ᠮᠣᠷᠢᠨ ᠵᠢᠯ᠎ᠦᠨ ᠴᠠᠭᠠᠨ ᠰᠠᠷ᠎ᠠ᠂ ᠮᠦᠩᠬᠦᠨ ᠲᠤᠭᠤᠯᠭ᠎ᠠ ᠭᠡᠳᠦᠷᠦᠭᠰᠡᠨ ᠬᠥᠯᠥᠨ ᠪᠣᠢᠷ᠎ᠤᠨ ᠲᠠᠯ᠎ᠠ ᠨᠤᠲᠤᠭ ᠲᠸ᠋ ᠰᠠᠷᠠᠰᠢᠨᠡ ᠶ᠋ᠢᠨ ᠠᠭᠤᠷ ᠠᠮᠢᠰᠬᠤᠯ ᠥᠳᠭᠡᠨ ᠵᠤᠵᠠᠭᠠᠨ᠃ 《ᠪᠢ ᠬᠥᠯᠥᠨ ᠪᠤᠢ᠌ᠷ᠎ᠲᠤ ᠱᠢᠨᠡᠯᠡᠨᠡ》 ᠭᠡᠬᠦ ᠪᠠᠶᠠᠷ᠎ᠤᠨ ᠡᠳᠦᠷ᠎ᠦᠨ ᠲᠦᠷᠦᠯ ᠲᠡᠮᠳᠡᠭᠲᠦ ᠲᠦᠱᠢᠭ᠌ᠯᠡᠨ ᠱᠢᠨ᠎ᠡ ᠪᠠᠷᠭᠤ ᠪᠠᠷᠠᠭᠤᠨ ᠬᠣᠱᠢᠭᠤ 《ᠲᠠᠯ᠎ᠠ ᠨᠤᠲᠤᠭ᠎ᠤᠨ ᠴᠠᠭᠠᠨ ᠰᠠᠷ᠎ᠠ ᠵᠢᠨ ᠰᠤᠨᠢᠷᠬᠠᠯ》 ᠭᠡᠬᠦ ᠤᠨᠴᠠᠯᠢᠬ᠍ᠳᠤ ᠠᠵᠢᠯᠯᠠᠭ᠎ᠠ ᠥᠷᠨᠢᠭᠦᠯᠵᠦ᠍᠂ ᠮᠠᠯᠵᠢᠬᠤ ᠡᠷᠦᠬᠡ᠎ᠪᠡᠷ ᠵᠢᠭᠤᠯᠴᠢᠯᠠᠬᠤ ᠪᠡᠷ ᠠᠴᠢᠶᠠᠯᠠᠪᠤᠷᠢ ᠪᠤᠯᠭᠠᠨ᠂ ᠮᠥᠰᠥ᠍ ᠴᠠᠰᠤᠨ᠎ᠤ ᠦᠩᠭᠡ ᠦᠵᠡᠮᠵᠢ ᠵᠢ ᠰᠤᠨᠢᠷᠬᠠᠬᠤ᠂ ᠠᠷᠠᠳ᠎ᠤᠨ ᠵᠠᠩ ᠦᠢᠯᠡ᠎ᠶ᠋ᠢ ᠪᠡᠶᠡᠴᠢᠯᠡᠨ ᠣᠢᠯᠠᠭᠠᠬᠤ᠂ ᠠᠮᠲᠠᠲᠤ ᠢᠳᠡᠭᠡᠨ ᠠᠮᠳᠠᠯᠠᠬᠤ ᠶ᠋ᠢ ᠨᠢᠭᠡ ᠴᠤᠭ᠍ᠴᠠᠵᠢᠭᠤᠯᠤᠨ᠂ ᠠᠯᠤᠰ᠎ᠡᠴᠡ ᠢᠷᠡᠭ᠌ᠰᠡᠨ ᠵᠣᠴᠢᠳ ᠴᠠᠰᠤᠲᠤᠲᠠᠯᠠ ᠶ᠋ᠢᠨ ᠭᠦᠨ᠎ᠳᠦ᠂ ᠬᠤᠸᠠᠷ ᠫᠤᠤᠵᠢᠩ᠎ᠲᠠᠶ᠂ ᠳᠠᠭᠤᠤᠪᠦᠵᠢᠭ ᠲᠠᠶ᠂ ᠬᠦᠭᠵᠢᠶᠡᠨ ᠨᠠᠷᠬᠢᠶᠠᠨ ᠲᠠᠢ ᠰᠢᠨᠡᠯᠡᠨ᠎ᠡ᠃
ᠬᠡᠷᠦᠯᠦᠨ ᠰᠤᠮᠤ᠎ᠶ᠋ᠢᠨ ᠳᠦᠭᠦᠷᠡᠩ ᠭᠡᠷ ᠪᠦᠯᠢ᠎ᠶ᠋ᠢᠨ ᠮᠠᠯᠵᠢᠯ᠎ᠤᠨ ᠲᠠᠯᠠᠪᠠᠢ᠎ᠳᠤ ᠬᠦᠷᠬᠦ᠎ᠳᠤ ᠬᠦᠷ ᠬᠥᠭ᠌ᠵᠢᠶᠡᠨᠵᠢᠨᠷ ᠪᠢᠯᠬᠠᠵᠤ ᠪᠠᠢᠯ᠎ᠠ᠃ ᠲᠡᠭ᠎ᠡᠴᠡ ᠳᠣᠷᠣᠭ᠍ᠰᠢ 30°C᠎ᠤ᠋ᠨ ᠬᠠᠬᠢᠷ ᠬᠦᠢᠳᠡᠨ ᠠᠭᠤᠷ ᠠᠮᠢᠰᠭᠤᠯ᠎ᠳᠤ᠂ ᠭᠠᠳᠠᠭ᠎ᠠ ᠰᠠᠯᠬᠢ ᠰᠢᠭᠤᠷᠭ᠎ᠠ ᠲᠡᠭᠳᠡᠵᠦ ᠪᠠᠢᠬᠰᠠᠨ ᠴᠤ᠌ ᠮᠣᠩᠭᠣᠯ ᠭᠡᠷ᠎ᠲᠦ ᠬᠠᠷᠢᠨ ᠬᠠᠯᠠᠭᠤᠨ ᠳᠤᠯᠠᠭᠠᠨ ᠪᠠᠢᠯ᠎ᠠ᠃ ᠥᠪᠡᠷᠮᠢᠴᠡ ᠣᠨᠴᠠᠯᠢᠭ᠎ᠲᠠᠶ 《ᠭᠡᠷ ᠪᠦᠯᠢ᠎ᠶ᠋ᠢᠨ ᠳᠠᠭᠤᠤ ᠬᠥᠭ᠌ᠵᠢᠮ᠎ᠦᠨ ᠦᠳᠡᠱᠢᠯᠡᠭᠡ》 ᠶᠠᠭ ᠰᠠᠢᠬᠠᠨ ᠶᠠᠪᠤᠭ᠍ᠳᠠᠵᠤ᠂ ᠮᠠᠯᠴᠢᠳ ᠮᠤᠷᠢᠨ ᠬᠤᠭᠤᠷ᠎ᠢᠶᠠᠨ ᠬᠦᠭᠯᠡᠬᠦᠯᠵᠦ᠂ ᠤᠷᠳᠤ᠎ᠶ᠋ᠢᠨ ᠳᠠᠭᠤᠤ᠎ᠪᠠᠨ ᠰᠢᠷᠤᠩᠬᠠᠢᠯᠠᠵᠤ᠂ ᠬᠦᠭᠡᠮᠡᠢ ᠵᠢᠨ ᠡᠭᠡᠰᠢᠭ ᠢᠰᠡᠭᠡᠢ ᠭᠡᠷ᠎ᠲᠦ ᠤᠳᠠᠲᠠᠯ᠎ᠠ ᠴᠤᠤᠷᠢᠶᠠᠲᠤᠨ᠎ᠠ᠃ ᠵᠢᠭᠤᠯᠴᠢᠯᠠᠭᠰᠡᠳ ᠲᠣᠭᠣᠷᠢᠨ ᠰᠠᠭᠤᠯᠴᠠᠵᠤ᠂ ᠰᠦ᠋ ᠳᠠᠢ ᠴᠠᠢ ᠤᠤᠭᠤᠵᠤ᠂ ᠴᠢᠨᠠᠭ᠍ᠰᠠᠨ ᠮᠢᠬ᠎ᠠ᠂ ᠥᠷᠥᠮ᠎ᠡ᠂ ᠮᠣᠩᠭᠣᠯ ᠪᠤᠤᠽᠢᠠᠮᠲᠠᠯᠠᠵᠤ᠂ ᠴᠣᠬᠢᠯᠭ᠎ᠠ᠎ᠶ᠋ᠢ ᠲᠠᠭᠠᠨ ᠳᠠᠭᠤᠯᠠᠵᠤ᠂ ᠬᠠᠬᠢᠷ ᠬᠦᠢᠲᠡᠨ᠎ᠢ ᠬᠠᠯᠠᠭᠤᠨ ᠲᠤᠯᠠᠭᠠᠨ ᠵᠢᠡᠷ ᠪᠢᠯᠬᠠᠭᠤᠯᠤᠨ᠎ᠠ᠃

《ᠭᠡᠷ᠎ᠲᠡᠬᠡᠨ ᠬᠠᠮᠲᠤ ᠬᠣᠭᠣᠯᠠᠯᠠᠵᠤ ᠪᠠᠢᠬᠤ ᠱᠢᠭ᠋᠂ ᠪᠠᠶᠠᠷᠯᠠᠪᠠᠯ ᠪᠠᠰᠠ ᠬᠠᠮᠲᠤ ᠪᠡᠷ ᠪᠥᠵᠢᠭ᠌ᠯᠡᠨᠡ᠂ ᠦᠨᠡᠨ ᠰᠠᠢᠬᠠᠨ ᠪᠠᠢᠨ᠎ᠠ》ᠬᠡᠵᠤ ᠱᠠᠩᠬᠠᠶ᠎ᠡᠴᠡ ᠢᠷᠡᠭ᠌ᠰᠡᠨ ᠵᠢᠭᠤᠯᠴᠢᠯᠠᠬᠴᠢ ᠯᠢ ᠮᠧᠶ ᠳᠣᠭ᠍ᠳᠣᠯᠤᠭ᠍ᠰᠠᠨ ᠰᠡᠳᠭᠢᠯ᠎ᠢᠶᠡᠨ ᠳᠠᠷᠤᠵᠤ ᠶᠠᠳᠠᠨ ᠶᠠᠷᠢᠵᠤ ᠪᠠᠢᠯ᠎ᠠ᠃
ᠮᠣᠩᠭᠣᠯ ᠭᠡᠷ᠎ᠦᠨ ᠭᠠᠳᠠᠨ᠎ᠠ᠂ ᠴᠠᠰᠤᠲᠤ ᠲᠠᠯ᠎ᠠ ᠪᠠᠶᠠᠷ ᠴᠡᠩᠭᠡᠯ ᠵᠢᠡᠷ ᠬᠠᠯᠬᠢᠯᠠᠨᠠ᠃ ᠲᠡᠮᠡᠭᠡ ᠴᠢᠷᠭ᠎ᠠ ᠴᠢᠷᠬᠦ᠂ ᠴᠠᠰᠤᠨ ᠳ᠋ᠤ ᠮᠣᠷᠢ ᠤᠨᠤᠬᠤ᠂ ᠠᠷᠠᠳ᠎ᠤᠨ ᠵᠠᠩ ᠦᠢᠯᠡ᠎ᠶ᠋ᠢᠨ ᠦᠵᠡᠭᠦᠯᠭᠡ ᠵᠡᠷᠭᠡ ᠲᠦᠷᠦᠯ ᠵᠦᠢᠯ ᠡᠭᠡᠯᠵᠢᠯᠡᠨ ᠶᠠᠪᠤᠭ᠍ᠳᠠᠵᠤ᠂ ᠵᠢᠭᠤᠯᠴᠢᠯᠠᠭ᠍ᠰᠠᠳ ᠴᠢᠷᠭ᠎ᠠ ᠳᠡᠭᠡᠷ᠎ᠡ ᠰᠠᠭᠤᠵᠤ ᠴᠠᠰᠤᠲᠤ ᠲᠠᠯ᠎ᠠ ᠵᠢ ᠱᠠᠭᠰᠢᠨ᠂ ᠴᠠᠰᠤᠨ ᠲᠡᠭᠡᠷ᠎ᠠ ᠠᠯᠬᠤᠯᠠᠬᠤ ᠠᠳᠠᠨᠲᠡᠮᠡᠭᠡ ᠶ᠋ᠢ ᠰᠤᠨᠢᠷᠬᠠᠵᠤ᠂ ᠮᠤᠷᠢᠨ ᠲᠦᠪᠡᠷᠬᠡᠨ ᠢ᠋ ᠰᠣᠨᠣᠰᠴᠤ᠌᠂ ᠲᠠᠯ᠎ᠠ ᠨᠤᠲᠤᠭ ᠪᠠᠶᠠᠷ ᠬᠦᠷ᠎ᠢᠶᠡᠷ ᠪᠢᠯᠬᠠᠨ᠎ᠠ᠃


ᠮᠠᠯᠵᠢᠯ᠎ᠤᠨ ᠲᠠᠯᠠᠪᠠᠶ᠎ᠶ᠋ᠢᠨ ᠬᠠᠷᠢᠭᠤᠴᠠᠯᠭᠠᠲᠠᠨ ᠪᠠᠳᠤᠰᠦ᠋ᠬᠡ᠂ ᠮᠠᠨ ᠤ᠋ ᠠᠬ᠎ᠠ ᠳᠡᠭᠦᠦ ᠨᠠᠶ᠋ᠮᠠᠭᠤᠯᠠ ᠥᠪᠡᠷ ᠥᠪᠡᠷ᠎ᠦᠨ ᠤᠷ᠎ᠠ ᠠᠪᠢᠶᠠᠰ ᠲᠠᠢ᠂ ᠬᠤᠪᠢᠨ ᠬᠤᠪᠢᠨ᠎ᠳᠠᠭᠠᠨ ᠨᠢᠭᠡ ᠲᠥᠷᠥᠯ ᠵᠦᠶ᠋ᠯ᠎ᠢ ᠬᠠᠷᠢᠭᠤᠴᠠᠳᠠᠭ᠂ ᠡᠭᠦᠨ᠎ᠦ ᠳᠡᠭᠡᠷ᠎ᠡ ᠨᠠᠰᠤᠲᠠᠨ ᠪᠠ ᠬᠡᠦᠬᠡᠳ ᠳᠤᠰᠠ ᠳᠡᠮ ᠪᠤᠯᠵᠤ ᠪᠠᠢᠭ᠎ᠠ ᠪᠤᠯᠬᠤᠷ ᠮᠠᠯᠵᠢᠯ᠎ᠤᠨ ᠲᠠᠯᠠᠪᠠᠶ᠎ᠶ᠋ᠢᠨ ᠵᠠᠩ ᠦᠶ᠋ᠯᠡ᠎ᠶ᠋ᠢᠨ ᠲᠥᠷᠥᠯ ᠵᠦᠶ᠋ᠯ ᠡᠯᠪᠡᠭ ᠪᠠᠶᠠᠯᠢᠭ ᠪᠥᠭᠡᠳ ᠳᠤᠬᠠᠢ᠎ᠶᠢᠨ ᠭᠠᠵᠠᠷ᠎ᠤᠨ ᠤᠨᠴᠠᠯᠢᠭ ᠰᠢᠨᠵᠢ ᠪᠦᠷᠢᠨ ᠪᠤᠯᠤᠭᠰᠠᠨ ᠶᠤᠮ᠃ ᠳᠡᠭᠦᠦ ᠮᠠᠨᠢ ᠲᠡᠮᠡᠭᠡᠨ ᠤᠷᠤᠯᠳᠤᠭᠠᠨ᠎ᠤ ᠤᠷ᠎ᠠ ᠮᠡᠷᠭᠡᠵᠢᠯ᠎ᠢᠶᠡᠨ ᠭᠠᠢᠬᠠᠭᠤᠯᠵᠤ᠂ ᠭᠡᠷ᠎ᠦᠨ ᠬᠥᠮᠦᠰ ᠳᠠᠭᠤᠤ ᠪᠥᠵᠢᠭ ᠪᠣᠯᠤᠨ ᠠᠮᠲᠠᠲᠤ ᠢᠳᠡᠭᠡᠨ᠎ᠢᠶᠡᠨ ᠡᠷᠭᠦᠵᠦ᠍᠂ ᠵᠢᠭᠤᠯᠴᠢᠯᠠᠭᠰᠡᠳ 《ᠦᠵᠡᠮᠵᠢ ᠰᠤᠨᠢᠷᠬᠠᠬᠤ》 ᠪᠡᠷ ᠪᠠᠷᠠᠬᠤ ᠦᠭᠡᠢ 《ᠠᠮᠢᠳᠤᠷᠠᠯ᠎ᠢ ᠪᠡᠶᠡᠴᠢᠯᠡᠨ ᠤᠢᠯᠠᠭᠠᠨ᠎ᠠ》 ᠭᠡᠵᠦ ᠳᠠᠨᠢᠯᠴᠠᠭᠤᠯᠪᠠ᠃
ᠵᠦᠪᠬᠡᠨ ᠮᠣᠩᠭᠣᠯ ᠬᠡᠷ᠎ᠲᠦ ᠰᠠᠭᠤᠵᠤ᠂ ᠴᠢᠨᠠᠭ᠍ᠰᠠᠨ ᠮᠢᠬ᠎ᠠ ᠢᠳᠡᠬᠦ᠌᠎ᠶᠢᠨ ᠳᠡᠳᠦᠢ ᠪᠠᠢᠭᠰᠠᠨ ᠡᠴᠡ ᠣᠲᠣ᠎ᠶᠢᠨ ᠠᠷᠠᠳ᠎ᠤᠨ ᠵᠠᠩ ᠦᠢᠯᠡ ᠵᠢ ᠪᠡᠶᠡᠴᠢᠯᠠᠨ ᠤᠢᠯᠠᠭᠠᠬᠤ ᠬᠦᠷᠲᠡᠯ᠎ᠡ᠂ ᠱᠢᠨ᠎ᠡ ᠪᠠᠷᠭᠤ ᠪᠠᠷᠠᠭᠤᠨ ᠬᠣᠱᠢᠭᠤᠨ᠎ᠤ ᠮᠠᠯᠵᠢᠬᠤ ᠡᠷᠦᠬᠡ᠎ᠶ᠋ᠢᠨ ᠵᠢᠭᠤᠯᠴᠢᠯᠠᠯ ᠠᠯᠢ ᠬᠡᠳᠦᠢᠨ ᠶᠠᠰᠤ ᠴᠢᠨᠠᠷ᠎ᠢᠶᠠᠨ ᠳᠡᠭᠡᠭ᠌ᠰᠢᠯᠡᠭᠦᠯᠦᠨ ᠲᠠᠰ ᠳᠡᠪᠱᠢᠭᠰᠡᠨ ᠠᠵᠢ᠃ ᠤᠯᠤᠰ᠎ᠤᠨ ᠵᠠᠮ᠎ᠤᠨ ᠱᠢᠵᠢᠷ ᠠᠯᠲᠠᠨ ᠣᠷᠣᠨ ᠪᠠᠢᠷᠢ᠎ᠶ᠋ᠢᠨ ᠳᠠᠪᠠᠭᠤᠯᠢᠭ᠎ᠢ ᠠᠱᠢᠭ᠍ᠯᠠᠨ᠂ ᠲᠤᠬᠠᠶ᠎ᠶ᠋ᠢᠨ ᠭᠠᠵᠠᠷ᠎ᠤᠨ᠎ᠬᠢᠨ 《ᠱᠢᠯᠵᠢᠭᠦᠯᠵᠦ᠍ ᠪᠣᠯᠬᠤ ᠬᠡᠷ ᠪᠠᠢᠱᠢᠩ + ᠮᠠᠯᠵᠢᠬᠤ ᠡᠷᠦᠬᠡ᠎ᠶ᠋ᠢᠨ ᠵᠢᠭᠤᠯᠴᠢᠯᠠᠯ》᠎ᠤ᠋ᠨ ᠵᠠᠭ᠍ᠪᠤᠷ᠎ᠢ ᠡᠭᠦᠳᠴᠦ᠍᠂ ᠬᠡᠷᠳᠦ ᠲᠡᠷᠭᠡ ᠳᠤᠬᠢᠷᠠᠭᠤᠯᠵᠤ᠂ ᠮᠠᠯ ᠨᠢᠲᠤᠯᠬᠤ ᠬᠦᠶ᠋ᠲᠡᠨ ᠬᠦᠮᠦᠷᠭᠡ᠎ᠶᠢᠨ ᠲᠡᠷᠭᠡ᠎ᠶ᠋ᠢ ᠢᠵᠢ ᠪᠥᠷᠢᠳᠦᠭᠦᠯᠦᠨ᠂ ᠮᠣᠩᠭᠣᠯ ᠬᠡᠷ᠎ᠦᠨ ᠪᠠᠭᠤᠳᠠᠯ ᠬᠢᠭᠡᠳ ᠣᠲᠣ ᠦᠶ᠎ᠡ᠎ᠶ᠋ᠢᠨ ᠪᠠᠭᠤᠳᠠᠯ᠎ᠢ ᠠᠭᠤᠰᠤᠯᠴᠠᠭᠤᠯᠤᠨ᠂ ᠡᠪᠦᠯ᠎ᠦᠨ ᠤᠯᠠᠷᠢᠯ ᠲᠠᠯ᠎ᠠ ᠨᠤᠲᠤᠭ᠎ᠤᠨ ᠬᠤᠨᠤᠭ ᠪᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠨ᠂ ᠵᠢᠭᠤᠯᠴᠢᠯᠠᠭ᠍ᠰᠠᠳ ᠲᠸ᠋ ᠳᠠᠪᠠᠳᠠᠢ ᠨᠠᠭᠠᠳᠬᠤ ᠨᠦᠬᠦᠴᠡᠯ᠎ᠢ ᠪᠦᠷᠢᠯᠳᠦᠬᠦᠯᠵᠦ ᠦᠭᠪᠡ᠃


《ᠪᠢᠳᠡ ᠬᠡᠷᠳᠦ ᠲᠡᠷᠭᠡ ᠪᠣᠯᠤᠨ ᠤᠯᠠᠮᠵᠢᠯᠠᠯᠳᠤ ᠮᠣᠩᠭᠣᠯ ᠬᠡᠷ᠎ᠢ ᠤᠶᠠᠯᠳᠤᠭᠤᠯᠤᠨ᠂ ᠡᠪᠦᠯ᠎ᠦᠨ ᠤᠯᠠᠷᠢᠯ᠎ᠳᠤ ᠳᠣᠭᠢᠷᠬᠠᠰᠠᠨ ᠵᠤᠭᠠᠴᠠᠨ ᠰᠠᠭᠤᠬᠤ ᠣᠷᠴᠢᠨ ᠨᠥᠬᠥᠴᠡᠯ᠎ᠢ ᠪᠤᠢ ᠪᠤᠯᠭᠠᠵᠠᠢ》 ᠭᠡᠵᠦ᠍ ᠱᠢᠨ᠎ᠡ ᠪᠠᠷᠭᠤ ᠪᠠᠷᠠᠭᠤᠨ ᠬᠣᠱᠢᠭᠤᠨ᠎ᠤ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ᠎ᠤᠨ ᠲᠣᠪᠴᠢᠶᠠᠨ᠎ᠤ ᠳᠠᠷᠤᠭ᠎ᠠ ᠲᠠᠨ ᠬᠣᠶ ᠮᠢᠨ ᠲᠠᠨᠢᠯᠴᠠᠭᠤᠯᠪᠠ᠃ ᠣᠳᠣᠬᠠᠨ᠎ᠳᠤ᠂ ᠲᠤᠬᠠᠶ᠎ᠶ᠋ᠢᠨ ᠭᠠᠵᠠᠷ᠎ᠤᠨ ᠮᠠᠯᠵᠢᠬᠤ ᠡᠷᠦᠬᠡ ᠨᠤᠬᠦᠳ ᠤᠯᠠᠮᠵᠢᠯᠠᠯᠲᠤ ᠮᠠᠯ ᠮᠠᠯᠵᠢᠬᠤ ᠡᠴᠡ᠎ᠪᠠᠨ 《ᠲᠡᠵᠢᠭᠡᠨ ᠦᠷᠡᠵᠢᠭᠦᠯᠬᠦ᠌ + ᠵᠢᠭᠤᠯᠴᠢᠯᠠᠯ》 ᠣᠯᠠᠨ ᠡᠱᠢᠲᠦ ᠬᠥᠭ᠌ᠵᠢᠯᠲᠡ ᠵᠦᠭ ᠱᠢᠯᠵᠢᠵᠦ᠍᠂ ᠬᠦᠰᠡᠯᠳᠦ᠂ ᠪᠤᠯᠤᠳᠪᠠᠭᠠᠲᠤᠷ᠂ ᠪᠠᠶᠠᠨᠵᠢᠷᠭᠠᠯ ᠨᠠᠷ᠎ᠤᠨ ᠬᠡᠷ ᠪᠦᠯᠢ᠎ᠶ᠋ᠢᠨ ᠮᠠᠯᠵᠢᠯ᠎ᠤᠨ ᠲᠠᠯᠠᠪᠠᠶ ᠨᠢ ᠴᠠᠰᠤᠲᠤ ᠭᠡᠭᠡᠷ᠎ᠡ ᠪᠡᠷ ᠮᠣᠷᠢ ᠤᠨᠤᠬᠤ᠂ ᠠᠷᠠᠳ᠎ᠤᠨ ᠵᠠᠩ ᠦᠶ᠋ᠯᠡ᠎ᠶ᠋ᠢ ᠣᠢᠯᠠᠭᠠᠬᠤ᠂ ᠮᠠᠯ᠎ᠤᠨ ᠠᠱᠢᠭ ᠱᠢᠮ᠎ᠡ᠎ᠶ᠋ᠢᠨ ᠪᠦᠳᠦᠭᠡᠭᠳᠡᠬᠦᠨ ᠤ᠋ ᠦᠶ᠋ᠯᠡᠳᠪᠦᠷᠢᠯᠡᠯ ᠪᠣᠷᠣᠯᠠᠭᠤᠯᠭ᠎ᠠ᠎ᠶ᠋ᠢ ᠨᠢᠭᠡ ᠴᠣᠭ᠍ᠴᠠᠵᠢᠭᠤᠯᠵᠤ᠂ ᠪᠥᠬᠥ᠌ ᠵᠢᠯ᠎ᠳᠦ ᠮᠢᠩᠭ᠎ᠠ ᠭᠠᠷᠤᠶ ᠵᠢᠭᠤᠯᠴᠢᠯᠠᠭᠰᠡᠳ᠎ᠢ ᠭᠥᠯᠢᠶᠡᠨ ᠠᠪᠴᠤ᠌᠂ ᠣᠷᠣᠯᠭ᠎ᠠ ᠪᠠᠨ ᠨᠡᠮᠡᠭ᠌ᠳᠡᠭᠦᠯᠬᠦ᠌ ᠠᠷᠭ᠎ᠠ ᠵᠠᠮ᠎ᠢ ᠦᠷᠭᠡᠳᠭᠡᠨ᠂ ᠮᠠᠯᠴᠢᠳ ᠠᠮᠢ ᠠᠬᠤᠶ᠎ᠶ᠋ᠢᠨ ᠬᠠᠮᠠᠭᠠᠯᠠᠭ᠍ᠴᠢ᠂ ᠰᠣᠶᠣᠯ᠎ᠤᠨ ᠤᠯᠠᠮᠵᠢᠯᠠᠭ᠍ᠴᠢ᠂ ᠵᠢᠭᠤᠯᠴᠢᠯᠠᠯ᠎ᠤᠨ ᠡᠵᠡᠩᠨᠡᠭ᠌ᠴᠢ ᠪᠤᠯᠵᠠᠢ᠃

ᠣᠳᠣᠬᠠᠨ ᠪᠣᠯᠲᠠᠯ᠎ᠠ᠂ ᠱᠢᠨ᠎ᠡ ᠪᠠᠷᠭᠤ ᠪᠠᠷᠠᠭᠤᠨ ᠬᠣᠱᠢᠭᠤ ᠡᠪᠦᠯ᠎ᠦᠨ ᠤᠯᠠᠷᠢᠯ᠎ᠤᠨ ᠮᠠᠯᠵᠢᠬᠤ ᠡᠷᠦᠬᠡ᠎ᠶ᠋ᠢᠨ ᠪᠠᠷᠢᠮᠵᠢᠶᠠᠵᠢᠭ᠍ᠰᠠᠨ ᠵᠢᠭᠤᠯᠴᠢᠯᠠᠯ᠎ᠤᠨ ᠡᠵᠡᠩᠨᠡᠯᠲᠡ᠎ᠶ᠋ᠢᠨ ᠴᠡᠭ᠎ᠢ 10 ᠭᠠᠷᠤᠶ ᠪᠠᠢᠭᠤᠯᠵᠤ᠂ 7 ᠰᠤᠮᠤ ᠪᠠᠯᠭᠠᠰᠤ᠎ᠶ᠋ᠢ ᠬᠠᠮᠤᠷᠴᠤ᠌᠂ 331ᠤᠯᠤᠰ᠎ᠤᠨ ᠵᠠᠮ ᠳᠠᠭᠠᠤ᠎ᠶ᠋ᠢᠨ ᠤᠨᠴᠠᠯᠢᠬ᠍ᠳᠤ ᠮᠠᠯᠵᠢᠯ᠎ᠤᠨ ᠲᠠᠯᠠᠪᠠᠶ᠎ᠶ᠋ᠢ ᠪᠦᠬᠦᠨ᠎ᠢ ᠨᠡᠭᠡᠭᠡᠵᠦ᠍᠂ ᠥᠪᠡᠰᠦᠪᠡᠨ ᠲᠡᠷᠭᠡ ᠵᠢᠯᠣᠭᠣᠳᠭᠤ ᠪᠠ ᠬᠢᠯᠢ᠎ᠪᠡᠷ ᠥᠩᠭᠡᠷᠡᠬᠦ᠌ ᠵᠢᠭᠤᠯᠴᠢᠯᠠᠭᠰᠡᠳ᠎ᠲᠤ ᠪᠥᠬᠥ᠌ ᠶᠠᠪᠤᠴᠠ᠎ᠶ᠋ᠢᠨ ᠦᠶ᠋ᠯᠡᠴᠢᠯᠡᠭᠡ ᠬᠠᠩᠭᠠᠪᠠ᠃ ᠭᠠᠯ ᠲᠠᠬᠢᠯᠭ᠎ᠠ ᠡᠴᠡ ᠠᠪᠤᠭᠠᠳ ᠢᠰᠡᠭᠡᠶ ᠬᠡᠷ ᠳᠡᠬᠢ ᠳᠠᠭᠤᠤ ᠬᠥᠭ᠌ᠵᠢᠮ᠎ᠦᠨ ᠦᠳᠡᠱᠢᠯᠡᠭᠡ ᠬᠦᠷᠲᠡᠯ᠎ᠡ᠂ ᠲᠡᠮᠡᠭᠡ ᠤᠨᠤᠵᠤ ᠴᠠᠰᠤᠨ᠎ᠳᠤ ᠬᠢᠰᠬᠢᠯᠡᠬᠦ ᠡᠴᠡ ᠬᠡᠷ ᠪᠦᠯᠢ᠎ᠶ᠋ᠢᠨ ᠨᠠᠭᠠᠳᠤᠮ ᠬᠦᠷᠲᠡᠯ᠎ᠡ᠂ ᠤᠯᠠᠮᠵᠢᠯᠠᠯᠲᠤ ᠵᠠᠩ ᠦᠶ᠋ᠯᠡ ᠪᠣᠯᠤᠨ ᠣᠲᠣ ᠦᠶ᠎ᠡ᠎ᠶ᠋ᠢᠨ ᠵᠢᠭᠤᠯᠴᠢᠯᠠᠯ ᠭᠦᠨᠵᠡᠭᠡᠶ ᠠᠭᠤᠰᠤᠯᠴᠠᠵᠤ᠂ 《ᠮᠥᠰᠥ᠍ ᠴᠠᠰᠤᠳᠤ ᠲᠠᠯ᠎ᠠ ᠨᠤᠳᠤᠭ ᠴᠸ᠋ ᠠᠯᠲᠠᠨ ᠠᠭᠤᠯᠠ ᠮᠥᠩᠭᠥᠨ ᠬᠠᠢᠷᠠᠬᠠᠨ》 ᠭᠡᠳᠡᠭ ᠤᠢᠯᠠᠭᠠᠭᠳᠠᠬᠤᠨ᠎ᠢ ᠦᠨᠳᠦᠰᠦᠯᠡᠭᠦᠯᠵᠡᠶ᠃

ᠦᠳᠡᠰᠢ᠎ᠶ᠋ᠢᠨ ᠪᠦᠷᠦᠶ ᠪᠣᠯᠬᠤ᠎ᠳᠤ᠂ ᠮᠣᠩᠭᠣᠯ ᠭᠡᠷ᠎ᠲᠦ ᠳ᠋ᠧᠩ᠎ᠤᠨ ᠬᠡᠷᠡᠯ ᠰᠦᠮᠡᠯᠵᠡᠵᠦ᠂ ᠠᠶ᠎ᠠ ᠳᠠᠭᠤᠤ ᠬᠠᠩᠭᠢᠨᠠᠨ᠎ᠠ᠃ ᠬᠠᠯᠠᠭᠤᠨ ᠠᠭᠤᠷ ᠰᠠᠪᠰᠠᠯᠠᠭ᠍ᠰᠠᠨ ᠬᠠᠯᠠᠭᠤᠨ ᠲᠣᠭᠣᠭ᠎ᠠ ᠪᠤᠴᠠᠯᠵᠤ᠂ ᠰᠦ᠎ᠶᠢᠨ ᠦᠨᠦᠷ ᠮᠢᠬᠠᠨ᠎ᠤ ᠦᠨᠦᠷ ᠬᠠᠩᠬᠤᠯᠵᠤ᠂ ᠮᠠᠯᠴᠢᠳ ᠪᠠ ᠵᠢᠭᠤᠯᠴᠢᠯᠠᠭᠰᠡᠳ ᠬᠤᠨᠳᠠᠭ᠎ᠠ ᠡᠷᠭᠦᠨ ᠴᠡᠩᠭᠡᠵᠦ᠂ ᠮᠣᠷᠢᠨ ᠵᠢᠯ᠎ᠦᠨ ᠴᠠᠭᠠᠨ ᠰᠠᠷ᠎ᠠ᠎ᠪᠠᠨ ᠬᠠᠮᠲᠤ ᠪᠠᠷ ᠤᠭ᠍ᠲᠤᠪᠠ᠃ ᠡᠨᠡ ᠬᠦ᠌ ᠬᠠᠩᠭᠠᠢ ᠠᠭᠤᠳᠠᠮ ᠴᠠᠰᠤᠲᠤ ᠲᠠᠯ᠎ᠠ᠎ᠳᠤ᠂ ᠴᠠᠭᠠᠨ ᠰᠠᠷ᠎ᠠ ᠨᠢ ᠵᠦᠪᠬᠡᠨ ᠬᠦᠭᠵᠢᠯᠳᠦᠨ ᠨᠠᠷᠬᠢᠯᠳᠤᠬᠤ ᠵᠠᠩ ᠦᠢᠯᠡ ᠪᠢᠰᠢ᠂ ᠨᠡᠩ ᠴᠸ᠋ ᠬᠥᠮᠦᠨ ᠬᠢᠭᠡᠳ ᠪᠠᠢᠭᠠᠯᠢ ᠡᠶ᠎ᠡ ᠵᠤᠬᠢᠴᠠᠩᠭᠤᠢ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠬᠠᠷᠢᠯᠴᠠᠨ ᠠᠭᠤᠰᠤᠯᠴᠠᠭ᠍ᠰᠠᠨ ᠠᠭᠤᠯᠵᠠᠯᠲᠠ ᠪᠠ ᠬᠠᠢᠷ᠎ᠠ ᠬᠠᠯᠠᠮᠵᠢ ᠵᠢᠨ ᠬᠡᠷᠡᠴᠢᠯᠡᠯ ᠪᠤᠯᠵᠠᠢ᠃