《ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ 〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ ᠳᠦᠷᠢᠮ〉 ᠤ᠋ᠨ ᠲᠦᠷᠦ᠍᠎ᠶ᠋ᠢᠨ ᠪᠤᠳᠤᠯᠭ᠎ᠠ᠎ᠶ᠋ᠢᠨ ᠲᠠᠢᠯᠤᠮᠵᠢ》 ᠵᠢᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ ᠳᠦᠷᠢᠮ》 (ᠲᠤᠷᠤᠭᠰᠢ 《ᠲᠦᠷᠢᠮ》 ᠬᠡᠵᠦ ᠲᠦᠬᠦᠮᠴᠢᠯᠡᠨ᠎ᠡ) ᠢ᠋ 1 ᠰᠠᠷ᠎ᠠ᠎ᠶ᠋ᠢᠨ 1᠎ᠤ᠋ ᠡᠳᠦᠷ᠎ᠡᠴᠡ ᠡᠬᠢᠯᠡᠵᠦ᠍ ᠬᠡᠷᠡᠭ᠌ᠵᠢᠭᠦᠯᠪᠡ᠃
ᠲᠠᠨᠢᠯᠴᠠᠭᠤᠯᠭ᠎ᠠ ᠵᠢ ᠦᠨᠳᠦᠰᠦᠯᠡᠪᠡᠯ᠂ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ 《ᠲᠦᠷᠢᠮ》 ᠨᠢ ᠶᠡᠷᠦᠩᠬᠡᠶ ᠱᠦᠵᠢ ᠰᠢ ᠵᠢᠨ ᠫᠢᠩ᠎ᠦᠨ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠲᠤᠬᠠᠶ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠤᠯᠭᠠᠵᠤ᠂ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶ᠋ᠢᠨ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠨᠠᠮ᠎ᠤᠨ ᠬᠤᠷᠢᠶ᠎ᠠ᠂ ᠵᠠᠰᠠᠬ᠎ᠤᠨ ᠤᠷᠳᠤᠨ᠎ᠤ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠠᠵᠢᠯ᠎ᠤᠨ ᠬᠠᠷᠠᠯᠲᠠ ᠱᠠᠭᠠᠷᠳᠠᠯᠭ᠎ᠠ ᠵᠢ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤᠭᠤᠤᠯ ᠰᠢᠵᠢᠮ᠎ᠤᠨ ᠲᠣᠭᠣᠷᠢᠨ᠎ᠳᠤ᠂ ᠥᠪᠥᠷ ᠮᠣᠩᠭᠣᠯ᠎ᠤᠨ ᠭᠠᠵᠠᠷ ᠣᠷᠣᠨ᠎ᠤ ᠣᠨᠴᠠᠯᠢᠭ ᠪᠠ ᠠᠵᠢᠯ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ ᠠᠵᠢᠯ᠎ᠤᠨ ᠪᠠᠢᠭᠤᠯᠤᠮᠵᠢ ᠲᠣᠭ᠍ᠲᠠᠴᠠ᠎ᠶ᠋ᠢ ᠴᠢᠩᠭᠠᠳᠭᠠᠵᠦ᠂ ᠰᠡᠳᠭᠢᠴᠡ᠎ᠶ᠋ᠢᠨ ᠡᠷᠡᠭᠦᠯ ᠮᠡᠨᠳᠦ᠍᠂ ᠳᠣᠷᠣᠮᠵᠢᠯᠠᠯ᠎ᠢ ᠰᠡᠷᠭᠡᠢᠯᠡᠬᠦ᠂ ᠰᠦᠯᠵᠢᠶᠡᠨ ᠳ᠋ᠦ ᠱᠢᠨᠤᠬᠤ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠦᠨ ᠪᠠᠲᠤᠯᠠᠭ᠎ᠠ ᠵᠡᠷᠭᠡ ᠭᠤᠤᠯᠳᠠᠯᠭ᠎ᠠ᠎ᠲᠠᠶ ᠲᠦᠪᠡᠭ᠌ᠲᠡᠶ ᠠᠰᠠᠭᠤᠳᠠᠯ᠎ᠢ ᠤᠨᠴᠠᠭᠠᠢᠯᠠᠨ ᠠᠩᠬᠠᠷᠴᠤ᠂ 《ᠵᠢᠷᠭᠤᠭᠠᠨ ᠶᠡᠬᠡ ᠬᠠᠮᠠᠭᠠᠯᠠᠯᠲᠠ》᠎ᠶ᠋ᠢᠨ ᠱᠢᠰᠲ᠋ᠧᠮ᠎ᠢ ᠪᠠᠢᠭᠤᠯᠪᠠ᠃
《ᠲᠦᠷᠢᠮ》 ᠨᠢ ᠥᠩᠭᠡᠷᠡᠭ᠌ᠰᠡᠨ᠎ᠦ 7 ᠪᠦᠯᠦᠭ 64 ᠵᠤᠷᠪᠤᠰ ᠪᠠᠢᠭ᠍ᠰᠠᠨ᠎ᠠᠴᠠ᠎ᠪᠠᠨ ᠨᠡᠮᠡᠭ᠌ᠳᠡᠭᠡᠳ 10 ᠪᠦᠯᠦᠭ 76 ᠵᠤᠷᠪᠤᠰ ᠪᠣᠯᠵᠣ᠂ 2010 ᠣᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠲᠦᠷᠢᠮ》 ᠢ᠋ ᠪᠥᠬᠥ᠌ ᠲᠠᠯ᠎ᠠ᠎ᠪᠠᠷ ᠲᠠᠰ ᠳᠡᠪᠱᠢᠭᠦᠯᠵᠦ᠍᠂ ᠮᠠᠰᠢ ᠣᠯᠠᠨ ᠱᠢᠨ᠎ᠡ ᠬᠤᠪᠢᠷᠠᠯᠲᠠ᠂ ᠱᠢᠨ᠎ᠡ ᠬᠢᠯᠠᠰ ᠴᠡᠭ ᠲᠡᠢ ᠪᠤᠯᠤᠭᠰᠠᠨ ᠪᠠᠢᠨ᠎ᠠ᠃ ᠲᠦᠷᠢᠮ᠎ᠦᠨ ᠪᠠᠲᠤᠯᠠᠭ᠎ᠠ᠎ᠶ᠋ᠢ ᠴᠢᠩᠭᠠᠳᠭᠠᠵᠤ᠂ ᠨᠠᠮ᠎ᠤᠨ ᠬᠣᠷᠢᠶ᠎ᠠ ᠤᠳᠤᠷᠢᠳᠤᠭ᠍ᠰᠠᠨ᠂ ᠵᠠᠰᠠᠭ᠎ᠤᠨ ᠣᠷᠳᠣᠨ ᠭᠤᠤᠯ ᠬᠠᠷᠢᠭᠤᠴᠠᠬᠰᠠᠨ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠠᠵᠢᠯ᠎ᠤᠨ ᠲᠣᠭ᠍ᠲᠠᠴᠠ᠎ᠶ᠋ᠢ ᠪᠠᠢᠭᠤᠯᠬᠤ᠎ᠶ᠋ᠢ ᠤᠯᠠᠮ ᠨᠢᠭᠡ ᠠᠯᠬᠤᠮ ᠴᠢᠬᠤᠯᠠᠴᠢᠯᠠᠵᠤ᠂ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠠᠵᠢᠯ᠎ᠳᠠᠬᠢ ᠵᠠᠰᠠᠭ᠎ᠤᠨ ᠣᠷᠳᠣᠨ᠎ᠤ ᠲᠤᠱᠢᠶᠠᠯ ᠬᠠᠷᠢᠭᠤᠴᠠᠯᠭ᠎ᠠ᠎ᠶ᠋ᠢᠨ ᠦᠶ᠋ᠯᠡᠳᠦᠯ᠎ᠢ ᠲᠣᠳᠣᠷᠬᠠᠢᠯᠠᠪᠠ᠃ ᠬᠡᠷ ᠪᠦᠯᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠬᠡᠷ ᠪᠦᠯᠢ᠎ᠶ᠋ᠢᠨ ᠠᠰᠠᠷᠠᠨ ᠬᠠᠮᠠᠭᠠᠯᠠᠬᠤ ᠬᠠᠷᠢᠭᠤᠴᠠᠯᠭ᠎ᠠ ᠪᠣᠯᠤᠨ ᠬᠡᠷ᠎ᠤᠨ ᠬᠥᠮᠦᠵᠢᠯ᠎ᠦᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠤᠯᠠᠮ ᠪᠣᠳᠠᠲᠠᠢᠵᠢᠭᠤᠯᠵᠤ᠂ ᠨᠠᠰᠤᠨ᠎ᠳᠤ ᠥᠯᠥ᠍ ᠬᠦᠷᠦᠭ᠌ᠰᠡᠳ᠎ᠦᠨ ᠪᠡᠶ᠎ᠡ ᠰᠡᠳᠭᠢᠴᠡ ᠵᠢᠨ ᠡᠷᠡᠭᠦᠯ ᠮᠡᠨᠳᠦ ᠪᠣᠯᠤᠨ ᠬᠠᠢᠷ᠎ᠠ ᠰᠡᠳᠭᠢᠯᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠂ ᠠᠮᠤᠷ ᠲᠦᠪᠱᠢᠨ᠎ᠦ ᠪᠠᠲᠤᠯᠠᠭ᠎ᠠ ᠪᠣᠯᠤᠨ ᠠᠰᠠᠷᠠᠨ ᠬᠠᠮᠠᠭᠠᠯᠠᠬᠤ ᠬᠠᠷᠢᠭᠤᠴᠠᠯᠭ᠎ᠠ᠂ ᠨᠠᠰᠤᠨ᠎ᠳᠤ ᠥᠯᠥ᠍ ᠬᠦᠷᠦᠭ᠌ᠰᠡᠳ᠎ᠦᠨ ᠠᠮᠤᠷ ᠲᠦᠪᠱᠢᠨ ᠪᠤᠰᠤ ᠠᠵᠢᠯᠯᠠᠭ᠎ᠠ ᠬᠢᠬᠦ᠌᠎ᠶ᠋ᠢ ᠰᠡᠷᠭᠡᠢᠯᠡᠬᠦ᠌ ᠪᠠ ᠬᠣᠷᠢᠭ᠍ᠯᠠᠬᠤ ᠵᠡᠷᠭᠡ ᠲᠠᠯ᠎ᠠ᠎ᠪᠠᠷ ᠠᠰᠠᠷᠠᠨ ᠬᠠᠮᠠᠭᠠᠯᠠᠬᠤ ᠬᠠᠷᠢᠭᠤᠴᠠᠯᠭ᠎ᠠ᠎ᠶ᠋ᠢ ᠨᠠᠷᠢᠯᠢᠬ᠍ᠵᠢᠭᠤᠯᠪᠠ; ᠰᠤᠷᠭᠠᠭᠤᠯᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠬᠠᠯᠠᠮᠱᠢᠯ ᠠᠰᠠᠭᠤᠳᠠᠯ᠎ᠳᠤ ᠤᠯᠠᠮ ᠨᠢᠭᠡ ᠠᠯᠬᠤᠮ ᠠᠩᠬᠠᠷᠤᠯ᠎ᠢᠶᠠᠨ ᠲᠥᠪᠯᠡᠷᠡᠭᠦᠯᠦᠨ ᠡᠭᠦᠷᠭᠡ ᠬᠠᠷᠢᠭᠤᠴᠠᠯᠭ᠎ᠠ᠎ᠵᠢ ᠲᠣᠳᠣᠷᠬᠠᠢᠯᠠᠵᠤ᠂ ᠰᠤᠷᠭᠠᠭᠤᠯᠢ᠎ᠶ᠋ᠢᠨ ᠬᠦᠷᠢᠶᠡᠨ᠎ᠦ ᠳᠣᠷᠣᠮᠵᠢᠯᠠᠯ᠎ᠢ ᠰᠡᠷᠭᠡᠢᠯᠡᠨ ᠵᠠᠰᠠᠬᠤ ᠪᠠ ᠤᠷᠢᠳᠴᠢᠯᠠᠨ ᠰᠡᠷᠭᠡᠢᠯᠡᠬᠦ᠌ ᠴᠢᠨᠠᠷᠲᠠᠶ ᠵᠦᠶ᠋ᠯ ᠵᠤᠷᠪᠤᠰ᠎ᠢ ᠱᠢᠨ᠎ᠡ᠎ᠪᠡᠷ ᠨᠡᠮᠡᠵᠦ᠍᠂ ᠪᠠᠭ᠍ᠰᠢ᠎ᠶ᠋ᠢᠨ ᠮᠣᠷᠠᠯ ᠰᠤᠷᠲᠠᠯ᠎ᠢ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠥᠴᠦᠬᠡᠨ ᠴᠦ᠍ ᠠᠭᠤᠴᠢᠯᠠᠬᠤ ᠥᠬᠡᠶ ᠪᠠᠢᠬᠤ᠎ᠶ᠋ᠢ ᠪᠠᠷᠢᠮᠲᠠᠯᠠᠵᠤ᠂ ᠰᠤᠷᠭᠠᠭᠤᠯᠢ᠎ᠡᠴᠡ ᠰᠤᠷᠤᠭ᠍ᠴᠢᠳ᠎ᠤᠨ ᠡᠳᠦᠷ ᠪᠦᠷᠢ᠎ᠶ᠋ᠢᠨ ᠶᠡᠷᠦᠩᠬᠡᠢᠯᠡᠭ᠌ᠰᠡᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠴᠠᠭ᠎ᠢ ᠪᠠᠲᠤᠯᠠᠵᠤ᠂ ᠨᠠᠰᠤᠨ᠎ᠳᠤ ᠥᠯᠥ᠍ ᠬᠦᠷᠦᠭ᠌ᠰᠡᠳ ᠪᠠ ᠪᠠᠭ᠍ᠰᠢ᠎ᠶ᠋ᠢᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢ ᠠᠩᠬᠠᠷᠬᠤ ᠵᠢ ᠴᠢᠬᠤᠯᠠᠴᠢᠯᠠᠪᠠ; ᠨᠡᠢᠭᠡᠮ᠎ᠦᠨ ᠬᠠᠮᠠᠭᠠᠯᠠᠯᠲᠠ᠎ᠶ᠋ᠢ ᠴᠢᠩᠭᠠᠳᠭᠠᠵᠤ᠂ ᠨᠡᠢᠭᠡᠮ᠎ᠦᠨ ᠠᠮᠤᠷ ᠲᠦᠪᠱᠢᠨ᠎ᠦ ᠬᠠᠮᠠᠭᠠᠯᠠᠯᠲᠠ᠎ᠶ᠋ᠢᠨ ᠲᠣᠣᠷ᠎ᠢ ᠤᠯᠠᠮ ᠨᠢᠭᠡ ᠠᠯᠬᠤᠮ ᠨᠢᠭ᠍ᠲᠠ ᠰᠦᠯᠵᠢᠵᠦ᠍᠂ ᠡᠯ᠎ᠡ ᠲᠦᠷᠦᠯ᠎ᠦᠨ ᠡᠵᠡᠩᠨᠡᠭ᠌ᠴᠢ᠎ᠶ᠋ᠢᠨ ᠡᠭᠦᠷᠭᠡ᠎ᠶ᠋ᠢ ᠲᠣᠳᠣᠷᠬᠠᠢ ᠪᠣᠯᠭᠠᠵᠤ᠂ ᠨᠠᠰᠤᠨ᠎ᠳᠤ ᠦᠯᠦ᠍ ᠬᠦᠷᠦᠭ᠌ᠰᠡᠳ᠎ᠦᠨ ᠪᠡᠶ᠎ᠡ ᠲᠡᠭᠡᠷ᠎ᠡ ᠪᠡᠨ ᠵᠢᠷᠤᠬ ᠰᠢᠪᠡᠬᠦ᠂ ᠨᠠᠰᠤᠨ᠎ᠳᠤ ᠦᠯᠦ᠍ ᠬᠦᠷᠦᠭ᠌ᠰᠡᠳ ᠲᠸ᠋ ᠠᠷᠢᠬᠢ ᠲᠠᠮᠠᠬᠢ ᠬᠤᠳᠠᠯᠳᠤᠨ ᠦᠭᠬᠦ ᠵᠡᠷᠭᠡ᠎ᠳᠦ ᠴᠠᠭᠠᠵᠠᠯᠠᠬᠤ ᠴᠢᠨᠠᠷᠲᠠᠢ ᠲᠣᠭ᠍ᠲᠠᠭᠠᠯ ᠭᠠᠷᠭᠠᠵᠤ᠂ ᠭᠡᠷ᠎ᠡᠴᠡ᠎ᠪᠡᠨ ᠭᠠᠷᠴᠤ ᠶᠠᠪᠤᠬᠤ᠂ ᠰᠥᠨᠢᠵᠢᠨ ᠬᠠᠷᠢᠬᠤ ᠦᠭᠡᠢ ᠪᠤᠶᠤ ᠮᠠᠭᠤ ᠦᠢᠯᠡ ᠠᠵᠢᠯᠯᠠᠭ᠎ᠠ᠎ᠲᠠᠶ ᠨᠠᠰᠤᠨ᠎ᠳᠤ ᠦᠯᠦ᠍ ᠬᠦᠷᠦᠭ᠌ᠰᠡᠳ᠎ᠢ ᠠᠷᠠᠳ ᠢᠷᠬᠡᠳ ᠣᠯᠵᠤ ᠮᠡᠳᠡᠪᠡᠯ ᠮᠡᠳᠡᠭᠦᠯᠬᠦ ᠵᠢ ᠵᠤᠷᠢᠬᠵᠢᠭᠤᠯᠬᠤ ᠵᠦᠢᠯ ᠵᠤᠷᠪᠤᠰ᠎ᠢ ᠨᠡᠮᠡᠵᠦ᠂ ᠨᠡᠢᠭᠡᠮ᠎ᠦᠨ ᠬᠠᠮᠠᠭᠠᠯᠠᠯᠲᠠ᠎ᠶ᠋ᠢᠨ ᠨᠥᠯᠥᠭᠡᠯᠡᠬᠦ᠌ ᠬᠡᠪᠴᠢᠶ᠎ᠡ᠎ᠶ᠋ᠢ ᠦᠷᠭᠡᠳᠬᠡᠪᠡ; ᠰᠦᠯᠵᠢᠶᠡᠨ᠎ᠦ ᠬᠠᠮᠠᠭᠠᠯᠠᠯᠲᠠ᠎ᠶ᠋ᠢ ᠴᠢᠩᠭᠠᠳᠭᠠᠵᠤ᠂ ᠨᠠᠰᠤᠨ᠎ᠳᠤ ᠦᠯᠦ᠍ ᠬᠦᠷᠦᠭ᠌ᠰᠡᠳ᠎ᠦᠨ ᠡᠷᠡᠭᠦᠯ ᠦᠰᠦᠨ ᠪᠣᠢᠵᠢᠯᠳᠠ᠎ᠳᠤ ᠠᠱᠢᠭ᠍ᠲᠠᠢ ᠰᠦᠯᠵᠢᠶᠡᠨ᠎ᠦ ᠣᠷᠣᠨ ᠵᠠᠢ᠎ᠶ᠋ᠢ ᠪᠤᠢ ᠪᠣᠯᠭᠠᠵᠤ ᠦᠭᠬᠦ᠎ᠶ᠋ᠢ ᠤᠯᠠᠮ ᠨᠢᠭᠡ ᠠᠯᠬᠤᠮ ᠴᠢᠬᠤᠯᠠᠴᠢᠯᠠᠵᠤ᠂ ᠨᠠᠰᠤᠨ᠎ᠳᠤ ᠦᠯᠦ᠍ ᠬᠦᠷᠦᠭ᠌ᠰᠡᠳ᠎ᠦᠨ ᠰᠦᠯᠵᠢᠶᠡᠨ᠎ᠦ ᠬᠠᠮᠠᠭᠠᠯᠠᠯᠲᠠ᠎ᠶ᠋ᠢᠨ ᠠᠵᠢᠯ᠎ᠤᠨ ᠱᠢᠰᠲ᠋ᠧᠮ᠎ᠢ ᠪᠦᠷᠢᠨᠱᠢᠬᠦᠯᠬᠦ᠌ ᠵᠢ ᠲᠣᠳᠣᠷᠬᠠᠢ ᠱᠠᠭᠠᠷᠳᠠᠵᠤ᠂ ᠰᠦᠯᠵᠢᠶᠡᠨ᠎ᠦ ᠦᠢᠯᠡᠳᠬᠦᠨ ᠪᠠ ᠦᠢᠯᠡᠴᠢᠯᠡᠭᠡ ᠬᠠᠩᠭᠠᠭ᠍ᠴᠢ᠎ᠳᠤ ᠴᠠᠭᠠᠵᠠᠯᠠᠬᠤ ᠴᠢᠨᠠᠷᠲᠠᠢ ᠱᠠᠭᠠᠷᠳᠠᠯᠭ᠎ᠠ᠎ᠶ᠋ᠢ ᠭᠣᠣᠯᠳᠠᠯᠭ᠎ᠠ᠎ᠲᠠᠶ ᠨᠡᠮᠡᠭ᠌ᠳᠡᠭᠦᠯᠪᠡ; ᠵᠠᠰᠠᠭ᠎ᠤᠨ ᠣᠷᠳᠣᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠠᠵᠢᠯ᠎ᠳᠠᠬᠢ ᠵᠠᠰᠠᠭ᠎ᠤᠨ ᠣᠷᠳᠣᠨ᠎ᠤ ᠭᠤᠤᠯ ᠬᠠᠷᠢᠭᠤᠴᠠᠯᠭ᠎ᠠ᠎ᠶ᠋ᠢᠨ ᠦᠶ᠋ᠯᠡᠳᠦᠯ᠎ᠢ ᠳᠣᠪᠣᠢᠯᠭᠠᠨ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠲᠠᠰ ᠳᠠᠪᠬᠤᠷᠭ᠎ᠠ ᠨᠢ ᠲᠣᠳᠣᠷᠬᠠᠶ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠠᠵᠢᠯ᠎ᠤᠨ ᠱᠢᠰᠲ᠋ᠧᠮ᠎ᠢ ᠪᠠᠢᠭᠤᠯᠵᠤ᠂ ᠨᠠᠰᠤᠨ᠎ᠳᠤ ᠥᠯᠥ᠍ ᠭᠦᠷᠦᠭ᠌ᠰᠡᠳ᠎ᠦᠨ ᠠᠵᠢᠯᠯᠠᠭᠠᠨ᠎ᠤ ᠲᠠᠯᠠᠪᠤᠷ ᠭᠠᠵᠠᠷ ᠪᠠ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠯᠥᠪᠵᠢᠭᠦᠯᠭᠡ᠎ᠳᠦ ᠣᠷᠣᠭᠤᠯᠵᠤ᠂ ᠬᠡᠦᠬᠡᠳ᠎ᠲᠦ ᠨᠥᠬᠥᠷᠰᠡᠭ ᠬᠣᠲᠠ᠎ᠵᠢ ᠪᠥᠲᠥᠭᠡᠨ ᠪᠠᠢᠭᠤᠯᠬᠤ᠎ᠶ᠋ᠢ ᠠᠬᠢᠭᠤᠯᠪᠠ; ᠬᠠᠤᠯᠢ ᠴᠠᠭᠠᠵᠠ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠨᠠᠰᠤᠨ᠎ᠳᠤ ᠥᠯᠥ᠍ ᠭᠦᠷᠦᠭ᠌ᠰᠡᠳ᠎ᠦᠨ ᠡᠷᠬᠡ ᠠᠱᠢᠭ᠎ᠢ ᠪᠠᠲᠤᠯᠠᠬᠤ ᠬᠠᠤᠯᠢ ᠴᠠᠭᠠᠵᠠ᠎ᠶ᠋ᠢᠨ ᠬᠡᠯᠬᠢᠶ᠎ᠡ᠎ᠶ᠋ᠢ ᠤᠯᠠᠮ ᠨᠢᠭᠡ ᠠᠯᠬᠤᠮ ᠴᠢᠩᠳᠠᠯᠠᠵᠤ᠂ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠳᠣᠲᠣᠭᠠᠳᠤ᠎ᠶ᠋ᠢ ᠬᠠᠮᠠᠭᠠᠯᠠᠬᠤ᠂ ᠪᠠᠢᠴᠠᠭᠠᠬᠤ᠂ ᠱᠢᠭᠦᠬᠦ᠌᠂ ᠬᠠᠤᠯᠢ ᠪᠠᠷᠢᠬᠤ ᠠᠵᠢᠯ᠎ᠤᠨ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠦᠷᠢᠨᠱᠢᠭᠦᠯᠵᠦ᠍᠂ ᠡᠷᠬᠡ ᠠᠱᠢᠭ᠎ᠢ ᠬᠠᠮᠠᠭᠠᠯᠠᠬᠤ ᠪᠠ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ᠎ᠶ᠋ᠢ ᠵᠡᠷᠭᠡ᠎ᠪᠡᠷ ᠪᠠᠷᠢᠮᠲᠠᠯᠠᠵᠤ᠂ 《ᠨᠢᠭᠡ ᠥᠷᠲᠡᠭᠡᠴᠢᠯᠡᠭᠰᠡᠨ ᠮᠠᠶᠢᠭ》 ᠤ᠋ᠨ ᠬᠡᠷᠡᠭ ᠱᠢᠶ᠋ᠳᠪᠦᠷᠢᠯᠡᠬᠦ᠌ ᠲᠣᠭ᠍ᠲᠠᠴᠠ᠎ᠶ᠋ᠢ ᠪᠠᠢᠭᠤᠯᠪᠠ᠃ ᠡᠬᠦᠨ᠎ᠤ ᠬᠠᠮᠳᠤ᠂ ᠣᠨᠴᠠᠭᠠᠶ ᠬᠠᠮᠠᠭᠠᠯᠠᠯᠲᠠ᠎ᠶ᠋ᠢ ᠱᠢᠨ᠎ᠡ᠎ᠪᠡᠷ ᠨᠡᠮᠡᠭ᠌ᠳᠡᠭᠦᠯᠵᠦ᠍᠂ ᠬᠠᠮᠠᠭᠠᠯᠠᠯᠲᠠ᠎ᠶ᠋ᠢᠨ ᠬᠡᠪᠴᠢᠶ᠎ᠡ᠎ᠶ᠋ᠢ 《ᠬᠦᠴᠢᠷᠳᠡᠯ᠎ᠳᠦ ᠲᠤᠯᠭᠠᠷᠠᠭ᠍ᠰᠠᠨ ᠨᠠᠰᠤᠨ᠎ᠳᠤ ᠥᠯᠥ᠍ ᠭᠦᠷᠦᠭ᠌ᠰᠡᠳ ᠪᠠ ᠪᠤᠰᠤᠳ ᠣᠨᠴᠠᠭᠠᠶ ᠬᠠᠯᠠᠮᠵᠢᠯᠠᠯ ᠭᠥᠷᠳᠡᠬᠦ᠌ ᠴᠢᠬᠤᠯᠠᠲᠠᠶ ᠨᠠᠰᠤᠨ᠎ᠳᠤ ᠥᠯᠥ᠍ ᠭᠦᠷᠦᠭ᠌ᠰᠡᠳ》 ᠵᠢᠡᠷ ᠵᠠᠭᠠᠭ᠍ᠯᠠᠨ ᠲᠣᠭ᠍ᠲᠠᠭᠠᠵᠤ᠂ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢᠨ ᠪᠡᠶᠡᠴᠢ ᠴᠣᠭ᠍ᠴᠠ᠎ᠳᠤ ᠲᠣᠳᠣᠷᠬᠠᠶ ᠱᠠᠭᠠᠷᠳᠠᠯᠭ᠎ᠠ ᠲᠤᠷᠠᠳᠴᠠᠢ᠃