《ᠣᠯᠠᠨ᠎ᠢᠶᠠᠷ᠎ᠢᠶᠠᠨ ᠪᠢᠲᠡᠭᠡᠢ ᠰᠢᠬᠠᠯᠳᠤᠭᠠᠷᠠᠢ᠂ ᠰᠢᠷ᠎ᠠ ᠱᠤᠭᠤᠮ᠎ᠤᠨ ᠭᠠᠳᠠᠨ᠎ᠠ ᠵᠤᠭᠰᠤᠵᠤ ᠲᠡᠷᠭᠡ ᠭᠦᠯᠢᠶᠡᠭᠡᠷᠡᠢ!》 2 ᠰᠠᠷ᠎ᠠ᠎ᠶᠢᠨ 16᠎ᠤ᠋ ᠡᠳᠦᠷ᠂ ᠪᠢᠯᠢᠭ᠎ᠦᠨ ᠤᠯᠠᠷᠢᠯ᠎ᠤᠨ ᠪᠢᠲᠡᠭᠦᠨ᠎ᠦ ᠰᠥᠨᠢ᠂ ᠪᠤᠭᠤᠲᠤ ᠥᠷᠲᠡᠭᠡ᠎ᠵᠢᠨ ᠦᠷᠲᠡᠭᠡᠨ᠎ᠤ ᠶᠠᠨᠳᠠᠷ᠎ᠢᠶᠠᠷ ᠬᠦᠢᠲᠡᠨ ᠰᠠᠯᠬᠢ ᠰᠠᠯᠬᠢᠯᠠᠵᠤ ᠪᠠᠢᠪᠠ᠂ ᠭᠠᠷ᠎ᠲᠠᠭᠠᠨ ᠳᠠᠭᠤ ᠲᠣᠮᠣᠷᠠᠭᠤᠯᠤᠭ᠍ᠴᠢ ᠪᠠᠷᠢᠵᠤ᠂ ᠠᠶᠠᠨᠴᠢᠳ᠎ᠤᠨ ᠵᠥᠭᠡᠭᠡᠪᠦᠷᠢ᠎ᠶᠢᠨ ᠵᠢᠵᠢᠭᠦᠷ᠎ᠦᠨ ᠬᠠᠨᠴᠤᠢ᠎ᠶᠢᠨ ᠲᠡᠮᠳᠡᠭ ᠵᠡᠭᠦᠭᠰᠡᠨ ᠰᠢ ᠬᠤᠤ ᠶᠠᠩ ᠠᠶᠠᠨᠴᠢᠳ᠎ᠤᠨ ᠶᠠᠪᠤᠵᠤ ᠰᠠᠭᠤᠬᠤ ᠡᠮᠬᠢ ᠵᠢᠷᠤᠮ᠎ᠢ ᠡᠮᠬᠢ ᠴᠡᠭᠴᠡ᠎ᠲᠠᠢ ᠬᠠᠮᠠᠭᠠᠯᠠᠵᠤ ᠪᠠᠢᠯ᠎ᠠ᠃ ᠡᠨᠡ ᠪᠣᠯ 5 ᠵᠢᠯ᠎ᠦᠨ ᠲᠤᠷᠰᠢ ᠰᠢ ᠬᠤᠤ ᠶᠠᠩ ᠭᠤᠷᠪᠠᠳᠠᠭᠢ ᠤᠳᠠᠭ᠎ᠠ ᠭᠠᠯᠲᠤ ᠲᠡᠷᠭᠡᠨ ᠥᠷᠲᠡᠭᠡᠨ᠎ᠳᠦ ᠠᠵᠢᠯ᠎ᠤᠨ ᠪᠠᠢᠷᠢ ᠪᠠᠨ ᠰᠠᠬᠢᠵᠤ ᠴᠠᠭᠠᠨ ᠰᠠᠷ᠎ᠠ ᠪᠠᠨ ᠥᠩᠭᠡᠷᠡᠭᠦᠯᠵᠦ ᠪᠠᠢᠭ᠎ᠠ ᠶᠠᠪᠤᠳᠠᠯ ᠪᠣᠯᠣᠨ᠎ᠠ᠃
ᠪᠤᠭᠤᠲᠤ ᠡᠴᠡ ᠢᠷᠭᠠᠢ ᠬᠦᠷᠬᠦ ᠲᠦᠷᠭᠡᠨ᠎ᠦ ᠲᠡᠮᠦᠷ ᠵᠠᠮ ᠨᠡᠪᠲᠡᠷᠡᠭᠰᠡᠨᠦ ᠳᠠᠷᠠᠭᠠᠬᠢ ᠠᠩᠬᠠᠳᠠᠭ᠍ᠴᠢ ᠴᠠᠭᠠᠨ ᠰᠠᠷ᠎ᠠ᠎ᠶᠢᠨ ᠵᠥᠭᠡᠭᠡᠪᠦᠷᠢ ᠪᠣᠯᠤᠭᠰᠠᠨ᠎ᠤ ᠬᠤᠪᠢ᠎ᠳᠤ᠂ ᠡᠨᠡ ᠵᠢᠯ ᠪᠤᠭᠤᠲᠤ ᠥᠷᠲᠡᠭᠡᠨ᠎ᠦ ᠠᠶᠠᠯᠠᠯ᠎ᠤᠨ ᠱᠤᠭᠤᠮ ᠲᠣᠭᠲᠠᠭᠰᠠᠨ ᠠᠶᠠᠨᠴᠢᠳ᠎ᠤᠨ ᠭᠠᠯᠲᠤ ᠲᠡᠷᠭᠡ ᠵᠢ 73 ᠬᠣᠣᠰ ᠪᠠᠢᠭᠰᠠᠨ᠎ᠡᠴᠡ 88 ᠬᠣᠣᠰ ᠪᠣᠯᠣᠨ ᠨᠡᠮᠡᠭᠳᠡᠭᠦᠯᠵᠦ᠂ ᠠᠶᠠᠨᠴᠢᠳ᠎ᠤᠨ ᠨᠠᠭᠠᠰᠢ ᠴᠠᠭᠠᠰᠢ ᠶᠠᠪᠤᠵᠤ ᠰᠠᠭᠤᠬᠤ ᠬᠡᠮᠵᠢᠶ᠎ᠡ ᠶᠡᠬᠡᠪᠡᠷ ᠨᠡᠮᠡᠭᠳᠡᠵᠦ᠂ ᠵᠢᠵᠢᠭᠦᠷᠯᠡᠬᠦ ᠡᠭᠦᠷᠭᠡ ᠥᠩᠭᠡᠷᠡᠭᠰᠡᠨ ᠵᠢᠯ᠎ᠦᠨ ᠭᠢ᠎ᠡᠴᠡ ᠨᠡᠩ ᠬᠦᠨᠳᠦ ᠪᠣᠯᠵᠠᠢ᠃ ᠡᠨᠡ ᠤᠳᠠᠭ᠎ᠠ᠎ᠶᠢᠨ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ 《ᠶᠡᠬᠡ ᠰᠢᠯᠭᠠᠯᠲᠠ》 ᠵᠢᠨ ᠡᠮᠦᠨ᠎ᠡ᠂ ᠰᠢ ᠬᠤᠤ ᠶᠠᠩ 《ᠢᠯᠡᠭᠦᠬᠡᠨ ᠬᠠᠷᠭᠤᠭᠤᠯᠬᠤ᠂ ᠪᠠᠢᠩᠭᠤ ᠲᠣᠭᠣᠷᠢᠨ ᠪᠠᠢᠴᠠᠭᠠᠬᠤ᠂ ᠲᠦᠷᠭᠡᠨ ᠬᠠᠪᠰᠤᠷᠤᠨ ᠲᠡᠳᠬᠦᠬᠦ》 ᠠᠵᠢᠯ᠎ᠤᠨ ᠪᠠᠷᠢᠮᠵᠢᠶ᠎ᠠ᠎ᠶᠢ ᠢᠮᠠᠭᠲᠠ ᠪᠠᠷᠢᠮᠲᠠᠯᠠᠵᠤ᠂ ᠠᠶᠠᠨᠴᠢᠳ᠎ᠤᠨ ᠶᠠᠪᠤᠵᠤ ᠰᠠᠭᠤᠬᠤ ᠠᠮᠤᠷ ᠲᠦᠪᠰᠢᠨ᠎ᠢ ᠴᠢᠩᠭ᠎ᠠ ᠨᠢᠮᠪᠠᠢ ᠰᠠᠬᠢᠨ ᠬᠠᠮᠠᠭᠠᠯᠠᠪᠠ᠃ 《ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠬᠤᠭᠤᠴᠠᠭᠠᠨ᠎ᠳᠤ᠂ ᠥᠴᠥᠬᠡᠨ ᠴᠦ᠍ ᠬᠠᠰᠢ ᠶᠠᠰᠢ ᠪᠠᠢᠵᠤ ᠪᠤᠯᠬᠤ ᠦᠭᠡᠢ᠂ ᠢᠯᠡᠭᠦᠦ ᠨᠢᠭᠡ ᠤᠳᠠᠭ᠎ᠠ ᠬᠠᠷᠭᠤᠭᠤᠯᠵᠤ ᠦᠵᠡᠪᠡᠯ᠂ ᠠᠶᠠᠨᠴᠢᠳ᠎ᠤᠨ ᠭᠠᠳᠠᠭ᠍ᠰᠢ ᠭᠠᠷᠬᠤ᠎ᠳᠤ ᠢᠯᠡᠭᠦᠦ ᠨᠢᠭᠡ ᠬᠤᠪᠢ ᠪᠠᠲᠤᠯᠠᠭ᠎ᠠ ᠨᠡᠮᠡᠭᠳᠡᠬᠦ ᠪᠣᠯᠣᠨ᠎ᠠ》᠃ ᠰᠢ ᠬᠤᠤ ᠶᠠᠩ᠂ ᠡᠳᠦᠷ ᠪᠦᠷᠢ ᠠᠵᠢᠯ᠎ᠤᠨ ᠪᠠᠢᠷᠢ᠎ᠳᠠᠭᠠᠨ ᠭᠠᠷᠤᠭᠰᠠᠨ᠎ᠤ ᠳᠠᠷᠠᠭ᠎ᠠ᠂ ᠲᠡᠭᠦᠨ᠎ᠦ ᠬᠠᠮᠤᠭ᠎ᠤᠨ ᠲᠦᠷᠦᠬᠦᠦ ᠬᠢᠬᠦ ᠶᠠᠪᠤᠳᠠᠯ ᠪᠣᠯ ᠳᠠᠷᠤᠢ ᠭᠠᠯᠲᠤ ᠲᠡᠷᠭᠡᠨ᠎ᠦ ᠬᠦᠷᠬᠦ ᠴᠠᠭ᠂ ᠵᠣᠬ᠍ᠰᠣᠬᠤ ᠴᠠᠭ ᠵᠡᠷᠭᠡ ᠵᠠᠩᠭᠢᠯᠠᠭ᠎ᠠ᠎ᠶᠢᠨ ᠮᠡᠳᠡᠭᠡ ᠵᠠᠩᠭᠢ᠎ᠶᠢ ᠳᠠᠭᠢᠨ ᠳᠠᠪᠲᠠᠨ ᠬᠠᠷᠭᠤᠭᠤᠯᠵᠤ᠂ ᠭᠣᠭᠴᠣᠭ᠎ᠠ ᠨᠢᠭᠡ ᠪᠦᠷᠢᠳᠦ ᠠᠯᠳᠠᠰᠢ ᠭᠠᠷᠭᠠᠬᠤ ᠦᠭᠡᠢ ᠪᠠᠢᠬᠤ᠎ᠶᠢ ᠦᠨᠡᠨ ᠬᠦ᠌ ᠪᠠᠲᠤᠯᠠᠬᠤ ᠶᠠᠪᠤᠳᠠᠯ ᠪᠣᠯᠣᠨ᠎ᠠ᠃

《ᠠᠶᠠᠨᠴᠢᠳ᠎ᠤᠨ ᠨᠠᠭᠠᠰᠢ ᠴᠠᠭᠠᠰᠢ ᠶᠠᠪᠤᠵᠤ ᠰᠠᠭᠤᠬᠤ ᠬᠡᠮᠵᠢᠶ᠎ᠡ ᠶᠡᠬᠡ ᠪᠤᠯᠬᠤ ᠦᠶᠡᠰ᠂ ᠨᠢᠭᠡ ᠡᠭᠡᠯᠵᠢ᠎ᠶᠢᠨ ᠭᠠᠯᠲᠤ ᠲᠡᠷᠭᠡᠨ᠎ᠳᠦ ᠲᠠᠪᠤ ᠵᠢᠷᠭᠤᠭᠠᠨ ᠵᠠᠭᠤᠨ ᠬᠥᠮᠥᠨ ᠭᠠᠷᠳᠠᠭ᠂ ᠠᠶᠠᠨᠴᠢᠳ᠎ᠤᠨ ᠠᠮᠤᠷ ᠲᠦᠪᠰᠢᠨ᠎ᠢ ᠪᠠᠲᠤᠯᠠᠬᠤ ᠨᠢ ᠬᠡᠵᠢᠶᠡᠳᠡ ᠲᠡᠷᠢᠭᠦᠨ ᠪᠠᠢᠷᠢᠨ᠎ᠳᠤ ᠪᠠᠢᠳᠠᠭ》᠃ ᠶᠠᠭᠰᠢᠷᠠᠨ ᠰᠢᠬᠠᠯᠳᠤᠭᠰᠠᠨ ᠠᠶᠠᠨᠴᠢᠳ᠎ᠤᠨ ᠳᠤᠮᠳᠠ ᠰᠢ ᠬᠤᠤ ᠶᠠᠩ ᠶᠡᠨᠳᠡᠷ᠎ᠦᠨ ᠥᠨᠴᠥᠭ ᠪᠤᠯᠤᠩ ᠨᠢᠭᠡ ᠪᠦᠷᠢ᠎ᠶᠢ ᠨᠢᠳᠤ ᠠᠯᠳᠠᠯ ᠦᠭᠡᠢ ᠨᠢᠭᠲᠠ ᠠᠵᠢᠭᠯᠠᠨ᠎ᠠ᠃ ᠪᠤᠭᠤᠳᠠᠯ ᠪᠠᠭᠯᠠᠭ᠎ᠠ ᠪᠠᠨ ᠳᠡᠭᠦᠵᠢᠯᠡᠭᠡᠳ ᠠᠷᠠᠢ ᠴᠢᠷᠠᠢ ᠠᠯᠬᠤᠵᠤ ᠶᠠᠪᠤᠭ᠎ᠠ ᠡᠪᠦᠭᠡᠨ᠎ᠢ ᠬᠠᠷᠠᠭᠠᠳ᠂ ᠪᠤᠭᠤᠳᠠᠯ ᠪᠠᠭᠯᠠᠭ᠎ᠠ ᠵᠢ ᠨᠢ ᠲᠦᠷᠭᠡᠨ ᠲᠣᠰᠴᠤ ᠠᠪᠤᠭᠠᠳ᠂ ᠪᠤᠯᠭᠤᠮᠵᠢᠲᠠᠢ ᠪᠠᠷ ᠡᠪᠦᠭᠡᠨ᠎ᠢ ᠲᠦᠰᠢᠨ ᠲᠡᠷᠭᠡ ᠬᠦᠯᠢᠶᠡᠬᠦ ᠭᠠᠵᠠᠷ ᠲᠤᠨᠢ ᠬᠦᠷᠭᠡᠨ᠎ᠡ; ᠲᠡᠷᠬᠡ ᠬᠦᠳᠡᠯᠬᠦ ᠡᠴᠡ ᠡᠮᠦᠨ᠎ᠡ ᠠᠮᠵᠢᠨ ᠲᠡᠷᠭᠡᠨ ᠳ᠋ᠤ ᠭᠠᠷᠬᠤ ᠪᠡᠷ ᠶᠠᠭᠠᠷᠠᠵᠤ ᠪᠠᠢᠭ᠎ᠠ ᠠᠶᠠᠨᠴᠢᠳ᠎ᠲᠠᠢ ᠲᠠᠭᠠᠷᠠᠯᠳᠤᠪᠠᠯ᠂ ᠲᠡᠷᠡ ᠬᠦᠯᠢᠴᠡᠩᠭᠦᠢ᠎ᠪᠡᠷ ᠲᠡᠷᠭᠡᠨ᠎ᠦ ᠳ᠋ᠤᠭᠠᠷ᠎ᠢ ᠨᠢ ᠯᠠᠪᠯᠠᠨ ᠠᠰᠠᠭᠤᠵᠤ᠂ ᠸᠠᠭᠣᠨ᠎ᠤ ᠪᠠᠢᠷᠢ᠎ᠶᠢ ᠨᠢ ᠲᠣᠳᠣᠷᠬᠠᠢ ᠵᠢᠭᠠᠵᠦ ᠥᠭᠭᠦᠨ᠎ᠡ; ᠰᠢᠷ᠎ᠠ ᠱᠤᠭᠤᠮ ᠵᠦᠭ ᠤᠢᠷᠠᠳᠴᠤ ᠣᠴᠢᠭ᠍ᠰᠠᠨ ᠬᠡᠦᠬᠡᠳ᠎ᠢ ᠦᠵᠡᠪᠡᠯ᠂ ᠲᠡᠷᠡ ᠪᠡᠶᠡᠵᠢᠨᠵᠢᠡᠨ ᠠᠷᠤ᠎ᠳᠤ ᠬᠥᠩᠭᠡᠬᠡᠨ ᠲᠠᠲᠠᠨ ᠠᠪᠴᠢᠷᠠᠵᠤ᠂ ᠭᠡᠷ᠎ᠦᠨ ᠠᠬᠠᠮᠠᠳ᠎ᠲᠤ᠎ᠨᠢ ᠬᠡᠦᠬᠡᠳ᠎ᠢᠶᠡᠨ ᠰᠠᠢᠬᠠᠨ ᠬᠠᠷᠠᠭᠠᠯᠵᠠᠭᠠᠷᠠᠢ ᠭᠡᠵᠦ ᠵᠠᠬᠢᠨ᠎ᠠ᠃
ᠬᠦᠢᠲᠡᠨ ᠰᠠᠯᠬᠢᠨ ᠳ᠋ᠤ ᠦᠯᠢᠶᠡᠭᠳᠡᠨ ᠰᠢ ᠬᠤᠤ ᠶᠠᠩ᠎ᠤᠨ ᠬᠠᠴᠠᠷ ᠨᠢ ᠤᠯᠠᠢᠵᠤ᠂ ᠬᠤᠷᠤᠭᠤᠨ ᠦᠵᠦᠭᠦᠷ ᠨᠢ ᠳᠠᠭᠠᠷᠠᠭᠠᠳ ᠮᠢᠨᠴᠤᠬᠦᠷᠠᠵᠦ ᠪᠠᠢᠪᠠᠴᠤ ᠲᠡᠷᠡ ᠭᠠᠷ᠎ᠲᠠᠬᠢ ᠳᠠᠭᠤ ᠲᠣᠮᠣᠷᠠᠭᠤᠯᠤᠭ᠍ᠴᠢ ᠪᠠᠨ ᠶᠡᠷᠦ᠎ᠡᠴᠡ ᠲᠠᠯᠪᠢᠭ᠍ᠰᠠᠨ ᠦᠭᠡᠢ᠃ ᠨᠢᠭᠡ ᠡᠳᠦᠷ᠂ ᠬᠣᠶᠠᠷ ᠲᠦᠮᠡ ᠭᠠᠷᠤᠢ ᠠᠯᠬᠤᠮ ᠠᠯᠬᠤᠬᠤ ᠨᠢ ᠨᠢᠭᠡᠨᠲᠡ ᠡᠩ᠎ᠦᠨ ᠶᠠᠪᠤᠳᠠᠯ ᠪᠣᠯᠵᠠᠢ᠂ ᠲᠡᠭᠦᠨ᠎ᠦ ᠠᠯᠬᠤᠭ᠎ᠠ ᠨᠢ ᠥᠷᠲᠡᠭᠡᠨ᠎ᠦ ᠶᠡᠨᠳᠡᠷ᠎ᠦᠨ ᠤᠷᠳᠤ᠎ᠶᠢ ᠤᠳᠠᠭ᠎ᠠ ᠳᠠᠷᠠᠭᠠᠯᠠᠨ ᠬᠡᠮᠵᠢᠵᠦ᠂ ᠠᠶᠠᠨᠴᠢᠳ ᠨᠢᠭᠡ ᠪᠦᠷᠢ᠎ᠶᠢᠨ ᠨᠤᠲᠤᠭ᠎ᠲᠠᠭᠠᠨ ᠪᠤᠴᠠᠬᠤ ᠵᠠᠮ᠎ᠤᠨ ᠠᠮᠤᠷ ᠲᠦᠪᠰᠢᠨ᠎ᠢ ᠨᠢᠭᠡ ᠨᠢᠭᠡ ᠠᠯᠬᠤᠮᠵᠢᠡᠷᠵᠢᠡᠨ ᠪᠠᠲᠤᠯᠠᠵᠤ ᠪᠠᠢᠳᠠᠭ᠃ 5 ᠵᠢᠯ᠎ᠦᠨ ᠲᠤᠷᠰᠢ᠂ 《ᠬᠠᠷᠢᠭᠤᠴᠠᠯᠭ᠎ᠠ》 ᠪᠣᠯᠣᠨ 《ᠪᠠᠲᠤ ᠰᠠᠬᠢᠬᠤ》 ᠨᠢ ᠠᠯᠢ ᠡᠷᠲᠡ ᠡᠨᠡ ᠬᠦ᠌ ᠵᠠᠯᠠᠭᠤ ᠲᠡᠮᠦᠷ ᠵᠠᠮ᠎ᠤᠨ ᠠᠵᠢᠯᠲᠠᠨᠦ ᠠᠵᠢᠯ ᠮᠡᠷᠭᠡᠵᠢᠯ᠎ᠦᠨ ᠠᠮᠢᠳᠤᠷᠠᠯ᠎ᠳᠤ ᠭᠦᠨᠵᠡᠭᠡᠢ ᠠᠭᠤᠰᠪᠠ᠃

ᠰᠢ ᠬᠤᠤ ᠶᠠᠩ ᠲᠠᠢ ᠠᠳᠠᠯᠢ ᠪᠡᠷ ᠠᠵᠢᠯ᠎ᠤᠨ ᠪᠠᠢᠷᠢ ᠪᠠᠨ ᠪᠠᠲᠤ ᠰᠠᠬᠢᠵᠤ ᠪᠠᠢᠭ᠎ᠠ ᠬᠦᠮᠦᠰ ᠤᠯᠠᠨ ᠪᠠᠢᠨ᠎ᠠ᠃ ᠲᠡᠭᠦᠨ᠎ᠦ ᠨᠦᠬᠦᠷ ᠨᠢ ᠪᠠᠰᠠ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠪᠠᠲᠤᠯᠠᠭ᠎ᠠ᠎ᠶᠢᠨ ᠡᠮᠦᠨ᠎ᠡ ᠹᠷᠣᠨᠲ ᠲᠤ᠌ ᠠᠵᠢᠯᠯᠠᠵᠤ ᠪᠠᠢᠭ᠎ᠠ ᠲᠡᠮᠦᠷ ᠵᠠᠮ᠎ᠤᠨ ᠴᠠᠭᠳᠠᠭ᠎ᠠ ᠪᠠᠢᠵᠤ᠂ ᠲᠡᠲᠡ ᠲᠤᠰ ᠲᠤᠰ᠎ᠤᠨ᠎ᠢᠶᠠᠨ ᠶᠠᠭᠠᠷᠠᠯᠲᠠᠢ ᠠᠵᠢᠯ ᠪᠠ ᠡᠭᠦᠷᠭᠡ ᠬᠠᠷᠢᠭᠤᠴᠠᠯᠭ᠎ᠠ ᠵᠢ ᠬᠠᠮᠤᠭ᠎ᠡᠴᠡ ᠣᠢᠯᠠᠭᠠᠳᠠᠭ ᠪᠥᠭᠡᠳ ᠡᠢᠮᠦᠷᠬᠦᠦ ᠠᠵᠢᠯ ᠳ᠋ᠠᠭᠠᠨ ᠶᠠᠭᠠᠷᠠᠨ ᠮᠤᠨᠭᠭᠢᠨᠠᠬᠤ ᠡᠳᠦᠷ ᠬᠣᠨᠣᠭᠤᠳᠲᠤ ᠠᠯᠢ ᠬᠡᠳᠦᠢᠨ ᠳᠠᠳᠴᠠᠢ᠃ ᠭᠡᠷ ᠬᠣᠲᠠᠯᠠᠭᠠᠷ᠎ᠢᠶᠠᠨ ᠴᠤᠭᠯᠠᠷᠠᠬᠤ ᠴᠠᠭ ᠮᠥᠴᠡ᠎ᠳᠦ᠂ ᠲᠡᠳᠡ ᠮᠥᠷᠥᠭᠡᠳᠦᠯ᠎ᠢᠶᠡᠨ ᠰᠡᠳᠬᠢᠯ᠎ᠦᠨ ᠭᠦᠨ᠎ᠳᠡᠭᠡᠨ ᠬᠠᠳᠠᠭᠠᠯᠠᠵᠤ᠂ ᠥᠪᠡᠷ ᠥᠪᠡᠷ᠎ᠦᠨ ᠪᠠᠲᠤ ᠰᠠᠬᠢᠯᠲᠠᠪᠠᠷᠢᠶᠠᠨ ᠲᠦᠭ ᠲᠦᠮᠡᠨ ᠠᠶᠠᠨᠴᠢᠳ᠎ᠤᠨ ᠠᠮᠤᠷ ᠲᠦᠪᠰᠢᠨ᠎ᠵᠢᠡᠷ ᠪᠤᠴᠠᠬᠤ ᠵᠠᠮ᠎ᠢ ᠰᠠᠬᠢᠨ ᠬᠠᠮᠠᠭᠠᠯᠠᠵᠤ ᠪᠠᠢᠨ᠎ᠠ᠃ 《ᠭᠡᠷ᠎ᠲᠡᠬᠡᠨ ᠬᠠᠷᠢᠵᠤ ᠭᠡᠷ᠎ᠦᠨ ᠬᠥᠮᠥᠰ᠎ᠲᠠᠢ᠎ᠪᠡᠨ ᠠᠭᠤᠯᠵᠠᠵᠤ ᠳᠡᠶ᠋ᠢᠯᠭᠦ ᠦᠭᠡᠢ᠎ᠳᠡᠭᠡᠨ ᠦᠨᠡᠬᠡᠷ ᠬᠠᠷᠠᠮᠰᠠᠵᠤ ᠪᠠᠢᠨ᠎ᠠ᠂ ᠭᠡᠪᠡᠴᠦ ᠠᠶᠠᠨᠴᠢᠳ᠎ᠤᠨ ᠠᠮᠤᠷ ᠲᠦᠪᠰᠢᠨ᠎ᠢᠶᠡᠷ ᠬᠦᠷᠴᠦ ᠢᠷᠡᠬᠡᠳ᠂ ᠭᠡᠷ᠎ᠦᠨ ᠬᠥᠮᠥᠰ᠎ᠲᠠᠢ᠎ᠪᠡᠨ ᠲᠡᠪᠡᠷᠢᠯᠴᠡᠨ ᠤᠴᠠᠷᠠᠬᠤ ᠵᠢ ᠬᠠᠷᠠᠪᠠᠯ᠂ ᠡᠨᠡ ᠬᠦ᠌ ᠠᠵᠢᠯ᠎ᠤᠨ ᠠᠴᠢ ᠬᠣᠯᠪᠣᠭᠳᠠᠯ᠎ᠢ ᠪᠢ ᠦᠨᠡᠨ ᠬᠦ᠌ ᠣᠢᠯᠠᠭᠠᠨ᠎ᠠ》 ᠭᠡᠵᠦ ᠰᠢ ᠬᠤᠤ ᠶᠠᠩ ᠬᠡᠯᠡᠪᠡ᠃

ᠰᠢ ᠬᠤᠤ ᠶᠠᠩ ᠪᠣᠯ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠡᠮᠦᠨ᠎ᠡ ᠹᠷᠣᠨᠲ᠎ᠤᠨ ᠲᠦᠭ ᠲᠦᠮᠡᠨ ᠦᠨᠳᠦᠰᠦᠨ ᠱᠠᠲᠤᠨ᠎ᠤ ᠠᠵᠢᠯᠲᠠᠨ᠎ᠤ ᠬᠤᠷᠢᠶᠠᠩᠭᠤᠢ ᠳᠦᠷᠰᠦ ᠲᠡᠳᠦᠢ ᠶᠤᠮ᠂ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠵᠠᠮ ᠳᠡᠭᠡᠷ᠎ᠡ᠂ ᠪᠠᠰᠠ ᠲᠡᠭᠦᠨ᠎ᠲᠠᠢ ᠠᠳᠠᠯᠢᠬᠠᠨ ᠦᠢ ᠤᠯᠠᠨ ᠬᠥᠳᠡᠯᠮᠦᠷᠢᠴᠢᠨ ᠡᠭᠡᠯ ᠵᠢᠷ᠎ᠦᠨ ᠠᠵᠢᠯ᠎ᠤᠨ ᠪᠠᠢᠷᠢ ᠳᠡᠭᠡᠷ᠎ᠡ᠎ᠪᠡᠨ ᠦᠭᠡ ᠲᠠᠭᠤᠨ ᠦᠭᠡᠢ ᠬᠤᠪᠢ ᠨᠡᠮᠡᠷᠢ ᠦᠵᠡᠭᠦᠯᠵᠦ᠂ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠠᠲᠤ ᠰᠠᠬᠢᠵᠤ᠂ ᠬᠠᠢᠷ᠎ᠠ ᠬᠠᠯᠠᠮᠵᠢ᠎ᠪᠠᠷ ᠭᠡᠷ᠎ᠲᠡᠬᠡᠨ ᠬᠠᠷᠢᠬᠤ ᠠᠶᠠᠨ ᠵᠠᠮ᠎ᠢ ᠳᠤᠯᠠᠭᠠᠴᠡᠭᠤᠯᠤᠨᠠ᠃
ᠥᠷᠲᠡᠭᠡᠨ᠎ᠦ ᠨᠡᠪᠲᠡᠷᠡᠭᠦᠯᠭᠡ ᠳᠠᠬᠢᠨᠲᠠ ᠳᠤᠤᠭᠠᠷᠴᠤ᠂ ᠭᠡᠷ ᠬᠣᠲᠠᠯᠠᠭᠠᠷ᠎ᠢᠶᠠᠨ ᠴᠤᠭᠯᠠᠷᠠᠬᠤ ᠬᠦᠰᠡᠯ ᠡᠷᠡᠮᠡᠯᠵᠡᠯ ᠡᠪᠦᠷᠯᠡᠭᠰᠡᠨ ᠠᠶᠠᠨᠴᠢᠳ᠎ᠢ ᠳᠦᠭᠦᠷᠲᠡᠯ᠎ᠡ ᠰᠠᠭᠤᠯᠭᠠᠭᠰᠠᠨ ᠪᠠᠰᠠ ᠨᠢᠭᠡ ᠴᠤᠪᠤᠭ᠎ᠠ ᠭᠠᠯᠲᠤ ᠲᠡᠷᠭᠡ ᠦᠷᠲᠡᠭᠡᠨ ᠡᠴᠡ ᠠᠯᠭᠤᠷᠬᠠᠨ ᠮᠤᠷᠳᠠᠵᠤ᠂ ᠰᠢ ᠬᠤᠤ ᠶᠠᠩ ᠭᠠᠯᠲᠤ ᠲᠡᠷᠭᠡ᠎ᠶᠢᠨ ᠠᠶᠠᠷᠯᠠᠨ ᠤᠳᠬᠤ ᠵᠢ ᠰᠢᠷᠲᠡᠨ ᠵᠤᠭᠰᠤᠵᠤ ᠲᠡᠷᠬᠡ ᠬᠤᠯᠠᠳᠠᠭᠰᠠᠨᠤ ᠳᠠᠷᠠᠭ᠎ᠠ᠂ ᠳᠠᠷᠤᠢᠬᠠᠨ ᠳᠠᠭᠤ ᠲᠣᠮᠣᠷᠠᠭᠤᠯᠤᠭ᠍ᠴᠢᠪᠠᠨ ᠠᠪᠴᠤ᠂ ᠳᠠᠷᠠᠭ᠎ᠠ ᠡᠭᠡᠯᠵᠢ᠎ᠵᠢᠨ ᠠᠶᠠᠨᠴᠢᠳᠵᠦᠭ ᠴᠢᠭᠯᠡᠨᠠ᠃ ᠬᠦᠢᠲᠡᠨ ᠰᠠᠯᠬᠢ ᠲᠡᠭᠦᠨ᠎ᠦ ᠬᠤᠷᠮᠤᠢ ᠵᠢ ᠦᠯᠢᠶᠡᠨ ᠬᠡᠢᠰᠭᠡᠵᠦ᠂ ᠲᠡᠭᠦᠨ᠎ᠦ ᠪᠠᠷ᠎ᠠ ᠨᠢ ᠪᠢᠲᠡᠭᠦᠨ᠎ᠦ ᠰᠥᠨᠢ ᠭᠡᠷ ᠲᠡᠭᠡᠨ ᠪᠤᠴᠠᠬᠤ ᠵᠠᠮ᠎ᠤᠨ ᠨᠢᠭᠡᠨ ᠬᠠᠯᠠᠭᠤᠨ ᠳᠤᠯᠠᠭᠠᠨ ᠪᠥᠭᠡᠳ ᠡᠷᠡᠰ ᠪᠠᠲᠤ ᠦᠵᠡᠮᠵᠢ ᠪᠣᠯᠪᠠ᠃