ᠥᠪᠥᠷ ᠮᠣᠩᠭᠣᠯ ᠠᠩᠬ᠎ᠠ ᠤᠳᠠᠭ᠎ᠠ ᠶᠡᠬᠡ ᠳᠡᠬᠡᠳᠤ ᠰᠤᠷᠭᠠᠭᠤᠯᠢ ᠵᠢᠨ ᠲᠦᠷᠢᠮ᠎ᠤᠨ ᠰᠢᠰᠲᠧᠮ᠎ᠤᠨ ᠪᠠᠢᠭᠤᠯᠤᠯᠳᠠ ᠳ᠋ᠤ ᠪᠦᠬᠦ ᠳᠠᠯ᠎ᠠ ᠵᠢᠨ ᠦᠨᠡᠯᠡᠯᠳᠡ ᠬᠢᠪᠡ
2026-02-02 10:43:41
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠦᠪᠦᠷ ᠮᠤᠩᠭᠤᠯ ᠎ᠤᠨ ᠶᠡᠬᠡ ᠳᠡᠭᠡᠳᠦ ᠰᠤᠷᠭᠠᠭᠤᠯᠢ᠎ᠶᠢᠨ ᠳᠦᠷᠢᠮ᠎ᠦᠨ ᠬᠡᠷᠡᠭᠵᠢᠭᠦᠯᠦᠯᠲᠡ ᠬᠢᠭᠡᠳ ᠳᠦᠷᠢᠮ ᠎ᠦᠨ ᠰᠢᠰᠲᠧᠮ ᠎ᠤᠨ ᠪᠠᠢᠭᠤᠯᠤᠯᠲᠠ᠎ᠶᠢᠨ ᠪᠠᠢᠳᠠᠯ᠎ᠳ᠋ᠤ ᠲᠤᠰᠬᠠᠢ ᠦᠨᠡᠯᠡᠨ ᠵᠢᠱ᠌ᠢᠯᠲᠡ᠎ᠬᠢᠵᠦ᠂ ᠡᠭᠦᠨ ᠎ᠦ ᠰᠠᠭᠤᠷᠢᠨ ᠳᠡᠭᠡᠷ᠎ᠡ 《ᠶᠡᠬᠡ ᠳᠡᠭᠡᠳᠦ ᠰᠤᠷᠭᠠᠭᠤᠯᠢ᠎ᠶᠢᠨ ᠳᠦᠷᠢᠮ᠎ᠦᠨ ᠬᠡᠷᠡᠭᠵᠢᠭᠦᠯᠦᠯᠲᠡ ᠪᠠ ᠳᠦᠷᠢᠮ ᠎ᠦᠨ ᠰᠢᠰᠲᠧᠮ᠎ᠤᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠵᠢᠯᠤᠭᠣᠳᠬᠤ ᠰᠠᠨᠠᠯ》 (ᠳᠣᠷᠣᠭ᠍ᠰᠢ 《ᠵᠢᠯᠤᠭᠣᠳᠬᠤ ᠰᠠᠨᠠᠯ》 ᠭᠡᠵᠦ ᠲᠣᠪᠴᠢᠯᠠᠨ᠎ᠠ) ᠢ᠋ ᠲᠣᠭᠲᠠᠭᠠᠨ ᠳᠠᠷᠤᠮᠠᠯᠯᠠᠨ ᠲᠠᠷᠬᠠᠭᠠᠪᠠ᠃ ᠡᠨᠡ ᠪᠣᠯ ᠥᠪᠡᠷᠲᠡᠭᠡᠨ ᠵᠠᠰᠠᠬᠤ ᠣᠷᠣᠨ ᠠ᠋ᠴᠠ ᠠᠩᠬ᠎ᠠ ᠤᠳᠠᠭ᠎ᠠ ᠶᠡᠬᠡ ᠳᠡᠭᠡᠳᠦ ᠰᠤᠷᠭᠠᠭᠤᠯᠢ᠎ᠶᠢᠨ ᠳᠦᠷᠢᠮ᠎ᠤ᠋ᠨ ᠬᠡᠷᠡᠭᠵᠢᠭᠦᠯᠦᠯᠳᠡ ᠪᠠ ᠳᠦᠷᠢᠮ᠎ᠦᠨ ᠰᠢᠰᠲᠧᠮ ᠎ᠤᠨ ᠪᠠᠢᠭᠤᠯᠤᠯᠲᠠ᠎ᠳᠤ ᠪᠦᠬᠦᠨ᠎ᠢ ᠬᠠᠮᠤᠷᠤᠭᠰᠠᠨ᠂ ᠰᠢᠰᠲᠧᠮᠳᠤ ᠴᠢᠨᠠᠷᠲᠠᠢ ᠦᠨᠡᠯᠡᠨ ᠵᠢᠱ᠌ᠢᠯᠲᠡ ᠬᠢᠬᠦ ᠵᠢᠨ ᠳᠠᠭᠠᠤ ᠠᠩᠬ᠎ᠠ ᠤᠳᠠᠭ᠎ᠠ ᠲᠤᠰᠬᠠᠢ ᠵᠢᠯᠤᠭᠣᠳᠬᠤ ᠰᠠᠨᠠᠯ᠎ᠢ ᠵᠡᠷᠭᠡ᠎ᠪᠡᠷ ᠨᠡᠢᠲᠡᠯᠡᠵᠦ ᠪᠠᠢᠭ᠎ᠠ ᠶᠠᠪᠤᠳᠠᠯ ᠪᠤᠯᠤᠨ᠎ᠠ᠂ ᠡᠨᠡ ᠨᠢ ᠮᠠᠨ᠎ᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠬᠠᠤᠯᠢ ᠶᠣᠰᠣᠭᠠᠷ ᠰᠤᠷᠭᠠᠭᠤᠯᠢ᠎ᠪᠠᠨ ᠵᠠᠰᠠᠬᠤ ᠪᠠ ᠳᠦᠷᠢᠮ᠎ᠦᠨ ᠵᠠᠰᠠᠯᠲᠠ《ᠵᠠᠩᠭᠢᠯᠠᠭ᠎ᠠ᠎ᠶᠢᠨ ᠠᠯᠬᠤᠮ》 ᠢ᠋ ᠠᠯᠬᠤᠭᠰᠠᠨ᠎ᠶᠠᠪᠤᠳᠠᠯ ᠪᠤᠯᠤᠨ᠎ᠠ᠃

ᠠᠩᠬ᠎ᠠ ᠤᠳᠠᠭ᠎ᠠ ᠪᠦᠬᠦᠨ ᠢ᠋ ᠬᠠᠮᠤᠷᠤᠭᠰᠠᠨ ᠦᠨᠡᠯᠡᠨ ᠵᠢᠱ᠌ᠢᠯᠲᠡ ᠬᠢᠵᠦ ᠶᠡᠬᠡ ᠳᠡᠭᠡᠳᠦ ᠰᠤᠷᠭᠠᠭᠤᠯᠢ ᠶ᠋ᠢᠨ ᠵᠠᠰᠠᠯᠲᠠ ᠶ᠋ᠢᠨ ᠣᠳᠣᠬᠢ ᠪᠠᠢᠳᠠᠯ ᠢ᠋ ᠣᠨᠣᠴᠠᠲᠠᠢ ᠠᠳᠬᠤᠪᠠ᠃ ᠲᠣᠰ ᠤᠳᠠᠭᠠᠨ᠎ᠤ ᠦᠨᠡᠯᠡᠨ ᠵᠢᠱ᠌ᠢᠯᠲᠡ᠎ᠳᠦ ᠲᠤᠰᠬᠠᠢ ᠮᠡᠷᠭᠡᠵᠢᠯᠲᠡᠨ᠎ᠦ ᠳᠤᠭᠤᠢᠯᠠᠩ᠎ᠢ ᠵᠣᠬᠢᠶᠠᠨ ᠪᠠᠢᠭᠤᠯᠵᠤ ᠰᠤᠷᠭᠠᠭᠤᠯᠢ᠎ᠳᠤ ᠬᠦᠷᠴᠦ ᠲᠤᠬᠠᠢ᠎ᠶᠢᠨ ᠲᠠᠯᠠᠪᠤᠷ᠎ᠲᠤ᠌ ᠦᠨᠡᠯᠡᠨ ᠵᠢᠱ᠌ᠢᠯᠲᠡ ᠬᠢᠬᠦ ᠪᠠ ᠪᠢᠴᠢᠭ᠎ᠦᠨ ᠦᠨᠡᠯᠡᠨ ᠵᠢᠱ᠌ᠢᠯᠲᠡ᠎ᠶᠢ ᠤᠶᠠᠯᠳᠤᠭᠤᠯᠬᠤ ᠠᠷᠭ᠎ᠠ ᠮᠠᠶᠢᠭ᠋᠎ᠢ ᠠᠪᠴᠤ᠂ ᠠᠩᠬ᠎ᠠ ᠤᠳᠠᠭ᠎ᠠ ᠪᠥᠬᠥ ᠣᠷᠣᠨ ᠎ᠤ 55 ᠶᠡᠬᠡ ᠳᠡᠭᠡᠳᠦ ᠰᠤᠷᠭᠠᠭᠤᠯᠢ᠎ᠳᠤ ᠪᠥᠬᠥ ᠲᠠᠯ᠎ᠠ᠎ᠶᠢᠨ 《ᠪᠡᠶ᠎ᠡ᠎ᠶᠢᠨ ᠪᠠᠢᠴᠠᠭᠠᠯᠲᠠ》 ᠬᠢᠵᠦ᠂ ᠦᠨᠡᠯᠡᠨ ᠵᠢᠱ᠌ᠢᠯᠲᠡ᠎ᠶᠢ ᠨᠡᠢᠳᠡᠮ ᠬᠡᠷᠡᠭᠵᠢᠭᠦᠯᠬᠦ᠎ᠶᠢ ᠪᠡᠶᠡᠯᠡᠭᠦᠯᠪᠡ᠃ ᠦᠨᠡᠯᠡᠨ ᠵᠢᠱ᠌ᠢᠯᠳᠡ᠎ᠳᠦ ᠳᠦᠷᠢᠮ ᠎ᠢ ᠤᠬᠠᠭᠤᠯᠬᠤ᠂ ᠲᠠᠢᠯᠪᠤᠷᠢᠯᠠᠬᠤ ᠲᠣᠭᠲᠠᠴᠠ᠂ ᠲᠥᠬᠥᠷᠵᠢᠭᠦᠯᠬᠦ ᠳᠦᠷᠢᠮ᠂ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠶᠢᠨ ᠲᠣᠭᠣᠷᠢᠨ᠎ᠳᠤ ᠳᠦᠷᠢᠮ ᠎ᠢ ᠬᠡᠷᠡᠭᠵᠢᠭᠦᠯᠦᠭᠰᠡᠨ ᠪᠠ ᠳᠦᠷᠢᠮ᠎ᠦᠨ ᠰᠢᠰᠲᠧᠮᠳᠤ ᠪᠠᠢᠭᠤᠯᠤᠯᠲᠠ᠎ᠶᠢᠨ ᠦᠷ᠎ᠡ ᠪᠦᠲᠦᠮᠵᠢ ᠬᠢᠭᠡᠳ ᠳᠤᠲᠠᠭᠤᠳᠠᠯ᠎ᠢ ᠰᠢᠰᠲᠧᠮ᠎ᠲᠠᠢ ᠡᠮᠬᠢᠯᠡᠨ ᠳᠢᠭᠯᠡᠵᠦ᠂ ᠠᠩᠬᠠᠨ᠎ᠤ ᠬᠤᠪᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠳᠦᠷᠢᠮ᠎ᠢ ᠬᠡᠷᠡᠭᠵᠢᠭᠦᠯᠦᠭᠰᠡᠨ ᠪᠠ ᠳᠦᠷᠢᠮ᠎ᠦᠨ ᠰᠢᠰᠲᠧᠮ ᠎ᠤᠨ ᠪᠠᠢᠭᠤᠯᠤᠯᠲᠠ᠎ᠶᠢ ᠦᠨᠡᠯᠡᠨ ᠵᠢᠱ᠌ᠢᠭᠰᠡᠨ ᠮᠡᠳᠡᠭᠦᠯᠦᠯᠲᠡ》 (ᠳᠣᠷᠣᠭ᠍ᠰᠢ 《ᠦᠨᠡᠯᠡᠨ ᠵᠢᠱ᠌ᠢᠭᠰᠡᠨ ᠮᠡᠳᠡᠭᠦᠯᠦᠯᠲᠡ》 ᠭᠡᠵᠦ ᠲᠣᠪᠴᠢᠯᠠᠨ᠎ᠠ) ᠵᠢ ᠪᠣᠶ ᠪᠣᠯᠭᠠᠪᠠ᠃ ᠦᠨᠡᠯᠡᠨ ᠵᠢᠱ᠌ᠢᠬᠦ ᠠᠵᠢᠯ ᠨᠢ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠶᠠᠷᠢᠯᠴᠠᠬᠤ᠂ ᠮᠠᠲᠧᠷᠢᠶᠠᠯ᠎ᠢ ᠬᠢᠨᠠᠨ ᠪᠠᠢᠴᠠᠭᠠᠬᠤ᠂ ᠲᠤᠰᠬᠠᠢ ᠮᠡᠷᠭᠡᠵᠢᠯᠲᠡᠨ᠎ᠢᠶᠡᠷ ᠦᠨᠡᠯᠡᠬᠦᠯᠬᠦ ᠵᠡᠷᠭᠡ ᠤᠯᠠᠨ ᠵᠦᠢᠯ᠎ᠦᠨ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠳᠦᠷᠢᠮ᠎ᠦᠨ ᠪᠢᠴᠢᠭ ᠮᠠᠲᠧᠷᠢᠶᠠᠯ᠎ᠢ ᠨᠡᠢ᠍ᠢᠳᠡ 1.7 ᠲᠦᠮᠡ ᠭᠠᠷᠤᠢ ᠬᠢᠨᠠᠨ ᠪᠠᠢᠴᠠᠭᠠᠵᠤ᠂ ᠪᠠᠭ᠍ᠰᠢ ᠰᠤᠷᠤᠭ᠍ᠴᠢᠳ᠎ᠯᠤᠭ᠎ᠠ 300 ᠭᠠᠷᠤᠢ ᠬᠥᠮᠥᠨ ᠤᠳᠠᠭ᠎ᠠ ᠰᠤᠷᠪᠤᠯᠵᠢᠯᠠᠨ ᠶᠠᠷᠢᠯᠴᠠᠵᠤ᠂ ᠤᠬᠠᠭᠤᠯᠭ᠎ᠠ᠎ᠶᠢᠨ ᠲᠠᠯ᠎ᠠ᠎ᠪᠠᠷ ᠬᠦᠢᠬᠡᠨ᠂ ᠲᠠᠢᠯᠪᠤᠷᠢᠯᠠᠬᠤ ᠲᠣᠭᠲᠠᠴᠠ ᠵᠢᠨ ᠳᠤᠳᠠᠭᠤᠳᠠᠯ᠂ ᠳᠦᠷᠢᠮ᠎ᠦᠨ ᠵᠦᠷᠢᠴᠡᠯ ᠵᠢᠡᠷ ᠲᠣᠪᠣᠢᠮ᠎ᠠ᠂ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ ᠬᠦᠴᠦᠨ ᠮᠡᠬᠦᠰᠳᠡᠵᠦ ᠪᠠᠢᠬᠤ ᠵᠡᠷᠭᠡ ᠨᠡᠢᠲᠡᠯᠢᠭ ᠴᠢᠨᠠᠷᠲᠠᠢ ᠠᠰᠠᠭᠤᠳᠠᠯ ᠢ᠋ ᠨᠠᠷᠢᠯᠢᠭ᠋ ᠣᠨᠣᠴᠠᠲᠠᠢ᠎ᠪᠠᠷ ᠢᠯᠭᠠᠨ ᠲᠠᠨᠢᠵᠤ᠂ ᠦᠷᠭᠦᠯᠵᠢᠯᠡᠨ ᠨᠠᠷᠢᠯᠢᠭ᠋ ᠣᠨᠣᠴᠠᠲᠠᠢ᠎ᠪᠠᠷ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠬᠦ᠎ᠳᠦ ᠪᠠᠲᠤ ᠪᠡᠬᠢ ᠰᠠᠭᠤᠷᠢ᠎ᠶᠢ ᠲᠠᠯᠪᠢᠭ᠍ᠰᠠᠨ ᠪᠠᠢᠨ᠎ᠠ᠃

ᠠᠩᠬ᠎ᠠ ᠤᠳᠠᠭ᠎ᠠ ᠵᠢᠯᠤᠭᠣᠳᠬᠤ ᠰᠠᠨᠠᠯ᠎ᠢ ᠨᠡᠢᠲᠡᠯᠡᠵᠦ᠂ ᠳᠦᠷᠢᠮ᠎ᠦᠨ ᠵᠠᠰᠠᠯᠲᠠ᠎ᠶᠢᠨ ᠪᠣᠷᠣ᠌ ᠲᠥᠯᠥᠪ᠎ᠢ ᠰᠢᠰᠲᠧᠮ᠎ᠲᠠᠢ ᠪᠠᠢᠭᠤᠯᠪᠠ᠃ ᠦᠨᠡᠯᠡᠨ ᠵᠢᠱ᠌ᠢᠭᠰᠡᠨ ᠰᠠᠭᠤᠷᠢᠨ ᠳᠡᠭᠡᠷ᠎ᠡ ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠠᠩᠬ᠎ᠠ ᠤᠳᠠᠭ᠎ᠠ ᠨᠡᠢᠲᠡᠯᠡᠭᠰᠡᠨ 《ᠵᠢᠯᠤᠭᠣᠳᠬᠤ ᠰᠠᠨᠠᠯ》  ᠢ᠋ ᠵᠡᠷᠭᠡ ᠪᠡᠷ ᠰᠤᠳᠤᠯᠤᠨ ᠲᠣᠭᠲᠠᠭᠠᠵᠤ᠂ ᠳᠦᠷᠢᠮ᠎ᠢᠶᠡᠷ ᠶᠡᠷᠦᠩᠬᠡᠢᠯᠡᠨ ᠵᠢᠯᠣᠭᠣᠳᠤᠭᠤᠯᠵᠤ᠂ 《ᠨᠠᠮ᠎ᠤᠨ ᠬᠣᠷᠢᠶ᠎ᠠ ᠤᠳᠤᠷᠢᠳᠬᠤ᠂ ᠰᠤᠷᠭᠠᠭᠤᠯᠢ᠎ᠶᠢᠨ ᠵᠠᠬᠢᠷᠤᠯ ᠬᠠᠷᠢᠭᠤᠴᠠᠬᠤ᠂ ᠫᠷᠤᠹᠸᠰᠰᠤᠷ ᠡᠷᠳᠡᠮ ᠰᠢᠨᠵᠢᠯᠡᠭᠡᠨ᠎ᠢ ᠵᠠᠰᠠᠬᠤ᠂ ᠠᠷᠠᠳᠴᠢᠯᠠᠯ᠎ᠢᠶᠠᠷ ᠬᠠᠮᠢᠶᠠᠷᠬᠤ》ᠣᠲᠣ᠌ ᠦᠶ᠎ᠡ᠎ᠶᠢᠨ ᠶᠡᠬᠡ ᠰᠤᠷᠭᠠᠭᠤᠯᠢ᠎ᠶᠢᠨ ᠵᠠᠰᠠᠯᠲᠠ᠎ᠶᠢᠨ ᠰᠢᠰᠲᠧᠮ ᠎ᠢ᠋ ᠪᠠᠢᠭᠤᠯᠤᠨ᠎ᠠ ᠭᠡᠵᠦ ᠲᠣᠳᠣᠷᠬᠠᠢ ᠳᠤᠷᠠᠳᠪᠠ᠃ 《ᠵᠢᠯᠤᠭᠣᠳᠬᠤ ᠰᠠᠨᠠᠯ》 ᠳ᠋ᠤ ᠨᠠᠮ ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ᠎ᠶᠢ ᠴᠢᠩᠭᠠᠳᠬᠠᠬᠤ᠂ ᠳᠦᠷᠢᠮ᠎ᠦᠨ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ᠎ᠶᠢ ᠴᠢᠩᠭᠠᠳᠬᠠᠬᠤ᠂ ᠳᠦᠷᠢᠮ᠎ᠦᠨ ᠰᠢᠰᠲᠧᠮ᠎ᠦᠨ ᠪᠠᠢᠭᠤᠯᠤᠯᠲᠠ᠎ᠶᠢ ᠲᠡᠭᠦᠯᠳᠡᠷᠵᠢᠭᠦᠯᠬᠦ᠂ ᠳᠦᠷᠢᠮ᠎ᠦᠨ ᠶᠠᠰᠤ ᠴᠢᠨᠠᠷ ᠪᠠ ᠬᠡᠷᠡᠭᠵᠢᠭᠦᠯᠬᠦ ᠴᠢᠳᠠᠪᠤᠷᠢ᠎ᠶᠢ ᠳᠡᠭᠡᠭᠰᠢᠯᠡᠭᠦᠯᠬᠦ ᠵᠡᠷᠭᠡ ᠳᠥᠷᠪᠡᠨ ᠲᠠᠯ᠎ᠠ᠎ᠪᠠᠷ 14 ᠵᠤᠷᠪᠤᠰ ᠪᠣᠳᠠᠲᠠᠢ ᠵᠢᠯᠤᠭᠣᠳᠬᠤ ᠰᠠᠨᠠᠯ ᠳᠤᠷᠠᠳᠴᠤ᠂ 《ᠳᠦᠷᠢᠮ᠎ᠦᠨ ᠰᠢᠰᠲᠧᠮ᠎ᠦᠨ ᠪᠠᠢᠭᠤᠯᠤᠯᠲᠠ᠎ᠶᠢᠨ ᠪᠣᠷᠣ᠌ ᠲᠥᠯᠥᠪ᠎ᠦᠨ ᠲᠥᠰᠥᠯ (ᠯᠠᠪᠯᠠᠯᠲᠠ)》 ᠢ᠋ ᠳᠠᠭᠠᠯᠳᠤᠭᠤᠯᠵᠤ᠂ ᠶᠡᠬᠡ ᠳᠡᠭᠡᠳᠦ ᠰᠤᠷᠭᠠᠭᠤᠯᠢ᠎ᠳᠤ ᠲᠣᠳᠣᠷᠬᠠᠢ᠂ ᠬᠡᠷᠡᠭᠵᠢᠭᠦᠯᠵᠦ ᠪᠣᠯᠬᠤᠢᠴᠠ ᠳᠦᠷᠢᠮ᠎ᠦᠨ ᠪᠣᠷᠣ᠌ ᠲᠥᠯᠥᠪ ᠪᠠ ᠲᠥᠷᠥᠯ ᠬᠤᠪᠢᠶᠠᠭᠰᠠᠨ ᠵᠢᠯᠣᠭᠣᠳᠤᠯᠭ᠎ᠠ ᠬᠠᠩᠭᠠᠭᠰᠠᠨ ᠪᠠᠢᠨ᠎ᠠ᠃ ᠡᠨᠡ ᠬᠦ᠌  《ᠳᠦᠷᠢᠮ ᠲᠣᠭᠲᠠᠭᠠᠬᠤ ᠳᠦᠷᠢᠮ》 ᠪᠣᠯ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ ᠶᠠᠪᠤᠳᠠᠯ ᠪᠣᠯᠬᠤ ᠪᠥᠭᠡᠳ ᠪᠠᠰᠠ ᠴᠤ᠌ ᠬᠣᠢᠰᠢᠳᠠ᠎ᠶᠢᠨ ᠬᠡᠰᠡᠭ ᠬᠤᠭᠤᠴᠠᠭᠠᠨ᠎ᠳᠠᠬᠢ ᠶᠡᠬᠡ ᠳᠡᠭᠡᠳᠦ ᠰᠤᠷᠭᠠᠭᠤᠯᠢ᠎ᠶᠢᠨ ᠳᠦᠷᠢᠮ᠎ᠦᠨ ᠪᠠᠢᠭᠤᠯᠤᠯᠲᠠ᠎ᠶᠢ ᠵᠢᠯᠤᠭᠣᠳᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲᠧᠷᠢᠶᠠᠯ ᠪᠣᠯᠣᠨ᠎ᠠ ᠃

ᠵᠠᠰᠠᠯᠲᠠ᠎ᠶᠢᠨ ᠴᠢᠳᠠᠪᠤᠷᠢ᠎ᠶᠢᠨ ᠳᠡᠭᠡᠭᠰᠢᠯᠡᠯᠲᠡ ᠎ᠶᠢ ᠠᠬᠢᠭᠤᠯᠵᠤ᠂ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ ᠪᠠᠢᠭᠤᠯᠤᠯᠲᠠ ᠎ᠳᠤ ᠳᠦᠷᠢᠮ᠎ᠦᠨ ᠪᠠᠲᠤᠯᠠᠭ᠎ᠠ ᠬᠠᠩᠭᠠᠪᠠ᠃《ᠦᠨᠡᠯᠡᠨ ᠵᠢᠱ᠌ᠢᠭᠰᠡᠨ ᠮᠡᠳᠡᠭᠦᠯᠦᠯᠲᠡ》 ᠪᠣᠯᠣᠨ 《ᠵᠢᠯᠤᠭᠣᠳᠬᠤ ᠰᠠᠨᠠᠯ》 ᠢ᠋ ᠨᠡᠢᠲᠡᠯᠡᠭᠰᠡᠨ ᠨᠢ ᠵᠠᠰᠠᠯᠲᠠ᠎ᠶᠢᠨ ᠬᠡᠯᠬᠢᠶ᠎ᠡ᠎ᠶᠢᠨ ᠪᠢᠲᠡᠭᠦᠦ ᠴᠠᠭᠠᠷᠢᠭ᠍ᠵᠢᠯᠲᠠ᠎ᠶᠢ ᠠᠬᠢᠭᠤᠯᠵᠤ᠂ ᠦᠨᠡᠯᠡᠨ ᠵᠢᠱ᠌ᠢᠵᠦ ᠢᠯᠡᠷᠡᠭᠦᠯᠦᠭᠰᠡᠨ ᠠᠰᠠᠭᠤᠳᠠᠯ᠎ᠠᠴᠠ ᠵᠢᠯᠤᠭᠣᠳᠬᠤ ᠰᠠᠨᠠᠯ᠎ᠢ ᠨᠡᠢᠲᠡᠯᠡᠬᠦ ᠬᠦᠷᠲᠡᠯ᠎ᠡ᠂ 《ᠦᠨᠡᠯᠡᠨ ᠵᠢᠱ᠌ᠢᠬᠦ ︱ ᠬᠠᠷᠢᠭᠤ ᠲᠤᠰᠬᠠᠬᠤ ︱ ᠴᠡᠭᠴᠡᠯᠡᠨ ᠰᠠᠢᠵᠢᠷᠠᠭᠤᠯᠬᠤ ︱ ᠳᠡᠭᠡᠭᠰᠢᠯᠡᠭᠦᠯᠬᠦ》ᠠᠵᠢᠯ᠎ᠤᠨ ᠪᠢᠲᠡᠭᠦᠦ ᠴᠠᠭᠠᠷᠢᠭ᠋᠎ᠢ ᠪᠦᠷᠢᠯᠳᠦᠭᠦᠯᠪᠡ;ᠲᠥᠷᠥᠯ ᠬᠤᠪᠢᠶᠠᠨ ᠵᠢᠯᠤᠭᠣᠳᠬᠤ ᠪᠠ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ ᠵᠢᠩᠬᠢᠨᠢ ᠠᠩᠭᠢ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠂ ᠠᠷᠠᠳ ᠠ᠋ᠴᠠ ᠡᠷᠭᠢᠯᠡᠭᠰᠡᠨ ᠵᠡᠷᠭᠡ ᠠᠳᠠᠯᠢ ᠪᠤᠰᠤ ᠲᠥᠷᠥᠯ ᠬᠡᠯᠪᠡᠷᠢ᠎ᠶᠢᠨ ᠶᠡᠬᠡ ᠳᠡᠭᠡᠳᠦ ᠰᠤᠷᠭᠠᠭᠤᠯᠢ᠎ᠳᠤ ᠴᠢᠭᠯᠡᠭᠦᠯᠦᠨ ᠵᠦᠷᠢᠶᠡᠴᠢᠯᠡᠭᠰᠡᠨ ᠰᠠᠨᠠᠭᠤᠯᠭ᠎ᠠ ᠳᠤᠷᠠᠳᠬᠤ᠎ᠶᠢᠨ ᠬᠠᠮᠲᠤ ᠶᠡᠬᠡ ᠳᠡᠭᠡᠳᠦ ᠰᠤᠷᠭᠠᠭᠤᠯᠢ᠎ᠶᠢᠨ ᠳᠦᠷᠢᠮ᠎ᠦᠨ ᠰᠢᠨ᠎ᠡ᠎ᠶᠢ ᠡᠭᠦᠳᠬᠦ ᠲᠤᠷᠰᠢᠯᠲᠠ ᠥᠷᠨᠢᠭᠦᠯᠬᠦ᠎ᠶᠢ ᠵᠣᠷᠢᠭ᠍ᠵᠢᠭᠤᠯᠪᠠ; ᠤᠯᠤᠰ ᠲᠦᠷᠦ᠎ᠶᠢᠨ ᠭᠣᠣᠯ ᠰᠢᠵᠢᠮ ᠪᠣᠯᠣᠨ ᠪᠠᠭ᠍ᠰᠢ ᠰᠤᠷᠤᠭ᠍ᠴᠢᠳ᠎ᠤᠨ ᠣᠷᠣᠯᠴᠠᠬᠤ᠎ᠶᠢ ᠳᠤᠪᠤᠢ᠍ᠢᠯᠭᠠᠵᠤ᠂ 《ᠳᠤᠮᠳᠠᠳᠤ ᠎ᠶᠢᠨ ᠦᠨᠳᠦᠰᠦᠲᠡᠨ ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ》 ᠶ᠋ᠢ ᠳᠦᠷᠢᠮ᠎ᠦᠨ ᠪᠠᠢᠭᠤᠯᠤᠯᠲᠠ᠎ᠶᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠪᠠᠭ᠍ᠰᠢ ᠰᠤᠷᠤᠭ᠍ᠴᠢᠳ᠎ᠤᠨ ᠪᠠᠢᠳᠠᠯ᠎ᠢ ᠮᠡᠳᠡᠬᠦ ᠡᠷᠬᠡ᠂ ᠣᠷᠣᠯᠴᠠᠬᠤ ᠡᠷᠬᠡ ᠪᠣᠯᠣᠨ ᠬᠢᠨᠠᠯᠲᠠ ᠲᠠᠯᠪᠢᠬᠤ ᠡᠷᠬᠡ᠎ᠶᠢ ᠪᠠᠲᠤᠯᠠᠬᠤ᠎ᠶᠢ ᠴᠢᠬᠤᠯᠠᠴᠢᠯᠠᠪᠠ᠃ ᠬᠣᠶᠠᠷ ᠬᠤᠪᠢ ᠪᠢᠴᠢᠭ ᠮᠠᠲᠧᠷᠢᠶᠠᠯ ᠨᠢ ᠶᠡᠬᠡ ᠳᠡᠭᠡᠳᠦ ᠰᠤᠷᠭᠠᠭᠤᠯᠢ᠎ᠳᠤ ᠲᠣᠳᠣᠷᠬᠠᠢ ᠵᠠᠰᠠᠯᠳᠠ ᠵᠢᠨ ᠵᠢᠷᠤᠭ ᠪᠠ ᠳᠦᠷᠢᠮ᠎ᠦᠨ ᠪᠠᠭᠠᠵᠢ᠎ᠬᠠᠩᠭᠠᠵᠤ᠂ ᠶᠡᠬᠡ ᠳᠡᠭᠡᠳᠦ ᠰᠤᠷᠭᠠᠭᠤᠯᠢ᠎ᠶᠢᠨ 《ᠪᠢᠴᠢᠭ ᠮᠠᠲ᠋ᠧᠷᠢᠶᠠᠯ᠎ᠤᠨ ᠵᠠᠰᠠᠯᠲᠠ 》 ᠡᠴᠡ 《ᠪᠣᠳᠠᠲᠤ ᠦᠷ᠎ᠡ ᠪᠦᠲᠦᠮᠵᠢ᠎ᠲᠠᠢ ᠵᠠᠰᠠᠯᠲᠠ》 ᠲᠡᠢᠰᠢ ᠰᠢᠯᠵᠢᠬᠦ᠎ᠶᠢ ᠠᠬᠢᠭᠤᠯᠵᠤ᠂ ᠥᠪᠥᠷ ᠮᠣᠩᠭᠣᠯ ᠎ᠤᠨ ᠶᠡᠬᠡ ᠳᠡᠭᠡᠳᠦ ᠰᠤᠷᠭᠠᠭᠤᠯᠢ᠎ᠶᠢᠨ ᠳᠦᠷᠢᠮ᠎ᠦᠨ ᠬᠡᠷᠡᠭᠵᠢᠭᠦᠯᠦᠯᠲᠡ ᠪᠠ ᠳᠦᠷᠢᠮ ᠎ᠦᠨ ᠰᠢᠰᠲᠧᠮ᠎ᠦᠨ ᠪᠠᠢᠭᠤᠯᠤᠯᠲᠠ᠎ᠶᠢ ᠠᠬᠢᠭᠤᠯᠬᠤ ᠵᠠᠩᠭᠢᠯᠠᠭ᠎ᠠ᠎ᠶᠢᠨ ᠠᠯᠬᠤᠮ ᠢ᠋ ᠠᠯᠬᠤᠭᠰᠠᠨ ᠵᠢᠡᠷ ᠪᠠᠷᠠᠬᠤ ᠦᠭᠡᠢ ᠨᠠᠩ ᠴᠤ᠌ ᠰᠤᠷᠭᠠᠨ ᠬᠥᠮᠦᠵᠢᠯ ᠎ᠦᠨ ᠵᠠᠰᠠᠯᠲᠠ ᠎ᠶᠢᠨ ᠣᠳᠣᠬᠢᠴᠢᠯᠠᠯᠲᠠ᠎ᠶᠢ ᠠᠬᠢᠭᠤᠯᠬᠤ᠂ ᠰᠤᠷᠭᠠᠨ ᠬᠥᠮᠦᠵᠢᠯ ᠎ᠢᠶᠡᠷ ᠤᠯᠤᠰ ᠎ᠢᠶᠠᠨ ᠬᠦᠴᠦᠷᠬᠡᠭᠵᠢᠭᠦᠯᠬᠦ ᠪᠠᠢᠯᠳᠤᠬᠤ ᠪᠣᠳᠣᠯᠭ᠎ᠠ᠎ᠶᠢ ᠨᠠᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠᠢᠵᠤ᠂ ᠬᠠᠤᠯᠢ ᠶᠣᠰᠣᠭᠠᠷ ᠰᠤᠷᠭᠠᠭᠤᠯᠢ᠎ᠪᠠᠨ ᠵᠠᠰᠠᠬᠤ ᠬᠢᠷᠢ ᠲᠦᠪᠰᠢᠨ ᠪᠠ ᠲᠤᠳᠤᠭᠠᠳᠤ ᠬᠥᠭᠵᠢᠯᠲᠡ᠎ᠶᠢᠨ ᠴᠢᠳᠠᠪᠤᠷᠢ᠎ᠶᠢ ᠤᠯᠠᠮ ᠴᠢᠨᠠᠭᠰᠢᠳᠠ ᠳᠡᠭᠡᠭᠰᠢᠯᠡᠭᠦᠯᠬᠦ᠎ᠳᠦ ᠪᠠᠲᠤ ᠴᠢᠩᠭ᠎ᠠ ᠳᠦᠷᠢᠮ᠎ᠦᠨ ᠲᠤᠯᠭᠠᠭᠤᠷᠢᠯᠠᠯ ᠬᠠᠩᠭᠠᠪᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号