— ᠠᠮᠢ ᠠᠬᠤᠢ ᠣᠷᠴᠢᠨ ᠲᠣᠭᠣᠷᠢᠨ᠎ᠤ ᠶᠠᠮᠤᠨ ᠱᠢᠨ᠎ᠡ ᠨᠢᠭᠡ ᠵᠢᠯ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠠᠵᠢᠯ᠎ᠤᠨ ᠬᠦᠴᠦᠯᠡᠬᠦ᠌ ᠴᠡᠭ᠎ᠢ ᠲᠠᠢᠯᠪᠤᠷᠢᠯᠠᠪᠠ
《ᠠᠷᠪᠠᠨ ᠲᠠᠪᠤᠳᠤᠭᠠᠷ ᠲᠠᠪᠤᠨ ᠵᠢᠯ》ᠦ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠳᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ ᠵᠢ ᠴᠢᠬᠤᠯᠠ ᠶᠡᠬᠡ ᠱᠢᠨ᠎ᠡ ᠠᠬᠢᠴᠠ᠎ᠲᠠᠶ ᠪᠣᠯᠭᠠᠨ᠎ᠠ ᠭᠡᠵᠦ ᠳᠤᠷᠠᠳᠪᠠ᠃ 《ᠠᠷᠪᠠᠨ ᠲᠠᠪᠤᠳᠤᠭᠠᠷ ᠲᠠᠪᠤᠨ ᠵᠢᠯ》ᠦ᠋ᠨ ᠡᠬᠢᠯᠡᠯᠲᠡ᠎ᠶ᠋ᠢᠨ ᠵᠢᠯ᠎ᠳᠦ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠬᠡᠷᠬᠢᠨ ᠠᠬᠢᠭᠤᠯᠬᠤ ᠪᠤᠢ? ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠬᠣᠱᠢᠭᠤᠴᠢ ᠣᠷᠣᠨ᠎ᠤ ᠪᠥᠲᠥᠭᠡᠨ ᠪᠠᠢᠭᠤᠯᠤᠯᠲᠠ᠂ ᠦᠵᠡᠰᠭᠦᠯᠡᠩᠲᠦ ᠰᠠᠢᠬᠠᠨ ᠬᠣᠲᠠ᠎ᠶ᠋ᠢᠨ ᠪᠥᠲᠥᠭᠡᠨ ᠪᠠᠢᠭᠤᠯᠤᠯᠲᠠ ᠵᠡᠷᠭᠡ ᠠᠵᠢᠯ᠎ᠢ ᠬᠡᠷᠬᠢᠨ ᠠᠬᠢᠭᠤᠯᠬᠤ ᠪᠣᠶ? ᠠᠮᠢ ᠠᠬᠤᠶ ᠣᠷᠴᠢᠨ ᠲᠤᠭᠤᠷᠢᠨ ᠤ᠋ ᠶᠠᠮᠤᠨ 1 ᠰᠠᠷ᠎ᠠ᠎ᠶ᠋ᠢᠨ 28 ᠤ᠋ ᠡᠳᠦᠷ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍ ᠬᠣᠯᠪᠣᠭ᠍ᠳᠠᠯ ᠪᠥᠬᠥᠶ ᠪᠠᠢᠳᠠᠯ᠎ᠢ ᠲᠠᠨᠢᠯᠴᠠᠭᠤᠯᠪᠠ᠃
ᠱᠢᠨ᠎ᠡ ᠨᠢᠭᠡ ᠵᠢᠯ ᠦᠨ ᠠᠵᠢᠯ ᠢ ᠲᠠᠪᠤᠨ ᠵᠠᠩᠭᠢᠯᠠᠭ᠎ᠠ᠎ᠶ᠋ᠢᠨ ᠦᠭᠡ᠎ᠪᠡᠷ ᠬᠤᠷᠢᠶᠠᠩᠭᠤᠢᠯᠠᠵᠤ ᠪᠣᠯᠤᠨ᠎ᠠ
ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠶᠡᠷᠦᠩᠬᠡᠢᠯᠡᠭ᠌ᠰᠡᠨ ᠵᠤᠷᠭᠠᠨ᠎ᠤ ᠳᠠᠷᠤᠭ᠎ᠠ ᠰᠦᠨ ᠱᠸᠤ ᠯᠢᠶᠠᠩ᠂ 2026 ᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠠᠵᠢᠯ᠎ᠢ ᠲᠠᠪᠤᠨ ᠵᠠᠩᠭᠢᠯᠠᠭ᠎ᠠ᠎ᠶ᠋ᠢᠨ ᠦᠭᠡ᠎ᠪᠡᠷ ᠬᠤᠷᠢᠶᠠᠩᠭᠤᠢᠯᠠᠵᠤ ᠪᠣᠯᠤᠨ᠎ᠠ᠄ ᠡᠬᠢᠯᠡᠯᠳᠡ ᠵᠢ ᠰᠢᠨ᠎ᠡ ᠪᠡᠷ ᠪᠠᠢᠷᠢᠰᠢᠭᠤᠯᠬᠤ᠂ ᠦᠨᠭ᠌ᠭᠡᠨ ᠲᠠᠯ᠎ᠠ ᠪᠠ ᠦᠨᠳᠦᠰᠦᠨ ᠡᠴᠡ ᠨᠢ ᠵᠠᠰᠠᠬᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠬᠡᠪᠴᠢᠶ᠎ᠡ᠎ᠶ᠋ᠢ ᠥᠷᠭᠡᠳᠭᠡᠬᠦ᠌᠂ ᠬᠣᠷᠢᠭ᠎ᠠ ᠱᠤᠭᠤᠮ᠎ᠢ ᠪᠠᠲᠤ ᠰᠠᠬᠢᠬᠤ᠂ ᠰᠠᠭᠤᠷᠢ᠎ᠶ᠋ᠢ ᠴᠢᠩᠭᠠᠳᠭᠠᠵᠤ ᠦᠷ᠎ᠡ ᠠᠱᠢᠭ᠎ᠢ ᠨᠡᠮᠡᠭ᠌ᠳᠡᠭᠦᠯᠬᠦ ᠵᠡᠷᠭᠡ ᠪᠤᠯᠤᠨ᠎ᠠ᠃
ᠡᠬᠢᠯᠡᠯᠳᠡ ᠵᠢ ᠰᠢᠨ᠎ᠡ ᠪᠡᠷ ᠪᠠᠢᠷᠢᠰᠢᠭᠤᠯᠬᠤ᠎ᠳᠦ ᠬᠠᠨᠳᠤᠭᠤᠯᠤᠨ᠂ ᠣᠷᠣᠨ ᠪᠦᠰᠡ ᠶ᠋ᠢᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠵᠢᠭᠦᠯᠦᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠥᠨᠳᠥᠷᠯᠢᠭ᠎ᠢ ᠲᠥᠯᠥᠪᠵᠢᠭᠦᠯᠦᠨ ᠪᠠᠢᠭᠤᠯᠵᠤ᠂ ᠪᠣᠬᠢᠷᠲᠤᠯ ᠦᠭᠡᠢ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ᠎ᠠ᠃
ᠦᠨᠭ᠌ᠭᠡᠨ ᠲᠠᠯ᠎ᠠ ᠪᠠ ᠦᠨᠳᠦᠰᠦᠨ ᠡᠴᠡ ᠨᠢ ᠵᠠᠰᠠᠬᠤ ᠲᠤᠭᠤᠷᠢᠨ᠎ᠳᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠦ ᠬᠥᠭ᠌ᠵᠢᠯᠲᠡ᠎ᠶ᠋ᠢ 《ᠦᠨᠳᠦᠰᠦᠨ ᠡᠴᠡ ᠨᠢ ᠵᠠᠰᠠᠬᠤ ᠠᠷᠭ᠎ᠠ ᠪᠤᠳᠤᠯᠭ᠎ᠠ》 ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠬᠦᠴᠦᠨ ᠴᠢᠳᠠᠯ ᠣᠯᠭᠣᠬᠤ ᠶ᠋ᠢ ᠨᠡᠩ ᠢᠯᠡᠭᠦᠦ ᠴᠢᠬᠤᠯᠠᠴᠢᠯᠠᠵᠤ᠂ ᠪᠦᠬᠦ᠌ ᠤᠯᠤᠰ᠎ᠤᠨ ᠨᠡᠭᠦᠷᠡᠰᠦᠲᠥ᠋ᠷᠥᠭ᠌ᠴᠢ ᠶ᠋ᠢᠨ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠤᠨ᠎ᠠ᠃
ᠶᠠᠰᠤ ᠴᠢᠨᠠᠷ᠎ᠢ ᠳᠡᠭᠡᠭ᠌ᠰᠢᠯᠡᠭᠦᠯᠦᠨ ᠬᠡᠪᠴᠢᠶ᠎ᠡ᠎ᠶ᠋ᠢ ᠥᠷᠭᠡᠳᠭᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠠᠩ ᠥᠨᠳᠥᠷ ᠪᠠᠷᠢᠮᠵᠢᠶ᠎ᠠ᠎ᠪᠠᠷ ᠬᠥᠬᠡ ᠣᠭ᠍ᠲᠠᠷᠭᠤᠶ᠂ ᠬᠦᠬᠡᠮᠳᠦᠭ ᠤᠰᠤ᠂ ᠠᠷᠢᠭᠤᠨ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠵᠦ᠍᠂ ᠣᠷᠴᠢᠨ ᠲᠤᠭᠤᠷᠢᠨ ᠤ᠋ ᠠᠶᠤᠯ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌ ᠱᠢᠰᠲ᠋ᠧᠮ᠎ᠢ ᠲᠦᠷᠭᠡᠪᠴᠢᠯᠡᠨ ᠪᠠᠢᠭᠤᠯᠤᠨ᠎ᠠ᠃
ᠬᠣᠷᠢᠭ᠎ᠠ ᠱᠤᠭᠤᠮ᠎ᠢ ᠪᠠᠲᠤ ᠰᠠᠬᠢᠬᠤ᠂ ᠰᠠᠭᠤᠷᠢ᠎ᠶ᠋ᠢ ᠴᠢᠩᠭᠠᠳᠭᠠᠵᠤ ᠦᠷ᠎ᠡ ᠠᠱᠢᠭ᠎ᠢ ᠨᠡᠮᠡᠭ᠌ᠳᠡᠭᠦᠯᠬᠦ᠌ ᠵᠡᠷᠭᠡ ᠲᠠᠯ᠎ᠠ᠎ᠪᠠᠷ ᠠᠮᠢ ᠠᠬᠤᠶ ᠣᠷᠴᠢᠨ ᠲᠤᠭᠤᠷᠢᠨ ᠤ᠋ ᠶᠠᠮᠤᠨ ᠠᠮᠢ ᠠᠬᠤᠶ ᠵᠢᠨ ᠬᠠᠮᠠᠭᠠᠯᠠᠯᠲᠠ ᠰᠡᠷᠭᠦᠭᠡᠯᠳᠡ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠵᠤ᠂ ᠭᠤᠷᠪᠠᠳᠤᠭᠠᠷ ᠡᠭᠡᠯᠵᠢ᠎ᠶ᠋ᠢᠨ ᠲᠥᠪ᠎ᠦᠨ ᠠᠮᠢ ᠠᠬᠤᠶ ᠣᠷᠴᠢᠨ ᠲᠤᠭᠤᠷᠢᠨ ᠤ᠋ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠯᠲᠠ᠎ᠶ᠋ᠢ ᠭᠦᠨᠵᠡᠭᠡᠶ ᠠᠬᠢᠭᠤᠯᠤᠨ᠎ᠠ᠃
ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠬᠣᠱᠢᠭᠤᠴᠢ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠤᠨ᠎ᠠ
ᠲᠦᠷᠦᠭᠦᠬᠡᠨ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶᠢᠨ ᠵᠥᠪᠱᠢᠶᠡᠷᠡᠯ᠎ᠢᠶᠡᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ ᠬᠠᠮᠢᠶ᠎ᠠ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠳᠡᠬᠢ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠬᠣᠱᠢᠭᠤᠴᠢ ᠣᠷᠣᠨ᠎ᠤ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢ ᠪᠠᠢᠷᠢᠯᠠᠭᠤᠯᠤᠨ ᠥᠷᠨᠢᠭᠦᠯᠪᠡ᠃
ᠬᠣᠱᠢᠭᠤᠴᠢ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠦ《〈ᠨᠢᠭᠡ ᠬᠦᠰᠦᠨᠦᠭ᠌ᠳᠦ ᠭᠤᠷᠪᠠᠨ ᠨᠠᠷᠢᠨ ᠲᠠᠩᠰᠠ〉 ᠶ᠋ᠢᠨᠠᠬᠢᠭᠤᠯᠬᠤ ᠲᠣᠭ᠍ᠲᠠᠴᠠ》᠎ᠶ᠋ᠢ ᠬᠡᠷᠡᠭ᠌ᠵᠢᠭᠦᠯᠦᠨ᠎ᠡ᠃ ᠰᠦᠨ ᠱᠸᠤ ᠯᠢᠶᠠᠩ᠂ 《ᠨᠢᠭᠡ ᠬᠦᠰᠦᠨᠦᠭ᠌ᠳᠦ》 ᠪᠣᠯ ᠬᠠᠷᠠᠯᠲᠠ᠎ᠶ᠋ᠢᠨ ᠭᠦᠶ᠋ᠴᠡᠳᠭᠡᠯ ᠲᠣᠭ᠎ᠠ᠎ᠶ᠋ᠢᠨ ᠬᠦᠰᠦᠨᠦᠭ᠌ᠲᠦ ᠮᠥᠨ᠂ 《ᠭᠤᠷᠪᠠᠨ ᠨᠠᠷᠢᠨ ᠲᠠᠩᠰᠠ》 ᠳ᠋ᠤ ᠭᠤᠤᠯᠳᠠᠯᠭ᠎ᠠ᠎ᠲᠠᠶ ᠡᠭᠦᠷᠭᠡ᠎ᠶ᠋ᠢᠨ ᠨᠠᠷᠢᠨ ᠲᠠᠩᠰᠠ᠂ ᠥᠭᠡᠷᠡᠴᠢᠯᠡᠯᠲᠡ᠎ᠶ᠋ᠢᠨ ᠨᠠᠷᠢᠨ ᠲᠠᠩᠰᠠ᠂ ᠲᠥᠷᠥ᠎ᠶ᠋ᠢᠨ ᠪᠣᠳᠣᠯᠭ᠎ᠠ᠎ᠶ᠋ᠢᠨ ᠨᠠᠷᠢᠨ ᠲᠠᠩᠰᠠ᠎ᠶ᠋ᠢ ᠪᠠᠭ᠍ᠲᠠᠭᠠᠨ᠎ᠠ ᠭᠡᠵᠦ ᠳᠠᠨᠢᠯᠴᠠᠭᠤᠯᠪᠠ᠃
ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠠᠮᠢ ᠠᠬᠤᠶ ᠣᠷᠴᠢᠨ ᠲᠤᠭᠤᠷᠢᠨ ᠤ᠋ ᠶᠠᠮᠤᠨ 《ᠨᠢᠭᠡ ᠬᠦᠰᠦᠨᠦᠭ᠌ᠲᠦ ᠭᠤᠷᠪᠠᠨ ᠨᠠᠷᠢᠨ ᠲᠠᠩᠰᠠ》᠎ᠶ᠋ᠢ ᠪᠡᠶᠡᠯᠡᠭᠦᠯᠦᠭ᠌ᠰᠡᠨ ᠪᠠᠢᠳᠠᠯ᠎ᠢ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠦᠨᠡᠯᠡᠬᠦ᠌ ᠱᠢᠰᠲ᠋ᠧᠮ᠎ᠳᠦ ᠣᠷᠣᠭᠤᠯᠬᠤ᠎ᠶ᠋ᠢᠨ ᠬᠠᠮᠲᠤ ᠨᠡᠢᠭᠡᠮ ᠳᠠᠶᠠᠭᠠᠷ᠎ᠢᠶᠠᠨ ᠣᠷᠣᠯᠴᠠᠭ᠍ᠰᠠᠨ ᠪᠣᠰᠣᠭ᠎ᠠ ᠴᠣᠭ᠍ᠴᠠᠲᠤ ᠬᠡᠷᠡᠭ᠌ᠵᠢᠭᠦᠯᠬᠦ᠌ ᠱᠢᠰᠲ᠋ᠧᠮ ᠢ ᠪᠠᠢᠭᠤᠯᠤᠨ ᠪᠦᠷᠢᠨᠱᠢᠬᠥᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌᠎ᠪᠡᠷ ᠲᠥᠯᠥᠪᠯᠡᠵᠦ᠍ ᠪᠠᠢᠨ᠎ᠠ᠃ ᠣᠳᠣᠬᠠᠨ᠎ᠳᠤ᠂ ᠪᠦᠬᠦ ᠤᠯᠤᠰ᠎ᠤᠨ ᠤᠯᠠᠨ ᠭᠠᠵᠠᠷ᠎ᠤᠨ ᠦᠵᠡᠰᠬᠦᠯᠡᠩᠲᠦ ᠰᠠᠢᠬᠠᠨ ᠬᠤᠳᠠ᠎ᠶᠢᠨ ᠪᠦᠲᠦᠭᠡᠨ ᠪᠠᠢᠭᠤᠯᠤᠯᠲᠠ ᠶᠠᠭ ᠲᠣᠭᠲᠠᠭᠤᠨ᠎ᠢᠶᠠᠷ ᠠᠬᠢᠵᠤ ᠪᠠᠢᠨ᠎ᠠ᠃ ᠰᠦᠨ ᠱᠧᠦ ᠯᠢᠶᠠᠩ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ᠂ ᠣᠨᠴᠠᠯᠢᠭ᠋᠎ᠢᠶᠠᠨ ᠢᠯᠡᠷᠡᠭᠦᠯᠬᠦ ᠲᠠᠯ᠎ᠠ᠎ᠪᠠᠷ᠂ ᠣᠯᠠᠨ ᠭᠠᠵᠠᠷ᠎ᠤᠨ ᠬᠢᠨ《ᠨᠢᠭᠡ ᠬᠣᠲᠠ ᠨᠢᠭᠡ ᠲᠦᠷᠦᠯ ᠲᠡᠮᠳᠡᠭ》᠎ᠤ᠋ᠨ ᠵᠠᠬᠪᠤᠷ ᠢ᠋ ᠪᠠᠷᠢᠮᠲᠠᠯᠠᠵᠤ᠂ ᠠᠷᠭ᠎ᠠ ᠵᠠᠮ ᠢ ᠰᠦᠪᠡᠭᠴᠢᠯᠡᠬᠦ᠂ ᠲᠦᠷᠦ᠎ᠶᠢᠨ ᠪᠣᠳᠣᠯᠭ᠎ᠠ᠎ᠶᠢᠨ ᠰᠢᠨ᠎ᠡ᠎ᠶᠢ ᠡᠭᠦᠳᠬᠦ ᠲᠠᠯ᠎ᠠ᠎ᠪᠠᠷ ᠤᠯᠠᠨ ᠭᠠᠵᠠᠷ᠎ᠤᠨ ᠬᠢᠨ ᠨᠠᠮ᠎ᠤᠨ ᠬᠣᠷᠢᠶ᠎ᠠ᠎ᠡᠴᠡ ᠤᠳᠤᠷᠢᠳᠤᠭᠰᠠᠨ᠂ ᠵᠠᠰᠠᠭ ᠤᠨ ᠣᠷᠳᠣᠨ᠎ᠢᠶᠡᠷ ᠭᠣᠣᠯᠯᠠᠭᠤᠯᠤᠬᠰᠠᠨ᠂ ᠰᠠᠯᠠᠭ᠎ᠠ ᠮᠥᠴᠢᠷ ᠵᠡᠷᠭᠡ ᠪᠡᠷ ᠠᠳᠬᠤᠨ ᠬᠠᠮᠲᠤ ᠪᠠᠷ ᠬᠠᠮᠢᠶᠠᠷᠤᠭᠰᠠᠨ᠂ ᠨᠡᠢᠭᠡᠮ ᠨᠡᠶ᠋ᠢᠲᠡ᠎ᠪᠡᠷ᠎ᠢᠶᠡᠨ ᠥᠷᠭᠡᠨ᠎ᠢᠶᠡᠷ ᠣᠷᠣᠯᠴᠠᠭᠰᠠᠨ ᠦᠵᠡᠰᠬᠦᠯᠡᠩᠲᠦ ᠰᠠᠢᠬᠠᠨ ᠬᠤᠳᠠ᠎ᠶᠢᠨ ᠪᠦᠲᠦᠭᠡᠨ ᠪᠠᠢᠭᠤᠯᠤᠯᠲᠠ᠎ᠶᠢᠨ ᠲᠣᠭᠲᠡᠴᠡ᠎ᠶᠢ ᠪᠠᠢᠭᠤᠯᠪᠠ ᠭᠡᠵᠤ ᠲᠠᠨᠢᠯᠴᠠᠭᠤᠯᠵᠠᠢ᠃
ᠠᠮᠢ ᠠᠬᠤᠢ ᠣᠷᠴᠢᠨ ᠲᠤᠭᠤᠷᠢᠨ᠎ᠤ ᠬᠠᠤᠯᠢ ᠬᠡᠷᠡᠭᠵᠢᠭᠦᠯᠦᠯᠲᠡ᠎ᠶᠢᠨ ᠬᠢᠨᠠᠯᠲᠠ ᠬᠠᠮᠢᠶᠠᠷᠤᠯᠲᠠ ᠵᠢᠨ ᠦᠷ᠎ᠡ ᠠᠰᠢᠭ᠎ᠢ ᠲᠡᠭᠡᠭᠰᠢᠯᠡᠭᠦᠯᠦᠨ᠎ᠡ
ᠠᠮᠢ ᠠᠬᠤᠢ ᠣᠷᠴᠢᠨ ᠲᠤᠭᠤᠷᠢᠨ᠎ᠤ ᠶᠠᠮᠤᠨ᠎ᠤ ᠰᠣᠨᠢᠨ ᠮᠡᠳᠡᠭᠡᠨ᠎ᠦ ᠥᠭᠦᠯᠡᠭᠴᠢ ᠫᠧᠢ ᠰᠢᠶᠣᠣ ᠹᠧᠢ᠂ ᠣᠢᠷ᠎ᠠ᠎ᠶᠢᠨ ᠵᠢᠯ᠎ᠦᠳ᠎ᠲᠦ ᠠᠮᠢ ᠠᠬᠤᠢᠤᠷᠴᠢᠨ ᠲᠤᠭᠤᠷᠢᠨ᠎ᠤ ᠬᠠᠤᠯᠢ ᠬᠡᠷᠡᠭᠵᠢᠭᠦᠯᠦᠯᠲᠡ᠎ᠶᠢᠨ ᠬᠤᠪᠢᠷᠠᠯᠲᠠ᠎ᠶᠢ ᠳᠤᠤᠷᠠᠬᠢ ᠭᠤᠷᠪᠠᠨ ᠲᠠᠯ᠎ᠠ᠎ᠪᠠᠷ ᠬᠤᠷᠢᠶᠠᠩᠭᠤᠢᠯᠠᠵᠤ ᠪᠣᠯᠣᠨ᠎ᠠ ᠭᠡᠵᠤ ᠲᠠᠨᠢᠯᠴᠠᠭᠤᠯᠪᠠ᠃
ᠨᠢᠭᠡ᠎ᠳᠦ᠂ ᠬᠠᠤᠯᠢ ᠬᠡᠷᠡᠭᠵᠢᠭᠦᠯᠬᠦ ᠣᠢᠯᠠᠭᠠᠭᠳᠠᠬᠤᠨ᠎ᠢ 《ᠬᠢᠨᠠᠨ ᠬᠠᠮᠢᠶᠠᠷᠬᠤ》 ᠡᠴᠡ《ᠬᠢᠨᠠᠨ ᠬᠠᠮᠢᠶᠠᠷᠬᠤ + ᠦᠢᠯᠡᠴᠢᠯᠡᠭᠡ》 ᠪᠣᠯᠭᠠᠨ ᠬᠤᠪᠢᠷᠠᠭᠤᠯᠪᠠ᠃ ᠬᠣᠯᠪᠣᠭᠳᠠᠯ ᠪᠦᠬᠦᠢ ᠠᠷᠭ᠎ᠠ ᠬᠡᠮᠵᠢᠶ᠎ᠡ᠎ᠳᠦ 《ᠠᠮᠢ ᠠᠬᠤᠢᠤᠷᠴᠢᠨ ᠲᠤᠭᠤᠷᠢᠨ᠎ᠤ ᠬᠠᠤᠯᠢ ᠬᠡᠷᠡᠭᠵᠢᠭᠦᠯᠦᠯᠲᠡ᠎ᠶᠢ ᠤᠯᠠᠮ ᠨᠢᠭᠡ ᠠᠯᠬᠤᠮ ᠵᠢᠷᠤᠮᠵᠢᠭᠤᠯᠵᠤ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠦ ᠬᠦᠴᠦᠨ ᠨᠡᠮᠡᠷᠢᠯᠡᠬᠦ ᠲᠤᠬᠠᠢ ᠰᠠᠨᠠᠯ》 ᠵᠡᠷᠭᠡ ᠰᠢᠷᠢᠰ ᠪᠢᠴᠢᠭ ᠮᠠᠲᠧᠷᠢᠶᠠᠯ᠎ᠢ ᠳᠠᠷᠤᠮᠠᠯᠯᠠᠨ ᠲᠠᠷᠬᠠᠭᠠᠪᠠ; ᠬᠣᠶᠠᠷ᠎ᠲᠤ᠂ ᠬᠠᠤᠯᠢ ᠬᠡᠷᠡᠭᠵᠢᠭᠦᠯᠬᠦ ᠠᠷᠭ᠎ᠠ ᠪᠠᠷᠢᠯ ᠢ 《ᠬᠦᠮᠦᠨ ᠤ ᠰᠡᠷᠭᠡᠢᠯᠡᠯᠲᠡ᠎ᠪᠡᠷ ᠭᠣᠣᠯ ᠪᠣᠯᠭᠠᠵᠤ》 ᠪᠠᠢᠭᠰᠠᠨ᠎ᠡᠴᠡ 《ᠮᠡᠷᠭᠡᠵᠢᠯ ᠦᠨ ᠰᠡᠷᠭᠡᠢᠯᠡᠯᠲᠡ᠎ᠶᠢ ᠲᠡᠷᠢᠭᠦᠨ᠎ᠳᠦ ᠲᠠᠯᠪᠢᠬᠤ》 ᠪᠣᠯᠭᠠᠨ ᠬᠤᠪᠢᠷᠠᠭᠤᠯᠪᠡ᠃ ᠭᠤᠷᠪᠠ᠎ᠳᠤ᠂ ᠬᠠᠤᠯᠢ ᠬᠡᠷᠡᠭᠵᠢᠭᠦᠯᠬᠦ ᠠᠷᠭ᠎ᠠ ᠮᠠᠶᠢᠭ᠋ ᠢ 《ᠭᠠᠭᠴᠠᠭᠠᠷ ᠪᠠᠢᠯᠳᠤᠬᠤ》 ᠡᠴᠡ 《ᠬᠠᠮᠵᠢᠯᠴᠠᠨ ᠪᠠᠢᠯᠳᠤᠬᠤ》 ᠪᠣᠯᠭᠠᠨ ᠬᠤᠪᠢᠷᠠᠭᠤᠯᠪᠡ᠃ ᠠᠷᠠᠳ᠎ᠤᠨ ᠳᠡᠭᠡᠳᠦ ᠰᠢᠭᠦᠬᠦ ᠬᠣᠷᠢᠶ᠎ᠠ᠎ᠲᠠᠢ ᠬᠠᠮᠲᠤᠷᠠᠨ ᠣᠷᠴᠢᠨ ᠲᠤᠭᠤᠷᠢᠨ ᠤ ᠬᠠᠤᠯᠢ ᠬᠡᠷᠡᠭᠵᠢᠭᠦᠯᠬᠦ ᠪᠠ ᠬᠠᠤᠯᠢ ᠪᠠᠷᠢᠬᠤ ᠪᠣᠯᠪᠠᠰᠤᠷᠠᠯ᠎ᠤᠨ ᠠᠩᠭᠢ ᠵᠢ ᠡᠷᠭᠢᠯᠡᠵᠤ᠂ ᠤᠯᠤᠰ᠎ᠤᠨ ᠣᠶ ᠰᠢᠭᠤᠢ ᠨᠤᠲᠤᠭ ᠪᠡᠯᠴᠢᠭᠡᠷ᠎ᠦᠨ ᠲᠣᠪᠴᠢᠶ᠎ᠠ ᠲᠡᠢ ᠬᠠᠮᠲᠦᠷᠠᠨ ᠬᠣᠯᠪᠣᠭᠳᠠᠯ ᠪᠦᠬᠦᠢ ᠮᠡᠳᠡᠭᠳᠡᠯ᠎ᠢ ᠳᠠᠷᠤᠮᠠᠯᠯᠠᠨ ᠲᠠᠷᠬᠠᠭᠠᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠨ ᠥᠨᠳᠥᠷ ᠪᠦᠲᠦᠮᠵᠢᠲᠡᠶ ᠬᠠᠤᠯᠢ ᠬᠡᠷᠡᠭᠵᠢᠭᠦᠯᠬᠦ ᠬᠠᠮᠵᠢᠯᠴᠠᠭᠠᠨ᠎ᠤ ᠵᠠᠭᠪᠤᠷ᠎ᠢ ᠪᠣᠶ ᠪᠣᠯᠭᠠᠬᠤ᠎ᠶᠢ ᠠᠬᠢᠭᠤᠯᠪᠠ᠃
ᠫᠧᠢ ᠰᠢᠶᠣᠣ ᠹᠧᠢ᠄ 《ᠲᠠᠷᠠᠭᠠᠴᠢ᠎ᠶᠢᠨ ᠠᠯᠬᠤᠮ᠎ᠳᠤ᠂ ᠪᠢᠳᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠷᠭ᠎ᠠ ᠪᠠᠷᠢᠯ ᠪᠣᠯᠣᠨ ᠳᠦᠷᠢᠮ᠎ᠦᠨ ᠰᠢᠨ᠎ᠡ᠎ᠶᠢ ᠡᠭᠦᠳᠬᠦ᠎ᠶᠢ ᠵᠡᠷᠭᠡ ᠪᠡᠷ ᠠᠬᠢᠭᠤᠯᠬᠤ᠎ᠶᠢ ᠦᠷᠭᠦᠯᠵᠢᠯᠡᠨ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠵᠠᠭᠪᠤᠷ᠎ᠢ ᠲᠠᠰ ᠳᠡᠪᠰᠢᠭᠦᠯᠬᠦ᠎ᠶᠢ ᠠᠬᠢᠭᠤᠯᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠪᠥᠬᠥ ᠲᠠᠯ᠎ᠠ᠎ᠪᠠᠷ ᠠᠬᠢᠭᠤᠯᠬᠤ᠎ᠳᠤ ᠬᠠᠤᠯᠢ ᠬᠡᠷᠡᠭᠵᠢᠭᠦᠯᠬᠦ ᠬᠦᠴᠦᠲᠡᠢ ᠪᠠᠲᠤᠯᠠᠭ᠎ᠠ ᠬᠠᠩᠭᠠᠨ᠎ᠠ》 ᠭᠡᠪᠡ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠤᠨ 1 ᠰᠠᠷ᠎ᠠ᠎ᠶᠢᠨ 28 ᠤ᠋ ᠴᠠᠬᠢᠯᠭᠠᠨ ᠮᠡᠳᠡᠭᠡ ᠡᠴᠡ)