ᠤᠷᠠᠨ ᠪᠦᠵᠢᠭ ᠤᠶᠠᠡᠭᠭᠠᠳᠤ ᠲᠠᠭᠤᠤ ᠲᠠᠢ ᠴᠠᠭᠠᠨ ᠰᠠᠷ᠎ᠠ ᠪᠠᠨ ᠤᠭᠳᠤᠨ᠎ᠠ
2026-02-18 10:32:58
ᠵᠣᠬᠢᠶᠠᠭ᠍ᠴᠢ᠄
ᠬᠠᠶ ᠵᠢᠶᠦ᠋ᠨ
ᠣᠩᠱᠢᠭ᠍ᠰᠠᠨ ᠣᠳᠠᠭ᠎ᠠ᠄
★★★☆☆

ᠮᠤᠷᠢᠨ ᠵᠢᠯ᠎ᠤᠨ ᠴᠠᠭᠠᠨ ᠰᠠᠷ᠎ᠠ ᠬᠦᠷᠴᠦ ᠢᠷᠡᠬᠦ ᠪᠡᠷ ᠱᠢᠩᠾᠧ ᠱᠢᠶᠠᠨ᠎ᠤ 2026 ᠣᠨ᠎ᠤ ᠴᠠᠭᠠᠨ ᠰᠠᠷ᠎ᠠ᠎ᠶ᠋ᠢᠨ ᠦᠳᠡᠱᠢᠯᠡᠭᠡ ᠬᠦᠭᠵᠢᠶᠠᠨ ᠨᠠᠷᠬᠢᠶᠠᠨ ᠲᠠᠢ ᠶᠠᠪᠤᠭ᠍ᠳᠠᠪᠠ᠃ ᠦᠳᠡᠱᠢᠯᠡᠭᠡ ᠨᠢ 《ᠡᠷᠴᠢ ᠵᠣᠷᠢᠭ᠎ᠢᠶᠠᠨ ᠬᠥᠪᠴᠢᠯᠡᠨ ᠦᠢᠯᠡᠰ᠎ᠢᠶᠡᠨ ᠮᠠᠨᠳᠤᠭᠤᠯᠵᠤ ᠲᠦᠭ ᠲᠦᠮᠡᠨ ᠭᠡᠷ ᠪᠦᠯᠢ ᠪᠡᠷ ᠵᠢᠡᠨ ᠡᠶ᠎ᠠ ᠨᠠᠢᠷᠲᠠᠢ ᠪᠠᠢᠬᠤ》 ᠪᠡᠷ ᠭᠣᠣᠯ ᠰᠡᠳᠦᠪ ᠪᠣᠯᠭᠠᠵᠤ᠂ ᠤᠯᠠᠮᠵᠢᠯᠠᠯᠲᠤ ᠬᠥᠭ ᠠᠶᠠᠰ ᠪᠣᠯᠤᠨ ᠴᠠᠭ ᠦᠶ᠎ᠡ᠎ᠶ᠋ᠢᠨ ᠠᠭᠤᠷ ᠠᠮᠢᠰᠭᠤᠯ᠎ᠢ ᠠᠭᠤᠰᠤᠯᠴᠠᠭᠤᠯᠵᠤ᠂ ᠪᠦᠬᠦ᠌ ᠱᠢᠶᠠᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠴᠢᠩ ᠦᠨᠡᠨᠴᠢ᠂ ᠣᠷᠭᠢᠯᠤᠮ᠎ᠠ ᠬᠠᠯᠠᠭᠤᠨ ᠰᠡᠳᠭᠢᠯᠭᠡ᠎ᠲᠡᠶ 《ᠰᠣᠶᠣᠯ᠎ᠤᠨ ᠬᠠᠮᠲᠤ᠎ᠶ᠋ᠢᠨ ᠬᠣᠭᠣᠯᠠ》 ᠵᠢ ᠠᠮᠰᠠᠭᠤᠯᠵᠤ᠂ ᠰᠡᠳᠭᠢᠯ ᠨᠢᠭᠡᠳᠦᠨ ᠦᠵᠡᠰᠭᠦᠯᠡᠩᠲᠦ ᠰᠠᠢᠬᠠᠨ ᠭᠡᠷ ᠣᠷᠣᠨ᠎ᠢᠶᠠᠨ ᠬᠠᠮᠲᠤ᠎ᠪᠠᠷ ᠪᠦᠲᠦᠭᠡᠨ ᠪᠠᠢᠭᠤᠯᠵᠤ᠂ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠠᠤᠭ᠎ᠠ ᠶᠡᠬᠡ ᠬᠦᠴᠦᠨ᠎ᠢ ᠨᠢᠭ᠍ᠲᠠᠷᠠᠭᠤᠯᠪᠠ᠃

ᠦᠳᠡᠱᠢᠯᠡᠭᠡ ᠨᠢ 《ᠴᠠᠭᠠᠨ ᠰᠠᠷ᠎ᠠ ᠠᠯᠲᠠᠨ ᠤᠨᠠᠭ᠎ᠠ  ᠲᠤᠭᠯᠠᠵᠤ ᠦᠯᠵᠡᠢ ᠬᠤᠳᠤᠭ ᠡᠷᠬᠦᠬᠦ》 ᠭᠡᠬᠦ᠌ ᠪᠠᠶᠠᠷ ᠪᠠᠶᠠᠰᠭᠤᠯᠠᠩᠲᠤ ᠡᠬᠢᠯᠡᠯᠲᠡ᠎ᠶ᠋ᠢᠨ ᠪᠥᠵᠢᠭ᠎ᠢᠶᠡᠷ ᠬᠥᠱᠢᠭᠡ᠎ᠪᠡᠨ ᠢᠷᠠᠪᠠ᠃ ᠪᠦᠬᠦᠢᠯᠡ ᠲᠣᠭ᠍ᠯᠠᠯᠲᠠ ᠨᠢ ᠭᠣᠣᠯ ᠰᠡᠳᠦᠪ᠎ᠲᠡᠶ ᠪᠠᠨ ᠨᠢᠭ᠍ᠲᠠ ᠤᠶᠠᠯᠳᠤᠵᠤ᠂ ᠳᠠᠭᠤᠤ ᠪᠥᠵᠢᠭ᠂ ᠡᠯᠬᠦᠯᠴᠡᠬᠡ ᠵᠦᠴᠦᠭᠡ᠂ ᠮᠤᠷᠢᠨ ᠬᠤᠭᠤᠷ᠎ᠤᠨ ᠠᠶ᠎ᠠ᠂ ᠦᠵᠡᠭ᠌ᠳᠡᠯᠲᠦ ᠪᠥᠵᠢᠭ᠂ ᠱᠣᠭ ᠵᠦᠴᠦᠭᠡ ᠵᠡᠷᠭᠡ ᠤᠯᠠᠨ ᠵᠦᠢᠯ᠎ᠦᠨ ᠤᠷᠠᠯᠢᠭ᠎ᠤᠨ ᠬᠡᠯᠪᠡᠷᠢ᠎ᠶ᠋ᠢ ᠲᠥᠪᠯᠡᠷᠡᠭᠦᠯᠵᠦ᠍᠂ ᠨᠤᠲᠤᠭ᠎ᠤᠨ ᠰᠣᠶᠣᠯ᠎ᠤᠨ ᠦᠨᠳᠦᠰᠦ ᠰᠤᠳᠠᠰᠤ ᠳ᠋ᠤ ᠰᠠᠭᠤᠷᠢᠯᠠᠭᠰᠠᠨ ᠵᠢᠡᠷ ᠪᠠᠷᠠᠬᠤ ᠦᠬᠡᠢ ᠪᠠᠰᠠ ᠴᠠᠭ ᠦᠶ᠎ᠡ᠎ᠶ᠋ᠢᠨ ᠡᠷᠡᠯᠬᠡᠭ᠌ᠯᠡᠨ ᠤᠷᠤᠭ᠍ᠰᠢᠯᠠᠬᠤ ᠬᠦᠴᠦᠷᠬᠡᠭ ᠲᠠᠭᠤᠨ᠎ᠢ ᠴᠢᠪᠬᠠᠳᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠬᠠᠭᠤᠴᠢᠨ ᠤ᠋ ᠵᠠᠩ ᠳᠠᠳᠭᠠᠯ᠎ᠢ ᠥᠭᠡᠷᠡᠴᠢᠯᠡᠬᠦ᠌ ᠵᠡᠷᠭᠡ ᠪᠣᠳᠠᠲᠤ ᠠᠬᠤᠢ᠎ᠶ᠋ᠢᠨ ᠰᠡᠳᠦᠪ᠎ᠲᠦ ᠠᠭᠤᠰᠤᠯᠴᠠᠵᠤ᠂ ᠰᠢᠡᠭᠾᠸ ᠵᠢᠨ ᠠᠷᠠᠳ ᠲᠦᠮᠡᠨ᠎ᠦ ᠠᠵᠢᠯᠴᠢ ᠪᠣᠷᠣᠭ᠍ᠵᠢᠭᠤᠨ᠂ ᠴᠤᠭ ᠪᠠᠳᠠᠷᠠᠩᠭᠤᠢ ᠥᠭᠡᠳᠡᠯᠡᠨ ᠲᠠᠪᠱᠢᠬ᠍ᠰᠠᠨ ᠤᠶᠤᠨ ᠰᠠᠨᠠᠭᠠᠨ᠎ᠤ ᠳᠦᠷᠰᠦ ᠪᠠᠢᠳᠠᠯ᠎ᠢ ᠠᠮᠢᠳᠤᠯᠢᠭ᠎ᠢᠶᠠᠷ ᠢᠯᠡᠷᠡᠭᠦᠯᠪᠡ᠃

《ᠬᠤᠨᠳᠠᠭᠠᠨ ᠪᠥᠵᠢᠭ᠎ᠢᠶᠡᠷ ᠴᠠᠭᠠᠨ ᠰᠠᠷ᠎ᠠ᠎ᠶ᠋ᠢᠨ ᠪᠠᠶᠠᠷ᠎ᠢ ᠪᠡᠯᠭᠡᠯᠡᠶ᠎ᠡ》 ᠬᠡᠬᠦ ᠪᠦᠵᠢᠭ ᠨᠢ ᠤᠷᠠᠨ ᠨᠠᠷᠢᠯᠢᠭ ᠤᠷ᠎ᠠ ᠮᠡᠷᠭᠡᠵᠢᠯ᠎ᠢᠶᠡᠷ ᠪᠠᠶᠠᠷ᠎ᠤᠨ ᠡᠳᠦᠷ᠎ᠦᠨ ᠪᠠᠶᠠᠷ ᠪᠠᠬᠠᠳᠤᠯ ᠪᠠ ᠠᠷᠠᠳ᠎ᠤᠨ ᠵᠠᠩ ᠦᠶ᠋ᠯᠡ᠎ᠶ᠋ᠢᠨ ᠷᠢᠳᠢ ᠱᠢᠳᠢ᠎ᠶ᠋ᠢ ᠬᠠᠷᠠᠭᠤᠯᠵᠠᠶ; 《ᠰᠤᠮᠤᠨ ᠠᠭᠤᠯᠠᠨ ᠡᠡᠭᠭᠡᠷ ᠲᠡᠬᠢ ᠬᠦᠩᠭᠡᠨ ᠮᠣᠷᠢᠲᠤ ᠴᠡᠷᠢᠭ》 ᠬᠡᠬᠦ ᠪᠥᠵᠢᠭ ᠨᠢ ᠳ᠋ᠦᠩ ᠬᠣᠩ ᠷᠦ᠋ ᠵᠢᠨ ᠤᠯᠠᠨ ᠵᠢᠯ ᠰᠤᠮᠤᠨ ᠠᠭᠤᠯᠠᠨ᠎ᠳᠤ ᠦᠨᠳᠦᠰᠦᠯᠡᠵᠦ᠍᠂ ᠮᠣᠳᠣ ᠲᠠᠷᠢᠵᠤ ᠣᠢᠵᠢᠭᠤᠯᠤᠨ  ᠠᠷᠠᠳ᠎ᠲᠤ ᠠᠱᠢᠭ ᠬᠦᠷᠲᠡᠭᠡᠭᠰᠡᠨ ᠪᠠᠷᠢᠮᠲᠠᠯᠠᠯ ᠢ᠋ ᠠᠮᠢᠳᠤᠯᠢᠭ᠎ᠢᠶᠠᠷ ᠢᠯᠡᠷᠡᠭᠦᠯᠪᠡ; ᠳᠠᠭᠤᠤ ᠪᠥᠵᠢᠭ 《ᠮᠠᠨ᠎ᠤ ᠲᠣᠰᠭᠣᠨ᠎ᠤ ᠳᠠᠭᠤᠤ》᠂ ᠡᠷᠡᠭ᠌ᠲᠡᠢ ᠡᠮᠡᠭ᠌ᠲᠡᠢ᠎ᠶ᠋ᠢᠨ ᠨᠠᠢᠷᠠᠯ ᠳᠠᠭᠤᠤ 《ᠨᠤᠲᠤᠭ᠎ᠤᠨ ᠰᠠᠢ᠌ᠨ ᠰᠠᠢᠬᠠᠨ᠎ᠢ ᠬᠠᠮᠲᠤ᠎ᠪᠠᠷ ᠵᠥᠩᠨᠡᠶ᠎ᠡ》 ᠵᠡᠷᠭᠡ ᠢᠷᠠᠭᠤ ᠰᠠᠢᠬᠠᠨ ᠲᠤᠭᠯᠠᠯᠳᠠ ᠨᠢ ᠨᠤᠲᠤᠭ ᠤᠰᠤᠨ ᠤ᠋ ᠪᠠᠨ ᠯᠤᠲᠤ ᠶᠡᠬᠡ ᠬᠤᠪᠢᠷᠠᠯᠲᠠ᠎ᠶ᠋ᠢ ᠮᠠᠭ᠍ᠲᠠᠨ ᠳᠠᠭᠤᠯᠠᠵᠠᠢ; ᠮᠣᠩᠭᠣᠯ ᠳᠠᠭᠤᠤ 《ᠰᠠᠬᠢᠨ ᠪᠠᠷᠠᠯᠠᠵᠤ ᠬᠠᠮᠳᠤ ᠎ᠳᠠᠭᠠᠨ ᠠᠶᠠᠯᠠᠶ᠎ᠠ》 ᠪᠣᠯᠤᠨ ᠮᠤᠷᠢᠨ ᠬᠤᠭᠤᠷ᠎ᠤᠨ ᠨᠠᠢᠷᠠᠯ ᠬᠥᠭ᠌ᠵᠢᠮ《ᠲᠦᠮᠡᠨ ᠠᠭ᠍ᠲᠠ᠎ᠶ᠋ᠢᠨ ᠲᠦᠪᠡᠷᠭᠡᠨ》 ᠨᠢ ᠦᠨᠳᠦᠰᠦᠲᠡᠨ᠎ᠦ ᠰᠣᠶᠣᠯ᠎ᠤᠨ ᠭᠦᠨ ᠵᠤᠵᠠᠭᠠᠨ ᠠᠭᠤᠯᠬᠤᠨ ᠪᠣᠯᠤᠨ ᠷᠢᠳᠢ ᠰᠢᠳᠢ᠎ᠶ᠋ᠢ ᠭᠦᠢᠴᠡᠳ ᠢᠯᠡᠷᠡᠭᠦᠯᠵᠦ᠍᠂ ᠠᠯᠠᠭ᠎ᠠ ᠲᠠᠱᠢᠯᠲᠠ ᠵᠢᠨ ᠲᠠᠭᠤᠨ ᠨᠢᠵᠢᠬᠢᠨᠠᠨ᠎ᠠ᠃

ᠦᠳᠡᠰᠢᠯᠡᠭᠡ ᠨᠢ 《ᠮᠠᠨ᠎ᠤ ᠱᠢᠨ᠎ᠡ ᠴᠠᠭ ᠦᠶ᠎ᠡ》 ᠬᠡᠬᠦ ᠰᠦᠷ ᠳᠠᠯᠠᠢᠴᠠᠲᠠᠶ᠂ ᠴᠣᠭ ᠵᠢᠪᠬᠤᠭᠠᠯᠢᠭ ᠶᠡᠬᠡ ᠨᠠᠢᠷᠠᠯ ᠲᠠᠭᠤᠤ ᠵᠢᠨ ᠲᠤᠮᠳᠠ ᠲᠡᠭᠦᠰ ᠠᠮᠵᠢᠯᠲᠠ᠎ᠲᠠᠶ ᠥᠨᠳᠥᠷᠯᠡᠵᠠᠢ᠃

ᠦᠵᠡᠭ᠌ᠴᠢ ᠯᠢ ᠱᠢᠶᠤᠤ ᠴᠢᠶᠠᠨ᠄ 《ᠦᠳᠡᠱᠢᠯᠡᠭᠡ ᠦᠨᠡᠬᠡᠷ ᠭᠣᠢᠳᠠ ᠰᠠᠢᠬᠠᠨ ᠪᠣᠯᠤᠯ᠎ᠠ᠂ ᠢᠯᠠᠩᠭᠤᠶ᠎ᠠ ᠮᠣᠷᠢᠨ ᠬᠤᠭᠤᠷ ᠤ᠋ᠨ ᠬᠦᠭᠵᠢᠮ 〈ᠲᠦᠮᠡᠨ ᠠᠭ᠍ᠲᠠ᠎ᠶ᠋ᠢᠨ ᠲᠦᠪᠡᠷᠭᠡᠨ〉 ᠢ᠋ ᠰᠣᠨᠣᠰᠤᠭᠠᠳ ᠶᠡᠬᠡ ᠰᠡᠳᠬᠢᠯ ᠲᠤᠭᠳᠤᠯᠤᠨ᠂ ᠱᠢᠨ᠎ᠡ ᠨᠢᠭᠡᠨ ᠵᠢᠯ᠎ᠦᠨ ᠡᠷᠴᠢ ᠵᠣᠷᠢᠭ ᠭᠦᠪᠴᠢᠯᠡᠭᠳᠡᠯ᠎ᠠ!》 ᠬᠡᠵᠤ ᠢᠨᠢᠶᠠᠮᠰᠦᠭᠯᠡᠨ ᠶᠠᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号