ᠴᠠᠭᠠᠨ ᠰᠠᠷ᠎ᠠ ᠪᠤᠯᠬᠤ ᠪᠠᠷ ᠤᠯᠠᠭᠠᠨᠬᠠᠳᠠ ᠬᠤᠳᠠ ᠵᠢᠨ ᠠᠤᠬᠠᠨ ᠬᠤᠰᠢᠭᠤᠨ ᠤ᠋ ᠭᠤᠷᠪᠠᠨᠬᠤᠸᠠ ᠪᠠᠯᠭᠠᠰᠤᠨ᠎ᠤ 144 ᠬᠤᠷᠱᠢᠶ᠎ᠠ᠎ᠶ᠋ᠢᠨ ᠭᠡᠱᠢᠭᠦᠳ ᠡᠯᠪᠡᠭ ᠬᠤᠷᠢᠶᠠᠯᠲᠠ᠎ᠶ᠋ᠢᠨ ᠦᠷ᠎ᠠ ᠠᠰᠢᠭ ᠢ᠋ ᠳᠠᠬᠢᠨᠲᠠ ᠬᠦᠷᠳᠡᠪᠡ᠃
ᠠᠤᠬᠠᠨ ᠬᠤᠱᠢᠭᠤᠨ᠎ᠤ ᠬᠤᠡᠭ ᠵᠢᠶᠦ᠋ᠨ ᠲᠠᠷᠢᠶᠠᠯᠠᠩ᠎ᠤᠨ ᠮᠠᠰᠢᠨ ᠮᠧᠬᠠᠨᠢᠭ᠎ᠤᠨ ᠲᠠᠷᠢᠶᠠᠴᠢᠨ᠎ᠤ ᠲᠤᠰᠭᠠᠶ ᠬᠤᠷᠱᠢᠶ᠎ᠠ᠎ᠶ᠋ᠢᠨ ᠵᠢᠷᠭᠤᠳᠤᠭᠠᠷ ᠤᠳᠠᠭᠠᠨ᠎ᠤ ᠲᠥᠪᠯᠡᠷᠡᠭᠦᠯᠦᠨ ᠠᠱᠢᠭ ᠬᠤᠪᠢᠶᠠᠷᠢᠯᠠᠬᠤ ᠶᠡᠭᠡ ᠬᠤᠷᠠᠯ ᠳᠡᠭᠡᠷ᠎ᠡ ᠭᠡᠱᠢᠭᠦᠳ᠎ᠤᠨ ᠲᠥᠯᠥᠭᠡᠯᠡᠭ᠌ᠴᠢᠳ᠎ᠲᠤ ᠨᠡᠢᠲᠡ 18 ᠲᠦᠮᠡ ᠭᠠᠷᠤᠶ ᠲᠥᠭᠦᠷᠢᠭ᠎ᠤᠨ ᠠᠱᠢᠭ ᠬᠤᠪᠢᠶᠠᠷᠢᠯᠠᠭ᠍ᠰᠠᠨ ᠵᠣᠭᠤᠰ ᠲᠠᠷᠬᠠᠭᠠᠵᠤ᠂ ᠬᠤᠷᠱᠢᠶ᠎ᠠ ᠪᠤᠯᠤᠨ ᠭᠡᠱᠢᠭᠦᠳ ᠨᠢᠭᠡ ᠵᠢᠯ᠎ᠤᠨ ᠡᠯᠪᠡᠭ ᠬᠤᠷᠢᠶᠠᠯᠲᠠ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠪᠡ᠃ ᠠᠱᠢᠭ ᠬᠤᠪᠢᠶᠠᠷᠢᠯᠠᠭᠰᠠᠨ ᠵᠣᠭᠤᠰ᠎ᠢ ᠪᠠᠩᠬᠢ ᠵᠢᠨ ᠳᠠᠩᠰᠠ ᠱᠢᠯᠵᠢᠭᠦᠯᠬᠦ᠌ ᠵᠢᠴᠢ ᠨᠠᠢᠳᠠᠵᠤ ᠠᠪᠬᠤ ᠵᠡᠷᠭᠡ ᠠᠷᠭ᠎ᠠ ᠮᠠᠶᠢᠭ᠎ᠢᠶᠠᠷ ᠳᠠᠮᠵᠢᠨ ᠠᠬᠤᠢ ᠲᠠᠯᠠᠪᠠᠢ ᠳ᠋ᠤ ᠢᠷᠡᠭᠰᠡᠨ ᠦᠬᠡᠢ ᠭᠡᠱᠢᠭᠦᠨ ᠨᠢᠭᠡ ᠪᠦᠷᠢ᠎ᠶ᠋ᠢᠨ ᠭᠠᠷ᠎ᠲᠤ ᠴᠠᠭ ᠲᠤᠬᠠᠶ᠎ᠳᠤᠨᠢ ᠣᠨᠣᠪᠴᠢᠲᠠᠶ ᠬᠦᠷᠭᠡᠬᠦ᠌᠎ᠶ᠋ᠢ ᠪᠠᠲᠤᠯᠠᠵᠠᠢ᠃
ᠬᠤᠡᠭ ᠵᠢᠶᠦ᠋ᠨ ᠲᠠᠷᠢᠶᠠᠯᠠᠩ᠎ᠤᠨ ᠮᠠᠰᠢᠨ ᠮᠧᠬᠠᠨᠢᠭ᠎ᠤᠨ ᠲᠠᠷᠢᠶᠠᠴᠢᠨ᠎ᠤ ᠲᠤᠰᠭᠠᠶ ᠬᠤᠷᠱᠢᠶ᠎ᠠ ᠨᠢ 2013 ᠣᠨ᠎ᠳᠤ ᠪᠠᠢᠭᠤᠯᠤᠭᠳᠠᠵᠤ᠂ ᠵᠢᠷᠤᠮᠵᠢᠭᠤᠯᠬᠤ᠎ᠪᠠᠷ ᠬᠥᠭ᠌ᠵᠢᠯᠲᠡ᠎ᠶ᠋ᠢ ᠠᠬᠢᠭᠤᠯᠬᠤ᠂ ᠳᠦᠷᠢᠮ᠎ᠢᠶᠠᠷ ᠪᠠᠲᠤᠯᠠᠭ᠎ᠠ᠎ᠶ᠋ᠢ ᠴᠢᠩᠭᠠᠳᠭᠠᠬᠤ᠎ᠶ᠋ᠢ ᠪᠠᠷᠢᠮᠲᠠᠯᠠᠵᠤ᠂ ᠬᠠᠤᠯᠢ ᠴᠠᠭᠠᠵᠠ᠎ᠶ᠋ᠢᠨ ᠪᠣᠷᠣ ᠲᠥᠯᠥᠪ᠎ᠢᠶᠠᠷ ᠳᠠᠮᠵᠢᠭᠤᠯᠤᠨ ᠬᠤᠶᠠᠷ ᠲᠠᠯ᠎ᠠ᠎ᠶ᠋ᠢᠨ ᠡᠷᠬᠡ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠲᠠᠷᠢᠶᠠᠴᠢᠨ ᠡᠷᠦᠬᠡ᠎ᠶ᠋ᠢᠨ ᠭᠠᠵᠠᠷ ᠱᠢᠷᠣᠶ᠎ᠶ᠋ᠢᠨ ᠡᠵᠡᠩᠨᠡᠯᠲᠡ᠎ᠶ᠋ᠢᠨ ᠡᠷᠬᠡ᠂ ᠲᠠᠷᠢᠶᠠᠯᠠᠩ᠎ᠤᠨ ᠮᠠᠱᠢᠨ ᠪᠠᠭᠠᠵᠢ ᠵᠡᠷᠭᠡ ᠡᠬᠢ ᠪᠠᠶᠠᠯᠢᠭ᠎ᠢ ᠬᠠᠤᠯᠢ ᠶᠣᠰᠣᠭᠠᠷ ᠡᠮᠬᠢ ᠵᠢᠷᠤᠮ᠎ᠲᠠᠢ᠎ᠪᠠᠷ ᠬᠤᠷᠱᠢᠶ᠎ᠠ᠎ᠶ᠋ᠢᠨ ᠰᠲ᠋ᠣᠺ᠎ᠤᠨ ᠡᠷᠬᠡ ᠪᠣᠯᠭᠠᠨ ᠬᠤᠪᠢᠷᠠᠭᠤᠯᠵᠤ᠂ 《ᠠᠱᠢᠭ ᠲᠤᠰᠠ᠎ᠶ᠋ᠢ ᠬᠠᠮᠲᠤ᠎ᠪᠠᠷ ᠡᠳ᠋ᠯᠡᠬᠦ᠂ ᠲᠦᠭ᠌ᠰᠢᠭᠦᠷᠢ᠎ᠶ᠋ᠢ ᠬᠠᠮᠲᠤ᠎ᠪᠠᠷ ᠡᠭᠦᠷᠭᠡᠯᠡᠬᠦ᠌》 ᠨᠢᠭ᠍ᠲᠠ ᠬᠤᠯᠪᠣᠯᠳᠤᠭ᠍ᠰᠠᠨ ᠲᠣᠭ᠍ᠲᠠᠴᠠ᠎ᠶ᠋ᠢ ᠪᠠᠢᠭᠤᠯᠪᠠ᠃
《ᠪᠢᠳᠡ 〈ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠬᠤᠳᠠᠯᠳᠤᠨ ᠠᠪᠬᠤ᠂ ᠨᠢᠭᠡᠳᠦᠯᠲᠡᠶ ᠳᠠᠷᠢᠬᠤ᠂ ᠨᠢᠭᠡᠳᠦᠯᠲᠡᠶ ᠬᠤᠷᠢᠶᠠᠬᠤ〉 ᠡᠷᠴᠢᠮᠵᠢᠭᠦᠯᠦᠭ᠌ᠰᠡᠨ ᠡᠵᠡᠩᠨᠡᠯᠲᠡ᠎ᠶ᠋ᠢᠨ ᠵᠠᠭ᠍ᠪᠤᠷ᠎ᠲᠤ ᠲᠦᠱᠢᠭ᠌ᠯᠡᠨ᠂ ᠣᠲᠣ ᠨᠢᠭᠡᠨᠲᠡ 8500 ᠭᠠᠷᠤᠶ ᠮᠥ᠍ ᠭᠠᠵᠠᠷ ᠱᠢᠷᠣᠶ᠎ᠶ᠋ᠢ ᠡᠮᠬᠢᠯᠡᠨ ᠨᠡᠢᠯᠡᠭᠦᠯᠵᠦ᠍᠂ ᠡᠷᠳᠡᠨᠢ ᠱᠢᠰᠢ᠂ ᠱᠢᠷ᠎ᠠ ᠪᠤᠷᠴᠠᠭ ᠵᠡᠷᠭᠡ ᠭᠤᠤᠯᠯᠠᠬᠤ ᠠᠵᠤ ᠦᠢᠯᠡᠰ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨᠵᠢᠯᠡᠬᠦ᠌ ᠤᠬᠠᠭᠠᠨᠴᠢ᠎ᠪᠠᠷ ᠳᠠᠷᠢᠬᠤ᠎ᠶ᠋ᠢ ᠳᠡᠯᠭᠡᠷᠡᠭᠦᠯᠵᠦ᠍᠂ ᠵᠠᠬ᠎ᠠ ᠳᠡᠯᠭᠡᠭᠦᠷ᠎ᠤᠨ ᠠᠷᠭ᠎ᠠ ᠵᠠᠮ᠎ᠢ ᠥᠷᠭᠡᠳᠭᠡᠵᠦ᠍᠂ ᠥᠪᠡᠷ᠎ᠤᠨ ᠥᠷᠲᠡᠭ᠎ᠢ ᠠᠷᠪᠢᠯᠠᠨ ᠦᠷ᠎ᠡ ᠠᠱᠢᠭ᠎ᠢ ᠨᠡᠮᠡᠭ᠌ᠳᠡᠭᠦᠯᠬᠦ᠌ ᠪᠠ ᠠᠵᠤ ᠦᠢᠯᠡᠰ᠎ᠤᠨ ᠥᠷᠲᠡᠭ᠎ᠢ ᠨᠡᠮᠡᠭ᠌ᠳᠡᠭᠦᠯᠬᠦ᠌᠎ᠶ᠋ᠢ ᠪᠡᠶᠡᠯᠡᠭᠦᠯᠪᠡ》 ᠭᠡᠵᠦ ᠬᠤᠷᠰᠢᠶ᠎ᠠ ᠵᠢᠨ ᠬᠠᠷᠢᠭᠤᠴᠠᠯᠭᠠᠲᠠᠨ ᠮᠸ᠋ ᠬᠤᠩ ᠵᠢᠶᠦ᠋ᠨ ᠲᠠᠨᠢᠯᠴᠠᠭᠤᠯᠤᠨ᠎ᠠ᠃
ᠲᠣᠰ ᠤᠳᠠᠭᠠᠨ᠎ᠤ ᠠᠱᠢᠭ ᠬᠤᠪᠢᠶᠠᠷᠢᠯᠠᠬᠤ᠎ᠳᠤ 《ᠰᠲ᠋ᠣᠺ᠎ᠤᠨ ᠲᠤᠭ᠎ᠠ᠎ᠪᠠᠷ ᠬᠤᠪᠢᠶᠠᠷᠢᠯᠠᠬᠤ᠂ ᠢᠯᠡ ᠪᠣᠯᠭᠠᠬᠤ ᠨᠡᠢᠳᠡᠮ ᠠᠱᠢᠭ ᠬᠦᠷᠲᠡᠭᠡᠬᠦ᠌》 ᠵᠠᠷᠴᠢᠮ᠎ᠢ ᠴᠢᠩᠭ᠎ᠠ ᠵᠢᠷᠤᠮᠯᠠᠨ᠂ ᠠᠱᠢᠭ ᠬᠤᠪᠢᠶᠠᠷᠢᠯᠠᠭᠰᠠᠨ ᠲᠤᠭ᠎ᠠ ᠬᠡᠮᠵᠢᠶ᠎ᠡ᠎ᠶ᠋ᠢ ᠰᠲ᠋ᠣᠺ᠎ᠤᠨ ᠡᠷᠬᠡ᠎ᠶ᠋ᠢᠨ ᠬᠤᠪᠢ᠎ᠶ᠋ᠢ ᠦᠨᠳᠦᠰᠦᠯᠡᠨ ᠲᠣᠭ᠍ᠲᠠᠭᠠᠵᠤ᠂ ᠬᠠᠮᠤᠭ᠎ᠤᠨ ᠥᠨᠳᠥᠷ᠎ᠲᠡᠭᠡᠨ 5 ᠲᠦᠮᠡᠨ ᠲᠥᠭᠦᠷᠢᠭ ᠱᠢᠬᠠᠮ ᠬᠤᠪᠢᠶᠠᠪᠠ᠃ 《ᠪᠢᠳᠡ ᠬᠤᠶᠠᠷ ᠨᠠᠰᠤ ᠠᠭᠢᠵᠤ᠂ ᠲᠤᠬᠠᠶ᠎ᠶ᠋ᠢᠨ ᠲᠠᠯᠠᠪᠤᠷ᠎ᠲᠤ ᠬᠦᠷᠬᠦ᠎ᠳᠤ ᠳᠥᠭᠦᠮ ᠦᠭᠡᠢ᠂ ᠭᠡᠪᠡᠴᠦ᠍ ᠬᠤᠷᠱᠢᠶ᠎ᠠ ᠠᠯᠢ ᠡᠷᠲᠡ ᠭᠠᠷ ᠭᠦᠢᠴᠡᠳᠭᠡᠯ᠎ᠢ ᠬᠢᠵᠦ᠍᠂ ᠠᠱᠢᠭ ᠬᠤᠪᠢᠶᠠᠷᠢᠯᠠᠬᠤ ᠦᠶ᠎ᠡ᠎ᠳᠤ ᠺᠠᠷᠲ ᠳᠡᠭᠡᠷ᠎ᠡ ᠤᠷᠤᠭᠤᠯᠤᠨ ᠦᠭᠴᠡᠢ》 ᠬᠡᠵᠦ ᠠᠬᠤᠢ ᠲᠠᠯᠠᠪᠠᠢ ᠳ᠋ᠤ ᠬᠦᠷᠴᠦ ᠢᠷᠡᠭᠰᠡᠨ ᠦᠬᠡᠢ ᠭᠡᠱᠢᠭᠦᠳ ᠤᠲᠠᠰᠤ ᠪᠠᠷ ᠢᠯᠡᠷᠬᠡᠢᠯᠡᠵᠦ᠍ ᠪᠠᠢᠪᠠ᠃ ᠵᠢᠷᠤᠮᠵᠢᠭ᠍ᠰᠠᠨ ᠭᠡᠷ᠎ᠡ᠎ᠶ᠋ᠢᠨ ᠬᠠᠷᠢᠴᠠᠭ᠎ᠠ ᠪᠠ ᠨᠠᠢᠳᠠᠪᠤᠷᠢᠲᠠᠶ ᠬᠤᠪᠢᠶᠠᠷᠢᠯᠠᠯᠲᠠ᠎ᠶ᠋ᠢᠨ ᠲᠣᠭ᠍ᠲᠠᠴᠠ ᠡᠴᠡ ᠪᠤᠯᠵᠤ᠂ ᠭᠡᠱᠢᠭᠦᠳ ᠬᠡᠳᠦᠢᠪᠡᠷ ᠪᠡᠶ᠎ᠡ᠎ᠪᠠᠷ᠎ᠢᠶᠠᠨ ᠲᠤᠬᠠᠶ᠎ᠶ᠋ᠢᠨ ᠲᠠᠯᠠᠪᠤᠷ᠎ᠲᠤ ᠬᠦᠷᠴᠦ᠍ ᠳᠡᠢᠯᠦᠭ᠌ᠰᠡᠨ ᠥᠬᠡᠶ ᠪᠣᠯᠪᠠᠴᠤ᠌ ᠬᠤᠷᠱᠢᠶ᠎ᠠ᠎ᠳᠤ ᠢᠲᠡᠭᠡᠯ ᠳᠦᠭᠦᠷᠡᠩ ᠪᠠᠢᠨ᠎ᠠ᠃
《ᠭᠡᠷ᠎ᠡ ᠲᠣᠭ᠍ᠲᠠᠵᠤ ᠬᠤᠷᠱᠢᠶ᠎ᠠ᠎ᠳᠤ ᠣᠷᠣᠭᠤᠯᠬᠤ᠂ ᠬᠤᠪᠢ ᠣᠷᠣᠭᠤᠯᠵᠤ ᠠᠱᠢᠭ ᠬᠤᠪᠢᠶᠠᠷᠢᠯᠠᠬᠤ》 ᠡᠵᠡᠩᠨᠡᠯᠲᠡ᠎ᠶ᠋ᠢᠨ ᠲᠣᠭ᠍ᠲᠠᠴᠠ᠎ᠪᠠᠷ ᠳᠠᠮᠵᠢᠭᠤᠯᠤᠨ ᠬᠤᠷᠱᠢᠶ᠎ᠠ᠎ᠨᠢ ᠲᠠᠷᠠᠬᠠᠶ ᠪᠤᠲᠠᠷᠬᠠᠶ ᠡᠬᠢ ᠪᠠᠶᠠᠯᠢᠭ᠎ᠢ ᠪᠦᠲᠦᠮᠵᠢᠲᠡᠶ᠎ᠪᠠᠷ ᠡᠮᠬᠢᠯᠡᠨ ᠨᠡᠢᠯᠡᠭᠦᠯᠵᠦ᠍᠂ ᠲᠠᠷᠢᠶᠠᠯᠠᠩ᠎ᠤᠨ ᠶᠡᠷᠦᠩᠬᠡᠢᠯᠡᠭ᠌ᠰᠡᠨ ᠦᠷ᠎ᠡ ᠠᠱᠢᠭ᠎ᠢ ᠳᠡᠭᠡᠭ᠌ᠰᠢᠯᠡᠭᠦᠯᠦᠨ᠂ ᠰᠢᠨ᠎ᠠ ᠬᠡᠯᠪᠡᠷᠢ ᠵᠢᠨ ᠡᠵᠡᠨᠭᠨᠡᠯᠳᠡ ᠵᠢᠨ ᠭᠤᠤᠯ ᠴᠤᠭᠴᠠ ᠪᠤᠯᠤᠨ ᠲᠠᠷᠢᠶᠠᠴᠢᠨ ᠡᠷᠦᠬᠡ ᠳᠤᠭᠳᠠᠭᠤᠨ ᠠᠰᠢᠭ ᠳᠤᠰᠠ ᠵᠢᠨ ᠬᠠᠷᠢᠴᠠᠭ᠎ᠠ ᠪᠠᠢᠭᠤᠯᠤᠨ᠂ ᠲᠠᠷᠢᠶᠠᠴᠢᠨ ᠡᠷᠦᠬᠡ ᠵᠢ ᠤᠳᠤ ᠦᠶ᠎ᠠ ᠵᠢᠨ ᠬᠦᠳᠡᠬᠡ ᠠᠵᠤ ᠠᠬᠤᠢ ᠵᠢᠨ ᠠᠵᠤ ᠦᠢᠯᠡᠰ ᠤ᠋ᠨ ᠬᠡᠯᠬᠢᠶ᠎ᠠ ᠳ᠋ᠤ ᠤᠷᠤᠭᠤᠯᠬᠤ ᠬᠠᠭᠤᠯᠪᠤᠷᠢᠯᠠᠵᠤ ᠪᠣᠯᠬᠤᠢᠴᠠ᠂ ᠦᠷᠭᠦᠯᠵᠢᠯᠡᠭᠦᠯᠵᠦ ᠪᠤᠯᠬᠤᠢᠴᠠ ᠵᠠᠭ᠍ᠪᠤᠷ᠎ᠢ ᠪᠣᠶ ᠪᠣᠯᠭᠠᠪᠠ᠃