ᠦᠪᠦᠷ ᠮᠤᠩᠭᠤᠯ 100 ᠳᠤᠮᠳᠠᠳᠤ ᠪᠠᠭ᠎ᠠ ᠰᠤᠷᠭᠠᠭᠤᠯᠢ᠎ᠶᠢᠨ ᠶᠣᠰᠣ᠌ ᠰᠤᠷᠲᠠᠬᠤᠨ᠎ᠤ ᠬᠥᠮᠦᠵᠢᠯ᠎ᠦᠨ ᠨᠠᠷᠠᠲᠤ ᠪᠠᠭ᠍ᠰᠢ᠎ᠶᠢᠨ ᠠᠵᠢᠯᠯᠠᠬᠤ ᠦᠷᠦᠬᠡ ᠵᠢ ᠨᠡᠢᠳᠡᠯᠡᠪᠡ
2026-02-19 11:47:37
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠬᠣᠶᠠᠳᠤᠭᠠᠷ ᠪᠦᠯᠦᠭ᠎ᠦᠨ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠶᠣᠰᠣ᠌ ᠰᠤᠷᠲᠠᠬᠤᠨ᠎ᠤ ᠬᠥᠮᠦᠵᠢᠯ᠎ᠦᠨ ᠨᠠᠷᠠᠲᠤ ᠪᠠᠭ᠍ᠰᠢ᠎ᠶᠢᠨ ᠠᠵᠢᠯᠯᠠᠬᠤ ᠦᠷᠦᠬᠡ (ᠬᠥᠮᠥᠵᠢᠭᠦᠯᠬᠦ)᠎ᠵᠢᠨ ᠪᠠᠢᠭᠤᠯᠤᠯᠲᠠ᠎ᠶᠢᠨ 100 ᠠᠵᠢᠯᠯᠠᠬᠤ ᠦᠷᠦᠬᠡ ᠵᠢ ᠨᠡᠢᠳᠡᠯᠡᠭᠰᠡᠨ ᠪᠠᠢᠨ᠎ᠠ᠃

ᠬᠦᠬᠡᠬᠤᠳᠠ ᠵᠢᠨ ᠭᠤᠴᠢᠳᠤᠭᠠᠷ ᠳᠤᠮᠳᠠᠳᠤ ᠰᠤᠷᠭᠠᠭᠤᠯᠢ ᠵᠢᠨ ᠬᠦᠬᠡ ᠴᠢᠬᠢ ᠶᠤᠰᠤ ᠰᠤᠷᠳᠠᠬᠤᠨ᠎ᠤ ᠬᠦᠮᠦᠵᠢᠯ᠎ᠤᠨ ᠨᠡᠷᠡᠳᠤ ᠪᠠᠭᠰᠢ ᠵᠢᠨ ᠠᠵᠢᠯᠯᠠᠬᠤ ᠦᠷᠦᠬᠡ᠂ ᠤᠯᠠᠭᠠᠨᠬᠤᠳᠠ ᠵᠢᠨ ᠨᠢᠬᠡᠳᠦᠬᠡᠷ ᠳᠤᠮᠳᠠᠳᠤ ᠵᠢᠨ ᠶᠤᠰᠤ ᠰᠤᠷᠳᠠᠬᠤᠨ᠎ᠤ ᠬᠦᠮᠦᠵᠢᠯ᠎ᠤᠨ ᠨᠡᠷᠡᠳᠤ ᠪᠠᠭᠰᠢ ᠵᠢᠨ ᠠᠵᠢᠯᠯᠠᠬᠤ ᠦᠷᠦᠬᠡ᠂ ᠬᠤᠷᠴᠢᠨ ᠵᠡᠬᠦᠨ ᠭᠠᠷᠤᠨ ᠳᠤᠮᠳᠠᠳᠤ ᠬᠤᠰᠢᠭᠤᠨ᠎ᠤ ᠭᠠᠨᠵᠤᠭ᠎ᠠ ᠭᠤᠷᠪᠠᠳᠤᠭᠠᠷ ᠪᠠᠭ᠎ᠠ ᠰᠤᠷᠭᠠᠭᠤᠯᠢ ᠵᠢᠨ ᠶᠤᠰᠤ ᠰᠤᠷᠳᠠᠬᠤᠨ᠎ᠤ ᠬᠦᠮᠦᠵᠢᠯ᠎ᠤᠨ ᠨᠡᠷᠡᠳᠤ ᠪᠠᠭᠰᠢ ᠵᠢᠨ ᠠᠵᠢᠯᠯᠠᠬᠤ ᠦᠷᠦᠬᠡ᠂ ᠤᠤᠬᠠᠨ᠎ᠤ ᠳᠤᠷᠰᠢᠯᠳᠠ ᠵᠢᠨ ᠪᠠᠭ᠎ᠠ ᠰᠤᠷᠭᠠᠭᠤᠯᠢ ᠵᠢᠨ ᠶᠤᠰᠤ ᠰᠤᠷᠳᠠᠬᠤᠨ᠎ᠤ ᠬᠦᠮᠦᠵᠢᠯ᠎ᠤᠨ ᠨᠡᠷᠡᠳᠤ ᠪᠠᠭᠰᠢ ᠵᠢᠨ ᠠᠵᠢᠯᠯᠠᠬᠤ ᠦᠷᠦᠬᠡ ᠵᠡᠷᠬᠡ 12 ᠠᠢᠮᠠᠭ ᠬᠤᠳᠠ ᠵᠢᠨ 100 ᠠᠵᠢᠯ᠎ᠤᠨ ᠦᠷᠦᠬᠡ ᠰᠤᠩᠭᠤᠭᠳᠠᠭᠰᠠᠨ ᠪᠠᠢᠨ᠎ᠠ᠃

ᠡᠳᠡᠬᠡᠷ ᠨᠠᠷᠠᠲᠤ ᠪᠠᠭ᠍ᠰᠢ᠎ᠶᠢᠨ ᠠᠵᠢᠯᠯᠠᠬᠤ ᠦᠷᠦᠬᠡ ᠨᠢ ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠬᠡᠨ᠂ ᠠᠵᠢᠯᠯᠠᠬᠤ ᠦᠷᠦᠬᠡ ᠵᠢᠨ ᠪᠠᠢᠭᠤᠯᠤᠯᠲᠠ᠎ᠶᠢᠨ ᠣᠨᠴᠠᠯᠢᠭ᠋᠎ᠢ ᠲᠣᠳᠣᠷᠬᠠᠢᠯᠠᠵᠤ᠂ ᠬᠥᠮᠥᠨ ᠎ᠢ ᠬᠥᠮᠥᠵᠢᠭᠦᠯᠬᠦ ᠡᠬᠢ ᠪᠠᠶᠠᠯᠢᠭ᠋᠎ᠢ ᠢᠳᠡᠪᠬᠢᠲᠡᠢ᠎ᠪᠡᠷ ᠨᠡᠭᠡᠭᠡᠨ ᠬᠦᠭᠵᠢᠬᠦᠯᠦᠨ᠎ᠡ᠃ ᠶᠣᠰᠣ᠌ ᠰᠤᠷᠲᠠᠬᠤᠨ᠎ᠤ ᠬᠥᠮᠦᠵᠢᠯ᠎ᠦᠨ ᠠᠵᠢᠯ᠎ᠤᠨ ᠲᠣᠭᠲᠠᠴᠠ ᠪᠣᠯᠣᠨ ᠠᠷᠭ᠎ᠠ᠎ᠶᠢᠨ ᠰᠢᠨ᠎ᠡ᠎ᠶᠢ ᠡᠭᠦᠳᠴᠦ᠂ ᠰᠤᠷᠤᠭ᠍ᠴᠢᠳ᠎ᠤᠨ ᠪᠠᠬᠠᠷᠬᠠᠯ᠎ᠢ ᠳᠠᠳᠠᠬᠤ᠂ ᠰᠡᠩᠬᠡᠷᠡᠭᠦᠯᠬᠦ ᠴᠢᠨᠠᠷ᠎ᠢᠶᠠᠷ ᠴᠢᠩᠭ᠎ᠠ᠂ ᠳᠡᠯᠭᠡᠷᠡᠭᠦᠯᠦᠨ ᠬᠡᠷᠡᠭᠯᠡᠵᠦ ᠪᠣᠯᠬᠤᠢᠴᠠ ᠶᠣᠰᠣ᠌ ᠰᠤᠷᠲᠠᠬᠤᠨ᠎ᠤ ᠬᠥᠮᠦᠵᠢᠯ᠎ᠦᠨ ᠦᠢᠯᠡᠳᠦᠯᠭᠡ᠎ᠶᠢᠨ ᠰᠢᠨ᠎ᠡ ᠵᠠᠭᠪᠤᠷ᠎ᠢ ᠰᠦᠪᠡᠭᠴᠢᠯᠡᠨ᠎ᠡ᠃ ᠡᠯ᠎ᠡ ᠭᠠᠵᠠᠷ᠎ᠤᠨ ᠬᠢᠨ ᠶᠣᠰᠣ᠌ ᠰᠤᠷᠲᠠᠬᠤᠨ᠎ᠤ ᠬᠥᠮᠦᠵᠢᠯ᠎ᠦᠨ ᠨᠠᠷᠠᠲᠤ ᠪᠠᠭ᠍ᠰᠢ᠎ᠶᠢᠨ ᠠᠵᠢᠯᠯᠠᠬᠤ ᠦᠷᠦᠬᠡ ᠵᠢ ᠳᠡᠮᠵᠢᠬᠦ᠎ᠡᠷᠴᠢᠮ ᠵᠢᠡᠨ ᠴᠢᠩᠭᠠᠷᠠᠭᠤᠯᠵᠦ᠂ ᠲᠡᠳᠡᠨ᠎ᠦ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠤᠨ᠂ ᠶᠣᠰᠣ᠌ ᠰᠤᠷᠲᠠᠬᠤᠨ᠎ᠤ ᠬᠥᠮᠦᠵᠢᠯ᠎ᠦᠨ ᠪᠠᠭ᠍ᠰᠢ᠎ᠶᠢᠨ ᠡᠩᠨᠡᠭᠡ᠎ᠶᠢᠨ ᠴᠢᠳᠠᠪᠤᠷᠢ ᠬᠡᠪ ᠪᠤᠯᠪᠠᠰᠤᠷᠠᠯ᠎ᠤᠨ ᠳᠡᠭᠡᠭᠰᠢᠯᠡᠯᠲᠡ᠎ᠶᠢ ᠨᠥᠯᠥᠭᠡᠯᠡᠨ ᠳᠠᠶ᠋ᠢᠴᠢᠯᠠᠵᠤ᠂ ᠴᠡᠭ᠎ᠢᠶᠡᠷ ᠨᠡᠢᠳᠡᠮ᠎ᠢ ᠳᠠᠶ᠋ᠢᠴᠢᠯᠠᠨ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠶᠣᠰᠣ᠌ ᠰᠤᠷᠲᠠᠬᠤᠨ᠎ᠤ ᠬᠥᠮᠦᠵᠢᠯ᠎ᠦᠨ ᠠᠵᠢᠯ᠎ᠤᠨ ᠲᠤᠰᠬᠠᠢᠵᠢᠯᠲᠠ᠂ ᠵᠢᠷᠤᠮᠵᠢᠭᠤᠯᠤᠯᠲᠠ᠂ ᠪᠣᠳᠠᠲᠤ ᠦᠷ᠎ᠡ ᠪᠦᠲᠦᠮᠵᠢ ᠳᠠᠢ ᠪᠤᠯᠬᠤ᠎ᠶᠢ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号