2 ᠰᠠᠷ᠎ᠠ᠎ᠶ᠋ᠢᠨ 16᠎ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠠᠮᠧᠷᠢᠺᠠ᠎ᠶ᠋ᠢᠨ ᠠᠢᠤᠸᠠ ᠵᠧᠤ᠎ᠶ᠋ᠢᠨ ᠨᠥᠬᠥᠷᠰᠡᠭ ᠬᠥᠮᠦᠰ᠎ᠲᠦ ᠬᠠᠷᠢᠭᠤ ᠵᠠᠬᠢᠳᠠᠯ ᠢᠯᠡᠭᠡᠭ᠌ᠰᠡᠨ ᠪᠥᠭᠡᠳ ᠴᠠᠭᠠᠨ ᠰᠠᠷ᠎ᠠ᠎ᠶ᠋ᠢᠨ ᠪᠠᠶᠠᠷ᠎ᠤᠨ ᠺᠠᠷᠲ ᠬᠦᠷᠭᠡᠵᠦ᠍᠂ ᠪᠠᠶᠠᠷ᠎ᠤᠨ ᠡᠳᠦᠷ᠎ᠦᠨ ᠵᠥᠩᠨᠡᠯ ᠳᠡᠪᠱᠢᠭᠦᠯᠪᠡ᠃
ᠰᠢ ᠵᠢᠨ ᠫᠢᠩ᠂ 41 ᠵᠢᠯ᠎ᠦᠨ ᠡᠮᠦᠨ᠎ᠡ ᠪᠢ ᠠᠢᠤᠸᠠ ᠵᠧᠦ᠎ᠳᠦ ᠠᠢᠯᠴᠢᠯᠠᠬᠤ᠎ᠳᠦ ᠲᠠ᠎ᠨᠠᠷ ᠬᠠᠯᠠᠭᠤᠨ ᠵᠢᠡᠷ ᠤᠭᠳᠤᠨ ᠠᠪᠤᠭᠰᠠᠨ ᠶᠤᠮ᠃ ᠲᠡᠳᠡᠭᠡᠷ ᠰᠠᠢᠨ ᠰᠠᠢᠬᠠᠨ ᠡᠷᠭᠢᠴᠡᠭᠦᠯᠦᠯᠢ ᠣᠲᠣ ᠪᠣᠯᠲᠠᠯ᠎ᠠ ᠲᠣᠪ ᠲᠣᠳᠣᠷᠬᠠᠶ ᠴᠡᠭᠡᠵᠢᠯᠡᠭ᠌ᠰᠡᠭᠡᠷ ᠪᠠᠢᠨ᠎ᠠ᠃ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ᠎ᠶ᠋ᠢᠨ ᠬᠦᠰᠡᠯ ᠡᠷᠡᠮᠡᠯᠵᠡᠯ ᠠᠷᠠᠳ ᠲᠦᠮᠡᠨ᠎ᠳᠦ ᠪᠤᠢ᠂ ᠰᠠᠭᠤᠷᠢ ᠨᠢ ᠠᠷᠠᠳ᠎ᠤᠨ ᠳᠤᠮᠳᠠ ᠪᠤᠢ᠂ ᠢᠷᠡᠭᠡᠳᠦᠢ ᠨᠢ ᠵᠠᠯᠠᠭᠤᠴᠤᠳ᠎ᠲᠦ ᠪᠤᠢ᠂ ᠠᠮᠢᠵᠢᠷᠠᠯ᠎ᠤᠨ ᠬᠦᠴᠦᠨ ᠨᠢ ᠣᠷᠣᠨ ᠨᠤᠲᠤᠭ᠎ᠲᠤ ᠪᠤᠢ᠃ ᠪᠠᠢᠳᠠᠯ ᠶᠠᠭᠠᠬᠢᠵᠤ ᠬᠤᠪᠢᠷᠠᠭ᠍ᠰᠠᠨ ᠴᠤ᠌ ᠳᠤᠮᠳᠠᠳᠤ ᠠᠮᠧᠷᠢᠺᠠ ᠬᠣᠶᠠᠷ ᠤᠯᠤᠰ᠎ᠤᠨ ᠠᠷᠠᠳ ᠲᠦᠮᠡᠨ᠎ᠦ ᠰᠣᠯᠢᠯᠴᠠᠭ᠎ᠠ ᠬᠠᠮᠲᠤᠷᠠᠯᠴᠠᠭ᠎ᠠ᠎ᠶ᠋ᠢᠨ ᠬᠦᠰᠡᠯ ᠡᠷᠡᠮᠡᠯᠵᠡᠯ ᠬᠤᠪᠢᠷᠠᠬᠤ ᠦᠭᠡᠢ᠂ ᠬᠣᠶᠠᠷ ᠤᠯᠤᠰ᠎ᠤᠨ ᠵᠠᠯᠠᠭᠤᠴᠤᠳ ᠪᠠᠭᠠᠴᠤᠳ᠎ᠤᠨ ᠬᠠᠷᠢᠯᠴᠠᠨ ᠣᠢᠯᠠᠭᠠᠯᠴᠠᠵᠤ ᠬᠠᠷᠢᠯᠴᠠᠨ ᠳᠣᠲᠣᠨᠣ ᠪᠠᠢᠬᠤ ᠨᠥᠬᠥᠷᠯᠡᠯ ᠬᠤᠪᠢᠷᠠᠬᠤ ᠦᠭᠡᠢ ᠶᠤᠮ᠃ ᠲᠠ᠎ᠨᠠᠷ᠎ᠤᠨ ᠬᠣᠶᠠᠷ ᠤᠯᠤᠰ᠎ᠤᠨ ᠠᠷᠠᠳ᠎ᠤᠨ ᠬᠣᠭᠣᠷᠣᠨᠳᠣᠬᠢ ᠨᠥᠬᠥᠷᠯᠡᠯ᠎ᠢ ᠠᠬᠢᠭᠤᠯᠬᠤ᠎ᠪᠠᠷ ᠦᠷᠭᠦᠯᠵᠢᠯᠡᠨ ᠴᠢᠷᠮᠠᠢᠵᠤ᠂ ᠠᠮᠧᠷᠢᠺᠠ᠎ᠶ᠋ᠢᠨ ᠨᠡᠩ ᠤᠯᠠᠨ ᠵᠠᠯᠠᠭᠤᠴᠤᠳ ᠪᠠᠭᠠᠴᠤᠳ᠎ᠤᠨ ᠳᠤᠮᠳᠠᠳᠤ ᠠᠮᠧᠷᠢᠺᠠ᠎ᠶ᠋ᠢᠨ ᠨᠥᠬᠥᠷᠯᠡᠯ᠎ᠦᠨ ᠵᠠᠯᠭᠠᠮᠵᠢᠯᠠᠭ᠍ᠴᠢ᠂ ᠡᠩᠬᠡ ᠲᠠᠢᠪᠤᠩ ᠨᠥᠬᠥᠷᠯᠡᠯ᠎ᠦᠨ ᠠᠬᠢᠭᠤᠯᠤᠭ᠍ᠴᠢ ᠪᠣᠯᠬᠤ᠎ᠶ᠋ᠢ ᠵᠣᠷᠢᠭ᠍ᠵᠢᠭᠤᠯᠵᠤ᠂ ᠳᠤᠮᠳᠠᠳᠤ ᠠᠮᠧᠷᠢᠺᠠ᠎ᠶ᠋ᠢᠨ ᠬᠠᠷᠢᠯᠴᠠᠭᠠᠨ᠎ᠤ ᠬᠥᠭ᠌ᠵᠢᠯᠲᠡ᠎ᠳᠦ ᠨᠡᠩ ᠶᠡᠬᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠦ᠍ ᠢᠯᠡᠳᠭᠡᠪᠡ᠃
ᠡᠭᠦᠨ᠎ᠡᠴᠡ ᠡᠮᠦᠨ᠎ᠡ ᠠᠮᠧᠷᠢᠺᠠ᠎ᠶ᠋ᠢᠨ ᠠᠢᠤᠸᠠ ᠵᠧᠤ᠎ᠶ᠋ᠢᠨ ᠨᠥᠬᠥᠷᠰᠡᠭ ᠬᠥᠮᠦᠨ ᠪᠸᠢᠢᠯᠥ᠋ᠡᠭ ᠡᠴᠡ ᠲᠡᠷᠢᠭᠦᠯᠡᠭ᠌ᠴᠢ ᠰᠢ ᠵᠢᠨ ᠫᠢᠩ᠎ᠳᠦ ᠵᠠᠬᠢᠳᠠᠯ ᠢᠯᠡᠭᠡᠵᠦ᠍᠂ ᠠᠢᠤᠸᠠ ᠵᠧᠤ᠎ᠶ᠋ᠢᠨ ᠨᠥᠬᠥᠷᠰᠡᠭ ᠬᠥᠮᠦᠰ᠎ᠢ ᠲᠥᠯᠥᠭᠡᠯᠡᠨ ᠲᠡᠷᠢᠭᠦᠯᠡᠭ᠌ᠴᠢ ᠰᠢ ᠵᠢᠨ ᠫᠢᠩ ᠪᠣᠯᠤᠨ ᠫᠸᠩ ᠯᠢ ᠶᠤᠸᠠᠨ ᠫᠷᠤᠹᠸᠰᠰᠤᠷ᠎ᠲᠤ ᠴᠠᠭᠠᠨ ᠰᠠᠷ᠎ᠠ᠎ᠶ᠋ᠢᠨ ᠵᠦᠩᠨᠡᠯ ᠳᠡᠪᠱᠢᠭᠦᠯᠵᠦ᠍᠂ ᠠᠢᠤᠸᠠ ᠵᠧᠤ᠎ᠶ᠋ᠢᠨ ᠨᠥᠬᠥᠷᠰᠡᠭ ᠬᠥᠮᠦᠰ ᠳᠤᠮᠳᠠᠳᠤ ᠤᠯᠤᠰ᠎ᠤᠨ ᠠᠷᠠᠳ ᠲᠦᠮᠡᠨ᠎ᠯᠦᠭᠡ᠎ᠶ᠋ᠢᠨ ᠨᠥᠬᠥᠷᠯᠡᠯ᠎ᠢᠶᠡᠨ ᠨᠠᠨᠳᠢᠩᠨᠠᠬᠤ᠎ᠶᠢᠨ ᠬᠠᠮᠳᠤ ᠦᠷᠭᠦᠯᠵᠢᠯᠡᠨ ᠬᠥᠭ᠌ᠵᠢᠭᠦᠯᠦᠨ᠎ᠡ ᠭᠡᠵᠦ ᠢᠯᠡᠳᠬᠡᠪᠡ᠃ ᠪᠸᠢᠢᠯᠥ᠋ᠡᠭ᠂ ᠯᠠᠨᠲ᠋ᠢ᠂ ᠳ᠋ᠸᠸᠴᠢᠶ᠍ᠸᠺ᠂ ᠵᠢᠨᠪᠸᠯᠢ᠂ ᠳᠤᠮᠳᠠᠳᠤ ᠤᠯᠤᠰ᠎ᠲᠤ ᠰᠠᠭᠤᠵᠤ ᠪᠠᠢᠭ᠍ᠰᠠᠨ ᠤᠤᠯ᠎ᠤᠨ ᠡᠯᠴᠢᠨ ᠰᠠᠢᠳ ᠪᠦᠯᠠᠨᠰᠲ᠋ᠠᠳ᠋ᠸ᠂ ᠳᠡᠯᠡᠬᠡᠢ᠎ᠶ᠋ᠢᠨ ᠠᠮᠤ ᠪᠤᠳᠠᠭᠠᠨ᠎ᠤ ᠱᠠᠩᠨᠠᠯ᠎ᠤᠨ ᠰᠠᠭᠤᠷᠢ ᠮᠥᠩᠭᠥᠨ᠎ᠦ ᠨᠡᠢᠭᠡᠮᠯᠢᠭ᠎ᠦᠨ ᠨᠡᠷ᠎ᠡ ᠬᠦᠨᠳᠦᠲᠦ ᠲᠡᠷᠢᠭᠦᠯᠡᠭ᠌ᠴᠢ ᠺᠦᠢᠶ᠍ᠢᠨ ᠵᠢᠴᠢ ᠲᠤᠰ ᠵᠧᠦ᠍᠎ᠶ᠋ᠢᠨ 《5 ᠵᠢᠯ 5 ᠲᠦᠮᠡᠨ ᠬᠥᠮᠦᠨ》 ᠤ᠋ ᠰᠠᠨᠠᠭᠠᠴᠢᠯᠠᠭᠠᠳᠤ ᠣᠷᠣᠯᠴᠠᠵᠤ ᠳᠤᠮᠳᠠᠳᠤ ᠤᠯᠤᠰ᠎ᠲᠤ ᠠᠢᠯᠴᠢᠯᠠᠭᠰᠠᠨ ᠪᠠᠭ᠍ᠰᠢ ᠰᠤᠷᠤᠭ᠍ᠴᠢᠳ ᠪᠠᠰᠠ ᠲᠡᠷᠢᠭᠦᠯᠡᠭ᠌ᠴᠢ ᠰᠢ ᠵᠢᠨ ᠫᠢᠩ ᠪᠣᠯᠤᠨ ᠲᠡᠭᠦᠨ᠎ᠦ ᠬᠠᠳᠤᠨ᠎ᠳᠤ ᠴᠠᠭᠠᠨ ᠰᠠᠷ᠎ᠠ᠎ᠶ᠋ᠢᠨ ᠪᠠᠶᠠᠷ᠎ᠤᠨ ᠺᠠᠷᠲ ᠶᠠᠪᠤᠭᠤᠯᠵᠤ᠂ ᠳᠤᠷᠠᠲᠠᠶ᠎ᠠ ᠠᠮᠧᠷᠢᠺᠠ ᠳᠤᠮᠳᠠᠳᠤ᠎ᠶ᠋ᠢᠨ ᠨᠥᠬᠥᠷᠰᠡᠭ ᠰᠣᠯᠢᠯᠴᠠᠭ᠎ᠠ᠎ᠶ᠋ᠢ ᠴᠢᠷᠮᠠᠢᠨ ᠠᠬᠢᠭᠤᠯᠵᠤ᠂ ᠬᠣᠶᠠᠷ ᠤᠯᠤᠰ᠎ᠤᠨ ᠬᠠᠷᠢᠯᠴᠠᠭ᠎ᠠ᠎ᠶ᠋ᠢᠨ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 2 ᠰᠠᠷ᠎ᠠ᠎ᠶ᠋ᠢᠨ 18᠎ᠤ᠋ ᠴᠠᠬᠢᠯᠭᠠᠨ ᠮᠡᠳᠡᠭᠡ)