ᠨᠤᠲᠤᠭ᠎ᠤᠨ ᠠᠷᠠᠨᠰᠢᠨ ᠬᠡᠪ᠎ᠢᠶᠡᠷ᠎ᠢᠶᠡᠨ ᠪᠠᠢᠵᠤ ᠨᠤᠲᠤᠭ᠎ᠤᠨ ᠦᠵᠡᠮᠵᠢ ᠳᠠᠰᠤᠷᠠᠯᠲᠠ ᠦᠭᠡᠢ ᠰᠢᠨᠡᠳᠦᠨ᠎ᠠ
2026-02-19 10:54:36
ᠵᠣᠬᠢᠶᠠᠭ᠍ᠴᠢ᠄
ᠬᠠᠨ ᠱᠢᠤᠸᠠᠢ ᠷᠦ
ᠣᠩᠱᠢᠭ᠍ᠰᠠᠨ ᠣᠳᠠᠭ᠎ᠠ᠄
★★★☆☆

ᠤᠷᠢᠬᠠᠨ ᠬᠠᠪᠤᠷ ᠰᠠᠭᠠᠲᠠᠵᠤ᠂ ᠴᠠᠭᠠᠨ ᠰᠠᠷ᠎ᠠ ᠵᠢᠨ ᠠᠭᠤᠷ ᠠᠮᠢᠰᠬᠤᠯ ᠶᠠᠭ ᠥᠳᠭᠡᠨ ᠪᠠᠢᠨ᠎ᠠ᠃ ᠲᠠᠷᠢᠶᠠᠨ ᠭᠠᠵᠠᠷ ᠮᠠᠯᠵᠢᠯ᠎ᠤᠨ ᠲᠠᠯᠠᠪᠠᠢ᠎ᠳᠤ᠂ ᠭᠠᠵᠠᠷ ᠪᠣᠯᠭᠠᠨ᠎ᠳᠤ ᠴᠠᠭᠠᠨ ᠰᠠᠷ᠎ᠠ᠎ᠶ᠋ᠢᠨ ᠬᠦᠷ ᠬᠦᠭᠵᠢᠶᠡᠨ᠂ ᠵᠣᠯ ᠵᠢᠷᠭᠠᠯᠲᠤ ᠲᠦᠷᠦᠭ᠌ᠳᠡᠯ᠎ᠢᠶᠡᠷ ᠪᠢᠯᠬᠠᠨ᠎ᠠ᠃

ᠦᠭᠡᠷᠡᠴᠢᠯᠡᠯᠲᠡ ᠬᠤᠪᠢᠰᠤᠯᠲᠠ ᠵᠢᠨ ᠶᠠᠪᠤᠴᠠ᠎ᠳᠤ ᠢᠯᠠᠯᠲᠠ ᠵᠢᠨ ᠳᠠᠭᠤᠤ ᠴᠤᠤᠷᠢᠶᠠᠳᠤᠨ᠎ᠠ᠃ ᠱᠢᠨᠡᠳᠦᠨ ᠬᠤᠪᠢᠷᠠᠭᠰᠠᠨ ᠦᠩᠭᠡ ᠦᠵᠡᠮᠵᠢ ᠪᠤᠯᠭᠠᠨ᠂ ᠢᠨᠢᠶᠡᠮᠰᠦᠭ᠌ᠯᠡᠭ᠌ᠰᠡᠨ ᠴᠢᠷᠠᠢ ᠪᠦᠷᠢ᠎ᠳᠤ ᠴᠦᠮ ᠴᠠᠭ ᠦᠶ᠎ᠡ᠎ᠶ᠋ᠢᠨ ᠤᠯᠠ ᠮᠥᠷ ᠰᠡᠢᠯᠦᠭᠳᠡᠵᠦ᠍᠂ ᠪᠣᠳᠠᠲᠠᠢ ᠠᠵᠢᠯᠯᠠᠬᠤ ᠬᠦᠴᠦ᠍ ᠬᠥᠯᠥᠰᠥ᠍ ᠱᠢᠩᠭᠡᠵᠦ᠍᠂ ᠠᠷᠠᠳ ᠤᠯᠠᠨ᠎ᠤ ᠬᠦᠰᠡᠯ ᠡᠷᠡᠮᠡᠯᠵᠡᠯ᠎ᠢ ᠠᠴᠢᠶᠠᠯᠠᠵᠤ᠂ ᠨᠡᠩ ᠴᠤ᠌ ᠡᠨᠡ ᠬᠦ᠌ ᠴᠠᠭᠠᠨ ᠰᠠᠷ᠎ᠠ᠎ᠳᠤ ᠣᠷᠣᠱᠢᠨ ᠰᠠᠭᠤᠵᠤ ᠦᠢᠯᠡᠰ ᠪᠤᠰᠭᠠᠬᠤ᠎ᠳᠤ ᠲᠣᠬᠢᠷᠠᠮᠵᠢᠲᠠᠢ ᠡᠶ᠎ᠡ ᠵᠤᠬᠢᠴᠠᠩᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠱᠢᠨ᠎ᠡ ᠳᠦᠷᠰᠦ ᠪᠠᠢᠳᠠᠯ᠎ᠢ ᠵᠢᠷᠤᠭ᠍ᠯᠠᠭᠰᠠᠨ ᠪᠠᠢᠨ᠎ᠠ᠃

ᠴᠠᠭᠠᠨ ᠰᠠᠷ᠎ᠠ᠎ᠳᠤ ᠬᠠᠮᠤᠭ᠎ᠤᠨ ᠬᠠᠯᠠᠭᠤᠨ ᠳᠤᠯᠠᠭᠠᠨ ᠶᠠᠪᠤᠳᠠᠯ ᠨᠢ 《ᠠᠮᠤᠭᠤᠯᠠᠩ ᠰᠠᠭᠤᠴᠠ》 ᠲᠠᠢ ᠪᠤᠯᠤᠭᠰᠠᠨ ᠵᠣᠯ ᠵᠢᠷᠭᠠᠯ ᠪᠣᠯᠤᠨ᠎ᠠ᠃

ᠱᠢᠨ᠎ᠡ ᠭᠡᠷ᠎ᠲᠡᠬᠡᠨ ᠴᠠᠭᠠᠨ ᠰᠠᠷ᠎ᠠ᠎ᠪᠠᠨ ᠤᠭ᠍ᠲᠤᠭᠰᠠᠨ ᠶᠠᠪᠤᠳᠠᠯ ᠨᠢ ᠢᠦᠶ ᠴᠦᠨ ᠯᠦᠩ᠎ᠦᠨ ᠨᠢᠭᠡ ᠭᠡᠷ᠎ᠦᠨ ᠬᠢᠨ᠎ᠦ ᠬᠠᠮᠤᠭ᠎ᠤᠨ ᠪᠠᠶᠠᠷᠲᠠᠶ ᠶᠠᠪᠤᠳᠠᠯ ᠪᠣᠯᠤᠨ᠎ᠠ᠃ ᠭᠡᠭᠡᠨ ᠴᠣᠩᠬᠣ᠂ ᠴᠡᠪᠡᠷ ᠲᠡᠭ᠌ᠰᠢ ᠬᠦᠷᠢᠶ᠎ᠡ ᠬᠠᠱᠢᠶ᠎ᠠ᠂ ᠬᠤᠤᠰ ᠤᠶᠠᠩᠭ᠎ᠠ ᠪᠠ ᠳ᠋ᠧᠩᠯᠦ᠍ ᠨᠢ ᠴᠠᠭᠠᠨ ᠰᠠᠷ᠎ᠠ᠎ᠶ᠋ᠢᠨ ᠦᠨᠦᠷ ᠠᠮᠲᠠ ᠵᠢ ᠨᠠᠩ ᠥᠳᠭᠡᠨ ᠪᠤᠯᠭᠠᠭᠰᠠᠨ ᠪᠠᠢᠨ᠎ᠠ᠃

ᠡᠨᠡ ᠵᠢᠯ 50 ᠨᠠᠰᠤᠲᠠᠢ ᠢᠦᠢ ᠴᠦᠨ ᠯᠦᠩ ᠪᠣᠯ ᠵᠠᠯᠠᠢᠳ ᠬᠣᠱᠢᠭᠤᠨ᠎ᠤ ᠱᠢᠨ ᠯᠢᠨ ᠪᠠᠯᠭᠠᠰᠤ᠎ᠶ᠋ᠢᠨ ᠱᠢᠨ ᠯᠢᠨ ᠲᠣᠰᠭᠣᠨ᠎ᠤ ᠶᠠᠳᠠᠭᠤ᠎ᠡᠴᠡ ᠠᠩᠭᠢᠵᠢᠷᠠᠭᠰᠠᠨ ᠬᠢᠨᠠᠨ ᠬᠡᠮᠵᠢᠯᠲᠡ᠎ᠶ᠋ᠢᠨ ᠡᠷᠦᠬᠡ ᠪᠣᠯᠤᠨ᠎ᠠ᠃ 2025 ᠣᠨ᠎ᠤ 3 ᠰᠠᠷ᠎ᠠ᠎ᠳᠤ᠂ ᠢᠦᠢ ᠴᠦᠨ ᠯᠦᠩ᠎ᠤᠨ ᠭᠡᠷ᠎ᠲᠦ ᠰᠠᠨᠠᠭᠠᠨ᠎ᠳᠤ ᠦᠭᠡᠢ᠎ᠪᠡᠷ ᠭᠠᠯ ᠭᠠᠷᠴᠤ᠌᠂ ᠶᠡᠷᠦ ᠨᠢ ᠳᠥᠭᠥᠮ ᠪᠦᠳᠦᠭᠦᠯᠢᠭ ᠪᠠᠢᠭᠰᠠᠨ ᠣᠷᠣᠨ ᠰᠠᠭᠤᠴᠠ ᠨᠢ ᠰᠠᠭᠤᠬᠤ ᠵᠢᠨ ᠠᠷᠭ᠎ᠠ ᠦᠭᠡᠢ ᠪᠤᠯᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠱᠢᠨ ᠯᠢᠨ ᠲᠣᠰᠭᠣᠨ᠎ᠳᠤ ᠲᠣᠮᠢᠯᠠᠭ᠍ᠰᠠᠨ ᠨᠢᠭᠡᠳᠦᠭᠡᠷ ᠱᠦᠵᠢ ᠭᠤᠤ ᠯᠢ ᠪᠣᠯᠤᠨ ᠲᠣᠰᠭᠣᠨ᠎ᠳᠤ ᠰᠠᠭᠤᠭ᠎ᠠ ᠠᠵᠢᠯᠯᠠᠬᠤ ᠠᠩᠭᠢ᠎ᠶ᠋ᠢᠨ᠎ᠬᠢᠨ ᠴᠠᠭ ᠲᠤᠬᠠᠶ᠎ᠳᠤᠨᠢ ᠡᠷᠦᠬᠡ᠎ᠳᠦ ᠣᠷᠣᠵᠤ ᠪᠠᠢᠳᠠᠯ᠎ᠢ ᠣᠢᠯᠠᠭᠠᠬᠤ᠎ᠶ᠋ᠢᠨ ᠬᠠᠮᠲᠤ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠬᠠᠮᠵᠢᠨ ᠢᠦᠢ ᠴᠦᠨ ᠯᠦᠩ᠎ᠤᠨ᠎ᠬᠢᠨ᠎ᠢ 2025 ᠣᠨ᠎ᠤ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠵᠠᠰᠠᠬᠤ ᠬᠦᠷᠢᠶ᠎ᠡ ᠬᠡᠪᠴᠢᠶᠡᠨ᠎ᠳᠦ ᠣᠷᠣᠭᠤᠯᠵᠤ᠂ ᠲᠡᠳᠡᠨ᠎ᠦ᠎ᠬᠢᠨ᠎ᠢ ᠬᠠᠪᠰᠤᠷᠤᠨ 96 ᠲᠡᠭ᠌ᠰᠢ ᠳᠥᠷᠪᠡᠯᠵᠢᠨ ᠮᠧᠲ᠋ᠷ ᠲᠠᠯᠠᠪᠠᠶ ᠪᠥᠬᠥᠶ ᠲᠣᠭᠣᠰᠭ᠎ᠠ ᠱᠦᠢᠨᠢ ᠵᠢᠨ ᠪᠦᠲᠦᠴᠡᠲᠦ ᠱᠢᠨ᠎ᠡ  ᠬᠡᠷ  ᠪᠠᠷᠢᠵᠤ  ᠥᠭ᠌ᠴᠡᠶ᠃

《ᠥᠩᠭᠡᠷᠡᠭᠡᠭ᠌ᠰᠡᠨ᠎ᠤ ᠬᠠᠭᠤᠴᠢᠨ ᠪᠠᠢᠰᠢᠩ᠂ ᠡᠪᠦᠯ ᠪᠤᠯᠬᠤ ᠪᠡᠷ ᠰᠠᠯᠬᠢ ᠨᠡᠪᠲᠡᠷᠡᠬᠦ᠌ ᠮᠥᠷᠲᠡᠭᠡᠨ ᠬᠦᠢᠲᠡᠨ ᠪᠠᠢᠳᠠᠭ᠃ ᠴᠠᠭᠠᠨ ᠰᠠᠷ᠎ᠠ᠎ᠡᠴᠡ ᠡᠮᠦᠨ᠎ᠡ ᠱᠢᠨ᠎ᠡ ᠭᠡᠷ᠎ᠲᠡᠭᠡᠨ ᠤᠷᠤᠭᠠᠤᠨ ᠲᠦᠢᠯ᠎ᠢᠶᠡᠷ ᠪᠠᠶᠠᠷ ᠲᠠᠢ ᠪᠠᠢᠨ᠎ᠠ᠃ ᠬᠠᠷᠠᠭᠠᠴᠢ᠂ ᠱᠢᠨ᠎ᠡ ᠭᠡᠷ ᠮᠠᠨᠢ ᠬᠠᠯᠠᠭᠤᠨ ᠳᠤᠯᠠᠭᠠᠨ ᠮᠥᠷᠲᠡᠭᠡᠨ ᠴᠡᠪᠡᠷ ᠲᠡᠭᠰᠢ ᠪᠠᠢᠵᠤ᠂ ᠴᠠᠭᠠᠨ ᠰᠠᠷ᠎ᠠ ᠪᠡᠨ ᠪᠠᠶᠠᠷ ᠵᠢᠷᠭᠠᠯ ᠲᠠᠢ ᠦᠩᠭᠡᠷᠡᠬᠦᠯᠬᠦ ᠪᠤᠯᠵᠠᠢ!》 ᠭᠡᠵᠦ  ᠭᠡᠷ ᠳᠦᠭᠦᠷᠡᠩ ᠱᠢᠨ᠎ᠡ ᠵᠢᠯ᠎ᠦᠨ ᠪᠠᠷᠠᠭ᠎ᠠ᠎ᠪᠡᠨ ᠬᠠᠷᠠᠭᠠᠳ ᠢᠦᠢ ᠴᠦᠨ ᠯᠦᠩ ᠳᠣᠭ᠍ᠳᠣᠯᠤᠭ᠍ᠰᠠᠨ ᠰᠡᠳᠭᠢᠯᠭᠡ᠎ᠪᠡᠨ ᠳᠠᠷᠤᠵᠤ ᠶᠠᠳᠠᠨ ᠬᠡᠯᠡᠨ᠎ᠡ᠃

ᠣᠷᠣᠨ ᠰᠠᠭᠤᠴᠠ᠎ᠶ᠋ᠢᠨ ᠬᠤᠪᠢᠷᠠᠯᠲᠠ ᠨᠢ ᠴᠠᠭᠠᠨ ᠰᠠᠷ᠎ᠠ᠎ᠳᠤ ᠠᠮᠤᠷ ᠲᠠᠢᠪᠤᠩ ᠪᠠ ᠵᠣᠯ ᠵᠢᠷᠭᠠᠯ᠎ᠨᠡᠮᠡᠷᠢᠯᠡᠵᠡᠢ᠃ ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ᠎ᠤᠨ ᠬᠢᠨ ᠶᠠᠳᠠᠭᠤ᠎ᠡᠴᠡ ᠠᠩᠭᠢᠵᠢᠷᠠᠭᠤᠯᠬᠤ ᠪᠤᠭᠤᠮᠲᠠ ᠱᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠦᠶ᠋ᠯᠡᠰ᠂ ᠠᠵᠢᠯ ᠣᠯᠭᠣᠯᠲᠠ᠂ ᠡᠮ ᠡᠮᠨᠡᠯᠭᠡ᠂ ᠰᠤᠷᠭᠠᠨ ᠬᠥᠮᠦᠵᠢᠯ᠂ ᠣᠷᠣᠨ ᠰᠠᠭᠤᠴᠠ᠂ ᠠᠮᠤᠷ ᠲᠦᠪᠱᠢᠨ ᠤᠤᠭᠤᠬᠤ ᠤᠰᠤ ᠵᠡᠷᠭᠡ ᠬᠦᠷᠢᠶᠡᠨ᠎ᠳᠡᠬᠢ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠦᠷᠭᠦᠯᠵᠢᠯᠡᠨ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂ ᠲᠦᠭ ᠲᠦᠮᠡᠨ ᠠᠢᠯ ᠡᠷᠦᠬᠡ᠎ᠶ᠋ᠢᠨ ᠠᠮᠤᠷ ᠠᠮᠤᠭᠤᠯᠠᠩ᠎ᠢ ᠰᠡᠳᠭᠢᠯ ᠳᠡᠯᠪᠢᠨ ᠰᠠᠬᠢᠨ ᠬᠠᠮᠠᠭᠠᠯᠠᠵᠤ᠂ ᠬᠥᠭ᠌ᠵᠢᠯᠲᠡ᠎ᠶ᠋ᠢᠨ ᠦᠨᠳᠦᠰᠦ ᠰᠠᠭᠤᠷᠢ᠎ᠶ᠋ᠢ ᠬᠦᠴᠦᠯᠡᠨ ᠪᠡᠬᠢᠵᠢᠭᠦᠯᠵᠦ᠍᠂ ᠬᠥᠭ᠌ᠵᠢᠭᠦᠯᠦᠨ ᠮᠠᠨᠳᠤᠭᠤᠯᠬᠤ ᠵᠠᠮ᠎ᠢ ᠡᠷᠴᠢᠮ᠎ᠲᠡᠶ ᠪᠥᠭᠡᠳ ᠨᠠᠩ ᠬᠠᠯᠠᠭᠤᠨ ᠳᠤᠯᠠᠭᠠᠬᠠᠨ ᠪᠣᠯᠭᠠᠵᠠᠶ᠃

ᠴᠠᠭᠠᠨ ᠰᠠᠷ᠎ᠠ᠎ᠳᠤ᠂ ᠵᠤᠷᠢᠭ᠎ᠢ ᠬᠠᠮᠤᠭ ᠡᠴᠡ ᠬᠦᠪᠴᠢᠯᠡᠭᠰᠡᠨ ᠨᠢ 《ᠣᠷᠣᠯᠭ᠎ᠠ ᠨᠡᠮᠡᠭ᠌ᠳᠡᠭ᠌ᠰᠡᠨ》 ᠪᠠᠶᠠᠷ᠎ᠤᠨ ᠴᠢᠮᠡᠭᠡ ᠪᠤᠯᠤᠨ᠎ᠠ᠃

 2 ᠰᠠᠷ᠎ᠠ᠎ᠶ᠋ᠢᠨ 6 ᠤ᠋ ᠡᠳᠦᠷ ᠬᠦᠷ ᠬᠦᠭᠵᠢᠶᠡᠨ ᠲᠠᠢ ᠶᠠᠪᠤᠭ᠍ᠳᠠᠭ᠍ᠰᠠᠨ 《ᠨᠢᠭᠡᠳᠦᠯᠲᠡᠢ ᠲᠠᠷᠢᠵᠤ ᠬᠠᠮᠲᠤ᠎ᠪᠠᠷ ᠪᠠᠶᠠᠵᠢᠬᠤ》 ᠭᠠᠵᠠᠷ ᠱᠢᠷᠣᠢ᠎ᠶ᠋ᠢᠨ ᠬᠠᠮᠲᠤᠷᠠᠯᠴᠠᠭᠠᠨ᠎ᠤ ᠡᠵᠡᠩᠨᠡᠯᠲᠡ᠎ᠶ᠋ᠢᠨ ᠵᠠᠭ᠍ᠪᠤᠷ᠎ᠤᠨ ᠠᠱᠢᠭ ᠬᠤᠪᠢᠶᠠᠬᠤ ᠶᠡᠬᠡ ᠬᠤᠷᠠᠯ᠎ᠨᠢ ᠳᠠᠯᠠᠳ ᠬᠣᠱᠢᠭᠤᠨ᠎ᠤ ᠽᠠᠨᠳᠠᠨ ᠵᠤᠤ ᠰᠤᠮᠤ᠎ᠶ᠋ᠢᠨ ᠨᠠᠭᠤᠷ᠎ᠤᠨ ᠲᠤᠬᠤᠢ ᠲᠣᠰᠭᠣᠨ᠎ᠤ ᠠᠷᠠᠳ ᠱ᠌ᠢ ᠬᠠᠢ ᠱᠣ᠌᠎ᠳᠤ  ᠭᠦᠨ ᠲᠦᠷᠦᠭᠳᠡᠯ ᠦᠯᠡᠳᠡᠭᠡᠵᠡᠢ᠃

《ᠥᠩᠭᠡᠷᠡᠭ᠌ᠰᠡᠨ᠎ᠳᠦ ᠲᠠᠷᠢᠶ᠎ᠠ ᠲᠠᠷᠢᠬᠤ᠎ᠳᠤ ᠥᠪᠡᠷ᠎ᠢᠶᠡᠨ ᠮᠤᠩᠭᠠᠨᠢᠵᠤ ᠪᠠᠢᠵᠠᠢ᠂ ᠤᠳᠤ ᠬᠠᠮᠲᠤ᠎ᠪᠠᠷ ᠬᠥᠭ᠌ᠵᠢᠵᠦ᠍᠂ ᠬᠡᠪᠴᠢᠶᠡᠵᠢᠭᠦᠯᠦᠨ ᠲᠠᠷᠢᠵᠤ᠂ ᠮᠠᠱᠢᠨᠴᠢᠯᠠᠨ ᠬᠠᠮᠢᠶᠠᠷᠴᠤ᠌᠂ ᠰᠡᠳᠭᠢᠯ ᠠᠮᠤᠷ ᠪᠠᠢᠬᠤ᠎ᠪᠠᠷ ᠪᠠᠷᠠᠬᠤ ᠦᠭᠡᠢ ᠪᠠᠰᠠ ᠠᠱᠢᠭ ᠬᠤᠪᠢᠶᠠᠨ ᠣᠯᠵᠤ᠂ ᠠᠮᠢᠳᠤᠷᠠᠯ ᠶᠠᠪᠤᠬᠤ ᠲᠤᠳᠤᠮ ᠥᠭᠡᠳᠡᠯᠡᠵᠦ᠍ ᠪᠠᠢᠨ᠎ᠠ᠃ ᠨᠢᠳᠤᠨᠤᠨ ᠲᠡᠭᠦᠨ᠎ᠤ 30 ᠮᠦ᠍ ᠭᠠᠵᠠᠷ ᠱᠢᠷᠣᠢ᠎ᠶ᠋ᠢ ᠬᠤᠷᠱᠢᠶ᠎ᠠ ᠡᠴᠡ ᠨᠢᠭᠡᠳᠦᠯᠲᠡᠢ ᠬᠠᠮᠢᠶᠠᠷᠴᠤ᠌᠂ ᠮᠦ᠍ ᠪᠦᠷᠢ᠎ᠳᠤ ᠠᠳᠠᠭ ᠲᠠᠭᠠᠨ 800 ᠲᠥᠭᠥᠷᠢᠭ᠎ᠤᠨ ᠤᠷᠤᠯᠭ᠎ᠠ ᠲᠠᠢ᠃ ᠬᠤᠷᠢᠶᠠᠯᠲᠠ ᠰᠠᠢ᠌ᠨ ᠪᠣᠯᠬᠣᠷ ᠮᠦ᠍ ᠪᠦᠷᠢ᠎ᠡᠴᠡ 320 ᠲᠥᠭᠥᠷᠢᠭ᠎ᠦᠨ ᠬᠣᠶᠠᠳᠤᠭᠠᠷ ᠤᠳᠠᠭᠠᠨ᠎ᠤ ᠠᠰᠢᠭ ᠣᠯᠵᠤ᠂ 33600 ᠲᠥᠭᠥᠷᠢᠭ᠎ᠤᠨ ᠤᠷᠤᠯᠭ᠎ᠠ ᠲᠠᠢ ᠪᠤᠯᠤᠭᠰᠠᠨ ᠪᠠᠢᠨ᠎ᠠ᠃ ᠬᠤᠷᠱᠢᠶ᠎ᠠ᠎ᠶ᠋ᠢᠨ ᠠᠱᠢᠭ ᠬᠤᠪᠢᠶᠠᠷᠢᠯᠠᠯᠲᠠ᠎ᠡᠴᠡ ᠭᠠᠳᠠᠨ᠎ᠠ᠂ ᠪᠢ ᠪᠠᠰᠠ ᠲᠠᠷᠢᠶᠠᠨ ᠭᠠᠵᠠᠷ᠎ᠤᠨ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠦᠷᠦᠯ ᠵᠦᠢᠯ ᠳᠡᠭᠡᠷ᠎ᠡ ᠠᠵᠢᠯ᠎ᠤᠯᠭᠤᠬᠤ ᠪᠡᠷ ᠲᠡᠳᠬᠦᠮᠵᠢ᠎ᠶ᠋ᠢ ᠣᠷᠣᠯᠠᠭᠤᠯᠬᠤ᠎ᠪᠠᠷ ᠲᠠᠮᠵᠢᠨ 42000 ᠲᠥᠭᠥᠷᠢᠭ ᠣᠯᠵᠠᠢ》 ᠬᠡᠵᠤ ᠱ᠌ᠢ ᠬᠠᠢ ᠱᠣ᠌ ᠬᠤᠷᠤᠭᠤ᠎ᠲᠠᠷᠤᠨ ᠣᠷᠣᠯᠭ᠎ᠠ᠎ᠨᠡᠮᠡᠭ᠌ᠳᠡᠭᠰᠡᠨ ᠲᠠᠩᠰᠠ᠎ᠪᠠᠨ ᠪᠤᠳᠤᠵᠦ᠍ ᠭᠠᠷᠤᠯ᠎ᠠ᠃

《ᠨᠢᠭᠡᠳᠦᠯᠲᠡᠶ ᠳᠠᠷᠢᠵᠤ ᠬᠠᠮᠲᠤ᠎ᠪᠠᠷ ᠪᠠᠶᠠᠵᠢᠬᠤ》 ᠵᠠᠭ᠍ᠪᠤᠷ᠎ᠨᠢ ᠠᠢᠯ ᠡᠷᠦᠬᠡ᠎ᠪᠤᠯᠭᠠᠨ᠎ᠤ ᠦᠶ᠋ᠯᠡᠳᠪᠦᠷᠢᠯᠡᠯ᠎ᠦᠨ ᠠᠷᠭ᠎ᠠ ᠬᠡᠯᠪᠡᠷᠢ᠎ᠶ᠋ᠢ ᠬᠤᠪᠢᠷᠠᠭᠤᠯᠵᠤ᠂ ᠭᠠᠵᠠᠷ ᠱᠢᠷᠣᠶ᠂ ᠬᠥᠳᠡᠯᠮᠦᠷᠢ ᠬᠦᠴᠦ᠍᠂ ᠪᠠᠯᠠ ᠮᠥᠩᠭᠥ᠌᠂ ᠮᠡᠷᠭᠡᠵᠢᠯ ᠵᠡᠷᠭᠡ ᠴᠢᠬᠤᠯᠠ ᠡᠯᠧᠮᠧᠨ᠋ᠲ᠎ᠢ ᠪᠦᠲᠦᠮᠵᠢᠲᠡᠶ ᠨᠡᠢᠳᠭᠡᠵᠦ᠍᠂ ᠵᠢᠵᠢᠭ ᠲᠠᠷᠢᠶᠠᠴᠢᠨ ᠡᠷᠦᠬᠡ᠎ᠶ᠋ᠢ ᠲᠣᠮᠣ ᠠᠵᠤ ᠦᠶ᠋ᠯᠡᠰ᠎ᠲᠦ ᠠᠭᠤᠰᠤᠯᠴᠠᠭᠤᠯᠪᠠ᠃ ᠣᠢᠷ᠎ᠠ᠎ᠶ᠋ᠢᠨ ᠵᠢᠯ᠎ᠳᠦ  ᠳᠠᠯᠠᠳ ᠬᠣᠱᠢᠭᠤ 《ᠨᠠᠮ᠎ᠤᠨ ᠡᠭᠦᠷ + ᠬᠣᠷᠱᠢᠶ᠎ᠠ + ᠰᠠᠭᠤᠷᠢᠨ + ᠲᠠᠷᠢᠶᠠᠴᠢᠨ ᠡᠷᠦᠬᠡ》᠂ 《ᠨᠠᠮ᠎ᠤᠨ ᠡᠭᠦᠷ + ᠬᠣᠷᠱᠢᠶ᠎ᠠ + ᠤᠯᠤᠰ᠎ᠤᠨ ᠥᠮᠴᠢᠯᠡᠯ᠎ᠦᠨ ᠺᠣᠮᠫᠠᠨᠢ + ᠲᠠᠷᠢᠶᠠᠴᠢᠨ ᠡᠷᠦᠬᠡ》 ᠵᠡᠷᠭᠡ ᠵᠠᠭ᠍ᠪᠤᠷ᠎ᠢ ᠳᠡᠯᠭᠡᠷᠡᠭᠦᠯᠵᠦ᠍᠂ ᠯᠠᠵᠤᠤ᠂ ᠤᠰᠤᠨ ᠲᠤᠲᠤᠷᠭ᠎ᠠ ᠵᠡᠷᠭᠡ ᠳᠠᠪᠠᠭᠤᠯᠢᠭ ᠣᠨᠴᠠᠯᠢᠭ᠍ᠲᠤ ᠠᠵᠤ ᠦᠶ᠋ᠯᠡᠰ᠎ᠢ ᠶᠡᠬᠡ᠎ᠪᠡᠷ ᠬᠥᠭ᠌ᠵᠢᠭᠦᠯᠪᠡ᠃ ᠠᠱᠢᠭ ᠲᠤᠰᠠ᠎ᠶ᠋ᠢ ᠬᠠᠮᠲᠤ᠎ᠪᠠᠷ ᠡᠳ᠋ᠯᠡᠵᠦ᠍᠂ ᠠᠶᠤᠯ ᠲᠦᠭ᠌ᠰᠢᠭᠦᠷᠢ᠎ᠶ᠋ᠢ ᠬᠠᠮᠲᠤ᠎ᠪᠠᠷ ᠡᠭᠦᠷᠭᠡᠯᠡᠬᠦ᠌ ᠲᠣᠭ᠍ᠲᠠᠴᠠ᠎ᠶ᠋ᠢᠨ ᠳᠣᠣᠷ᠎ᠠ  ᠲᠠᠯᠠᠳ ᠬᠣᠱᠢᠭᠤᠨ᠎ᠤ ᠲᠣᠰᠭᠣᠨ᠎ᠤ ᠬᠠᠮᠲᠤ᠂ ᠬᠤᠷᠱᠢᠶ᠎ᠠ᠂ ᠠᠵᠤ ᠠᠬᠤᠢᠯᠠᠯ᠂ ᠬᠤᠷᠰᠢᠶ᠎ᠠ ᠵᠢᠨ ᠭᠡᠱᠢᠭᠦᠳ᠎ᠦᠨ 《ᠲᠠᠩ ᠭᠠᠭ᠍ᠴᠠ ᠴᠢᠨᠠᠷᠲᠠᠢ ᠣᠷᠣᠯᠭ᠎ᠠ》 ᠨᠢ 《ᠳᠠᠪᠬᠤᠴᠠᠭ᠍ᠰᠠᠨ ᠮᠠᠶᠢᠭ᠎ᠤᠨ ᠣᠷᠣᠯᠭ᠎ᠠ ᠵᠢᠨ ᠨᠡᠮᠡᠭᠳᠡᠯ》 ᠪᠣᠯᠤᠨ ᠬᠤᠪᠢᠷᠠᠵᠤ᠂ ᠲᠣᠰᠭᠣᠨ᠎ᠤ ᠬᠠᠮᠲᠤ᠎ᠶ᠋ᠢᠨ ᠡᠳ᠋ ᠬᠣᠭ᠍ᠰᠢᠯ ᠵᠤᠵᠠᠭᠠᠷᠠᠵᠤ᠂ ᠲᠠᠷᠢᠶᠠᠴᠢᠨ ᠡᠷᠦᠬᠡ ᠵᠢᠨ ᠤᠷᠤᠯᠭ᠎ᠠ ᠨᠡᠮᠡᠭᠳᠡᠭᠰᠡᠨ ᠪᠠᠢᠨ᠎ᠠ᠃

2025 ᠣᠨ᠎ᠳᠤ᠂ ᠥᠪᠥᠷ ᠮᠣᠩᠭᠣᠯ᠎ᠤᠨ ᠠᠮᠤ ᠪᠤᠳᠠᠭ᠎ᠠ ᠳᠠᠷᠢᠬᠤ ᠲᠠᠯᠠᠪᠠᠶ 1 ᠳ᠋ᠦᠩᠱᠢᠭᠤᠷ ᠮᠣ᠌᠎ᠡᠴᠡ ᠳᠡᠭᠡᠭ᠌ᠰᠢ᠎ᠳᠦ ᠲᠣᠭ᠍ᠲᠠᠪᠤᠷᠢᠵᠢᠵᠤ᠂ ᠠᠮᠤ ᠪᠤᠳᠠᠭᠠᠨ᠎ᠤ ᠦᠶ᠋ᠯᠡᠳᠪᠦᠷᠢᠯᠡᠯ 《ᠬᠣᠷᠢᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ》 ᠶ᠋ᠢ ᠪᠡᠶᠡᠯᠡᠭᠦᠯᠵᠦ᠍᠂ ᠤᠨᠠᠯᠲᠠ᠎ᠨᠢ 840.7 ᠳ᠋ᠦᠩᠱᠢᠭᠤᠷ ᠵᠢᠩ᠎ᠳᠦ ᠬᠥᠷᠪᠡ᠃ ᠲᠠᠷᠠᠬᠠᠶ ᠪᠤᠲᠠᠷᠬᠠᠶ ᠪᠠᠢᠭᠰᠠᠨ᠎ᠡᠴᠡ ᠶᠡᠬᠡ ᠬᠡᠪᠴᠢᠶ᠎ᠡ ᠪᠡᠷ ᠡᠯᠪᠡᠭ ᠬᠤᠷᠢᠶᠠᠯᠲᠠ ᠤᠯᠬᠤ ᠬᠦᠷᠲᠡᠯ᠎ᠡ᠂ ᠬᠤᠪᠢ ᠪᠡᠷ᠎ᠢᠶᠡᠨ ᠠᠵᠢᠯᠯᠠᠵᠤ ᠪᠠᠢᠭ᠍ᠰᠠᠨ᠎ᠡᠴᠡ ᠬᠠᠮᠲᠤ ᠪᠡᠷ ᠪᠠᠶᠠᠵᠢᠬᠤ ᠬᠦᠷᠲᠡᠯ᠎ᠡ᠂ ᠥᠪᠥᠷ ᠮᠣᠩᠭᠣᠯ᠎ᠤᠨ ᠣᠯᠠᠨ ᠭᠠᠵᠠᠷ᠎ᠤᠨ᠎ᠬᠢᠨ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠵᠤ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ 《ᠨᠢᠭᠡᠳᠦᠯᠲᠡᠶ ᠳᠠᠷᠢᠵᠤ ᠬᠠᠮᠲᠤ᠎ᠪᠠᠷ ᠪᠠᠶᠠᠵᠢᠬᠤ》 ᠵᠠᠭ᠍ᠪᠤᠷ᠎ᠢ ᠬᠡᠷᠡᠭ᠌ᠵᠢᠭᠦᠯᠵᠦ᠍᠂ ᠠᠮᠤ ᠪᠤᠳᠠᠭ᠎ᠠ ᠪᠠ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠭᠠᠷᠤᠯᠲᠠ᠎ᠶ᠋ᠢ ᠲᠣᠭ᠍ᠲᠠᠪᠤᠷᠢᠵᠢᠭᠤᠯᠤᠨ ᠬᠠᠩᠭᠠᠯᠭ᠎ᠠ᠎ᠶ᠋ᠢ ᠪᠠᠲᠤᠯᠠᠬᠤ ᠰᠠᠭᠤᠷᠢ᠎ᠶ᠋ᠢ ᠨᠠᠩ ᠪᠠᠲᠤᠳᠭᠠᠪᠠ᠃

ᠴᠠᠭᠠᠨ ᠰᠠᠷ᠎ᠠ᠎ᠳᠤ  ᠬᠠᠮᠤᠭ᠎ᠤᠨ ᠰᠡᠳᠭᠢᠯ ᠬᠥᠳᠡᠯᠭᠡᠮ᠎ᠡ ᠶᠠᠪᠤᠳᠠᠯ ᠨᠢ 《ᠰᠦᠯᠵᠢᠶ᠎ᠠ ᠵᠠᠯᠭᠠᠭᠰᠠᠨ》 ᠪᠠᠶᠠᠷ  ᠪᠠᠬᠠᠳᠤᠯ  ᠪᠣᠯᠤᠨ᠎ᠠ᠃

ᠪᠢᠲᠡᠭᠦᠨ᠎ᠦ ᠰᠥᠨᠢ᠂ ᠥᠩᠭᠡᠲᠦ ᠳ᠋ᠧᠩ ᠳᠤᠸᠠᠯᠠᠨ ᠬᠡᠷᠡᠯᠳᠦᠨ᠎ᠡ᠃ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠲᠣᠬᠣᠮ ᠰᠤᠮᠤ᠎ᠶᠢᠨ ᠤᠰᠤᠨ ᠡᠬᠢ ᠭᠠᠴᠠᠭᠠᠨ᠎ᠤ ᠣᠶᠤᠨᠲᠤ ᠨᠠᠮ᠎ᠤᠨ ᠪᠠᠢᠭᠤᠯᠤᠯᠲᠠ᠎ᠶᠢᠨ ᠳᠠᠰᠤᠭ᠎ᠲᠤ ᠬᠠᠯᠠᠭᠤᠨ ᠳᠤᠯᠠᠭᠠᠨ ᠠᠭᠤᠷ ᠠᠮᠢᠰᠬᠤᠯ᠎ᠵᠢᠡᠷ ᠪᠢᠯᠬᠠᠵᠤ ᠪᠠᠢᠯ᠎ᠠ᠃ ᠠᠷᠪᠠᠨ ᠬᠡᠳᠦᠨ ᠲᠣᠰᠬᠣᠨ᠎ᠤ ᠠᠷᠠᠳ ᠨᠢᠭᠡ ᠲᠠᠩᠬᠢᠮ᠎ᠳᠤ ᠴᠤᠭᠯᠠᠷᠠᠵᠤ᠂ ᠮᠢᠩᠭᠠᠨ ᠮᠸᠭ᠎ᠠ ᠥᠷᠭᠡᠨ ᠪᠦᠰᠡᠲᠦ ᠰᠦᠯᠵᠢᠶ᠎ᠡ᠎ᠳᠦ ᠲᠦᠰᠢᠭᠯᠡᠨ᠂ ᠥᠨᠳᠥᠷ ᠲᠣᠳᠣᠴᠠᠲᠤ ᠲᠣᠮᠣ᠌ ᠳᠡᠯᠭᠡᠴᠡ ᠳᠡᠭᠡᠷ᠎ᠡ ᠴᠠᠭᠠᠨ ᠰᠠᠷ᠎ᠠ᠎ᠶᠢᠨ ᠬᠠᠮᠲᠤᠷᠠᠭᠰᠠᠨ ᠦᠳᠡᠰᠢᠯᠡᠭᠡ᠎ᠶᠢ ᠭᠥᠯᠢᠶᠡᠨ ᠠᠪᠴᠤ ᠦᠵᠡᠵᠦ᠂ ᠲᠣᠭᠠᠴᠢᠯᠠᠭᠰᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢᠨ ᠠᠪᠴᠢᠷᠠᠭᠰᠠᠨ 《ᠬᠤᠪᠢᠷᠠᠯᠲᠠ》 ᠶ᠋ᠢ ᠪᠡᠶ᠎ᠡ᠎ᠪᠡᠷ᠎ᠢᠶᠡᠨ ᠮᠡᠳᠡᠷᠡᠪᠡ᠃

《ᠣᠯᠠᠨ᠎ᠲᠠᠢ ᠬᠠᠮᠲᠤ ᠴᠠᠭᠠᠨ ᠰᠠᠷ᠎ᠠ᠎ᠶᠢᠨ ᠦᠳᠡᠰᠢᠯᠡᠭᠡ ᠦᠵᠡᠬᠦ ᠨᠢ ᠭᠡᠷ᠎ᠲᠡᠭᠡᠨ ᠰᠠᠭᠤᠭᠰᠠᠨ ᠡᠴᠡ ᠬᠣᠯᠠ ᠤᠳᠬ᠎ᠠ ᠠᠭᠤᠯᠭ᠎ᠠ᠎ᠲᠠᠢ》᠂《ᠮᠢᠨᠤ ᠭᠠᠷ ᠤᠲᠠᠰᠤᠨ᠎ᠤ ᠳᠣᠬᠢᠶ᠎ᠡ 〈ᠳᠦᠭᠦᠷᠡᠩ〉 ᠪᠠᠢᠨ᠎ᠠ᠂ ᠮᠥᠳᠳᠥ ᠵᠢᠷᠭᠢᠶ᠎ᠡ ᠪᠡᠷ ᠭᠠᠳᠠᠷ ᠣᠷᠣᠨ᠎ᠤ ᠲᠥᠷᠥᠯ ᠰᠠᠳᠤᠨ᠎ᠲᠠᠢ ᠪᠠᠨ ᠰᠢᠨ᠎ᠡ᠎ᠶᠢᠨ ᠵᠣᠯᠭᠠᠯᠲᠠ ᠬᠢᠨ᠎ᠡ》᠃《ᠡᠨᠡ ᠵᠢᠯ᠎ᠦᠨ ᠣᠷᠣᠯᠭ᠎ᠠ ᠵᠦᠭᠡᠷ᠂ ᠭᠡᠷ᠎ᠲᠦ ᠪᠠᠰᠠ ᠨᠢᠭᠡ ᠰᠢᠨ᠎ᠡ ᠲᠡᠷᠭᠡ ᠨᠡᠮᠡᠭᠳᠡᠵᠡᠢ》 ᠁ ᠣᠯᠠᠨ᠎ᠢᠶᠠᠷ᠎ᠢᠶᠠᠨ ᠭᠣᠢᠳᠠ ᠰᠠᠢᠬᠠᠨ ᠲᠣᠭᠯᠠᠯᠲᠠ ᠰᠣᠨᠢᠷᠬᠠᠬᠤ᠎ᠵᠢᠨ ᠳᠠᠭᠠᠤ ᠠᠮᠢᠳᠤᠷᠠᠯ᠎ᠤᠨ᠎ᠵᠢᠡᠨ ᠬᠤᠪᠢᠷᠠᠯᠲᠠ᠎ᠵᠢ ᠪᠠᠶᠠᠷᠲᠠᠢᠬᠠᠨ ᠶᠠᠷᠢᠯᠴᠠᠨ᠎ᠠ᠃

ᠪᠠᠶᠠᠷ ᠪᠠᠶᠠᠰᠤᠯ᠎ᠤᠨ ᠠᠷᠤ᠎ᠳᠤ᠂ ᠲᠣᠭᠠᠴᠢᠯᠠᠭᠰᠠᠨ ᠰᠠᠭᠤᠷᠢ ᠲᠥᠬᠦᠭᠡᠷᠦᠮᠵᠢ᠎ᠶᠢᠨ ᠪᠠᠲᠤ ᠪᠡᠬᠢ ᠲᠤᠯᠭᠠᠭᠤᠷᠢᠯᠠᠯ ᠪᠤᠢ᠃ ᠳᠤᠮᠳᠠᠳᠤ ᠤᠯᠤᠰ᠎ᠤᠨ ᠰᠢᠯᠵᠢᠭᠡ ᠬᠣᠯᠪᠣᠭ᠎ᠠ᠎ᠶᠢᠨ ᠥᠪᠥᠷ ᠮᠣᠩᠭᠣᠯ᠎ᠤᠨ ᠺᠣᠮᠫᠠᠨᠢ᠎ᠶᠢᠨ ᠬᠠᠪᠰᠤᠷᠤᠯᠭ᠎ᠠ ᠳᠣᠣᠷ᠎ᠠ᠂ ᠤᠰᠤᠨ ᠡᠬᠢ ᠭᠠᠴᠠᠭ᠎ᠠ ᠣᠶᠤᠨᠲᠤ ᠨᠠᠮ᠎ᠤᠨ ᠪᠠᠢᠭᠤᠯᠤᠯᠲᠠ᠎ᠶᠢᠨ ᠲᠠᠰᠤᠭ᠎ᠢ ᠪᠠᠢᠭᠤᠯᠵᠤ᠂ ᠥᠨᠳᠥᠷ ᠬᠤᠷᠳᠤᠴᠠᠲᠤ ᠲᠣᠭᠲᠠᠭᠤᠨ ᠮᠢᠩᠭᠠᠨ ᠮᠸᠭ᠎ᠠ ᠵᠢᠨ ᠭᠡᠷᠡᠯ ᠰᠢᠷᠬᠡᠭ᠎ᠢ ᠳᠡᠪᠢᠰᠦᠭᠰᠡᠨ᠎ᠢᠶᠡᠷ ᠪᠠᠷᠠᠬᠤ ᠦᠭᠡᠢ ᠪᠠᠰᠠ ᠥᠨᠳᠥᠷ ᠲᠤᠳᠤᠴᠠᠳᠤ ᠲᠣᠮᠣ᠌ ᠳᠡᠯᠭᠡᠴᠡ᠂ ᠣᠶᠤᠨᠲᠤ ᠲᠠᠭᠤᠨ ᠬᠦᠩᠬᠢᠨᠡᠬᠦᠷ ᠵᠡᠷᠭᠡ ᠣᠳᠣᠬᠢᠴᠢᠯᠠᠭᠰᠠᠨ ᠲᠤᠨᠤᠭ ᠲᠥᠬᠦᠭᠡᠷᠦᠮᠵᠢ᠎ᠶᠢ ᠢᠵᠢ ᠪᠦᠷᠢᠳᠦᠭᠦᠯᠵᠦ᠂ ᠨᠠᠮ᠎ᠤᠨ ᠪᠠᠢᠭᠤᠯᠤᠯᠲᠠ᠎ᠶᠢᠨ ᠰᠤᠷᠤᠯᠴᠠᠯᠭ᠎ᠠ᠂ ᠠᠷᠠᠳ᠎ᠲᠤ ᠲᠦᠬᠦᠮ ᠦᠵᠡᠭᠦᠯᠬᠦ ᠦᠢᠯᠡᠴᠢᠯᠡᠭᠡ᠂ ᠰᠣᠶᠣᠯ ᠵᠤᠭ᠎ᠠ ᠴᠡᠩᠭᠡᠯ᠎ᠢ ᠨᠢᠭᠡ ᠴᠣᠭᠴᠠᠵᠢᠭᠤᠯᠤᠭᠰᠠᠨ ᠲᠣᠭᠠᠴᠢᠯᠠᠭᠰᠠᠨ ᠶᠡᠷᠦᠩᠬᠡᠢᠯᠡᠭᠰᠡᠨ ᠲᠠᠪᠴᠠᠩ᠎ᠢ ᠪᠠᠢᠭᠤᠯᠵᠤ᠂ ᠨᠡᠩ ᠤᠯᠠᠨ ᠮᠠᠯᠴᠢᠨ ᠲᠠᠷᠢᠶᠠᠴᠢᠨ᠎ᠳᠤ 《ᠲᠣᠭᠠᠴᠢᠯᠠᠯᠲᠠ ᠤᠶᠤᠨᠴᠢᠯᠠᠯᠲᠠ》 ᠵᠢᠡ ᠠᠪᠴᠢᠷᠠᠭᠰᠠᠨ ᠠᠰᠢᠭ᠋᠎ᠢ ᠡᠳ᠋ᠯᠡᠭᠦᠯᠪᠡ᠃

《 ᠲᠣᠭᠠᠴᠢᠯᠠᠯᠲᠠ ᠤᠶᠤᠨᠴᠢᠯᠠᠯᠲᠠ》 ᠨᠢ ᠬᠥᠳᠡᠭᠡ ᠲᠣᠰᠬᠣᠨ᠎ᠳᠤ ᠡᠨ᠋ᠸᠷᠬᠢ ᠣᠯᠭᠣᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠨᠢ ᠠᠮᠢᠳᠤᠷᠠᠯ᠎ᠢ ᠭᠡᠷᠡᠯᠲᠦᠭᠦᠯᠦᠨ᠎ᠡ᠃ ᠣᠶᠤᠨᠴᠢ ᠨᠠᠮ᠎ᠤᠨ ᠪᠠᠢᠭᠤᠯᠤᠯᠲᠠ᠎ᠡᠴᠡ ᠠᠯᠤᠰ ᠡᠵᠡᠮᠰᠢᠯᠲᠦ ᠡᠮᠴᠢᠯᠡᠭᠡ ᠬᠦᠷᠲᠡᠯ᠎ᠡ᠂ ᠲᠣᠭᠠᠴᠢᠯᠠᠭᠰᠠᠨ ᠲᠠᠷᠢᠶᠠᠯᠠᠩ᠎ᠡᠴᠡ ᠡᠯᠧᠺᠲᠷᠣᠨ ᠬᠤᠳᠠᠯᠳᠤᠭ᠎ᠠ᠎ᠪᠠᠷ ᠲᠠᠷᠢᠶᠠᠯᠠᠩ᠎ᠢ ᠲᠤᠰᠠᠯᠠᠬᠤ ᠬᠦᠷᠲᠡᠯ᠎ᠡ᠂ ᠤᠯᠠᠮ᠎ᠡᠴᠡ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢ ᠬᠥᠳᠡᠭᠡ ᠲᠣᠰᠬᠣᠨ᠎ᠤ ᠵᠠᠰᠠᠯᠲᠠ᠂ ᠠᠷᠠᠳ᠎ᠤᠨ ᠠᠮᠢᠳᠤᠷᠠᠯ᠎ᠤᠨ ᠦᠢᠯᠡᠴᠢᠯᠡᠭᠡ ᠵᠡᠷᠭᠡ ᠡᠯ᠎ᠡ ᠬᠦᠷᠢᠶᠡᠨ᠎ᠳᠦ ᠭᠦᠨᠵᠡᠭᠡᠢ ᠠᠭᠤᠰᠤᠯᠴᠠᠵᠤ᠂ 《ᠲᠣᠭᠠᠴᠢᠯᠠᠯᠲᠠ ᠤᠶᠤᠨᠴᠢᠯᠠᠯᠲᠠ》 ᠵᠢᠨ ᠭᠡᠷᠡᠯ᠎ᠢᠶᠡᠷ ᠨᠡᠩ ᠤᠯᠠᠨ ᠮᠠᠯᠵᠢᠬᠤ ᠲᠠᠷᠢᠶᠠᠯᠠᠬᠤ ᠣᠷᠣᠨ᠎ᠢ ᠬᠡᠷᠡᠯᠳᠦᠭᠦᠯᠵᠦ ᠪᠠᠢᠨ᠎ᠠ᠃

ᠬᠥᠳᠡᠭᠡ ᠲᠣᠰᠭᠣᠨ ᠳᠤᠢᠯᠪᠤᠷᠢᠳᠠᠢ ᠬᠤᠪᠢᠷᠠᠵᠤ᠂ ᠳᠦᠮᠡᠨ ᠦᠵᠡᠮᠵᠢ ᠳᠡᠭᠦᠰ ᠪᠤᠷᠢᠳᠤᠪᠡ᠃ ᠣᠢᠷ᠎ᠠ᠎ᠶ᠋ᠢᠨ ᠵᠢᠯ᠎ᠦᠳ᠎ᠲᠦ᠂ ᠥᠪᠥᠷ ᠮᠣᠩᠭᠣᠯ 《ᠮᠢᠩᠭ᠎ᠠ ᠲᠦᠮᠡ᠎ᠶ᠋ᠢᠨ ᠢᠨᠵᠧᠨᠧᠷᠢᠩ》 ᠤ᠋ᠨ ᠲᠤᠷᠱᠢᠯᠭ᠎ᠠ᠎ᠶ᠋ᠢ ᠭᠦᠶ᠋ᠴᠡᠳ ᠰᠤᠷᠤᠯᠴᠠᠨ ᠬᠡᠷᠡᠭ᠌ᠯᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ ᠪᠠ ᠬᠥᠳᠡᠭᠡ ᠲᠣᠰᠭᠣᠨ᠎ᠤ ᠵᠠᠰᠠᠯᠲᠠ᠎ᠶ᠋ᠢ ᠠᠬᠢᠭᠤᠯᠵᠤ᠂ ᠡᠶ᠎ᠡ ᠵᠤᠬᠢᠴᠠᠩᠭᠤᠢ ᠦᠵᠡᠰᠬᠦᠯᠡᠩᠳᠦ ᠰᠠᠢᠬᠠᠨ ᠬᠥᠳᠡᠭᠡ ᠲᠣᠰᠭᠣᠨ᠎ᠢ ᠴᠣᠭ᠍ᠴᠠᠯᠠᠨ ᠪᠠᠢᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠪᠥᠬᠥ᠌ ᠣᠷᠣᠨ᠎ᠤ ᠬᠥᠳᠡᠭᠡ ᠲᠣᠰᠭᠣᠨ᠎ᠤ ᠵᠠᠰᠠᠮᠠᠯ ᠵᠠᠮ᠎ᠤᠨ ᠲᠡᠷᠭᠡ ᠨᠡᠪᠲᠡᠷᠡᠭ᠌ᠰᠡᠨ ᠵᠠᠮ᠎ᠤᠨ ᠣᠷᠳᠣ 18 ᠲᠦᠮᠡᠨ ᠺᠢᠯᠣᠮᠧᠲ᠋ᠷ᠎ᠲᠦ ᠬᠦᠷᠴᠦ᠍᠂ ᠲᠦᠭᠡᠭᠡᠯ ᠤᠰᠤ ᠵᠢ ᠲᠦᠭᠡᠮᠡᠯᠵᠢᠭ᠌ᠦᠯᠦᠭᠰᠡᠨ ᠨᠣᠷᠮ᠎ᠠ 85.1%᠎ᠳ᠋ᠤ ᠬᠦᠷᠴᠦ᠍᠂ ᠱᠢᠨ᠎ᠡ ᠡᠨᠧᠷᠭᠢ ᠪᠡᠷ ᠴᠠᠬᠢᠯᠭᠠᠨ ᠨᠡᠪᠲᠡᠷᠡᠬᠦᠯᠵᠦ ᠪᠣᠢᠳᠠ ᠪᠦᠭ᠌ᠯᠡᠭᠦᠦ ᠮᠠᠯᠵᠢᠬᠤ ᠲᠠᠷᠢᠶᠠᠯᠠᠬᠤ ᠡᠷᠦᠬᠡ᠎ᠶ᠋ᠢ ᠪᠦᠬᠦᠨ᠎ᠢ ᠬᠠᠮᠤᠷᠬᠤ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠵᠠᠰᠠᠭ ᠵᠠᠬᠢᠷᠭᠠᠨ᠎ᠤ ᠲᠣᠰᠭᠣᠨ᠎ᠳᠦ ᠭᠡᠷᠡᠯ ᠱᠢᠷᠬᠡᠭ ᠨᠡᠪᠲᠡᠷᠡᠭ᠌ᠰᠡᠨ ᠨᠣᠷᠮ᠎ᠠ 99.8%᠎ᠳ᠋ᠤ ᠬᠥᠷᠪᠡ᠃ ᠣᠷᠣᠱᠢᠨ ᠰᠠᠭᠤᠷᠢᠱᠢᠬᠤ ᠣᠷᠴᠢᠨ ᠲᠣᠭᠣᠷᠢᠨ ᠢ᠋ ᠴᠡᠭ᠌ᠴᠡᠯᠡᠨ ᠵᠠᠰᠠᠬᠤ ᠲᠠᠪᠤᠨ ᠵᠢᠯ᠎ᠦᠨ ᠠᠵᠢᠯᠯᠠᠭᠠᠨ᠎ᠤ ᠬᠠᠷᠠᠯᠲᠠ᠎ᠶ᠋ᠢ ᠪᠦᠬᠦᠨ᠎ᠢ ᠪᠡᠶᠡᠯᠡᠭᠦᠯᠵᠦ᠍᠂ 51.3 ᠲᠦᠮᠡᠨ ᠡᠷᠦᠬᠡ᠎ᠶ᠋ᠢᠨ ᠵᠣᠷᠯᠣᠩ᠎ᠢ ᠱᠢᠨ᠎ᠡ᠎ᠪᠡᠷ ᠪᠠᠢᠭᠤᠯᠵᠤ᠂ ᠲᠦᠭᠡᠮᠡᠯᠵᠢᠭ᠌ᠰᠡᠨ ᠨᠣᠷᠮ᠎ᠠ 50.8% ᠪᠣᠯᠲᠠᠯ᠎ᠠ ᠳᠡᠭᠡᠭ᠌ᠰᠢᠯᠡᠪᠡ᠃ 97.2% ᠵᠠᠰᠠᠭ ᠵᠠᠬᠢᠷᠭᠠᠨ᠎ᠤ ᠲᠣᠰᠭᠣᠨ᠎ᠳᠤ ᠠᠮᠢᠳᠤᠷᠠᠯ᠎ᠤᠨ ᠬᠣᠭ ᠨᠣᠪᠰᠢ᠎ᠶ᠋ᠢ ᠬᠣᠷᠢᠶᠠᠨ ᠲᠡᠭᠡᠭᠡᠪᠦᠷᠢᠯᠡᠵᠦ᠍ ᠱᠢᠶ᠋ᠳᠪᠦᠷᠢᠯᠡᠬᠦ᠌᠎ᠶ᠋ᠢ ᠪᠡᠶᠡᠯᠡᠭᠦᠯᠵᠦ᠍᠂ ᠪᠣᠬᠢᠷ ᠤᠰᠤ᠎ᠶ᠋ᠢ ᠵᠠᠰᠠᠬᠤ (ᠬᠠᠮᠢᠶᠠᠷᠤᠨ ᠡᠵᠡᠮᠳᠡᠬᠦ᠌) ᠨᠣᠷᠮ᠎ᠠ᠎ᠶ᠋ᠢ 46.55%᠎ᠳ᠋ᠤ ᠬᠦᠷᠦᠭᠦᠯᠵᠦ᠍᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠲᠦᠷᠭᠡᠳᠭᠡᠨ ᠨᠥᠬᠥᠪᠥᠷᠢᠯᠡᠵᠦ᠍᠂ ᠬᠥᠳᠡᠭᠡ ᠲᠣᠰᠭᠣᠨ᠎ᠤ ᠳᠦᠷᠢ ᠳᠦᠷᠬᠦ᠎ᠶ᠋ᠢ ᠦᠷᠭᠦᠯᠵᠢᠯᠡᠨ ᠳᠡᠭᠡᠭ᠌ᠰᠢᠯᠡᠭᠦᠯᠪᠡ᠃

ᠨᠤᠲᠤᠭ᠎ᠤᠨ ᠠᠷᠠᠨᠰᠢᠯ ᠬᠡᠪ᠎ᠢᠶᠡᠷ᠎ᠢᠶᠡᠨ ᠪᠠᠢᠵᠤ᠂ ᠨᠤᠲᠤᠭ᠎ᠤᠨ ᠦᠵᠡᠮᠵᠢ ᠳᠠᠰᠤᠷᠠᠯᠲᠠ ᠦᠭᠡᠢ ᠰᠢᠨᠡᠳᠦᠨ᠎ᠡ᠃ ᠱᠢᠨ᠎ᠡ ᠭᠡᠷ ᠳᠣᠲᠣᠷᠠᠬᠢ ᠠᠮᠢᠳᠤᠷᠠᠯ᠎ᠤᠨ ᠦᠨᠦᠷ ᠠᠮᠳᠠ᠂ ᠤᠷᠤᠯᠭ᠎ᠠ ᠬᠤᠪᠢᠶᠠᠷᠢᠯᠠᠬᠤ ᠦᠶ᠎ᠡ᠎ᠶ᠋ᠢᠨ  ᠪᠠᠶᠠᠷ᠎ᠤᠨ ᠢᠨᠢᠶᠡᠳᠦ᠍᠂ 《ᠡᠭᠦᠯᠡᠨ᠎ᠦ ᠦᠵᠦᠭᠦᠷᠯᠢᠭ》 ᠳᠡᠭᠡᠷᠡᠬᠢ ᠵᠤᠯᠭᠠᠯᠳᠠ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠬᠠᠮᠤᠭ᠎ᠤᠨ ᠰᠡᠳᠭᠢᠯ ᠬᠥᠳᠡᠯᠭᠡᠮ᠎ᠡ ᠠᠶᠠᠰ᠎ᠢ ᠬᠠᠩᠭᠢᠨᠠᠭᠤᠯᠪᠠ᠃

ᠤᠷᠢᠬᠠᠨ ᠰᠠᠯᠬᠢ᠎ᠶ᠋ᠢ ᠤᠭ᠍ᠲᠤᠨ᠂ ᠥᠪᠥᠷ ᠮᠣᠩᠭᠣᠯ ᠦᠷᠭᠦᠯᠵᠢᠯᠡᠨ ᠪᠣᠳᠠᠲᠠᠢ ᠠᠵᠢᠯᠯᠠᠬᠤ᠎ᠪᠠᠷ ᠪᠢᠷ ᠪᠣᠯᠭᠠᠵᠤ᠂ ᠡᠷᠡᠮᠡᠬᠡᠢᠯᠡᠨ ᠳᠠᠪᠱᠢᠬᠤ᠎ᠪᠠᠷ ᠪᠡᠬᠡ ᠪᠣᠯᠭᠠᠨ᠂ ᠨᠡᠩ ᠤᠯᠠᠨ ᠬᠤᠪᠢᠰᠤᠯᠲᠠ᠎ᠶ᠋ᠢᠨ ᠦᠯᠢᠭᠡᠷ᠎ᠢ ᠦᠷᠭᠦᠯᠵᠢᠯᠡᠨ ᠪᠢᠴᠢᠭ᠌ᠯᠡᠵᠦ᠍᠂ ᠠᠵᠤ ᠦᠢᠯᠡᠰ ᠬᠥᠭ᠌ᠵᠢᠭ᠌ᠰᠡᠨ᠂ ᠠᠮᠢ ᠠᠬᠤᠢ ᠣᠷᠣᠱᠢᠨ ᠰᠠᠭᠤᠷᠢᠱᠢᠬᠤ᠎ᠳᠤ ᠲᠣᠬᠢᠷᠠᠮᠵᠢᠲᠠᠢ᠂ ᠨᠤᠲᠤᠭ᠎ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠴᠢᠨᠡᠭᠡᠯᠢᠭ᠌ᠵᠢᠭ᠌ᠰᠡᠨ ᠪᠠ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠱᠢᠨ᠎ᠡ ᠬᠠᠭᠤᠳᠠᠰᠤ᠎ᠶ᠋ᠢ ᠦᠷᠬᠦᠯᠵᠢᠯᠡᠨ ᠵᠢᠷᠤᠭ᠍ᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号