠪᠠᠢᠴᠠᠭᠠᠯᠲᠠ ᠥᠷᠨᠢᠭᠦᠯᠵᠡᠢ᠃
ᠱᠢᠯᠢ ᠶ᠋ᠢᠨ ᠭᠤᠤᠯ ᠠᠢᠮᠠᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠪᠠᠶᠠᠷ ᠤ᠋ᠨ ᠡᠳᠦᠷ ᠡᠴᠡ ᠡᠮᠦᠨᠡᠬᠢ ᠭᠦᠶ᠋ᠯᠭᠡᠭᠡᠨ ᠤ᠋ ᠭᠣᠭ᠍ᠴᠣᠭᠠ ᠶ᠋ᠢᠨ ᠲᠤᠰᠭᠠᠶ ᠪᠠᠢᠴᠠᠭᠠᠯᠲᠠ ᠥᠷᠨᠢᠭᠦᠯᠪᠡ᠃ ᠤᠯᠠᠭᠠᠨᠴᠠᠪ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠮᠢᠬᠠᠨ ᠢᠳᠡᠭᠡᠨ᠂ ᠴᠠᠭᠠᠨ ᠢᠳᠡᠭᠡᠨ᠂ ᠢᠳᠡᠱᠢᠨ ᠤ᠋ ᠲᠣᠰᠣ ᠵᠡᠷᠭᠡᠪᠡᠷ ᠭᠤᠤᠯ ᠲᠥᠷᠥᠯ ᠵᠦᠶ᠋ᠯ ᠪᠣᠯᠭᠠᠵᠤ ᠪᠥᠬᠥ᠌ ᠲᠠᠯ᠎ᠠ ᠪᠡᠷ ᠬᠢᠨᠠᠨ ᠪᠠᠢᠴᠠᠭᠠᠪᠠ᠃ ᠣᠷᠳᠣᠰ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠠᠷᠠᠳ ᠤ᠋ᠨ ᠠᠮᠢᠳᠤᠷᠠᠯ ᠤ᠋ᠨ ᠴᠢᠬᠤᠯᠠ ᠲᠠᠸᠠᠷ ᠤ᠋ᠨ ᠦᠨ᠎ᠡ ᠬᠠᠩᠰᠢ ᠵᠢ ᠬᠢᠨᠠᠨ ᠪᠠᠢᠴᠠᠭᠠᠬᠤ ᠬᠢᠭᠡᠳ ᠬᠢᠨᠠᠨ ᠬᠠᠮᠢᠶᠠᠷᠬᠤ ᠪᠠᠨ ᠦᠷᠭᠦᠯᠵᠢᠯᠡᠨ ᠴᠢᠩᠭᠠᠳᠭᠠᠪᠠ᠃ ᠪᠠᠶᠠᠨᠨᠠᠭᠤᠷ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠪᠥᠬᠥ᠌ ᠣᠷᠣᠨ ᠪᠦᠰᠡ ᠳ᠋ᠤ ᠦᠨ᠎ᠡ ᠬᠠᠩᠰᠢ ᠵᠢ ᠲᠣᠭ᠍ᠲᠠᠪᠤᠷᠢᠵᠢᠭᠤᠯᠤᠨ ᠶᠠᠰᠤ ᠴᠢᠨᠠᠷ ᠢ᠋ ᠪᠠᠲᠤᠯᠠᠬᠤ ᠲᠤᠰᠭᠠᠶ ᠵᠠᠰᠠᠯᠲᠠ ᠥᠷᠨᠢᠭᠦᠯᠪᠡ᠃ ᠦᠬᠠᠶ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠬᠠᠯᠠᠮᠱᠢᠯ ᠢᠳᠡᠭᠡᠨ ᠤᠮᠳᠠᠭᠠᠨ ᠤ᠋ ᠨᠢᠭᠡᠴᠢ ᠶ᠋ᠢᠨ ᠲᠣᠭᠣᠭᠠᠨ ᠬᠡᠷ ᠤ᠋ᠨ ᠠᠵᠢᠯᠯᠠᠬᠤ ᠲᠣᠭᠣᠷᠢᠭ᠂ ᠢᠳᠡᠭᠡᠨ ᠤ᠋ ᠮᠠᠲ᠋ᠧᠷᠢᠶᠠᠯ ᠤ᠋ᠨ ᠬᠠᠳᠠᠭᠠᠯᠠᠯᠲᠠ ᠶ᠋ᠢᠨ ᠲᠠᠰᠤᠭ᠂ ᠬᠣᠭᠣᠯᠠᠨ ᠤ᠋ ᠰᠠᠪᠠ ᠬᠡᠷᠡᠭ᠌ᠰᠡᠯ ᠢ᠋ ᠠᠷᠢᠭᠤᠳᠭᠠᠬᠤ ᠲᠣᠭᠣᠷᠢᠭ ᠵᠡᠷᠭᠡ ᠵᠠᠩᠭᠢᠯᠠᠭ᠎ᠠ ᠶ᠋ᠢᠨ ᠴᠡᠭᠲᠦ᠍ ᠢᠳᠡᠭᠡᠨ ᠤ᠋ ᠠᠮᠤᠷ ᠲᠦᠪᠱᠢᠨ ᠤ᠋ ᠬᠡᠮ ᠰᠣᠭᠣᠭ ᠢ᠋ ᠪᠥᠬᠥ᠌ ᠲᠠᠯ᠎ᠠ ᠪᠡᠷ ᠵᠢᠭ᠍ᠰᠠᠭᠠᠨ ᠪᠠᠢᠴᠠᠭᠠᠪᠠ᠃ ᠠᠯᠠᠱᠠ ᠠᠢᠮᠠᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠢᠳᠡᠭᠡᠨ ᠤ᠋ ᠦᠶ᠋ᠯᠡᠳᠪᠦᠷᠢᠯᠡᠯ᠂ ᠢᠳᠡᠭᠡᠨ ᠤ᠋ ᠭᠦᠶ᠋ᠯᠭᠡᠭᠡ᠂ ᠢᠳᠡᠭᠡᠨ ᠤᠮᠳᠠᠭᠠᠨ ᠵᠡᠷᠭᠡ ᠭᠤᠷᠪᠠᠨ ᠲᠠᠯ᠎ᠠ ᠳ᠋ᠤ ᠪᠠᠢᠴᠠᠭᠠᠯᠲᠠ ᠬᠢᠵᠦ᠍᠂ ᠴᠠᠭᠠᠨ ᠰᠠᠷ᠎ᠠ ᠶ᠋ᠢᠨ ᠬᠤᠭᠤᠴᠠᠭᠠᠨ ᠳ᠋ᠡᠬᠢ ᠢᠳᠡᠭᠡᠨ ᠤ᠋ ᠠᠮᠤᠷ ᠲᠦᠪᠱᠢᠨ ᠤ᠋ ᠬᠢᠨᠠᠯᠲᠠ ᠬᠠᠮᠢᠶᠠᠷᠤᠯᠲᠠ ᠶ᠋ᠢᠨ ᠠᠵᠢᠯ ᠢ᠋ ᠯᠠᠪᠳᠠᠭᠤᠨ ᠪᠠᠲᠤᠲᠠᠶ ᠰᠠᠢᠲᠤᠷ ᠬᠢᠵᠦ᠍ ᠪᠠᠢᠨ᠎ᠠ᠃