ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠢᠡᠷ ᠬᠦᠴᠦᠨ ᠤᠯᠭᠤᠵᠦ ᠤᠯᠠᠭᠠᠨᠴᠠᠪ᠎ᠤᠨ ᠨᠠᠷᠢᠮᠤ ᠵᠢᠨ ᠮᠥ᠍ ᠲᠤᠮᠳᠠᠴᠢ᠎ᠶ᠋ᠢᠨ ᠤᠨᠠᠯᠲᠠ 800 ᠵᠢᠩ᠎ᠢ ᠳᠠᠪᠠᠪᠠ
2026-02-02 10:06:31
ᠵᠣᠬᠢᠶᠠᠭ᠍ᠴᠢ᠄
ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ ᠤᠯᠠᠭᠠᠨᠴᠠᠪ ᠬᠤᠲᠠ ᠡᠴᠡ ᠪᠠᠶᠠᠷ᠎ᠤᠨ ᠴᠢᠮᠡᠭᠡ ᠲᠤᠭᠤᠯᠳᠠᠪᠠ᠄ 7 ᠵᠢᠯ ᠲᠠᠰᠤᠷᠠᠯᠲᠠ ᠦᠭᠡᠢ ᠲᠤᠷᠱᠢᠨ ᠲᠠᠷᠢᠬᠤ᠎ᠪᠠᠷ ᠳᠠᠮᠵᠢᠵᠦ᠂ ᠤᠯᠠᠭᠠᠨᠴᠠᠪ ᠨᠠᠷᠢᠮᠤ ᠵᠢ ᠬᠡᠪᠴᠢᠶᠡᠵᠢᠭᠦᠯᠦᠨ ᠲᠠᠷᠢᠭᠠᠳ ᠠᠮᠵᠢᠯᠲᠠ ᠣᠯᠵᠤ᠂ ᠮᠦ᠍ ᠲᠤᠮᠳᠠᠴᠢ᠎ᠶ᠋ᠢᠨ ᠤᠨᠠᠯᠲᠠ ᠨᠢ 800 ᠵᠢᠩ᠎ᠢ ᠳᠠᠪᠠᠪᠠ᠃

ᠡᠨᠡ ᠬᠡᠳᠦᠨ ᠡᠳᠦᠷ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠫᠢᠡᠭ ᠳᠢ ᠴᠢᠤᠸᠠᠨ ᠪᠠᠯᠭᠠᠰᠤᠨ ᠳ᠋ᠤ ᠪᠠᠢᠷᠢᠯᠠᠭ᠎ᠠ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠱᠢᠨ ᠾᠧ ᠲᠠᠷᠢᠶᠠᠯᠠᠬᠤ ᠲᠤᠰᠭᠠᠶ ᠬᠣᠷᠱᠢᠶ᠎ᠠ ᠶ᠋ᠢᠨ ᠲᠣᠮᠣ ᠬᠡᠯᠪᠡᠷᠢ᠎ᠶ᠋ᠢᠨ ᠠᠮᠤ ᠪᠤᠳᠠᠭ᠎ᠠ ᠬᠠᠳᠠᠭᠠᠯᠠᠬᠤ ᠬᠥᠮᠥᠷᠭᠡ ᠳ᠋ᠤ ᠠᠯᠲᠠᠨ ᠱᠢᠷᠭᠠᠯ ᠥᠩᠭᠡ᠎ᠲᠡᠶ ᠨᠠᠷᠢᠮᠤ ᠠᠭᠤᠯᠠ ᠮᠡᠲᠦ ᠣᠪᠣᠭᠠᠷᠠᠵᠤ᠂ ᠤᠳᠭᠤᠭᠤᠷ ᠲᠡᠷᠭᠡ ᠨᠠᠭᠠᠰᠢ ᠴᠠᠭᠠᠰᠢ ᠰᠦᠯᠵᠢᠯᠳᠦᠨ ᠲᠣᠮᠣ ᠪᠠᠷᠠᠭᠠᠨ ᠤ᠋ ᠮᠠᠰᠢᠨ ᠲᠡᠷᠭᠡᠨ ᠳ᠋ᠤ ᠨᠠᠷᠢᠮᠤ ᠰᠠᠪᠠᠯᠠᠵᠦ᠂ ᠨᠠᠷᠢᠮᠤ ᠲᠡᠭᠡᠭᠡᠭᠰᠡᠨ ᠪᠠᠷᠠᠭᠠᠨ ᠤ᠋ ᠮᠠᠰᠢᠨ ᠲᠡᠷᠭᠡ ᠨᠢ ᠱᠠᠨ ᠰᠢ᠂ ᠱᠠᠨᠰᠢ᠂ ᠾᠧᠪᠧᠶ ᠵᠡᠷᠭᠡ ᠭᠠᠵᠠᠷ᠎ᠤᠨ 60 ᠭᠠᠷᠤᠶ ᠠᠮᠤ ᠪᠤᠳᠠᠭ᠎ᠠ ᠪᠤᠯᠪᠠᠰᠤᠷᠠᠭᠤᠯᠬᠤ ᠠᠵᠤ ᠠᠬᠤᠢᠯᠠᠯ ᠵᠦᠭ ᠮᠤᠷᠳᠠᠬᠤ ᠪᠡᠷ ᠪᠡᠯᠡᠳᠭᠡᠨ᠎ᠠ᠃

ᠤᠯᠠᠭᠠᠨᠴᠠᠪ ᠬᠣᠲᠠ ᠤᠮᠠᠷᠠᠲᠤ ᠥᠷᠭᠡᠷᠢᠭ᠎ᠦᠨ 40 ᠡᠴᠡ 44 ᠭᠷᠠᠳᠦ᠋ᠰ᠎ᠦᠨ ᠬᠣᠭᠣᠷᠣᠨᠳᠣ ᠪᠠᠢᠷᠢᠯᠠᠵᠤ᠂ ᠠᠭᠤᠷ ᠠᠮᠢᠰᠭᠤᠯ ᠬᠦᠶ᠋ᠲᠡᠨ ᠰᠡᠷᠢᠭᠦᠨ᠂ ᠡᠳᠦᠷ ᠰᠥᠨᠢ᠎ᠶ᠋ᠢᠨ ᠳᠤᠯᠠᠭᠠᠨ᠎ᠤ ᠵᠥᠷᠢᠶ᠎ᠡ ᠶᠡᠬᠡ ᠪᠠᠢᠳᠠᠭ᠂ ᠡᠢᠮᠦᠷᠬᠦᠦ ᠣᠨᠴᠠᠭᠠᠶ ᠠᠭᠤᠷ ᠠᠮᠢᠰᠭᠤᠯ᠎ᠤᠨ ᠨᠥᠬᠥᠴᠡᠯ ᠨᠢ ᠡᠨᠳᠡᠬᠢ᠎ᠶ᠋ᠢ ᠣᠯᠠᠨ᠎ᠢᠶᠠᠷ᠎ᠢᠶᠠᠨ ᠮᠡᠳᠡᠷᠡᠭ᠌ᠰᠡᠨ ᠲᠥᠮᠥᠰᠥ᠍᠂ ᠨᠣᠬᠠᠶ᠎ᠶ᠋ᠢᠨ ᠬᠣᠱᠢᠭᠤ ᠵᠡᠷᠭᠡ ᠲᠠᠷᠢᠮᠠᠯ᠎ᠤᠨ ᠱᠢᠵᠢᠷ ᠠᠯᠲᠠᠨ ᠭᠠᠷᠤᠯᠲᠠ᠎ᠶ᠋ᠢᠨ ᠣᠷᠣᠨ ᠪᠣᠯᠭᠠᠵᠠᠶ᠃ ᠬᠡᠬᠦ ᠳ᠋ᠤ ᠳᠤᠯᠠᠭᠠᠨ᠎ᠤ ᠬᠡᠮᠵᠢᠶ᠎ᠡ ᠳᠤᠤᠷ᠎ᠠ ᠵᠡᠷᠭᠡ ᠡᠴᠡ ᠰᠢᠯᠳᠠᠭᠠᠯᠠᠵᠦ ᠤᠨᠠᠯᠲᠠ ᠳᠤᠤᠷ᠎ᠠ ᠲᠤᠯᠠ ᠲᠤᠬᠠᠶ᠎ᠶ᠋ᠢᠨ ᠭᠠᠵᠠᠷ᠎ᠤᠨ ᠲᠠᠷᠢᠶᠠᠴᠢᠳ ᠨᠠᠷᠢᠮᠤ ᠲᠠᠷᠢᠬᠤ ᠵᠢ ᠴᠢᠬᠤᠯᠠᠴᠢᠯᠠᠳᠠᠭ ᠦᠭᠡᠢ ᠪᠠᠢᠵᠠᠢ᠃ 2019 ᠣᠨ ᠳ᠋ᠤ ᠬᠣᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠰᠤ᠌ ᠺᠦᠶ ᠰᠸᠨ ᠦᠶ᠋ᠯᠡᠳᠦᠯᠭᠡ ᠪᠡᠷ ᠲᠠᠮᠵᠢᠨ ᠤᠯᠠᠭᠠᠨᠴᠠᠪ ᠣᠷᠣᠨ ᠳ᠋ᠤ ᠨᠠᠷᠢᠮᠤ ᠵᠢ ᠬᠡᠪᠴᠢᠶᠡᠵᠢᠭᠦᠯᠦᠨ ᠳᠠᠷᠢᠬᠤ ᠪᠤᠯᠤᠮᠵᠢ ᠲᠠᠢ ᠬᠡᠳᠡᠭ ᠢ᠋ ᠬᠡᠷᠡᠴᠢᠯᠡᠪᠠ᠃

《ᠨᠠᠷᠢᠮᠤ ᠵᠠᠪᠠᠯ ᠨᠡᠯᠢᠶᠠᠳ ᠲᠤᠯᠠᠭᠠᠨ ᠲᠤᠬᠢᠯᠢᠭ ᠬᠦᠷᠦᠰᠤ ᠵᠢ ᠱᠠᠭᠠᠷᠳᠠᠳᠠᠭ᠂ ᠢᠢᠨ ᠬᠦ᠌ ᠤᠯᠠᠭᠠᠨᠴᠠᠪ ᠣᠷᠣᠨ᠎ᠳᠤ ᠤᠯᠠᠮᠵᠢᠯᠠᠯᠲᠤ ᠳᠠᠷᠢᠬᠤ ᠮᠡᠷᠭᠡᠵᠢᠯ᠎ᠢᠶᠡᠷ ᠳᠠᠷᠢᠵᠤ ᠤᠷᠭᠤᠭᠤᠯᠪᠠᠯ ᠡᠳᠡᠭᠡᠷᠡᠬᠦ᠌᠎ᠳᠦ ᠪᠡᠷᠬᠡ᠃ ᠪᠢ 2019 ᠣᠨ᠎ᠳᠤ ᠠᠩᠬ᠎ᠠ ᠤᠳᠠᠭ᠎ᠠ ᠤᠯᠠᠭᠠᠨᠴᠠᠪ ᠬᠣᠲᠠ᠎ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠳᠤ 1200 ᠮᠥ᠍ ᠨᠠᠷᠢᠮᠤ ᠳᠠᠷᠢᠪᠠ᠂ ᠡᠨᠡ ᠬᠤᠭᠤᠴᠠᠭᠠᠨ᠎ᠳᠤ ᠦᠷ᠎ᠡ᠎ᠶ᠋ᠢ ᠱᠢᠯᠢᠨ ᠰᠣᠩᠭᠣᠬᠤ᠎ᠠᠴᠠ ᠳᠠᠷᠢᠵᠤ ᠤᠷᠭᠤᠭᠤᠯᠬᠤ ᠮᠡᠷᠭᠡᠵᠢᠯ ᠬᠦᠷᠲᠡᠯ᠎ᠡ ᠤᠯᠠᠨ ᠲᠠᠯ᠎ᠠ ᠵᠢᠨ ᠮᠡᠷᠭᠡᠵᠢᠯ ᠢ᠋ ᠰᠠᠢᠵᠢᠷᠠᠭᠤᠯᠵᠠᠶ᠃ ᠲᠤᠬᠠᠶ᠎ᠶ᠋ᠢᠨ ᠦᠶ᠎ᠡ᠎ᠳᠦ ᠪᠢᠳᠡ ᠤᠷᠢᠳ᠎ᠢᠶᠠᠷ ᠱᠢᠷᠣᠶ ᠳᠠᠷᠤᠱᠢᠭᠤᠯᠵᠤ ᠳᠠᠷᠠᠭ᠎ᠠ ᠨᠢ ᠳᠠᠷᠢᠬᠤ᠂ ᠥᠩᠭᠡᠷᠡᠭ᠌ᠰᠡᠨ᠎ᠦ ᠵᠤᠷᠪᠤᠰᠯᠠᠨ ᠳᠠᠷᠢᠬᠤ᠎ᠶ᠋ᠢ ᠨᠦᠬᠡᠯᠡᠵᠦ᠍ ᠳᠠᠷᠢᠬᠤ ᠪᠡᠷ ᠤᠷᠤᠯᠠᠭᠤᠯᠬᠤ᠂ ᠰᠦᠯᠢᠶᠤᠤ ᠪᠦᠷᠬᠦᠪᠴᠢ᠎ᠪᠡᠷ ᠪᠦᠬᠦ ᠲᠠᠷᠢᠶᠠᠨ ᠭᠠᠵᠠᠷ ᠢ᠋ ᠪᠦᠷᠬᠦᠬᠦ᠌᠂ ᠬᠠᠳᠤᠭᠰᠠᠨ ᠨᠠᠷᠢᠮᠤ ᠪᠠᠨ ᠲᠠᠷᠢᠶᠠᠨ ᠭᠠᠵᠠᠷ ᠲᠤᠨᠢ ᠬᠠᠳᠠᠭᠠᠬᠤ ᠵᠡᠷᠭᠡ ᠮᠡᠷᠭᠡᠵᠢᠯ ᠢ᠋ ᠬᠡᠷᠡᠭᠯᠡᠬᠦ ᠪᠡᠷ ᠲᠠᠮᠵᠢᠨ᠂ ᠲᠤᠬᠠᠶ᠎ᠶ᠋ᠢᠨ ᠭᠠᠵᠠᠷ᠎ᠤᠨ ᠴᠢᠬᠢ ᠭᠠᠷᠬᠤ᠎ᠳᠤ ᠬᠦᠴᠢᠷ᠂ ᠡᠪᠡᠰᠦ ᠵᠢ ᠨᠢ ᠠᠷᠢᠯᠭᠠᠬᠤ᠎ᠳᠤ ᠬᠦᠴᠢᠷ᠂ ᠬᠠᠳᠤᠵᠤ ᠬᠤᠷᠢᠶᠠᠬᠤ᠎ᠳᠤ ᠬᠦᠴᠢᠷ ᠵᠡᠷᠭᠡ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠡᠴᠦᠰ᠎ᠲᠡᠬᠡᠨ ᠠᠮᠵᠢᠯᠲᠠ ᠣᠯᠵᠠᠶ᠃ ᠡᠨᠡ ᠬᠦ᠌ ᠶᠠᠪᠤᠴᠠ᠎ᠳᠤ ᠂ ᠪᠢᠳᠡ ᠴᠢᠭᠤᠯᠤᠯᠲᠤ ᠬᠠᠭᠠᠯᠭ᠎ᠠ ᠬᠣᠲᠠ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠪᠣᠢᠵᠢᠭᠤᠯᠤᠭ᠍ᠰᠠᠨ ᠵᠠᠩ ᠰᠠ ᠱᠢᠷᠢᠰ ᠨᠠᠷᠢᠮᠤ᠎ᠶ᠋ᠢᠨ ᠡᠭᠦᠯᠳᠡᠷ᠎ᠢ ᠰᠣᠩᠭᠣᠨ ᠬᠡᠷᠡᠭ᠌ᠯᠡᠵᠦ᠍᠂ 〈ᠵᠠᠩ ᠰᠠ ᠨᠠᠷᠢᠮᠤ 3 ᠨᠣᠮᠧᠷᠲᠤ〉 ᠡᠴᠡ 〈ᠵᠠᠩ ᠰᠠ ᠨᠠᠷᠢᠮᠤ 29 ᠨᠣᠮᠧᠷᠲᠤ〉 ᠪᠣᠯᠲᠠᠯ᠎ᠠ ᠲᠤᠷᠰᠢᠨ ᠲᠠᠷᠢᠵᠤ᠂ ᠨᠠᠷᠢᠮᠤ᠎ᠶ᠋ᠢᠨ ᠮᠤ᠌ ᠲᠤᠮᠳᠠᠴᠢ ᠵᠢᠨ ᠤᠨᠠᠯᠲᠠ ᠵᠢ 500 ᠵᠢᠩ᠎ᠡᠴᠡ 800 ᠭᠠᠷᠤᠶ ᠵᠢᠩ ᠪᠣᠯᠲᠠᠯ᠎ᠠ ᠳᠡᠭᠡᠭ᠌ᠰᠢᠯᠡᠭᠦᠯᠵᠤ᠂ 7 ᠵᠢᠯ᠎ᠦᠨ ᠲᠤᠷᠱᠢᠨ ᠳᠠᠷᠢᠬᠤ ᠪᠠ ᠥᠭᠡᠷᠡᠴᠢᠯᠡᠨ ᠰᠠᠢᠵᠢᠷᠠᠭᠤᠯᠬᠤ᠎ᠪᠠᠷ ᠳᠡᠮᠵᠢᠨ᠂ ᠡᠴᠦᠰ᠎ᠲᠡᠬᠡᠨ ᠤᠯᠠᠭᠠᠨᠴᠠᠪ ᠣᠷᠣᠨ᠎ᠳᠤ ᠳᠠᠷᠢᠬᠤ᠎ᠳᠤ ᠲᠣᠬᠢᠷᠠᠮᠵᠢᠲᠠᠶ 〈ᠵᠠᠩ ᠰᠠ ᠨᠠᠷᠢᠮᠤ 29 ᠨᠣᠮᠧᠷᠲᠤ〉 ᠶ᠋ᠢ ᠰᠣᠩᠭᠣᠨ ᠭᠠᠷᠭᠠᠵᠤ᠂ ᠣᠳᠣᠬᠠᠨ᠎ᠳᠤ ᠤᠯᠠᠭᠠᠨᠴᠠᠪ ᠣᠷᠣᠨ᠎ᠤ ᠨᠠᠷᠢᠮᠤ᠎ᠶ᠋ᠢᠨ ᠮᠥ᠍ ᠳᠤᠮᠳᠠᠴᠢ ᠵᠢᠨ ᠤᠨᠠᠯᠲᠠ 850 ᠵᠢᠩ᠎ᠳᠦ ᠬᠦᠷᠴᠡᠶ᠃ ᠡᠨᠡ ᠵᠢᠯ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠲᠠᠷᠢᠮᠠᠯ᠎ᠤᠨ ᠰᠤᠳᠤᠯᠭᠠᠨ᠎ᠤ ᠭᠠᠵᠠᠷ ᠰᠠᠨᠠᠭᠠᠴᠢᠯᠠᠭ᠎ᠠ᠎ᠠᠴᠠ᠎ᠪᠠᠨ ᠪᠢᠳᠡᠨ᠎ᠲᠡᠶ ᠬᠠᠷᠢᠯᠴᠠᠵᠤ᠂ ᠨᠠᠷᠢᠮᠤ᠎ᠶ᠋ᠢᠨ ᠦᠷ᠎ᠡ ᠪᠠᠨ ᠪᠢᠳᠠᠨ ᠵᠢᠡᠷ ᠲᠤᠷᠱᠢᠨ ᠳᠠᠷᠢᠭᠤᠯᠬᠤ ᠪᠡᠷ ᠪᠤᠢ︾ ᠬᠡᠵᠤ ᠰᠤ᠌ ᠺᠦᠢ ᠰᠸᠨ ᠲᠠᠨᠢᠯᠴᠠᠭᠤᠯᠤᠨ᠎ᠠ᠃

ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ ᠡᠭᠦᠳᠦᠯᠲᠡ ᠳ᠋ᠤ ᠲᠦᠰᠢᠭᠯᠡᠵᠦ ᠠᠭᠤᠷ ᠠᠮᠢᠰᠭᠤᠯ ᠬᠦᠶ᠋ᠲᠡᠨ ᠰᠡᠷᠢᠬᠦᠨ ᠤᠯᠠᠭᠠᠨᠴᠠᠪ ᠣᠷᠣᠨ ᠨᠠᠷᠢᠮᠤ ᠵᠢ ᠬᠡᠪᠴᠢᠶᠠᠵᠢᠭᠦᠯᠦᠨ ᠲᠠᠷᠢᠵᠤ ᠦᠨᠳᠤᠷ ᠤᠨᠠᠯᠲᠠ ᠲᠠᠢ  ᠪᠤᠯᠤᠭᠰᠠᠨ ᠪᠥᠭᠡᠳ ᠲᠤᠬᠠᠶ᠎ᠶ᠋ᠢᠨ ᠭᠠᠵᠠᠷ᠎ᠤᠨ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠪᠡ᠃ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠦᠯᠦᠭᠡᠢ ᠠᠭᠤᠯᠠ ᠱᠢᠶᠠᠩ᠎ᠤᠨ ᠨᠠᠨ ᠶᠢᠩᠽᠢ ᠲᠣᠰᠭᠣᠨ᠎ᠤ ᠠᠷᠠᠳ ᠵᠠᠩ ᠵᠢᠨ ᠶᠤᠸᠠᠨ᠄《ᠤᠢ᠍ᠢᠷ᠎ᠠ᠎ᠶ᠋ᠢᠨ ᠬᠡᠳᠦᠨ ᠵᠢᠯ᠎ᠳᠦ ᠪᠢ ᠰᠤ᠌ ᠺᠦᠢ ᠰᠸᠨ᠎ᠤ ᠳᠠᠭᠠᠭᠤᠯᠭ᠎ᠠ᠎ᠪᠠᠷ ᠨᠠᠷᠢᠮᠤ ᠲᠠᠷᠢᠪᠠ᠂ ᠮᠦ᠍ ᠲᠤᠮᠳᠠᠴᠢ᠎ᠶ᠋ᠢᠨ ᠤᠨᠠᠯᠲᠠ ᠨᠢ ᠤᠤᠯ᠎ᠤᠨ 200 ᠭᠠᠷᠤᠢ ᠵᠢᠩ᠎ᠠᠴᠠ᠎ᠪᠠᠨ 800᠂ 900 ᠵᠢᠩ ᠪᠣᠯᠤᠨ ᠨᠡᠮᠡᠭ᠌ᠳᠡᠵᠦ᠍᠂ ᠲᠠᠷᠢᠬᠤ᠎ᠠᠴᠠ ᠬᠠᠳᠤᠵᠤ ᠬᠤᠷᠢᠶᠠᠬᠤ᠂ ᠲᠠᠬᠢᠭᠠᠳ ᠬᠠᠳᠠᠭᠠᠯᠠᠬᠤ᠂ ᠪᠣᠷᠣᠯᠠᠭᠤᠯᠬᠤ ᠬᠦᠷᠲᠡᠯ᠎ᠡ ᠬᠤᠷᠱᠢᠶ᠎ᠠ᠎ᠶ᠋ᠢᠨ ᠬᠢᠨ ᠪᠦᠬᠦ᠌ ᠶᠠᠪᠤᠴᠠ᠎ᠳᠤ ᠳᠡᠮᠵᠢᠯᠭᠡ ᠦᠵᠡᠭᠦᠯᠵᠤ ᠪᠤᠢ᠃ ᠮᠠᠨ᠎ᠤ ᠨᠠᠷᠢᠮᠤ ᠴᠢᠨᠠᠷ ᠰᠠᠢᠲᠠᠶ᠂ ᠰᠤ᠌ ᠺᠦᠶ ᠰᠸᠨ᠎ᠢ ᠳᠠᠭᠠᠵᠤ ᠨᠠᠷᠢᠮᠤ ᠲᠠᠷᠢᠭᠠᠳ ᠵᠢᠯ᠎ᠤᠨ ᠤᠷᠤᠯᠭ᠎ᠠ ᠤᠤᠯ᠎ᠤᠨ ᠬᠢ᠎ᠡᠴᠡ᠎ᠪᠡᠨ ᠳᠠᠬᠢᠨ᠎ᠢᠶᠠᠷ ᠨᠡᠮᠡᠭ᠌ᠳᠡᠵᠠᠢ》 ᠬᠡᠵᠤ ᠶᠠᠷᠢᠨ᠎ᠠ᠃

ᠲᠠᠷᠢᠶᠠᠴᠢᠳ᠎ᠤᠨ ᠰᠠᠢ᠌ᠨ ᠠᠮᠤ ᠪᠤᠳᠠᠭ᠎ᠠ᠎ᠶ᠋ᠢ ᠰᠠᠢ᠌ᠨ ᠦᠨ᠎ᠡ ᠳ᠋ᠤ ᠬᠦᠷᠭᠡᠬᠦ᠎ᠶ᠋ᠢᠨ ᠲᠥᠯᠥᠭᠡ᠂ ᠰᠤ᠌ ᠺᠦᠢ ᠰᠸᠨ ᠬᠤᠸᠠᠳᠧ ᠱᠢᠶᠠᠨ᠎ᠳᠤ ᠲᠠᠷᠢᠶᠠᠯᠠᠩ᠎ᠤᠨ ᠺᠣᠮᠫᠠᠨᠢ ᠪᠠᠢᠭᠤᠯᠤᠭ᠍ᠰᠠᠨ ᠪᠥᠭᠡᠳ ᠬᠠᠮᠲᠤ᠎ᠶ᠋ᠢᠨ ᠠᠵᠤ ᠠᠬᠤᠢ᠎ᠲᠠᠶ ᠬᠠᠮᠲᠤᠷᠠᠨ ᠵᠢᠯ᠎ᠳᠦ 12000 ᠲᠣᠨ ᠠᠮᠤ ᠪᠤᠳᠠᠭ᠎ᠠ ᠪᠣᠯᠪᠠᠰᠤᠷᠠᠭᠤᠯᠬᠤ ᠦᠢᠯᠡᠳᠪᠦᠷᠢ ᠪᠠᠢᠭᠤᠯᠬᠤ᠎ᠶ᠋ᠢᠨ ᠬᠠᠮᠲᠤ ᠪᠠᠰᠠ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠫᠢᠩ ᠳ᠋ᠢ ᠴᠢᠤᠸᠠᠨ ᠪᠠᠯᠭᠠᠰᠤᠨ᠎ᠳᠤ 3 ᠠᠮᠤ ᠪᠤᠳᠠᠭ᠎ᠠ ᠬᠠᠳᠠᠭᠠᠯᠠᠬᠤ ᠬᠥᠮᠥᠷᠭᠡ ᠲᠦᠷᠢᠶᠡᠰᠦᠯᠡᠵᠦ᠍᠂ ᠲᠠᠷᠢᠶᠠᠴᠢᠳ᠎ᠲᠤ ᠰᠦᠢᠳᠭᠡᠯ ᠬᠤᠷᠢᠶᠠᠬᠤ ᠦᠭᠡᠢ᠎ᠪᠡᠷ ᠠᠮᠤ ᠪᠤᠳᠠᠭ᠎ᠠ ᠬᠠᠳᠠᠭᠠᠯᠠᠵᠤ ᠥᠭ᠌ᠬᠦ ᠪᠤᠯᠵᠠᠢ᠃

《ᠣᠲᠣ ᠬᠥᠮᠦᠰ ᠪᠡᠶ᠎ᠡ ᠰᠤᠪᠢᠯᠠᠯᠲᠠ᠎ᠶ᠋ᠢ ᠴᠢᠬᠤᠯᠠᠴᠢᠯᠠᠬᠤ ᠪᠤᠯᠵᠤ᠂ ᠨᠠᠷᠢᠮᠤ᠎ᠶ᠋ᠢᠨ ᠵᠠᠬ᠎ᠠ ᠳᠡᠯᠭᠡᠭᠦᠷ᠎ᠦᠨ ᠬᠡᠷᠡᠭ᠌ᠴᠡᠭᠡ ᠵᠢᠯ ᠳᠠᠷᠠᠭᠠᠯᠠᠨ ᠨᠡᠮᠡᠭ᠌ᠳᠡᠵᠦ᠍ ᠪᠠᠢᠨ᠎ᠠ᠂ ᠪᠢᠳᠡ ᠪᠣᠷᠣᠯᠠᠭᠤᠯᠭ᠎ᠠ ᠵᠢᠨ ᠲᠠᠯ᠎ᠠ ᠪᠡᠷ ᠣᠷᠭᠢᠯ᠎ᠤᠨ ᠬᠤᠭᠤᠴᠠᠭ᠎ᠠ᠎ᠲᠠᠢ ᠵᠥᠷᠢᠭᠦᠯᠦᠨ ᠪᠣᠷᠣᠯᠠᠭᠤᠯᠬᠤ᠎ᠪᠠᠷ ᠪᠠᠷᠠᠬᠤ ᠥᠬᠡᠶ᠂ ᠪᠠᠰᠠ ᠥᠪᠡᠷᠲᠡᠭᠡᠨ ᠵᠠᠰᠠᠬᠤ ᠣᠷᠣᠨ᠎ᠤ 〈ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠬᠦᠨ ᠤ᠋ ᠲᠠᠨᠢᠯᠴᠠᠭᠤᠯᠤᠭᠴᠢ〉 ᠵᠢᠨ ᠰᠦᠯᠵᠢᠶᠡᠨ ᠤ᠋ ᠬᠠᠪᠰᠤᠷᠤᠨ ᠪᠣᠷᠣᠯᠠᠭᠤᠯᠭ᠎ᠠ᠎ᠶ᠋ᠢ ᠭᠤᠶᠤᠴᠢᠯᠠᠵᠤ᠂ ᠲᠠᠷᠢᠶᠠᠴᠢᠳ ᠤ᠋ᠨ ᠠᠮᠤ ᠪᠤᠳᠠᠭ᠎ᠠ ᠵᠢ ᠬᠠᠮᠤᠭ᠎ᠤᠨ ᠰᠠᠢᠨ ᠦᠨ᠎ᠡ ᠪᠡᠷ ᠬᠤᠳᠠᠯᠳᠤᠨ ᠥᠭ᠌ᠬᠦ ᠪᠡᠷ ᠴᠢᠷᠮᠠᠢᠵᠤ ᠪᠠᠢᠨ᠎ᠠ︾ᠬᠡᠵᠤ ᠰᠤ᠌ ᠺᠦᠢ ᠰᠸᠨ ᠶᠠᠷᠢᠨ᠎ᠠ᠃

ᠣᠢᠯᠠᠭᠠᠭ᠍ᠰᠠᠨ᠎ᠢᠶᠠᠷ᠂ ᠬᠣᠷᠱᠢᠶ᠎ᠠ᠎ᠨᠢ 2022 ᠣᠨ᠎ᠳᠤ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠦᠯᠦᠭᠡᠢ ᠠᠭᠤᠯᠠ ᠱᠢᠶᠠᠩ᠎ᠳᠤ ᠲᠦᠮᠡᠨ ᠮᠥ᠍ ᠨᠠᠷᠢᠮᠤ᠎ᠶ᠋ᠢᠨ ᠪᠠᠷᠢᠮᠵᠢᠶᠠᠵᠢᠭᠤᠯᠤᠭ᠍ᠰᠠᠨ ᠲᠠᠷᠢᠶᠠᠯᠠᠬᠤ ᠵᠢᠱ᠌ᠢᠶ᠎ᠡ ᠦᠵᠡᠭᠦᠯᠬᠦ᠌ ᠰᠠᠭᠤᠷᠢᠨ᠎ᠢ ᠨᠠᠷᠢᠨ ᠨᠢᠮᠪᠠᠶ ᠪᠠᠢᠭᠤᠯᠬᠤ᠎ᠶ᠋ᠢᠨ ᠬᠠᠮᠲᠤ ᠡᠷᠬᠢᠨ ᠲᠣᠭᠣᠷᠢᠨ᠎ᠤ ᠲᠠᠷᠢᠶᠠᠴᠢᠳ᠎ᠲᠤ ᠨᠠᠷᠢᠮᠦ ᠵᠢ ᠬᠡᠪᠴᠢᠶᠡᠵᠢᠭᠦᠯᠦᠨ ᠳᠠᠷᠢᠬᠤ ᠮᠡᠷᠭᠡᠵᠢᠯ ᠢ᠋ ᠦᠨ᠎ᠡ ᠲᠥᠯᠥᠪᠦᠷᠢ ᠥᠬᠡᠶ᠎ᠪᠡᠷ ᠤᠯᠠᠮᠵᠢᠯᠠᠪᠠ᠃ ᠣᠳᠣᠬᠠᠨ᠎ᠳᠤ ᠬᠣᠷᠱᠢᠶ᠎ᠠ ᠨᠢ ᠤᠯᠠᠭᠠᠨᠴᠠᠪ ᠬᠣᠲᠠ᠎ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤ᠂ ᠬᠤᠸᠠᠳᠧ ᠱᠢᠶᠠᠨ᠂ ᠱᠢᠩ ᠾᠧ ᠱᠢᠶᠠᠨ᠂ ᠹᠧᠩᠵᠧᠨ ᠬᠣᠲᠠ ᠵᠡᠷᠭᠡ ᠭᠠᠵᠠᠷ᠎ᠲᠤ 2.6 ᠲᠦᠮᠡᠨ ᠮᠥ᠍ ᠲᠠᠷᠢᠶᠠᠯᠠᠬᠤ ᠰᠠᠭᠤᠷᠢᠨ ᠭᠠᠵᠠᠷ ᠪᠠᠢᠭᠤᠯᠤᠭ᠍ᠰᠠᠨ᠎ᠤ ᠬᠠᠮᠲᠤ ᠡᠷᠬᠢᠨ ᠲᠣᠭᠣᠷᠢᠨ᠎ᠤ 500 ᠭᠠᠷᠤᠶ ᠡᠷᠦᠬᠡ ᠲᠣᠰᠭᠣᠨ᠎ᠤ ᠠᠷᠠᠳ᠎ᠢ ᠳᠠᠮ᠎ᠢᠶᠠᠷ ᠳᠠᠢᠴᠢᠯᠠᠨ ᠨᠠᠷᠢᠮᠤ ᠳᠠᠷᠢᠭᠤᠯᠵᠤ ᠣᠷᠣᠯᠭ᠎ᠠ᠎ᠶ᠋ᠢ ᠨᠢ ᠨᠡᠮᠡᠭ᠌ᠳᠡᠭᠦᠯᠵᠦ᠍᠂ ᠶᠡᠷᠦᠩᠬᠡᠶ ᠲᠠᠷᠢᠶᠠᠯᠠᠬᠤ ᠲᠠᠯᠠᠪᠠᠶ ᠨᠢ ᠨᠢᠭᠡᠨᠲᠡ 22 ᠲᠦᠮᠡᠨ ᠮᠤ᠌᠎ᠳᠦ ᠬᠦᠷᠴᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号