ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ᠂ ᠮᠠᠨ ᠤ᠋ ᠤᠷᠤᠨ ᠤ᠋ 15 ᠭᠠᠵᠠᠷ 2026 ᠣᠨ ᠤ᠋ ᠪᠥᠬᠥ᠌ ᠤᠯᠤᠰ ᠤ᠋ᠨ 《ᠳᠥᠷᠪᠡᠨ ᠤᠯᠠᠷᠢᠯ ᠤ᠋ᠨ ᠲᠣᠰᠭᠣᠨ ᠤ᠋ ᠦᠳᠡᠰᠢᠯᠡᠬᠡ》 ᠶ᠋ᠢᠨ ᠭᠤᠤᠯ ᠬᠤᠷᠠᠯ ᠤ᠋ᠨ ᠲᠠᠯᠠᠪᠠᠶ ᠪᠠ ᠵᠢᠱ᠌ᠢᠶ᠎ᠡ ᠦᠵᠡᠭᠦᠯᠬᠦ᠌ ᠴᠡᠭ ᠵᠢᠡᠷ ᠰᠣᠩᠭᠣᠭ᠍ᠳᠠᠪᠠ᠃
ᠤᠯᠠᠭᠠᠨᠴᠠᠪ ᠬᠣᠲᠠ ᠶ᠋ᠢᠨ ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ ᠤ᠋ ᠹᠧᠩ ᠢᠦᠶ ᠠᠮᠢ ᠠᠬᠤᠶ ᠶ᠋ᠢᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ᠂ ᠲᠦᠩᠯᠢᠶᠣᠤ ᠬᠣᠲᠠ ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠪᠠᠶᠠᠨᠮᠣᠳᠣ ᠰᠤᠮᠤ ᠶ᠋ᠢᠨ ᠪᠠᠶᠠᠨᠮᠣᠳᠣ ᠭᠠᠴᠠᠭ᠎ᠠ᠂ ᠤᠯᠠᠭᠠᠨᠬᠠᠳᠠ ᠬᠣᠲᠠ ᠶ᠋ᠢᠨ ᠶᠤᠸᠠᠨ ᠪᠦᠦ ᠱᠠᠨ ᠲᠣᠭᠣᠷᠢᠭ ᠤ᠋ᠨ ᠮᠤᠬᠤᠷ ᠭᠤᠤᠯ ᠪᠠᠯᠭᠠᠰᠤ ᠶ᠋ᠢᠨ ᠰᠢ ᠯᠢᠦ ᠵᠢᠶᠠ ᠲᠣᠰᠭᠣᠨ ᠪᠦᠬᠦ ᠤᠯᠤᠰ ᠤ᠋ᠨ 2026 ᠣᠨ ᠤ᠋ 《ᠴᠠᠭᠠᠨ ᠰᠠᠷ᠎ᠠ ᠶ᠋ᠢᠨ ᠲᠣᠰᠭᠣᠨ ᠤ᠋ ᠦᠳᠡᠰᠢᠯᠡᠬᠡ》 ᠶ᠋ᠢᠨ ᠵᠢᠱ᠌ᠢᠶ᠎ᠡ ᠦᠵᠡᠭᠦᠯᠬᠦ᠌ ᠴᠡᠭ ᠢ᠋ᠶ᠋ᠡᠷ ᠰᠣᠩᠭᠣᠭ᠍ᠳᠠᠪᠠ; ᠬᠥᠬᠡᠬᠣᠲᠠ ᠶ᠋ᠢᠨ ᠱᠢᠨ᠎ᠡ ᠬᠣᠲᠠ ᠲᠣᠭᠣᠷᠢᠭ ᠤ᠋ᠨ ᠳᠠᠯᠠᠨ ᠬᠠᠷ᠎ᠠ ᠵᠡᠭᠡᠯᠢ ᠭᠤᠳᠤᠮᠵᠢ ᠶ᠋ᠢᠨ ᠤᠯᠠᠭᠠᠨᠴᠠᠪ ᠲᠣᠰᠭᠣᠨ᠂ ᠬᠢᠩᠭᠠᠨ ᠠᠢᠮᠠᠭ ᠤ᠋ᠨ ᠤᠯᠠᠭᠠᠨᠬᠣᠲᠠ ᠶ᠋ᠢᠨ ᠭᠡᠭᠡᠨ ᠰᠦᠮ᠎ᠡ ᠪᠠᠯᠭᠠᠰᠤ ᠶ᠋ᠢᠨ ᠬᠥᠭ᠌ᠵᠢᠯ ᠭᠠᠴᠠᠭ᠎ᠠ᠂ ᠲᠦᠩᠯᠢᠶᠣᠤ ᠬᠣᠲᠠ ᠶ᠋ᠢᠨ ᠵᠠᠷᠤᠳ ᠬᠣᠱᠢᠭᠤᠨ ᠤ᠋ ᠭᠠᠬᠠᠢᠲᠤ ᠪᠠᠯᠭᠠᠰᠤ ᠶ᠋ᠢᠨ ᠭᠠᠬᠠᠢᠲᠤ ᠲᠣᠰᠭᠣᠨ ᠪᠦᠬᠦ ᠤᠯᠤᠰ ᠤ᠋ᠨ 2026 ᠣᠨ ᠤ᠋ 《ᠬᠠᠪᠤᠷ ᠤ᠋ᠨ ᠤᠯᠠᠷᠢᠯ ᠤ᠋ᠨ ᠲᠣᠰᠭᠣᠨ ᠤ᠋ ᠦᠳᠡᠰᠢᠯᠡᠬᠡ》 ᠶ᠋ᠢᠨ ᠵᠢᠱ᠌ᠢᠶ᠎ᠡ ᠦᠵᠡᠭᠦᠯᠬᠦ᠌ ᠴᠡᠭ ᠢ᠋ᠶ᠋ᠡᠷ ᠰᠣᠩᠭᠣᠭ᠍ᠳᠠᠪᠠ; ᠬᠥᠯᠥᠨ ᠪᠣᠢᠷ ᠬᠣᠲᠠ ᠶ᠋ᠢᠨ ᠱᠢᠨ᠎ᠡ ᠪᠠᠷᠭᠤ ᠪᠠᠷᠠᠭᠤᠨ ᠬᠣᠱᠢᠭᠤᠨ ᠤ᠋ ᠠᠯᠲᠠᠠᠡᠮᠡᠭᠡᠯ ᠪᠠᠯᠭᠠᠰᠤ᠂ ᠣᠷᠳᠣᠰ ᠬᠣᠲᠠ ᠶ᠋ᠢᠨ ᠣᠲᠣᠭ ᠤ᠋ᠨ ᠡᠮᠦᠨᠡᠲᠦ ᠬᠣᠱᠢᠭᠤᠨ ᠤ᠋ ᠨᠠᠩᠰᠤ ᠪᠠᠯᠭᠠᠰᠤ᠂ ᠱᠢᠯᠢ ᠶ᠋ᠢᠨ ᠭᠤᠤᠯ ᠠᠢᠮᠠᠭ ᠤ᠋ᠨ ᠱᠢᠯᠢᠩᠬᠣᠲᠠ ᠶ᠋ᠢᠨ ᠨᠠᠭᠠᠳᠤᠮ ᠤ᠋ᠨ ᠵᠠᠩ ᠦᠶ᠋ᠯᠡ ᠶ᠋ᠢᠨ ᠬᠦᠷᠢᠶᠡᠯᠡᠩ ᠪᠦᠬᠦ ᠤᠯᠤᠰ ᠤ᠋ᠨ 2026 ᠣᠨ ᠤ᠋ 《ᠵᠣᠨ ᠤ᠋ ᠤᠯᠠᠷᠢᠯ ᠤ᠋ᠨ ᠲᠣᠰᠭᠣᠨ ᠤ᠋ ᠦᠳᠡᠰᠢᠯᠡᠬᠡ》 ᠶ᠋ᠢᠨ ᠵᠢᠱ᠌ᠢᠶ᠎ᠡ ᠦᠵᠡᠭᠦᠯᠬᠦ᠌ ᠴᠡᠭ ᠢ᠋ᠶ᠋ᠡᠷ ᠰᠣᠩᠭᠣᠭ᠍ᠳᠠᠪᠠ; ᠬᠥᠯᠥᠨ ᠪᠣᠢᠷ ᠬᠣᠲᠠ ᠶ᠋ᠢᠨ ᠮᠣᠷᠢᠨᠳᠠᠪᠠᠭ᠎ᠠ ᠳᠠᠭᠤᠷ ᠦᠨᠳᠦᠰᠦᠲᠡᠨ ᠤ᠋ ᠥᠪᠡᠷᠲᠡᠭᠡᠨ ᠵᠠᠰᠠᠬᠤ ᠬᠣᠱᠢᠭᠤᠨ ᠤ᠋ ᠨᠢᠷᠬᠢ ᠪᠠᠯᠭᠠᠰᠤ ᠵᠢᠨ ᠰᠤᠷᠳᠠᠯ ᠨᠡᠢᠭᠡᠮ ᠲᠣᠭᠣᠷᠢᠭ᠂ ᠣᠷᠳᠣᠰ ᠬᠣᠲᠠ ᠶ᠋ᠢᠨ ᠣᠲᠣᠭ ᠬᠣᠱᠢᠭᠤᠨ ᠤ᠋ ᠰᠦᠮᠡᠳᠦ ᠰᠤᠮᠤ ᠶ᠋ᠢᠨ ᠮᠠᠰᠢᠬᠠᠶ ᠭᠠᠴᠠᠭ᠎ᠠ᠂ ᠤᠯᠠᠭᠠᠨᠬᠠᠳᠠ ᠬᠣᠲᠠ ᠶ᠋ᠢᠨ ᠰᠦᠩᠱᠠᠨ ᠲᠣᠭᠣᠷᠢᠭ ᠤ᠋ᠨ ᠴᠢᠳᠬᠤᠯᠠᠩ ᠪᠠᠯᠭᠠᠰᠤ ᠵᠢᠨ ᠹᠦ᠋ ᠱᠠᠨ ᠵᠤᠸᠠᠩ ᠲᠣᠰᠭᠣᠨ ᠪᠦᠬᠦ ᠤᠯᠤᠰ ᠤ᠋ᠨ 2026 ᠣᠨ ᠤ᠋ 《ᠨᠠᠮᠤᠷ ᠤ᠋ᠨ ᠤᠯᠠᠷᠢᠯ ᠤ᠋ᠨ ᠲᠣᠰᠭᠣᠨ ᠤ᠋ ᠦᠳᠡᠰᠢᠯᠡᠬᠡ》 ᠶ᠋ᠢᠨ ᠵᠢᠱ᠌ᠢᠶ᠎ᠡ ᠦᠵᠡᠭᠦᠯᠬᠦ᠌ ᠴᠡᠭ ᠢ᠋ᠶ᠋ᠡᠷ ᠰᠣᠩᠭᠣᠭ᠍ᠳᠠᠪᠠ; ᠪᠤᠭᠤᠲᠤ ᠬᠣᠲᠠ ᠶ᠋ᠢᠨ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤᠨ ᠤ᠋ ᠦᠬᠡᠷ ᠬᠤᠳᠳᠤᠭ ᠪᠠᠯᠭᠠᠰᠤ ᠵᠢᠨ ᠲᠤᠤ ᠮᠠ ᠭᠸᠦ ᠲᠣᠰᠭᠣᠨ᠂ ᠪᠠᠶᠠᠨᠨᠠᠭᠤᠷ ᠬᠣᠲᠠ ᠶ᠋ᠢᠨ ᠯᠢᠨᠾᠧ ᠲᠣᠭᠣᠷᠢᠭ ᠤ᠋ᠨ ᠹᠦ᠋ ᠴᠢᠶᠠᠩ ᠲᠣᠰᠭᠣᠨ᠂ ᠬᠥᠯᠥᠨ ᠪᠣᠢᠷ ᠬᠣᠲᠠ ᠶ᠋ᠢᠨ ᠭᠡᠭᠡᠨ ᠭᠤᠤᠯ ᠬᠣᠲᠠ ᠶ᠋ᠢᠨ ᠣᠯᠭᠣᠶ᠎ᠠ ᠡᠸᠡᠩᠬᠢ ᠦᠨᠳᠦᠰᠦᠲᠡᠨ ᠤ᠋ ᠱᠢᠶᠠᠩ ᠪᠦᠬᠦ ᠤᠯᠤᠰ ᠤ᠋ᠨ 2026 ᠣᠨ ᠤ᠋ 《ᠡᠪᠦᠯ ᠤ᠋ᠨ ᠤᠯᠠᠷᠢᠯ ᠤ᠋ᠨ ᠲᠣᠰᠭᠣᠨ ᠤ᠋ ᠦᠳᠡᠰᠢᠯᠡᠬᠡ》 ᠶ᠋ᠢᠨ ᠵᠢᠱ᠌ᠢᠶ᠎ᠡ ᠦᠵᠡᠭᠦᠯᠬᠦ᠌ ᠴᠡᠭ ᠵᠢᠡᠷ ᠰᠣᠩᠭᠣᠭ᠍ᠳᠠᠪᠠ᠃
ᠤᠢᠯᠠᠭᠠᠭᠰᠠᠨ ᠵᠢᠡᠷ᠂ ᠡᠳᠡᠭᠡᠷ 15 ᠭᠠᠵᠠᠷ ᠨᠢ 《ᠣᠯᠠᠨ ᠲᠦᠮᠡᠨ ᠣᠷᠣᠯᠴᠠᠭ᠍ᠰᠠᠨ᠂ ᠣᠨᠴᠠᠯᠢᠭ ᠲᠣᠪᠣᠢᠮ᠎ᠠ᠂ ᠬᠢᠯᠠᠰ ᠴᠡᠭ ᠵᠠᠯᠭᠠᠭ᠎ᠠ ᠪᠠᠷ ᠢᠯᠡᠷᠡᠭ᠌ᠰᠡᠨ》 ᠰᠣᠶᠣᠯ ᠢ᠋ᠶ᠋ᠠᠷ ᠠᠷᠠᠳ ᠲᠦ᠍ ᠠᠱᠢᠭ ᠬᠦᠷᠲᠡᠭᠡᠬᠦ᠌ ᠱᠢᠨ᠎ᠡ ᠪᠠᠢᠷᠢᠱᠢᠯ ᠢ᠋ ᠢᠯᠡᠷᠡᠭᠦᠯᠵᠦ᠍᠂ ᠱᠢᠨ᠎ᠡ ᠴᠠᠭ ᠦᠶ᠎ᠡ ᠶ᠋ᠢᠨ ᠮᠠᠯᠵᠢᠬᠤ ᠲᠠᠷᠢᠶᠠᠯᠠᠬᠤ ᠣᠷᠣᠨ ᠤ᠋ ᠣᠶᠤᠨ ᠤ᠋ ᠪᠣᠯᠪᠠᠰᠤᠨ ᠤ᠋ ᠪᠠᠢᠭᠤᠯᠤᠯᠲᠠ ᠶ᠋ᠢᠨ ᠱᠢᠨ᠎ᠡ ᠳᠦᠷᠰᠦ ᠪᠠᠢᠳᠠᠯ ᠢ᠋ ᠬᠠᠷᠠᠭᠤᠯᠵᠤ᠂ ᠮᠠᠨ ᠤ᠋ ᠣᠷᠣᠨ ᠤ᠋ 《ᠲᠣᠰᠭᠣᠨ ᠤ᠋ ᠦᠳᠡᠰᠢᠯᠡᠬᠡ》 ᠶ᠋ᠢᠨ ᠠᠵᠢᠯᠯᠠᠭ᠎ᠠ ᠬᠡᠪᠱᠢᠭ᠌ᠰᠡᠨ᠂ ᠲᠥᠷᠥᠯ ᠲᠡᠮᠳᠡᠭ᠌ᠵᠢᠭ᠌ᠰᠡᠨ ᠪᠠᠢᠭᠤᠯᠤᠯᠲᠠ ᠶ᠋ᠢᠨ ᠲᠠᠯ᠎ᠠ ᠪᠠᠷ ᠱᠢᠨ᠎ᠡ ᠳᠡᠭ᠌ᠲᠡᠷ ᠲᠦ᠍ ᠭᠠᠷᠤᠭ᠍ᠰᠠᠨ ᠢ᠋ ᠬᠠᠷᠠᠭᠤᠯᠵᠤ ᠪᠠᠢᠨ᠎ᠠ᠃ ᠣᠢᠷ᠎ᠠ ᠶ᠋ᠢᠨ ᠵᠢᠯ ᠤ᠋ᠨ ᠲᠤᠷᠰᠢ᠂ ᠮᠠᠨ ᠤ᠋ ᠣᠷᠣᠨ ᠴᠢᠨᠠᠷ ᠰᠠᠢᠲᠠᠶ ᠰᠣᠶᠣᠯ ᠤ᠋ᠨ ᠡᠬᠢ ᠪᠠᠶᠠᠯᠢᠭ ᠢ᠋ ᠦᠨᠳᠦᠰᠦᠨ ᠱᠠᠲᠤᠨ ᠳ᠋ᠦ ᠱᠢᠭᠤᠳ ᠬᠦᠷᠭᠡᠬᠦ᠌ ᠲᠣᠭ᠍ᠲᠠᠴᠠ ᠵᠢ ᠲᠠᠰᠤᠷᠠᠯᠲᠠ ᠥᠬᠡᠶ ᠪᠦᠷᠢᠨᠱᠢᠭᠦᠯᠵᠦ᠍᠂ 《ᠮᠠᠯᠴᠢᠨ ᠲᠠᠷᠢᠶᠠᠴᠢᠨ ᠭᠤᠤᠯ ᠳᠦᠷᠢ ᠵᠢ ᠲᠣᠭ᠍ᠯᠠᠬᠤ᠂ ᠳᠥᠷᠪᠡᠨ ᠤᠯᠠᠷᠢᠯ ᠤ᠋ᠨ ᠦᠵᠡᠮᠵᠢ ᠴᠥᠮ ᠲᠠᠢᠰᠠ ᠪᠤᠯᠬᠤ᠂ ᠵᠡᠭᠦᠨ ᠳᠤᠮᠳᠠ ᠪᠠᠷᠠᠭᠤᠨ ᠣᠷᠣᠨ ᠢ᠋ ᠪᠦᠷᠢᠨ ᠪᠥᠷᠬᠥᠭᠦᠯᠬᠦ᠌》 ᠤᠢᠯᠠᠭᠠᠭᠳᠠᠬᠤᠨ ᠢ᠋ ᠪᠠᠷᠢᠮᠲᠠᠯᠠᠨ᠂ ᠣᠯᠠᠨ ᠵᠦᠶ᠋ᠯ ᠤ᠋ᠨ ᠠᠷᠭ᠎ᠠ ᠬᠡᠮᠵᠢᠶ᠎ᠡ ᠵᠢ ᠵᠡᠷᠭᠡ ᠪᠡᠷ ᠬᠡᠷᠡᠭ᠌ᠯᠡᠨ ᠮᠠᠯᠴᠢᠨ ᠲᠠᠷᠢᠶᠠᠴᠢᠨ ᠤ᠋ ᠰᠣᠶᠣᠯ ᠤ᠋ᠨ ᠠᠵᠢᠯᠯᠠᠭ᠎ᠠ ᠳ᠋ᠦ ᠣᠷᠣᠯᠴᠠᠬᠤ ᠬᠠᠯᠠᠭᠤᠨ ᠰᠡᠳᠭᠢᠯᠭᠡ ᠵᠢ ᠦᠷᠭᠦᠯᠵᠢᠯᠡᠨ ᠬᠥᠭ᠌ᠵᠢᠭᠡᠵᠦ᠍᠂ ᠲᠣᠰᠭᠣᠨ ᠤ᠋ ᠦᠳᠡᠰᠢᠯᠡᠬᠡ ᠶ᠋ᠢᠨ ᠠᠵᠢᠯᠯᠠᠭ᠎ᠠ ᠵᠢ 《ᠪᠠᠶᠠᠷ ᠤ᠋ᠨ ᠡᠳᠦᠷ ᠲᠦ᠍ ᠬᠢᠵᠠᠭᠠᠷᠯᠠᠭᠳᠠᠵᠦ ᠪᠠᠢᠭᠰᠠᠨ》 ᠡᠴᠡ 《ᠪᠥᠬᠥ᠌ ᠵᠢᠯ ᠤ᠋ᠨ ᠬᠡᠪ ᠤ᠋ᠨ ᠪᠠᠢᠳᠠᠯ ᠪᠤᠯᠬᠤ》 ᠳᠠᠢᠰᠢ ᠬᠤᠪᠢᠷᠠᠭᠤᠯᠵᠦ᠂ 《ᠨᠢᠭᠡ ᠭᠠᠵᠠᠷ ᠲᠦ᠍ ᠨᠢᠭᠡ ᠦᠶ᠋ᠯᠡᠳᠬᠦᠨ ᠲᠡᠶ ᠪᠠᠢᠯᠭᠠᠵᠤ᠂ ᠳᠥᠷᠪᠡᠨ ᠤᠯᠠᠷᠢᠯ ᠳ᠋ᠦ ᠬᠡᠷᠡᠯ ᠭᠢᠯᠪᠠᠭ᠎ᠠ ᠪᠠᠨ ᠰᠠᠴᠤᠷᠠᠭᠤᠯᠬᠤ》 ᠮᠠᠯᠵᠢᠬᠤ ᠲᠠᠷᠢᠶᠠᠯᠠᠬᠤ ᠣᠷᠣᠨ ᠤ᠋ ᠰᠣᠶᠣᠯ ᠤ᠋ᠨ ᠪᠠᠢᠭᠤᠯᠤᠯᠲᠠ ᠶ᠋ᠢᠨ ᠠᠮᠢᠳᠤᠯᠢᠭ ᠪᠠᠢᠷᠢᠱᠢᠯ ᠢ᠋ ᠠᠯᠬᠤᠮ ᠠᠯᠬᠤᠮ ᠢ᠋ᠶ᠋ᠠᠷ ᠪᠦᠷᠢᠯᠳᠦᠭᠦᠯᠵᠦ᠍ ᠪᠠᠢᠨ᠎ᠠ᠃