ᠮᠦᠽᠧᠢ ᠳ᠋ᠦ ᠳᠡᠯᠭᠡᠭᠳᠡᠭᠰᠡᠨ ᠮᠣᠷᠢᠨ ᠵᠢᠯ᠎ᠤᠨ ᠴᠠᠭᠠᠨ ᠰᠠᠷ᠎ᠠ
2026-02-20 11:23:10
ᠵᠣᠬᠢᠶᠠᠭ᠍ᠴᠢ᠄
ᠠᠨ᠎ᠶᠶ᠋ᠨ ᠳ᠋ᠦᠩ
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 17 ᠤ᠋ ᠡᠳᠦᠷ᠂ ᠬᠥᠬᠡᠡᠡᠣᠲᠠ ᠳ᠋ᠤ ᠬᠦᠢᠳᠡᠨ᠎ᠤ ᠡᠷᠴᠢ ᠳᠠᠰᠤᠷᠠᠭ᠎ᠠ ᠦᠭᠡᠢ ᠪᠠᠢᠬᠰᠠᠨ ᠴᠦ᠍ ᠬᠥᠬᠡᠡᠡᠣᠲᠠ᠎ᠶᠢᠨ ᠮᠦᠽᠧᠢ᠎ᠳᠦ ᠬᠠᠯᠠᠭᠤᠨ ᠳᠤᠯᠠᠭᠠᠨ ᠠᠭᠤᠷ ᠠᠮᠢᠰᠬᠤᠯ᠎ᠵᠢᠡᠷ ᠪᠢᠯᠬᠠᠨ᠎ᠠ᠃ ᠡᠨᠡ ᠬᠦ᠌ ᠴᠠᠭᠠᠨ ᠰᠠᠷ᠎ᠠ᠎ᠳᠤ ᠬᠥᠬᠡᠡᠡᠣᠲᠠ᠎ᠶᠢᠨ ᠮᠦᠽᠧᠢ᠎ᠶᠢᠨ ᠬᠢᠨ 《ᠬᠠᠪᠤᠷ᠎ᠤᠨ ᠰᠠᠯᠬᠢᠨ᠎ᠤ ᠠᠶᠠᠰ᠎ᠵᠢᠡᠷ ᠬᠦᠯᠦᠭ ᠮᠣᠷᠢ ᠳᠤᠪᠲᠤᠯᠤᠨ ᠳᠠᠪᠬᠢᠨ᠎ᠡ — ᠠᠳᠤᠭᠤᠨ ᠰᠣᠶᠣᠯ᠎ᠤᠨ ᠣᠨᠴᠠᠭᠠᠢ ᠦᠵᠡᠭᠦᠯᠭᠡ》 ᠭᠠᠷᠭᠠᠵᠤ᠂ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠤ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠬᠠᠯᠠᠮᠰᠢᠯ ᠭᠠᠵᠠᠷ ᠪᠣᠯᠵᠠᠢ᠃

ᠱᠠᠨᠳᠦ᠋ᠩ᠎ᠨᠤᠲᠤᠭ ᠲᠠᠢ ᠯᠢ ᠷᠦ ᠬᠤᠸᠠ ᠠᠪᠤᠭᠠᠢ ᠡᠬᠡᠨᠡᠷ ᠰᠦᠨ ᠹᠠ ᠮᠧᠢ ᠲᠠᠢ ᠪᠠᠨ ᠬᠥᠬᠡᠡᠡᠣᠲᠠ᠎ᠳᠤ ᠢᠷᠡᠵᠥ ᠬᠦᠦ᠎ᠲᠠᠢ᠎ᠪᠡᠨ ᠬᠠᠮᠲᠤ ᠰᠢᠨᠡᠯᠡᠪᠡ᠂ ᠬᠣᠶᠠᠷ ᠨᠠᠰᠤᠲᠠᠨ ᠥᠪᠥᠷ ᠮᠣᠩᠭᠣᠯ ᠳ᠋ᠡᠬᠢ ᠵᠢᠭᠤᠯᠴᠢᠯᠠᠯ᠎ᠤᠨ ᠠᠩᠬᠠᠨ᠎ᠤ ᠦᠷᠳᠡᠭᠡ ᠪᠠᠨ ᠬᠥᠬᠡᠡᠡᠣᠲᠠ᠎ᠶᠢᠨ ᠮᠦᠽᠧᠢ ᠵᠢ ᠰᠣᠩᠭᠣᠪᠠ᠃ 《ᠥᠪᠥᠷ ᠮᠣᠩᠭᠣᠯ᠎ᠤᠨ ᠠᠳᠤᠭᠤᠨ ᠰᠣᠶᠣᠯ᠎ᠦᠨᠢ ᠤᠳᠠᠭᠠᠨ ᠲᠡᠤᠬᠡ ᠲᠠᠢ ᠭᠡᠵᠤ ᠠᠯᠢ ᠬᠡᠳᠦᠢᠨ ᠰᠤᠨᠤᠰᠴᠤ ᠦᠨᠭᠭᠡᠷᠡᠵᠡᠢ᠂ ᠡᠨᠡ ᠵᠢᠯ ᠪᠠᠰᠠ ᠮᠣᠷᠢᠨ ᠵᠢᠯ ᠪᠤᠯᠬᠤᠷ ᠶᠠᠭᠠᠬᠢᠭᠰᠠᠨ ᠴᠦ᠍ ᠡᠨᠳᠡ ᠢᠷᠡᠵᠦ ᠦᠵᠡᠬᠦ᠎ᠬᠡᠷᠡᠭᠲᠡᠢ ᠪᠤᠯᠪᠠ》᠃ ᠯᠢ ᠷᠦ ᠬᠤᠸᠠ ᠬᠠᠨ ᠤᠯᠤᠰ᠎ᠤᠨ ᠦᠶ᠎ᠡ᠎ᠶᠢᠨ ᠪᠤᠳᠤᠭᠲᠤ ᠵᠢᠷᠤᠭ᠎ᠲᠠᠢ ᠱᠠᠭᠠᠵᠠᠨᠭ᠌ ᠮᠣᠷᠢᠨ᠎ᠤ ᠡᠮᠦᠨ᠎ᠡ ᠵᠣᠭᠰᠣᠵᠤ᠂ ᠭᠠᠷ ᠤᠲᠠᠰᠤ ᠪᠡᠷ᠎ᠵᠢᠡᠨ ᠱᠠᠭᠠᠵᠠᠨᠭ᠌ ᠮᠣᠷᠢᠨ᠎ᠤ ᠤᠮᠤᠭᠯᠠᠨᠭ᠌ ᠲᠦᠷᠬᠦ ᠪᠡᠷ ᠦᠦᠷᠰᠡᠵᠦ ᠪᠠᠢᠬᠤ ᠪᠠᠢᠳᠠᠯ᠎ᠢ ᠰᠡᠭᠦᠳᠡᠷᠯᠡᠵᠦ᠂ ᠶᠠᠭ ᠯᠠ ᠮᠢᠩᠭᠠᠨ ᠵᠢᠯ᠎ᠦᠨ ᠡᠮᠦᠨᠡᠬᠢ ᠤᠷᠠᠨ ᠳᠠᠷᠬᠠᠳ᠎ᠲᠠᠢ ᠶᠠᠷᠢᠯᠴᠠᠵᠤ ᠪᠠᠢᠬᠤ ᠰᠢᠭ᠋ ᠰᠠᠨᠠᠬᠳᠠᠵᠠᠢ᠃

ᠦᠵᠡᠭᠦᠯᠭᠡ᠎ᠶᠢᠨ ᠲᠢᠩᠬᠢᠮ᠎ᠳᠦ᠂ ᠪᠦᠬᠦ ᠣᠷᠣᠨ᠎ᠤ ᠶᠢᠰᠦᠨ ᠲᠡᠤᠬᠡᠨ ᠳᠤᠷᠠᠰᠬᠠᠯᠲᠤ ᠵᠦᠢᠯᠡᠰ ᠪᠤᠯᠤᠨ ᠮᠦᠽᠧᠢ᠎ᠵᠢᠨ ᠪᠠᠢᠭᠤᠯᠤᠮᠵᠢ᠎ᠶᠢᠨ 145 ᠬᠣᠪᠣᠷ ᠨᠠᠨᠳᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠢ ᠡᠮᠬᠢ ᠳᠢᠭ᠌ᠯᠢᠮ᠎ᠲᠠᠢ ᠳᠡᠯᠭᠡᠨ ᠦᠵᠡᠭᠦᠯᠪᠡ᠃ ᠴᠦᠨ ᠴᠢᠦ᠎ᠶᠢᠨ ᠦᠶ᠎ᠡ᠎ᠶᠢᠨ ᠬᠦᠷᠡᠯ ᠮᠤᠷᠢᠨ᠎ᠤ ᠵᠠᠰᠠᠯ᠎ᠤᠨ ᠡᠳ᠋᠂ ᠬᠠᠨ ᠤᠯᠤᠰ᠎ᠤᠨ ᠦᠶ᠎ᠡ᠎ᠵᠢᠨ ᠮᠣᠷᠢᠨ ᠬᠡᠯᠪᠡᠷᠢ᠎ᠲᠠᠢ ᠵᠡᠰ ᠴᠢᠮᠡᠭᠯᠡᠯ᠎ᠦᠨ ᠡᠳ᠋᠂ ᠲᠠᠩ ᠤᠯᠤᠰ᠎ᠤᠨ ᠦᠶ᠎ᠡ᠎ᠶᠢᠨ ᠭᠠᠤᠯᠢᠨ ᠳᠥᠷᠥᠭᠡ᠂ ᠯᠢᠶᠣᠤ ᠤᠯᠤᠰ᠎ᠤᠨ ᠦᠶ᠎ᠡ᠎ᠶᠢᠨ ᠠᠯᠲᠠ᠎ᠪᠠᠷ ᠥᠩᠭᠡᠯᠡᠭᠰᠡᠨ ᠰᠡᠢᠯᠦᠮᠡᠯ ᠡᠪᠡᠰᠦᠨ ᠬᠡ᠎ᠲᠠᠢ ᠵᠡᠰ ᠮᠣᠷᠢᠨ ᠬᠡᠷᠡᠭᠰᠡᠯ᠂ ᠶᠤᠸᠠᠨ ᠤᠯᠤᠰ᠎ᠤᠨ ᠦᠶ᠎ᠡ᠎ᠶᠢᠨ ᠯᠣᠣ᠎ᠶᠢᠨ ᠬᠡ᠎ᠲᠠᠢ ᠠᠯᠲᠠ᠎ᠪᠠᠷ ᠥᠩᠭᠡᠯᠡᠭᠰᠡᠨ ᠲᠡᠮᠦᠷ ᠮᠣᠷᠢᠨ ᠡᠮᠡᠭᠡᠯ᠂ ᠴᠢᠩ ᠤᠯᠤᠰ᠎ᠤᠨ ᠦᠶ᠎ᠡ᠎ᠶᠢᠨ 《ᠮᠣᠷᠢᠨ ᠳᠡᠭᠡᠷ᠎ᠡ ᠾᠧᠦ ᠡᠷᠭᠦᠮᠵᠢᠯᠡᠭᠰᠡᠨ》 ᠬᠠᠰ ᠰᠡᠢᠯᠦᠮᠡᠯ ᠵᠡᠷᠭᠡ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠰᠣᠳᠣᠨ ᠪᠦᠲᠦᠭᠡᠯ᠎ᠦᠳ ᠨᠢ 《ᠲᠡᠭᠷᠢ᠎ᠡᠴᠡ ᠰᠣᠶᠣᠷᠬᠠᠭᠰᠠᠨ ᠰᠠᠢᠨ ᠤᠨᠠᠭ᠎ᠠ》᠂ 《ᠮᠤᠷᠢ ᠤᠨᠤᠬᠤ ᠡᠷᠳᠡᠮ》᠂ 《ᠠᠵᠢᠨᠠᠢ ᠬᠦᠯᠦᠭ ᠲᠠᠢ ᠬᠠᠮᠲᠤ ᠠᠶᠠᠯᠠᠬᠤ》᠂ 《ᠮᠢᠩᠭᠠᠨ ᠵᠢᠯ᠎ᠦᠨ ᠠᠭᠲᠠ᠎ᠬᠦᠯᠦᠭ᠎ᠤᠨ ᠰᠡᠭᠦᠳᠡᠷ》 ᠵᠡᠷᠭᠡ 4 ᠨᠢᠭᠡᠴᠢ᠎ᠳᠦ ᠲᠠᠷᠬᠠᠵᠤ ᠪᠠᠢᠪᠠ᠃ ᠭᠣᠢᠳᠠ ᠰᠠᠢᠬᠠᠨ ᠲᠡᠦᠬᠡ᠎ᠶᠢᠨ ᠳᠤᠷᠠᠰᠬᠠᠯᠲᠤ ᠵᠦᠢᠯᠡᠰ ᠨᠢᠭᠡ ᠪᠦᠷᠢ ᠨᠢ ᠮᠣᠷᠢ ᠪᠣᠯᠣᠨ ᠳᠤᠮᠳᠠᠳᠤ᠎ᠶᠢᠨ ᠪᠣᠯᠪᠠᠰᠤᠨ ᠬᠠᠮᠲᠤ᠎ᠪᠠᠷ ᠣᠷᠣᠰᠢᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭᠰᠠᠨ ᠥᠨᠢ ᠤᠳᠠᠭᠠᠨ ᠲᠡᠦᠬᠡ᠎ᠶᠢ ᠠᠮᠢᠳᠤᠯᠢᠭ᠋᠎ᠢᠶᠠᠷ ᠲᠣᠭᠠᠴᠢᠵᠤ᠂ ᠳᠤᠮᠳᠠᠳᠤ᠎ᠶᠢᠨ ᠰᠣᠶᠣᠯ᠎ᠤᠨ ᠥᠷᠭᠡᠨ ᠳᠡᠯᠭᠡᠷ ᠭᠦᠨ ᠭᠦᠨᠵᠡᠭᠡᠢ ᠪᠠ ᠤᠯᠠᠨ ᠡᠰᠢᠲᠦ ᠨᠢᠭᠡ ᠴᠣᠭᠴᠠᠵᠢᠯᠲᠠ᠎ᠶᠢ ᠢᠯᠡᠷᠡᠭᠦᠯᠪᠡ᠃

《ᠴᠠᠭᠠᠨ ᠰᠠᠷ᠎ᠠ ᠵᠥᠪᠬᠡᠨ ᠵᠡᠭᠡᠯᠢ ᠲᠣᠭᠣᠷᠢᠵᠤ ᠶᠠᠭᠤᠮ᠎ᠠ ᠬᠤᠳᠠᠯᠳᠤᠨ ᠠᠪᠬᠤ᠂ ᠰᠠᠳᠤᠨ ᠲᠥᠷᠥᠯ ᠨᠠᠢᠵᠠ ᠨᠥᠬᠥᠳ᠎ᠢᠶᠡᠨ ᠡᠷᠭᠢᠵᠦ ᠦᠵᠡᠭᠡᠳ ᠯᠡ ᠪᠣᠯᠬᠤ ᠦᠭᠡᠢ᠂ ᠪᠠᠰᠠ ᠰᠣᠶᠣᠯ᠎ᠤᠨ 〈ᠴᠠᠭᠠᠨ ᠰᠠᠷ᠎ᠠ᠎ᠶᠢᠨ ᠦᠨᠦᠷ ᠠᠮᠲᠠ〉 ᠵᠢ ᠠᠮᠲᠠᠯᠠᠬᠤ ᠬᠡᠷᠡᠭᠲᠡᠢ》᠃ ᠬᠤᠶᠠᠷ ᠨᠠᠰᠤᠲᠠᠨ᠎ᠤ ᠦᠭᠡ ᠶᠠᠷᠢᠶ᠎ᠠ ᠨᠢ ᠪᠣᠷᠣᠭᠵᠢᠭᠤᠨ ᠪᠥᠭᠡᠳ ᠦᠨᠡᠨ ᠪᠣᠳᠠᠲᠠᠢ ᠪᠠᠢᠯ᠎ᠠ᠃ ᠲᠠᠳᠠ ᠬᠥᠬᠡᠡᠡᠣᠲᠠ᠎ᠶᠢᠨ ᠮᠦᠽᠧᠢ᠎ᠶᠢᠨ ᠳᠠᠷᠤᠮᠠᠯ ᠬᠡᠪᠯᠡᠯ᠂ ᠴᠠᠭᠠᠨ ᠰᠠᠷ᠎ᠠ᠎ᠳᠠᠭᠠᠨ ᠳᠠᠭᠠᠳᠬᠠᠨ ᠵᠠᠯᠪᠠᠷᠢᠬᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ ᠵᠡᠷᠭᠡ ᠰᠢᠷᠢᠰ ᠠᠵᠢᠯᠯᠠᠭ᠎ᠠ᠎ᠶᠢ ᠶᠡᠬᠡ ᠪᠡᠷ ᠮᠠᠭᠲᠠᠨ ᠰᠠᠢᠰᠢᠶᠠᠵᠤ᠂ ᠮᠣᠷᠢᠨ ᠬᠡᠯᠪᠡᠷᠢᠲᠠᠢ ᠴᠠᠭᠠᠰᠤᠨ ᠬᠠᠢᠴᠢᠯᠠᠮᠠᠯ᠎ᠢ ᠥᠪᠡᠷ᠎ᠢᠶᠠᠨ ᠵᠤᠬᠢᠶᠠᠵᠤ᠂ 《ᠬᠥᠬᠡᠡᠡᠣᠲᠠ᠎ᠶᠢᠨ ᠢᠮ ᠲᠡᠮᠳᠡᠭ》 ᠢ᠋ ᠳᠠᠷᠤᠮᠠᠯᠯᠠᠨ ᠦᠯᠡᠳᠡᠭᠡᠪᠡ᠂ ᠤᠯᠠᠮᠵᠢᠯᠠᠯᠲᠤ ᠴᠠᠭᠠᠨ ᠰᠠᠷ᠎ᠠ᠎ᠶᠢᠨ ᠵᠠᠩ ᠳᠠᠳᠬᠠᠯ ᠪᠣᠯᠣᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠮᠡᠷᠭᠡᠰᠢᠯ᠎ᠢ ᠤᠷᠠᠨ᠎ᠢᠶᠠᠷ ᠠᠭᠤᠰᠤᠯᠴᠠᠭᠤᠯᠤᠭᠰᠠᠨ ᠨᠢ ᠴᠠᠭᠠᠨ ᠰᠠᠷ᠎ᠠ᠎ᠶᠢᠨ ᠠᠭᠤᠷ ᠠᠮᠢᠰᠬᠤᠯ᠎ᠵᠢᠡᠷ ᠪᠢᠯᠬᠠᠮ᠎ᠠ ᠪᠤᠯᠤᠭᠰᠠᠨ᠎ᠵᠢᠡᠷ ᠪᠠᠷᠠᠬᠤ ᠦᠭᠡᠢ ᠪᠠᠰᠠ ᠣᠯᠠᠨ᠎ᠳᠤ ᠲᠡᠦᠬᠡ ᠰᠣᠶᠣᠯ᠎ᠤᠨ ᠷᠢᠳᠢ ᠰᠢᠳᠢ᠎ᠶᠢ ᠭᠦᠨᠵᠡᠭᠡᠢ ᠮᠡᠳᠡᠷᠡᠭᠦᠯᠪᠡ᠃ ᠬᠣᠶᠠᠷ ᠨᠠᠰᠤᠲᠠᠨ᠂ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠳᠤ ᠬᠥᠬᠡᠡᠡᠣᠲᠠ᠎ᠶᠢᠨ ᠬᠡᠳᠦᠨ ᠲᠣᠮᠣ᠌ ᠮᠦᠽᠧᠢ᠎ᠪᠡᠷ ᠴᠥᠮ ᠶᠠᠪᠤᠵᠤ ᠦᠵᠡᠨ᠎ᠡ ᠭᠡᠵᠦ ᠢᠯᠡᠳᠭᠡᠪᠡ᠃

《ᠦᠵᠡᠭᠴᠢᠳ ᠭᠠᠷ ᠬᠥᠳᠡᠯᠬᠦ᠂ ᠲᠠᠷᠢᠬᠢ ᠬᠥᠳᠡᠯᠬᠦ᠂ ᠰᠡᠳᠬᠢᠯ ᠬᠥᠳᠡᠯᠬᠦ ᠳᠤᠮᠳᠠ ᠪᠠᠨ ᠮᠡᠳᠡᠯᠭᠡ᠎ᠲᠠᠢ᠂ ᠰᠣᠨᠢᠷᠬᠠᠯᠲᠠᠢ᠂ ᠬᠠᠢᠷ᠎ᠠ ᠰᠡᠳᠬᠢᠯᠭᠡ᠎ᠲᠠᠢ ᠰᠣᠶᠣᠯ᠎ᠤᠨ ᠣᠨ᠎ᠢ ᠥᠩᠭᠡᠷᠡᠭᠦᠯᠬᠦ᠎ᠶᠢ ᠪᠢᠳᠡ ᠬᠦᠰᠡᠵᠦ ᠪᠠᠢᠨ᠎ᠠ》᠃ ᠬᠥᠬᠡᠡᠡᠣᠲᠠ᠎ᠶᠢᠨ ᠮᠦᠽᠧᠢ᠎ᠶᠢᠨ ᠨᠡᠢᠭᠡᠮ᠎ᠦᠨ ᠰᠤᠷᠭᠠᠨ ᠬᠥᠮᠦᠵᠢᠯ᠎ᠦᠨ ᠬᠡᠯᠲᠡᠰ᠎ᠦᠨ ᠡᠷᠬᠢᠯᠡᠭᠴᠢ ᠵᠣᠣ ᠹᠠᠩ᠂ ᠡᠨᠡ ᠵᠢᠯ᠎ᠦᠨ ᠴᠠᠭᠠᠨ ᠰᠠᠷ᠎ᠠ᠎ᠳᠤ᠂ ᠬᠥᠬᠡᠡᠡᠣᠲᠠ᠎ᠶᠢᠨ ᠮᠦᠽᠧᠢ ᠨᠢ 《ᠬᠥᠬᠡᠡᠡᠤᠲᠠ ᠡᠢᠨᠬᠦ HOT•ᠮᠤᠷᠢᠨ ᠵᠢᠯ᠎ᠤᠨ ᠮᠦᠽᠧᠢ᠎ᠶᠢᠨ ᠦᠵᠡᠭᠦᠯᠭᠡ》 ᠪᠠᠷ ᠭᠣᠣᠯ ᠰᠡᠳᠦᠪ ᠪᠣᠯᠭᠠᠵᠤ᠂ ᠪᠥᠬᠥ ᠬᠣᠲᠠ᠎ᠶᠢᠨ ᠵᠢᠷᠭᠤᠭᠠᠨ ᠶᠡᠬᠡ ᠭᠠᠵᠠᠷ ᠨᠤᠲᠤᠭ᠎ᠤᠨ ᠲᠡᠮᠳᠡᠭᠲᠦ ᠲᠡᠤᠬᠡ᠎ᠵᠢᠨ ᠳᠤᠷᠠᠰᠬᠠᠯᠲᠤ ᠵᠦᠢᠯᠡᠰ᠎ᠤᠨ ᠭᠠᠵᠠᠷ ᠪᠤᠯᠤᠨ ᠮᠦᠽᠧᠢ᠎ᠲᠠᠢ ᠬᠣᠯᠪᠤᠭᠠᠯᠠᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ᠂ ᠤᠷᠠᠯᠢᠭ᠋᠎ᠤᠨ ᠲᠣᠨᠣᠭ ᠲᠥᠬᠦᠭᠡᠷᠦᠮᠵᠢ᠂ ᠬᠣᠲᠠ᠎ᠶᠢᠨ ᠵᠢᠭᠤᠯᠴᠢᠯᠠᠯ ᠵᠡᠷᠭᠡ ᠠᠭᠤᠯᠭ᠎ᠠ᠎ᠶᠢ ᠣᠷᠭᠠᠨᠢᠭ᠋᠎ᠢᠶᠠᠷ ᠠᠭᠤᠰᠤᠯᠴᠠᠭᠤᠯᠵᠤ᠂ ᠬᠥᠮᠥᠰ᠎ᠲᠦ ᠭᠠᠷ ᠬᠥᠳᠡᠯᠵᠦ ᠤᠷᠤᠯᠴᠠᠬᠤ ᠳᠤᠮᠳᠠ ᠲᠡᠦᠬᠡ᠎ᠶᠢᠨ ᠬᠠᠯᠠᠭᠤᠨ ᠳᠤᠯᠠᠭᠠᠨ᠎ᠢ ᠮᠡᠳᠡᠷᠡᠭᠦᠯᠪᠡ ᠭᠡᠵᠦ ᠲᠠᠨᠢᠯᠴᠠᠭᠤᠯᠵᠠᠢ᠃

ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ᠎ᠤᠨ ᠪᠦᠲᠦᠭᠡᠭᠳᠡᠬᠦᠨ᠎ᠡᠴᠡ ᠭᠤᠢᠲᠠ ᠰᠠᠢᠬᠠᠨ ᠲᠣᠭᠯᠠᠯᠲᠠ ᠬᠦᠷᠲᠡᠯ᠎ᠡ᠂ ᠲᠡᠦᠬᠡ᠎ᠶᠢᠨ ᠳᠤᠷᠠᠰᠬᠠᠯᠲᠤ ᠵᠦᠢᠯᠡᠰ᠎ᠢ ᠰᠤᠳᠤᠯᠤᠨ ᠰᠤᠷᠤᠯᠴᠠᠬᠤ᠎ᠡᠴᠡ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠠᠵᠢᠭ᠍ᠯᠠᠯᠲᠠ ᠬᠦᠷᠲᠡᠯ᠎ᠡ᠂ ᠬᠥᠬᠡᠡᠡᠣᠲᠠ᠎ᠶᠢᠨ ᠮᠦᠽᠧᠢ ᠨᠢ ᠶᠡᠷᠦᠩᠬᠡᠢ ᠬᠤᠪᠢᠶᠠᠷᠢ ᠣᠷᠳᠣᠨ᠎ᠤ ᠬᠣᠯᠪᠤᠭᠠᠯᠠᠨ ᠬᠥᠳᠡᠯᠦᠯᠴᠡᠬᠦ ᠵᠠᠭᠪᠤᠷ᠎ᠢᠶᠠᠷ ᠮᠦᠽᠧᠢ᠎ᠳᠦ ᠬᠠᠳᠠᠭᠠᠯᠠᠭᠳᠠᠵᠤ ᠪᠠᠢᠭ᠎ᠠ ᠲᠡᠦᠬᠡ᠎ᠶᠢᠨ ᠳᠤᠷᠠᠰᠬᠠᠯᠲᠤ ᠵᠦᠢᠯᠡᠰ᠂ ᠡᠷᠲᠡᠨ᠎ᠦ ᠨᠣᠮ ᠰᠤᠳᠤᠷ᠎ᠲᠤ ᠪᠢᠴᠢᠭᠳᠡᠭᠰᠡᠨ ᠦᠰᠦᠭ ᠪᠢᠴᠢᠭ᠂ ᠤᠷ᠎ᠠ ᠮᠡᠷᠭᠡᠰᠢᠯ᠎ᠵᠢᠡᠷ ᠤᠯᠠᠮᠵᠢᠯᠠᠭᠳᠠᠭᠰᠠᠨ ᠤᠷᠠᠨ ᠰᠠᠨᠠᠭ᠎ᠠ ᠵᠢ ᠦᠨᠡᠨ ᠬᠦ᠌ ᠠᠮᠢᠳᠤᠯᠢᠭᠵᠢᠭᠤᠯᠵᠤ᠂ ᠨᠡᠷ᠎ᠡ ᠠᠯᠲᠠᠷᠰᠢᠭᠤᠯᠵᠤ᠂ ᠤᠯᠠᠨ ᠲᠦᠮᠡᠨ᠎ᠳᠦ ᠡᠯᠪᠡᠭ ᠪᠠᠶᠠᠯᠢᠭ᠋ ᠰᠢᠨ᠎ᠡ ᠵᠢᠯ᠎ᠦᠨ ᠰᠣᠶᠣᠯ᠎ᠤᠨ ᠠᠮᠲᠠᠲᠤ ᠬᠣᠭᠣᠯᠠ ᠬᠦᠷᠭᠡᠭᠰᠡᠨ ᠪᠠᠢᠨ᠎ᠠ᠃

ᠲᠣᠭᠣᠷᠢᠨ ᠦᠵᠡᠵᠦ ᠪᠠᠷᠠᠬᠤ ᠦᠶ᠎ᠡ ᠳ᠋ᠡᠭᠡᠨ᠂ ᠯᠢ ᠷᠦ ᠬᠤᠸᠠ ᠡᠬᠡᠨᠡᠷ ᠲᠠᠢ ᠪᠠᠨ ᠦᠵᠡᠬᠦᠯᠭᠡ᠎ᠵᠢᠨ ᠲᠡᠭᠦᠰᠬᠡᠯ᠎ᠦᠨ ᠦᠭᠡ᠎ᠶᠢᠨ ᠰᠠᠮᠪᠠᠷ᠎ᠠ᠎ᠵᠢᠨ ᠡᠮᠦᠨ᠎ᠡ ᠤᠳᠠᠲᠠᠯ᠎ᠠ ᠵᠣᠭᠰᠣᠪᠠ᠃ ᠦᠵᠡᠭᠦᠯᠭᠡ᠎ᠶᠢᠨ ᠰᠠᠮᠪᠠᠷ᠎ᠠ ᠳᠡᠭᠡᠷ᠎ᠡ᠄ ᠠᠳᠤᠭᠤᠨ ᠰᠣᠶᠣᠯ ᠨᠢ ᠦᠨᠢ ᠤᠳᠠᠭᠠᠨ ᠲᠡᠤᠬᠡ ᠲᠠᠢ ᠪᠠᠢᠵᠤ᠂ ᠡᠷᠲᠡ ᠡᠳᠦᠭᠡ᠎ᠶᠢ ᠬᠣᠯᠪᠣᠵᠤ᠂ ᠳᠤᠮᠳᠠᠳᠤ᠎ᠶᠢᠨ ᠦᠨᠳᠦᠰᠦᠲᠡᠨ᠎ᠦ ᠤᠯᠠᠨ ᠡᠰᠢᠲᠦ ᠨᠢᠭᠡ ᠴᠣᠭᠴᠠᠵᠢᠭ᠍ᠰᠠᠨ ᠭᠡᠷᠡᠯ ᠰᠠᠴᠤᠷᠠᠩᠭᠤᠢ ᠪᠣᠯᠪᠠᠰᠤᠨ᠎ᠢ ᠭᠡᠷᠡᠴᠢᠯᠡᠪᠡ᠂ ᠡᠭᠦᠨ᠎ᠳᠦ ᠠᠭᠤᠯᠤᠭᠳᠠᠵᠤ ᠪᠠᠢᠭ᠎ᠠ 《ᠬᠦᠴᠢᠷ᠎ᠡᠴᠡ ᠠᠶᠤᠬᠤ ᠦᠭᠡᠢ᠂ ᠴᠤᠴᠠᠯᠲᠠ ᠦᠭᠡᠢ ᠤᠷᠤᠭᠰᠢᠯᠠᠵᠤ᠂ ᠵᠣᠷᠢᠭ᠍ᠰᠠᠨ᠎ᠳᠠᠭᠠᠨ ᠵᠠᠪᠠᠯ ᠬᠦᠷᠬᠦ》 ᠮᠣᠩᠭᠣᠯ ᠮᠣᠷᠢᠨ᠎ᠤ ᠵᠣᠷᠢᠭ᠋ ᠰᠠᠨᠠᠭ᠎ᠠ ᠨᠢ ᠪᠢᠳᠡᠨ᠎ᠦ ᠰᠢᠨ᠎ᠡ ᠴᠠᠭ ᠦᠶ᠎ᠡ᠎ᠳᠦ ᠡᠷᠡᠮᠡᠬᠡᠢᠯᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠴᠣᠭᠴᠠᠯᠠᠬᠤ᠎ᠶᠢ ᠵᠣᠷᠢᠭ᠍ᠵᠢᠭᠤᠯᠵᠤ ᠪᠠᠢᠨ᠎ᠠ᠃ 《ᠮᠣᠷᠢ ᠪᠣᠯ ᠡᠷᠡᠯᠬᠡᠭᠯᠡᠨ ᠤᠷᠤᠭᠰᠢᠯᠠᠬᠤ᠂ ᠦᠨᠡᠨᠴᠢ ᠰᠢᠳᠤᠷᠭᠤ ᠪᠠ ᠬᠦᠰᠡᠯ ᠡᠷᠡᠮᠡᠯᠵᠡᠯ᠎ᠢ ᠪᠡᠯᠭᠡᠳᠡᠳᠡᠭ᠂ ᠡᠢᠮᠦᠷᠬᠦᠦ ᠵᠣᠷᠢᠭ᠋ ᠰᠠᠨᠠᠭ᠎ᠠ ᠪᠣᠯ ᠪᠥᠬᠥ ᠳᠤᠮᠳᠠᠳᠤ᠎ᠶᠢᠨ ᠬᠥᠪᠡᠭᠦᠳ ᠥᠬᠢᠳ᠎ᠦᠨ ᠬᠠᠮᠲᠤ᠎ᠶᠢᠨ ᠡᠷᠬᠢᠮ ᠨᠠᠨᠳᠢᠨ ᠥᠪ ᠬᠥᠷᠥᠩᠭᠡ ᠮᠥᠨ》 ᠭᠡᠵᠦ ᠯᠢ ᠷᠦ ᠬᠤᠸᠠ ᠰᠡᠳᠬᠢᠯ ᠳᠣᠭᠳᠣᠯᠤᠨ ᠬᠡᠯᠡᠪᠡ᠃

ᠴᠠᠭᠠᠨ ᠰᠠᠷ᠎ᠠ᠎ᠶᠢᠨ ᠪᠠᠶᠠᠷ ᠪᠠ ᠲᠡᠦᠬᠡ ᠰᠤᠶᠤᠯ ᠨᠢ ᠮᠦᠽᠧᠢ᠎ᠳᠦ ᠭᠦᠨ ᠠᠭᠤᠰᠤᠯᠴᠠᠵᠤ᠂ 《ᠮᠦᠽᠧᠢ᠎ᠳ᠋ᠡᠬᠢ ᠮᠣᠷᠢᠨ ᠵᠢᠯ᠎ᠤᠨ ᠴᠠᠭᠠᠨ ᠰᠠᠷ᠎ᠠ》 ᠨᠢ ᠨᠢᠭᠡᠨᠲᠡ ᠨᠢᠭᠡ ᠵᠦᠢᠯ᠎ᠦᠨ ᠴᠠᠭ᠎ᠤᠨ ᠤᠷᠤᠰᠬᠠᠯ᠎ᠢ ᠳᠠᠭᠠᠭᠰᠠᠨ ᠰᠣᠩᠭᠣᠯᠲᠠ ᠪᠠᠢᠭᠰᠠᠨ ᠡᠴᠡ ᠪᠠᠨ ᠰᠣᠶᠣᠯ᠎ᠤᠨ ᠦᠨᠦᠷ ᠠᠮᠲᠠ᠎ᠪᠠᠷ ᠪᠠᠶᠠᠯᠢᠭ᠋ ᠰᠢᠨ᠎ᠡ ᠵᠢᠯ᠎ᠦᠨ ᠵᠠᠩ ᠳᠠᠳᠬᠠᠯ ᠪᠣᠯᠵᠤ ᠬᠤᠪᠢᠷᠠᠨ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠵᠤ᠂ ᠰᠣᠶᠣᠯ᠎ᠤᠨ ᠢᠲᠡᠭᠡᠯ᠎ᠢᠶᠡᠨ ᠨᠡᠮᠡᠭᠳᠡᠭᠦᠯᠬᠦ᠎ᠶᠢᠨ ᠬᠠᠮᠲᠤ ᠴᠠᠭᠠᠨ ᠰᠠᠷ᠎ᠠ᠎ᠶᠢᠨ ᠪᠠᠶᠠᠷ᠎ᠤᠨ ᠡᠳᠦᠷ᠎ᠢ ᠨᠠᠩ ᠠᠭᠤᠯᠤᠭᠳᠠᠬᠤᠨ᠎ᠲᠠᠢ᠂ ᠨᠠᠩ ᠬᠠᠯᠠᠭᠤᠨ ᠳᠤᠯᠠᠭᠠᠨ᠂ ᠨᠠᠩ ᠬᠦᠴᠦᠨ ᠴᠢᠳᠠᠯ᠎ᠲᠠᠢ ᠪᠣᠯᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号