ᠵᠢᠵᠢᠭ ᠬᠠᠮ ᠳᠡᠯᠭᠡᠭᠦᠷ ᠵᠡᠮᠳᠡᠭ᠌ᠴᠤᠳ᠎ᠤᠨ ᠠᠵᠢᠯ ᠣᠯᠬᠤ ᠬᠦᠰᠡᠯ᠎ᠢ ᠲᠡᠷᠭᠡᠯᠰᠢᠭᠦᠯᠦᠨ᠎ᠡ
2026-02-20 11:43:51
ᠵᠣᠬᠢᠶᠠᠭ᠍ᠴᠢ᠄
ᠯᠢ ᠼᠦᠨ ᠱᠢᠶᠠ
ᠣᠩᠱᠢᠭ᠍ᠰᠠᠨ ᠣᠳᠠᠭ᠎ᠠ᠄
★★★☆☆

ᠲᠠᠸᠠᠷ᠎ᠢ ᠱᠢᠷᠪᠢᠨ ᠬᠥᠮᠥᠷᠭᠡ᠎ᠳᠦ ᠣᠷᠣᠭᠤᠯᠵᠤ᠂ ᠪᠠᠷᠠᠭᠠᠨ᠎ᠤ ᠲᠠᠯᠪᠢᠭᠤᠷ᠎ᠢ ᠲᠡᠭ᠌ᠰᠢᠯᠡᠨ ᠪᠠᠷᠠᠭ᠎ᠠ ᠪᠡᠨ ᠲᠠᠯᠪᠢᠵᠤ᠂ ᠲᠠᠸᠠᠷ᠎ᠤᠨ ᠦᠨ᠎ᠡ ᠵᠢᠨ ᠲᠡᠮᠳᠡᠭ ᠨᠠᠭᠠᠨ᠎ᠠ ᠁ 2 ᠰᠠᠷ᠎ᠠ᠎ᠶ᠋ᠢᠨ 14 ᠤ᠋ ᠡᠳᠦᠷ᠂ ᠰᠤᠷᠪᠤᠯᠵᠢᠯᠠᠭ᠍ᠴᠢ ᠬᠥᠬᠡᠬᠣᠲᠠ᠎ᠶ᠋ᠢᠨ ᠱᠢᠨ᠎ᠡ ᠬᠤᠳᠠ ᠲᠣᠭᠣᠷᠢᠭ᠎ᠤᠨ ᠰᠢ ᠯᠦᠸᠧ ᠹᠸᠩ ᠵᠡᠭᠡᠯᠢ᠎ᠳᠦ ᠪᠠᠢᠭ᠎ᠠ ᠮᠸᠩ ᠵᠦᠩ ᠢ ᠵᠡᠮᠳᠡᠭ᠌ᠴᠦᠳ᠎ᠢ ᠲᠤᠰᠠᠯᠠᠬᠤ ᠬᠠᠮ ᠳᠡᠯᠭᠡᠭᠦᠷ᠎ᠲᠦ ᠬᠦᠷᠬᠦ᠌᠎ᠳᠦ᠂ ᠳᠡᠯᠭᠡᠭᠦᠷ᠎ᠦᠨ ᠵᠡᠮᠳᠡᠭ᠌ ᠦᠢᠯᠡᠴᠢᠯᠡᠭ᠌ᠴᠢ ᠰᠦᠨ ᠴᠤᠤ ᠶᠠᠭ ᠳᠡᠯᠭᠡᠭᠦᠷ᠎ᠲᠡᠭᠡᠷ᠎ᠡ ᠶᠠᠭᠠᠷᠠᠵᠤ ᠪᠠᠢᠯ᠎ᠠ᠃



ᠮᠸᠩ ᠵᠦᠩ ᠢ ᠵᠡᠮᠳᠡᠭ᠌ᠴᠦᠳ᠎ᠢ ᠲᠤᠰᠠᠯᠠᠬᠤ ᠬᠠᠮ ᠳᠡᠯᠭᠡᠭᠦᠷ ᠪᠤᠯ 2025 ᠣᠨ᠎ᠤ 10 ᠰᠠᠷ᠎ᠠ᠎ᠡᠴᠡ ᠡᠬᠢᠯᠡᠨ ᠲᠤᠷᠱᠢᠨ ᠡᠵᠡᠩᠨᠡᠵᠦ᠍᠂ 2026 ᠣᠨ᠎ᠤ 1 ᠰᠠᠷ᠎ᠠ᠎ᠳᠤ ᠵᠢᠩᠬᠢᠨᠢ ᠪᠡᠷ ᠡᠵᠡᠩᠨᠡᠯᠲᠡ᠎ᠪᠡᠨ ᠡᠬᠢᠯᠡᠭᠦᠯᠦᠭᠰᠡᠨ ᠶᠤᠮ᠂ ᠡᠨᠡ᠎ᠨᠢ ᠡᠷᠬᠢᠨ ᠲᠣᠭᠣᠷᠢᠨ᠎ᠤ ᠰᠠᠭᠤᠭᠠᠯᠢ ᠠᠷᠠᠳ᠎ᠤᠨ ᠪᠠᠷᠠᠭ᠎ᠠ ᠬᠤᠳᠠᠯᠳᠤᠨ ᠠᠪᠬᠤ ᠰᠠᠢᠨ ᠭᠠᠵᠠᠷ ᠪᠤᠯᠤᠭᠰᠠᠨ ᠵᠢᠡᠷ ᠪᠠᠷᠠᠬᠤ ᠥᠬᠡᠶ᠂ ᠨᠠᠩ ᠴᠤ᠌ ᠵᠡᠮᠳᠡᠭ᠌ᠴᠦᠳ᠎ᠦᠨ ᠥᠪᠡᠷ᠎ᠦᠨ ᠥᠷᠲᠡᠭ᠎ᠢᠶᠡᠨ ᠪᠡᠶᠡᠯᠡᠭᠦᠯᠬᠦ᠌ ᠬᠠᠯᠠᠭᠤᠨ ᠳᠤᠯᠠᠭᠠᠨ ᠬᠡᠷ ᠣᠷᠣᠨ ᠪᠣᠯᠤᠭᠰᠠᠨ ᠪᠠᠢᠨ᠎ᠠ᠃

ᠥᠪᠥᠷ ᠮᠣᠩᠭᠣᠯ᠎ᠤᠨ ᠵᠥᠩ ᠢ ᠵᠡᠮᠳᠡᠭ᠌ᠴᠦᠳ᠎ᠦᠨ ᠦᠶ᠋ᠯᠡᠴᠢᠯᠡᠭᠡᠨ᠎ᠦ ᠲᠥᠪ᠎ᠦᠨ ᠡᠷᠬᠢᠯᠡᠭ᠌ᠴᠢ ᠳ᠋ᠧᠦ ᠱᠤᠤ ᠸᠧᠶ᠄ 《ᠦᠶ᠋ᠯᠡᠴᠢᠯᠡᠭᠡᠨ᠎ᠦ ᠲᠥᠪ᠎ᠤᠨ ᠬᠢᠨ ᠰᠢ ᠯᠦᠸᠧ ᠹᠸᠩ ᠵᠡᠭᠡᠯᠢ ᠨᠡᠢᠭᠡᠮ ᠲᠣᠭᠣᠷᠢᠭ᠎ᠲᠠᠶ ᠬᠠᠮᠲᠤᠷᠠᠯᠴᠠᠬᠤ᠎ᠪᠠᠷ ᠳᠠᠮᠵᠢᠨ᠂ ᠵᠡᠮᠳᠡᠭ᠌ᠴᠦᠳ᠎ᠢ ᠲᠤᠰᠠᠯᠠᠬᠤ ᠡᠨᠡ ᠬᠦ᠌ ᠬᠠᠮ ᠳᠡᠯᠭᠡᠭᠦᠷ᠎ᠢ ᠡᠷᠭᠢᠯᠡᠵᠦ᠍᠂ ᠵᠡᠮᠳᠡᠭ᠌ᠴᠦᠳ᠎ᠲᠦ ᠲᠣᠬᠢᠷᠠᠮᠵᠢᠲᠠᠶ ᠠᠵᠢᠯ ᠣᠯᠭᠣᠯᠲᠠ ᠵᠢᠨ ᠠᠵᠢᠯ᠎ᠤᠨ ᠪᠠᠢᠷᠢ ᠬᠠᠩᠭᠠᠵᠤ᠂ ᠪᠣᠳᠠᠲᠤ ᠠᠵᠢᠯᠯᠠᠭ᠎ᠠ ᠪᠠᠷ᠎ᠢᠶᠠᠨ ᠵᠡᠮᠳᠡᠭ᠌ ᠡᠷᠡᠭᠦᠯ ᠬᠠᠮᠲᠤ ᠪᠡᠷ ᠠᠭᠤᠰᠤᠯᠴᠠᠬᠤ ᠬᠥᠭᠥᠷᠭᠡ᠎ᠶ᠋ᠢ ᠴᠣᠭ᠍ᠴᠠᠯᠠᠬᠤ᠎ᠵᠢ ᠵᠤᠷᠢᠭᠰᠠᠨ ᠶᠤᠮ᠃ ᠤᠳᠤ ᠳᠡᠯᠭᠡᠭᠦᠷ᠎ᠲᠦ ᠨᠡᠢᠲᠡ 3 ᠵᠡᠮᠳᠡᠭ᠌ ᠳᠡᠯᠭᠡᠭᠦᠷ᠎ᠦᠨ ᠦᠢᠯᠡᠴᠢᠯᠡᠭ᠌ᠴᠢ ᠪᠠᠢᠵᠤ᠂ ᠬᠠᠮᠲᠤ᠎ᠪᠠᠷ ᠪᠠᠷᠠᠭ᠎ᠠ ᠲᠡᠭ᠌ᠰᠢᠯᠡᠬᠦ᠌᠂ ᠵᠣᠭᠣᠰ ᠬᠤᠷᠢᠶᠠᠬᠤ ᠵᠡᠷᠭᠡ ᠠᠵᠢᠯ᠎ᠢ ᠬᠠᠷᠢᠭᠤᠴᠠᠵᠤ ᠪᠠᠢᠨ᠎ᠠ》 ᠭᠡᠵᠦ ᠲᠠᠨᠢᠯᠴᠠᠭᠤᠯᠪᠠ᠃


QQ截图20260219121114.png


ᠳᠡᠯᠭᠡᠭᠦᠷ᠎ᠦᠨ ᠠᠵᠢᠯᠲᠠᠨ ᠰᠦᠨ ᠴᠤᠤ ᠣᠶᠤᠨ ᠮᠡᠳᠡᠷᠡᠯ᠎ᠦᠨ ᠵᠡᠮᠳᠡᠭ᠎ᠡᠴᠡ ᠪᠣᠯᠵᠣ ᠠᠵᠢᠯ ᠤᠯᠬᠤ᠎ᠳᠤ ᠬᠦᠴᠢᠷᠳᠡᠵᠦ᠂ ᠣᠷᠳᠣ ᠬᠤᠭᠤᠴᠠᠭ᠎ᠠ᠎ᠪᠠᠷ ᠬᠡᠷ᠎ᠲᠡᠬᠡᠨ ᠪᠠᠢᠵᠤ᠂ ᠬᠡᠷ ᠪᠦᠯᠢ᠎ᠶ᠋ᠢᠨ ᠬᠢᠨᠢ ᠠᠵᠤ ᠠᠬᠤᠶ᠎ᠶ᠋ᠢᠨ ᠳᠠᠷᠤᠯᠲᠠ᠎ᠶ᠋ᠢ ᠡᠳᠦᠷ ᠢᠷᠡᠬᠦᠶ᠎ᠡ ᠨᠡᠮᠡᠭ᠌ᠳᠡᠭᠦᠯᠦᠭᠰᠡᠨ᠎ᠢᠶᠡᠷ ᠪᠠᠷᠠᠬᠤ ᠥᠬᠡᠶ᠂ ᠲᠡᠭᠦᠨ᠎ᠤ ᠠᠮᠢᠳᠤᠷᠠᠯ᠎ᠤᠨ ᠲᠤᠬᠠᠢ ᠢᠲᠡᠭᠡᠯ᠎ᠢ ᠴᠸ᠋ ᠢᠳᠡᠭ ᠢᠳᠡᠭ᠎ᠢᠶᠡᠷ ᠪᠠᠭᠤᠷᠠᠭᠤᠯᠤᠭᠰᠠᠨ ᠪᠠᠢᠵᠠᠢ᠃ ᠰᠦᠨ ᠴᠤᠤ᠎ᠶ᠋ᠢᠨ ᠡᠷᠡᠭᠦᠯ ᠮᠡᠨᠲᠤ ᠵᠢᠨ ᠪᠠᠢᠳᠠᠯ ᠨᠢ ᠠᠭᠠᠵᠢᠮ᠎ᠢᠶᠠᠷ ᠲᠣᠭ᠍ᠲᠠᠪᠤᠷᠢᠵᠢᠵᠤ᠂ ᠠᠵᠢᠯ ᠤᠯᠬᠤ ᠬᠦᠰᠡᠯ ᠲᠡᠶ ᠪᠣᠯᠤᠭ᠍ᠰᠠᠨ᠎ᠤ ᠳᠠᠷᠠᠭ᠎ᠠ᠂ ᠲᠡᠷᠡ ᠨᠡᠢᠭᠡᠮ ᠲᠣᠭᠣᠷᠢᠭ᠎ᠤᠨ ᠵᠡᠮᠳᠡᠭ᠌ᠴᠦᠳ᠎ᠦᠨ ᠨᠡᠢᠭᠡᠮᠯᠢᠭ᠎ᠡᠴᠡ ᠬᠠᠪᠰᠤᠷᠤᠯᠭ᠎ᠠ ᠡᠷᠢᠵᠦ᠍᠂ ᠨᠡᠢᠭᠡᠮ ᠲᠣᠭᠣᠷᠢᠭ᠎ᠤᠨ ᠵᠡᠮᠳᠡᠭ᠌ᠴᠦᠳ᠎ᠦᠨ ᠨᠡᠢᠭᠡᠮᠯᠢᠭ᠎ᠡᠴᠡ ᠲᠡᠭᠦᠨ᠎ᠳᠦ ᠠᠵᠢᠯ᠎ᠤᠨ ᠡᠷᠴᠢᠮ ᠨᠢ ᠲᠣᠬᠢᠷᠠᠮᠵᠢᠲᠠᠶ᠂ ᠠᠵᠢᠯᠯᠠᠬᠤ ᠶᠠᠪᠤᠴᠠ ᠨᠢ ᠬᠠᠷᠢᠴᠠᠩᠭᠤᠶ ᠳᠥᠭᠥᠮ ᠳᠥᠲᠡ ᠪᠤᠯᠬᠤ ᠬᠠᠮ ᠳᠡᠯᠭᠡᠭᠦᠷ᠎ᠦᠨ ᠵᠣᠭᠣᠰ ᠬᠤᠷᠢᠶᠠᠭ᠍ᠴᠢ᠎ᠶ᠋ᠢᠨ ᠠᠵᠢᠯ᠎ᠤᠨ ᠪᠠᠢᠷᠢ᠎ᠶ᠋ᠢ ᠲᠣᠬᠢᠷᠠᠭᠤᠯᠵᠤ ᠥᠭ᠌ᠪᠡ᠃

ᠰᠦᠨ ᠴᠤᠤ᠎ᠶ᠋ᠢ ᠠᠵᠢᠯ᠎ᠤᠨ ᠪᠠᠢᠷᠢ᠎ᠳᠤ ᠨᠢ ᠲᠦᠷᠭᠡᠨ ᠵᠣᠬᠢᠴᠠᠭᠤᠯᠬᠤ᠎ᠶ᠋ᠢᠨ ᠲᠥᠯᠥᠭᠡ᠂ ᠬᠠᠮ ᠳᠡᠯᠭᠡᠭᠦᠷ ᠡᠴᠡ ᠲᠡᠭᠦᠨ᠎ᠳᠤ ᠲᠤᠰᠬᠠᠢᠯᠠᠨ ᠠᠵᠢᠯ᠎ᠤᠨ ᠪᠠᠢᠷᠢ᠎ᠳᠤ ᠭᠠᠷᠬᠤ᠎ᠡᠴᠡ ᠡᠮᠦᠨᠡᠬᠢ ᠪᠣᠯᠪᠠᠰᠤᠷᠠᠯ ᠬᠦᠷᠲᠡᠭᠡᠵᠦ᠂ ᠲᠡᠭᠦᠨ᠎ᠦ ᠡᠷᠡᠭᠡᠯᠵᠡᠯ᠎ᠢ ᠠᠷᠢᠯᠭᠠᠪᠠ᠃ ᠣᠬᠣᠷᠬᠠᠨ ᠬᠡᠳᠦᠨ ᠰᠠᠷ᠎ᠠ᠎ᠶ᠋ᠢᠨ ᠳᠣᠲᠣᠷ᠎ᠠ᠂ ᠰᠦᠨ ᠴᠤᠤ  ᠡᠯ᠎ᠡ ᠵᠦᠢᠯ᠎ᠦᠨ ᠠᠵᠢᠯ᠎ᠢᠶᠠᠨ  ᠰᠠᠢᠳᠤᠷ ᠱᠢᠢᠳᠪᠦᠷᠢᠯᠡᠵᠦ ᠲᠡᠢᠯᠬᠦ ᠪᠣᠯᠪᠠ᠃

《ᠬᠠᠮ ᠳᠡᠯᠭᠡᠭᠦᠷ᠎ᠲᠦ ᠠᠵᠢᠯᠯᠠᠬᠤ ᠪᠤᠯᠤᠭᠰᠠᠨ ᠵᠢᠡᠷ ᠲᠣᠭ᠍ᠲᠠᠭᠤᠨ ᠣᠷᠣᠯᠭ᠎ᠠ᠎ᠲᠠᠶ ᠪᠤᠯᠵᠤ᠂ ᠭᠡᠷ᠎ᠦᠨ ᠵᠠᠷᠤᠳᠠᠯ᠎ᠳ᠋ᠠᠭᠠᠨ ᠨᠥᠬᠥᠪᠥᠷᠢᠯᠡᠵᠦ᠍ ᠪᠣᠯᠤᠨ᠎ᠠ᠂ ᠪᠠᠰᠠ ᠬᠠᠮᠲᠤ ᠠᠵᠢᠯᠯᠠᠭ᠍ᠰᠠᠳ᠂ ᠬᠡᠷᠡᠭᠯᠡᠭᠴᠢᠳ᠎ᠲᠠᠶ ᠢᠯᠡᠭᠦᠬᠡᠨ ᠶᠠᠷᠢᠯᠴᠠᠬᠤ ᠪᠤᠯᠵᠤ᠂ ᠠᠮᠢᠳᠤᠷᠠᠯ ᠤᠳᠬ᠎ᠠ ᠠᠭᠤᠯᠭ᠎ᠠ ᠲᠠᠢ ᠪᠤᠯᠵᠤ᠂ ᠰᠡᠳᠭᠢᠯ ᠰᠠᠨᠠᠭ᠎ᠠ ᠴᠦ᠍ ᠰᠠᠢᠵᠢᠷᠠᠭ᠍ᠰᠠᠨ ᠪᠠᠢᠨ᠎ᠠ》 ᠭᠡᠵᠦ ᠰᠦᠨ ᠴᠤᠤ ᠢᠨᠢᠶᠡᠮᠰᠦᠭᠯᠡᠨ ᠬᠡᠯᠡᠪᠡ᠃

ᠳ᠋ᠧᠦ ᠱᠤᠤ ᠸᠧᠶ᠂ ᠡᠵᠡᠩᠨᠡᠯᠲᠡ᠎ᠶ᠋ᠢᠨ ᠥᠪᠡᠷ᠎ᠦᠨ ᠥᠷᠲᠡᠭ ᠪᠠ ᠠᠵᠢᠯᠲᠠᠨ᠎ᠤ ᠴᠠᠯᠢᠩ᠎ᠢ ᠭᠠᠷᠭᠠᠪᠠᠯ᠂ ᠬᠠᠮ ᠳᠡᠯᠭᠡᠭᠦᠷ᠎ᠦᠨ ᠪᠣᠶ ᠪᠥᠬᠥᠶ ᠠᠱᠢᠭ ᠬᠣᠨᠵᠢᠪᠣᠷᠢ᠎ᠶ᠋ᠢ ᠴᠥᠮ ᠵᠡᠮᠳᠡᠭ᠌ᠴᠦᠳ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠰ᠎ᠲᠦ ᠬᠡᠷᠡᠭ᠌ᠯᠡᠵᠦ᠍᠂ ᠨᠠᠩ ᠣᠯᠠᠨ ᠵᠡᠮᠳᠡᠭ᠌ᠴᠦᠳ᠎ᠲᠦ ᠬᠠᠪᠰᠤᠷᠤᠯᠭ᠎ᠠ ᠬᠠᠩᠭᠠᠨ᠎ᠠ ᠭᠡᠵᠦ ᠲᠠᠨᠢᠯᠴᠠᠭᠤᠯᠪᠠ᠃


QQ截图20260219121042.png


ᠬᠡᠯᠡᠯᠴᠡᠬᠦ ᠵᠠᠭᠤᠷ᠎ᠠ᠂ ᠨᠢᠭᠡᠨ ᠬᠡᠷᠡᠭᠯᠡᠭᠴᠢ ᠳᠡᠯᠭᠡᠭᠦᠷ᠎ᠲᠦ ᠣᠷᠣᠵᠤ ᠢᠷᠡᠨ ᠤᠮᠳᠠᠭᠠᠨ ᠰᠣᠩᠭᠣᠨ ᠪᠠᠢᠯ᠎ᠠ᠃ ᠲᠣᠭᠠᠴᠠᠭ᠎ᠠ ᠬᠢᠬᠦ᠌ ᠦᠶ᠎ᠡ᠎ᠳᠦ᠂ ᠡᠨᠡ ᠪᠣᠯ ᠨᠢᠭᠡᠨ ᠵᠡᠮᠳᠡᠭ᠌ᠴᠦᠳ᠎ᠢ ᠲᠤᠰᠠᠯᠠᠬᠤ ᠬᠠᠮ ᠳᠡᠯᠭᠡᠭᠦᠷ ᠪᠣᠯᠤᠨ᠎ᠠ ᠭᠡᠵᠦ ᠰᠦᠨ ᠴᠤᠤ ᠬᠡᠷᠡᠭᠯᠡᠭᠴᠢ ᠳ᠋ᠤ ᠬᠠᠯᠠᠭᠤᠮᠰᠤᠭ᠎ᠢᠶᠠᠷ ᠲᠠᠨᠢᠯᠴᠠᠭᠤᠯᠬᠤ᠎ᠶ᠋ᠢᠨ ᠬᠠᠮᠲᠤ ᠲᠡᠬᠦᠨ᠎ᠢ ᠬᠥᠲᠥᠯᠥᠨ ᠵᠢᠯᠣᠭᠣᠳᠴᠤ᠌ ᠵᠣᠭᠣᠰ ᠬᠤᠷᠢᠶᠠᠬᠤ ᠲᠠᠪᠴᠠᠩ ᠳᠡᠭᠡᠷᠡᠬᠢ ᠳᠠᠷᠤᠪᠴᠢ᠎ᠶ᠋ᠢ ᠳᠠᠷᠤᠭᠤᠯᠪᠠ᠃ ᠵᠣᠴᠢᠨ ᠳᠠᠷᠤᠪᠴᠢ᠎ᠶ᠋ᠢ ᠬᠦᠩᠭᠡᠭᠡᠨ ᠳᠠᠷᠤᠬᠤ ᠳ᠋ᠤ ᠬᠡᠷᠡᠮ ᠳᠡᠭᠡᠷ᠎ᠡ 《ᠲᠠ ᠪᠣᠯ 518 ᠳ᠋ᠤᠭᠠᠷ ᠬᠡᠷᠡᠭ᠌ᠯᠡᠭᠡ ᠪᠡᠷ ᠵᠡᠮᠳᠡᠭ᠌ᠴᠦᠳ᠎ᠢ ᠲᠤᠰᠠᠯᠠᠭᠴᠢ ᠮᠦᠨ》 ᠭᠡᠰᠡᠨ ᠦᠰᠦᠭ ᠢᠯᠡᠷᠡᠪᠡ᠃

《ᠨᠢᠭᠡ ᠤᠳᠠᠭᠠᠨ᠎ᠤ ᠦᠴᠦᠭᠡᠨ ᠬᠡᠷᠡᠭ᠌ᠯᠡᠭ ᠮᠠᠨᠢ ᠵᠡᠮᠳᠡᠭ᠌ᠴᠦᠳ᠎ᠦᠨ ᠦᠢᠯᠡᠰ᠎ᠲᠦ ᠡᠳᠦᠢ ᠲᠡᠳᠦᠢ ᠬᠦᠴᠦᠨ ᠨᠡᠮᠡᠷᠢᠯᠡᠵᠦ ᠲᠡᠢᠯᠦᠨ᠎ᠡ ᠭᠡᠳᠡᠭ᠎ᠢ ᠪᠤᠳᠤᠵᠤ ᠣᠯᠤᠭ᠍ᠰᠠᠨ ᠦᠭᠡᠢ᠂ ᠮᠠᠰᠢ ᠰᠠᠢ᠌ᠬᠠᠨ ᠰᠠᠨᠠᠭ᠍ᠳᠠᠵᠤ ᠪᠠᠢᠨ᠎ᠠ᠃ ᠡᠨᠡ ᠬᠠᠮ ᠳᠡᠯᠭᠡᠭᠦᠷ᠎ᠦᠨ ᠰᠤᠯᠠ ᠢᠳᠡᠭᠡᠨ᠂ ᠵᠢᠮᠢᠰ ᠨᠣᠭᠣᠭ᠎ᠠ ᠪᠣᠯᠤᠨ ᠡᠳᠦᠷ ᠲᠤᠲᠤᠮ᠎ᠤᠨ ᠬᠡᠷᠡᠭ᠌ᠰᠡᠯ ᠪᠦᠷᠢᠨ ᠪᠠᠢᠨ᠎ᠠ᠂ ᠡᠨᠳᠡ ᠢᠷᠡᠵᠦ᠍ ᠶᠠᠭᠤᠮ᠎ᠠ ᠬᠤᠳᠠᠯᠳᠤᠨ ᠠᠪᠬᠤ᠎ᠳᠤ ᠮᠠᠰᠢ ᠳᠥᠭᠥᠮ ᠶᠤᠮ᠂ ᠪᠢ ᠦᠷᠭᠦᠯᠵᠢ ᠢᠷᠡᠬᠦ ᠪᠤᠯᠤᠨ᠎ᠠ》 ᠭᠡᠵᠦ᠍ ᠬᠡᠷᠡᠭᠯᠡᠭᠴᠢ ᠶᠤᠸᠠᠨ ᠠᠪᠤᠭᠠᠶ ᠬᠡᠯᠡᠵᠡᠶ᠃

ᠡᠩ ᠶᠢᠷᠳᠢᠨᠴᠦ ᠵᠢᠨ ᠬᠠᠯᠠᠭᠤᠨ ᠲᠤᠯᠠᠭᠠᠨ᠂ ᠵᠡᠮᠳᠡᠭ᠌ᠴᠦᠳ᠎ᠤᠨ ᠰᠡᠳᠭᠢᠯ᠎ᠢ ᠳᠤᠯᠠᠭᠠᠴᠠᠭᠤᠯᠤᠨ᠎ᠠ᠃ ᠵᠢᠵᠢᠭ᠌ᠬᠡᠨ ᠨᠢᠭᠡᠨ ᠲᠠᠰᠤᠯᠭ᠎ᠠ ᠬᠠᠮ ᠳᠡᠯᠭᠡᠭᠦᠷ ᠨᠢ ᠵᠡᠮᠳᠡᠭ᠌ᠴᠦᠳ᠎ᠦᠨ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠠᠴᠢᠶᠠᠯᠠᠵᠤ᠂ ᠨᠡᠩ ᠴᠤ᠌ ᠵᠡᠮᠳᠡᠭ᠌ᠴᠦᠳ᠎ᠢ ᠲᠤᠰᠠᠯᠠᠬᠤ ᠵᠠᠮ ᠳᠡᠭᠡᠷᠡᠬᠢ ᠬᠠᠯᠠᠭᠤᠨ ᠳᠤᠯᠠᠭᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠵᠦ᠍ ᠪᠠᠢᠨ᠎ᠠ᠃

《ᠣᠳᠣᠬᠠᠨ᠎ᠳᠤ ᠪᠢᠳᠡ ᠶᠠᠭ ᠨᠠᠩ ᠣᠯᠠᠨ ᠨᠡᠢᠭᠡᠮ ᠲᠣᠭᠣᠷᠢᠭ᠎ᠯᠤᠭ᠎ᠠ ᠵᠣᠯᠭᠠᠭᠤᠯᠵᠤ ᠪᠠᠢᠨ᠎ᠠ᠂ ᠵᠡᠮᠳᠡᠭ᠌ ᠬᠦᠮᠦᠰ ᠡᠵᠡᠩᠨᠡᠭᠰᠡᠨ᠂ ᠵᠡᠮᠳᠡᠭ᠌ ᠬᠦᠮᠦᠰ᠎ᠤᠨ ᠣᠷᠣᠯᠭ᠎ᠠ ᠵᠢ ᠨᠡᠮᠡᠭᠳᠡᠭᠦᠯᠵᠦ ᠴᠢᠳᠠᠬᠤ ᠨᠠᠩ ᠣᠯᠠᠨ ᠦᠷᠭᠦᠯᠵᠢᠯᠡᠬᠦ᠌ ᠴᠢᠨᠠᠷᠲᠠᠶ ᠨᠡᠢᠲᠡ᠎ᠶ᠋ᠢᠨ ᠠᠰᠠᠷᠠᠮᠵᠢ᠎ᠶ᠋ᠢᠨ ᠳᠡᠯᠭᠡᠭᠦᠷ᠎ᠢ ᠬᠠᠮᠲᠤᠷᠠᠯᠴᠠᠨ ᠪᠠᠢᠭᠤᠯᠵᠤ᠂ ᠵᠡᠮᠳᠡᠭ᠌ ᠬᠦᠮᠦᠰ᠎ᠲᠦ ᠳᠣᠭᠢᠷᠠᠬᠤ ᠨᠠᠩ ᠣᠯᠠᠨ ᠠᠵᠢᠯ᠎ᠤᠨ ᠪᠠᠢᠷᠢ᠎ᠶ᠋ᠢ ᠡᠭᠦᠳᠴᠦ᠍᠂ ᠠᠵᠢᠯ ᠣᠯᠭᠣᠵᠤ ᠣᠷᠣᠯᠭ᠎ᠠ᠎ᠶ᠋ᠢ᠎ᠨᠢ ᠨᠡᠮᠡᠭ᠌ᠳᠡᠭᠦᠯᠵᠦ᠍᠂ ᠵᠡᠮᠳᠡᠭ᠌ᠴᠦᠳ᠎ᠢ ᠲᠡᠳᠬᠦᠨ ᠲᠤᠰᠠᠯᠠᠬᠤ ᠢᠳᠡᠪᠬᠢ ᠬᠦᠴᠦᠨ᠎ᠢ ᠳᠠᠮᠵᠢᠭᠤᠯᠬᠤ᠎ᠶ᠋ᠢ ᠬᠦᠰᠡᠵᠦ᠍ ᠪᠠᠢᠨ᠎ᠠ》 ᠭᠡᠵᠦ᠍ ᠳ᠋ᠧᠦ ᠱᠤᠤ ᠸᠧᠢ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号