ᠥᠪᠥᠷ ᠮᠣᠩᠭᠣᠯ 《 1+3 》 ᠡᠮᠴᠢᠯᠡᠬᠡᠨ ᠤ᠋ ᠪᠠᠲᠤᠯᠠᠭ᠎ᠠ ᠵᠢᠨ ᠢᠲᠡᠭᠡᠮᠵᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠠᠭ᠍ᠪᠤᠷ ᠪᠠᠢᠭᠤᠯᠵᠤ ᠪᠣᠶ
2026-02-02 16:33:43
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠡᠮᠴᠢᠯᠡᠬᠡᠨ ᠤ᠋ ᠪᠠᠲᠤᠯᠠᠭ᠎ᠠ ᠎ᠶ᠋ᠢᠨ ᠲᠣᠪᠴᠢᠶ᠎ᠠ  ᠲᠦᠷᠦᠭᠦᠬᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠡᠮᠴᠢᠯᠡᠬᠡᠨ ᠤ᠋ ᠪᠠᠲᠤᠯᠠᠭ᠎ᠠ ᠎ᠶ᠋ᠢᠨ ᠢᠲᠡᠭᠡᠮᠵᠢ ᠶ᠋ᠢᠨ ᠬᠠᠮᠢᠶᠠᠷᠤᠯᠲᠠ᠎ᠶ᠋ᠢᠨ  ᠲᠦᠷ ᠬᠡᠷᠡᠭ᠌ᠵᠢᠭᠦᠯᠬᠦ᠌ ᠠᠷᠭ᠎ᠠ》 ᠶ᠋ᠢ ᠨᠡᠢᠲᠡᠯᠡᠵᠦ᠍᠂ ᠲᠣᠭ᠍ᠲᠠᠭᠰᠠᠨ ᠴᠡᠭ ᠤ᠋ᠨ ᠡᠮᠴᠢᠯᠡᠭᠡᠨ᠎ᠦ ᠪᠠᠢᠭᠤᠯᠤᠮᠵᠢ᠂ ᠲᠣᠭ᠍ᠲᠠᠭᠠᠭ᠍ᠰᠠᠨ ᠴᠡᠭ ᠤ᠋ᠨ ᠵᠢᠵᠢᠭ᠌ᠯᠡᠨ ᠬᠤᠳᠠᠯᠳᠤᠬᠤ ᠡᠮ ᠎ᠦᠨ ᠳᠡᠯᠭᠡᠭᠦᠷ᠂ ᠳᠠᠭᠠᠳᠭᠠᠯ ᠎ᠳᠤ ᠣᠷᠣᠯᠴᠠᠭ᠍ᠰᠠᠳ᠎ᠤᠨ ᠭᠤᠷᠪᠠᠨ ᠲᠥᠷᠥᠯ ᠎ᠦᠨ ᠭᠤᠤᠯ ᠴᠣᠭ᠍ᠴᠠ ᠎ᠶ᠋ᠢᠨ ᠢᠲᠡᠭᠡᠮᠵᠢ ᠎ᠶ᠋ᠢᠨ ᠦᠨᠡᠯᠡᠯᠲᠡ᠎ᠶ᠋ᠢᠨ ᠬᠡᠷᠡᠭ᠌ᠵᠢᠭᠦᠯᠬᠦ᠌ ᠨᠠᠷᠢᠨ ᠲᠦᠷᠢᠮ ᠵᠢᠴᠢ ᠦᠨᠡᠯᠡᠬᠦ᠌ ᠪᠠᠷᠢᠮᠵᠢᠶ᠎ᠠ ᠎ᠶ᠋ᠢ ᠵᠡᠷᠭᠡ ᠎ᠳᠦᠨᠢ ᠢᠵᠢ ᠪᠥᠷᠢᠳᠦᠭᠦᠯᠵᠦ᠍᠂ 《1+3》  ᠡᠮᠴᠢᠯᠡᠬᠡᠨ ᠤ᠋  ᠪᠠᠲᠤᠯᠠᠭ᠎ᠠ ᠵᠢᠨ ᠢᠲᠡᠭᠡᠮᠵᠢ ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠠᠭ᠍ᠪᠤᠷ᠎ᠪᠠᠢᠭᠤᠯᠵᠤ ᠪᠤᠢ᠃

ᠣᠢᠯᠠᠭᠠᠭ᠍ᠰᠠᠨ᠎ᠢᠶᠠᠷ᠂ ᠲᠣᠰ  ᠵᠠᠭ᠍ᠪᠤᠷ ᠎ᠲᠤ  ᠦᠨᠡᠯᠡᠬᠦ᠌ ᠲᠦᠷᠢᠮ᠎ᠦᠨ ᠲᠠᠯ᠎ᠠ᠎ᠪᠠᠷ᠂ ᠭᠤᠷᠪᠠᠨ ᠲᠥᠷᠥᠯ᠎ᠦᠨ ᠪᠡᠶᠡᠴᠢ ᠴᠣᠭ᠍ᠴᠠ ᠎ᠶ᠋ᠢᠨ ᠢᠲᠡᠭᠡᠮᠵᠢ᠎ᠶ᠋ᠢᠨ ᠵᠡᠷᠭᠡ ᠳᠡᠰ᠎ᠢ ᠬᠤᠪᠢᠶᠠᠷᠢᠯᠠᠬᠤ ᠪᠠᠷᠢᠮᠵᠢᠶ᠎ᠠ᠎ᠶ᠋ᠢ ᠨᠢᠭᠡᠳᠦᠯᠲᠡᠶ ᠲᠣᠳᠣᠷᠬᠠᠢᠯᠠᠨ ᠳᠥᠷᠪᠡᠨ ᠳᠡᠰ ᠬᠤᠪᠢᠶᠠᠵᠤ᠂ ᠦᠨᠡᠯᠡᠬᠦ᠌ ᠦᠶᠡᠯᠡᠯ ᠎ᠦᠨ ᠬᠤᠭᠤᠴᠠᠭ᠎ᠠ ᠨᠢ ᠨᠢᠭᠡ ᠪᠠᠢᠭᠠᠯᠢ ᠎ᠶ᠋ᠢᠨ ᠣᠨ ᠪᠣᠯᠤᠨ᠎ᠠ᠃ ᠡᠮᠴᠢᠯᠡᠭᠡᠨ᠎ᠦ ᠪᠠᠲᠤᠯᠠᠭ᠎ᠠ ᠵᠢᠨ ᠰᠠᠯᠠᠭ᠎ᠠ ᠮᠥᠴᠢᠷ᠎ᠦᠨ ᠡᠳᠦᠷ ᠲᠤᠲᠤᠮ ᠎ᠤᠨ ᠬᠢᠨᠠᠯᠲᠠ ᠬᠠᠮᠢᠶᠠᠷᠤᠯᠲᠠ᠎ᠶ᠋ᠢ ᠴᠤᠭ᠍ᠯᠠᠭᠤᠯᠬᠤ᠂ ᠨᠡᠢᠭᠡᠮ᠎ᠦᠨ ᠢᠲᠡᠭᠡᠮᠵᠢ᠎ᠶ᠋ᠢᠨ ᠲᠠᠪᠴᠠᠩ ᠎ᠢ᠋ ᠬᠠᠮᠲᠤ ᠪᠠᠷ ᠡᠳ᠋ᠯᠡᠬᠦ ᠵᠡᠷᠭᠡ ᠣᠯᠠᠨ ᠠᠷᠭ᠎ᠠ ᠵᠠᠮ᠎ᠢᠶᠠᠷ ᠲᠣᠭ᠎ᠠ ᠪᠠᠷᠢᠮᠲᠠ᠎ᠶ᠋ᠢ ᠨᠡᠢᠳᠬᠡᠵᠦ᠂ ᠢᠲᠡᠭᠡᠮᠵᠢ᠎ᠶ᠋ᠢᠨ ᠦᠨᠡᠯᠡᠯᠲᠡ᠎ᠳᠦ ᠦᠨᠳᠦᠰᠦ ᠪᠠᠷᠢᠮᠲᠠ ᠬᠠᠩᠭᠠᠬᠤ ᠪᠤᠯᠤᠨ᠎ᠠ᠃

ᠡᠭᠦᠨ ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠬᠡᠨ ᠤ᠋ ᠪᠠᠲᠤᠯᠠᠭ᠎ᠠ ᠵᠢᠨ ᠰᠠᠯᠠᠭ᠎ᠠ ᠮᠥᠴᠢᠷ ᠵᠦᠷᠢᠶᠡᠴᠢᠯᠡᠭ᠌ᠰᠡᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠭᠠᠷᠭᠠᠵᠤ᠂ ᠱᠢᠯᠢᠳᠡᠭ ᠭᠤᠤᠯ ᠴᠣᠭ᠍ᠴᠠ᠎ᠳᠤ ᠲᠣᠭ᠍ᠲᠠᠮᠠᠯ ᠬᠤᠭᠤᠴᠠᠭ᠎ᠠ᠎ᠲᠠᠶ ᠪᠠᠢᠴᠠᠭᠠᠯᠲᠠ ᠬᠢᠬᠦ᠌ ᠡᠴᠡ ᠬᠡᠯᠲᠦᠷᠢᠭᠦᠯᠬᠦ᠂ ᠱᠢᠯᠭᠠᠨ ᠬᠢᠨᠠᠵᠤ ᠬᠤᠪᠢ ᠨᠡᠮᠡᠬᠦ᠌᠂ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢᠨ ᠲᠤᠷᠱᠢᠯᠲᠠ ᠵᠢᠨ ᠴᠡᠭ ᠲᠸ᠋ ᠤᠷᠢᠳ᠎ᠢᠶᠠᠷ ᠣᠷᠣᠯᠴᠠᠬᠤ ᠵᠡᠷᠭᠡ ᠦᠢᠯᠡᠴᠢᠯᠡᠭᠡ ᠬᠠᠩᠭᠠᠨ᠎ᠠ; ᠰᠠᠢᠨ ᠲᠠᠰ ᠤ᠋ᠨ ᠭᠤᠤᠯ ᠴᠣᠭ᠍ᠴᠠ᠎ᠳᠤ ᠡᠳᠦᠷ ᠲᠤᠲᠤᠮ ᠎ᠤᠨ ᠪᠠᠢᠴᠠᠭᠠᠯᠲᠠ᠎ᠶ᠋ᠢᠨ ᠬᠠᠮᠤᠷᠬᠤ ᠨᠣᠷᠮ᠎ᠠ᠎ᠶ᠋ᠢ ᠪᠠᠲᠤᠯᠠᠭ᠍ᠰᠠᠨ ᠎ᠤ ᠰᠠᠭᠤᠷᠢᠨ ᠳᠡᠭᠡᠷ᠎ᠡ ᠬᠢᠨᠠᠯᠲᠠ ᠬᠠᠮᠢᠶᠠᠷᠤᠯᠲᠠ᠎ᠶ᠋ᠢᠨ ᠪᠠᠢᠴᠠᠭᠠᠬᠤ ᠤᠳᠠᠭ᠎ᠠ᠎ᠶ᠋ᠢ ᠵᠣᠬᠢᠰᠲᠠᠶ ᠪᠠᠭᠤᠷᠠᠭᠤᠯᠤᠨ᠎ᠠ; ᠬᠠᠷᠢᠴᠠᠡᠭᠭᠤᠢ ᠠᠨᠠᠶ ᠭᠤᠤᠯ ᠴᠣᠭ᠍ᠴᠠ᠎ᠳᠤ ᠪᠠᠢᠴᠠᠭᠠᠬᠤ ᠡᠷᠴᠢᠮ ᠎ᠢ ᠴᠢᠩᠭᠠᠷᠠᠭᠤᠯᠤᠨ᠂ ᠢᠲᠡᠭᠡᠮᠵᠢ᠎ᠶ᠋ᠢᠨ ᠪᠣᠯᠵᠣᠨ ᠶᠠᠷᠢᠯᠴᠠᠬᠤ᠂ ᠬᠤᠭᠤᠴᠠᠭ᠎ᠠ ᠬᠢᠵᠠᠭᠠᠷᠯᠠᠨ ᠴᠡᠭ᠌ᠴᠡᠯᠡᠨ ᠰᠠᠢᠵᠢᠷᠠᠭᠤᠯᠬᠤ᠎ᠶ᠋ᠢ ᠥᠷᠨᠢᠭᠦᠯᠦᠨ᠎ᠡ; ᠠᠨᠠᠢ ᠭᠤᠤᠯ ᠴᠣᠭ᠍ᠴᠠ᠎ᠶ᠋ᠢ ᠭᠤᠤᠯᠳᠠᠯᠭ᠎ᠠ᠎ᠲᠠᠶ ᠬᠢᠨᠠᠨ ᠬᠠᠮᠢᠶᠠᠷᠬᠤ ᠡᠲᠡᠭᠡᠳ᠎ᠢᠶᠡᠷ ᠵᠢᠭ᠍ᠰᠠᠭᠠᠬᠤ᠎ᠶ᠋ᠢᠨ ᠬᠠᠮᠲᠤ᠂ ᠤᠯᠤᠰ᠂ ᠥᠪᠡᠷᠲᠡᠭᠡᠨ ᠵᠠᠰᠠᠬᠤ ᠣᠷᠣᠨ ᠎ᠤ  ᠭᠤᠤᠯᠳᠠᠯᠭ᠎ᠠ᠎ᠲᠠᠶ ᠪᠠᠢᠴᠠᠭᠠᠬᠤ ᠬᠡᠪᠴᠢᠶᠡᠨ᠎ᠳᠦ ᠣᠷᠣᠭᠤᠯᠤᠨ᠎ᠠ; ᠳᠠᠭᠠᠳᠭᠠᠯ᠎ᠢ ᠮᠡᠬᠡᠯᠡᠨ ᠠᠪᠤᠭ᠍ᠰᠠᠨ ᠦᠶ᠋ᠯᠡ ᠪᠠᠢᠳᠠᠯ᠎ᠨᠢ ᠬᠦᠨᠳᠦ ᠨᠣᠴᠢᠲᠠᠶ ᠪᠠᠢᠪᠠᠯ ᠬᠠᠤᠯᠢ ᠲᠣᠭ᠍ᠲᠠᠭᠠᠯ ᠶᠣᠰᠣᠭᠠᠷ ᠢᠲᠡᠭᠡᠮᠵᠢ ᠠᠯᠳᠠᠭ᠍ᠰᠠᠳ ᠎ᠢ ᠬᠣᠯᠪᠣᠭᠠᠯᠠᠨ ᠵᠠᠯᠬᠠᠭᠠᠨ ᠴᠡᠭᠡᠷᠯᠡᠭᠦᠯᠬᠦ᠌ ᠡᠲᠡᠭᠡᠳ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠲᠠᠪᠴᠠᠩ ᠎ᠳᠤ ᠵᠠᠷᠯᠠᠨ ᠨᠠᠢᠲᠠᠯᠠᠨ᠎ᠠ᠃

ᠥᠪᠡᠷᠲᠡᠭᠡᠨ ᠵᠠᠰᠠᠬᠤ ᠣᠷᠣᠨ ᠎ᠤ ᠡᠮᠴᠢᠯᠡᠭᠡᠨ᠎ᠦ ᠪᠠᠲᠤᠯᠠᠭ᠎ᠠ ᠵᠢᠨ ᠲᠣᠪᠴᠢᠶ᠎ᠠ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠡᠴᠡ᠂ ᠡᠮᠴᠢᠯᠡᠭᠡᠨ᠎ᠦ ᠪᠠᠲᠤᠯᠠᠭ᠎ᠠ ᠵᠢᠨ ᠢᠲᠡᠭᠡᠮᠵᠢ᠎ᠶ᠋ᠢᠨ ᠱᠢᠰᠲ᠋ᠧᠮ ᠤ᠋ᠨ ᠪᠠᠢᠭᠤᠯᠤᠯᠲᠠ ᠎ᠶ᠋ᠢ ᠦᠷᠭᠦᠯᠵᠢᠯᠡᠨ ᠠᠬᠢᠭᠤᠯᠵᠤ᠂ ᠢᠲᠡᠭᠡᠮᠵᠢ᠎ᠶ᠋ᠢᠨ ᠦᠨᠡᠯᠡᠯᠲᠡ᠎ᠶ᠋ᠢᠨ ᠬᠠᠮᠢᠶᠠᠷᠤᠯᠲᠠ ᠎ᠶ᠋ᠢᠨ ᠲᠠᠪᠴᠠᠩ᠎ᠤᠨ ᠬᠡᠷᠡᠭ᠌ᠯᠡᠯᠲᠡ᠎ᠶ᠋ᠢ ᠴᠢᠩᠭᠠᠳᠭᠠᠨ᠂ ᠰᠠᠯᠠᠭ᠎ᠠ ᠮᠥᠴᠢᠷ ᠠᠯᠤᠰᠯᠠᠭ᠍ᠰᠠᠨ ᠢᠲᠡᠭᠡᠮᠵᠢ᠎ᠶ᠋ᠢᠨ ᠮᠡᠳᠡᠭᠡ ᠵᠠᠩᠭᠢ ᠎ᠶ᠋ᠢ ᠬᠠᠮᠲᠤ᠎ᠪᠠᠷ ᠡᠳ᠋ᠯᠡᠬᠦ ᠪᠠ ᠬᠠᠮᠲᠤᠷᠠᠨ ᠱᠠᠩᠨᠠᠵᠤ ᠲᠣᠷᠭᠠᠬᠤ᠎ᠶ᠋ᠢ ᠭᠦᠨᠵᠡᠭᠡᠢᠷᠡᠭᠦᠯᠵᠦ᠍᠂ ᠢᠲᠡᠭᠡᠮᠵᠢ ᠎ᠶ᠋ᠢᠨ ᠦᠨᠡᠯᠡᠯᠲᠡ᠎ᠶ᠋ᠢᠨ ᠭᠦᠶ᠋ᠴᠡᠳᠭᠡᠯ ᠲᠣᠭ᠎ᠠ ᠎ᠶ᠋ᠢᠨ ᠱᠢᠰᠲ᠋ᠧᠮ ᠎ᠢ᠋ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠡᠮᠴᠢᠯᠡᠭᠡᠨ᠎ᠦ ᠪᠠᠲᠤᠯᠠᠭ᠎ᠠ ᠵᠢᠨ ᠢᠲᠡᠭᠡᠮᠵᠢ᠎ᠶ᠋ᠢᠨ ᠬᠠᠮᠢᠶᠠᠷᠤᠯᠲᠠ ᠬᠢᠭᠡᠳ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠎ᠶ᠋ᠢᠨ ᠭᠦᠨᠵᠡᠭᠡᠶ ᠠᠭᠤᠰᠤᠯᠴᠠᠯ ᠎ᠢ ᠠᠬᠢᠭᠤᠯᠵᠤ᠂ ᠡᠮᠴᠢᠯᠡᠭᠡᠨ ᠎ᠦ ᠪᠠᠲᠤᠯᠠᠭ᠎ᠠ ᠵᠢᠨ ᠰᠠᠭᠤᠷᠢ ᠮᠥᠩᠭᠥ ᠵᠢᠨ  ᠠᠮᠤᠷ ᠲᠦᠪᠱᠢᠨ ᠠᠵᠢᠯᠯᠠᠭᠠᠨ ᠪᠠ  ᠡᠮᠴᠢᠯᠡᠭᠡᠨ ᠎ᠦ ᠪᠠᠲᠤᠯᠠᠭ᠎ᠠ ᠵᠢᠨ ᠦᠶ᠋ᠯᠡᠰ ᠎ᠦᠨ ᠴᠢᠨᠠᠷ ᠰᠠᠢᠲᠠᠶ ᠬᠥᠭ᠌ᠵᠢᠯᠲᠡ᠎ᠳᠦ ᠪᠠᠲᠤᠯᠠᠭ᠎ᠠ ᠬᠠᠩᠭᠠᠨ᠎ᠠ ᠬᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号