ᠳᠤᠮᠳᠠᠳᠦ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠢᠰᠦᠳᠦᠭᠡᠷ ᠬᠤᠭᠤᠴᠠᠭᠠᠨ᠎ᠤ ᠵᠢᠷᠭᠤᠳᠤᠭᠠᠷ ᠪᠥᠬᠥᠳᠡ ᠬᠤᠷᠠᠯ ᠬᠤᠷᠠᠯᠳᠤᠪᠠ
2026-02-20 12:18:08
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ᠂ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠢᠰᠦᠳᠦᠭᠡᠷ ᠬᠤᠭᠤᠴᠠᠭᠠᠨ᠎ᠤ ᠵᠢᠷᠭᠤᠳᠤᠭᠠᠷ ᠪᠦᠬᠦᠳᠡ ᠬᠤᠷᠠᠯ ᠬᠥᠬᠡᠬᠣᠲᠠ᠎ᠳᠤ ᠬᠤᠷᠠᠯᠳᠤᠪᠠ᠃

ᠬᠤᠷᠠᠯ ᠡᠴᠡ᠂ 2025 ᠣᠨ᠎ᠳᠤ᠂ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠴᠢᠩᠭ᠎ᠠ ᠡᠵᠡᠮᠳᠡᠵᠦ᠍᠂ 《ᠲᠣᠭ᠍ᠲᠠᠭᠠᠯ᠎ᠢ ᠰᠤᠷᠤᠯᠴᠠᠬᠤ᠂ ᠰᠤᠷᠲᠠᠯ᠎ᠢ ᠬᠦᠴᠦᠷᠬᠡᠭ᠌ᠵᠢᠭᠦᠯᠬᠦ᠌᠂ ᠲᠦᠷᠢ ᠲᠥᠷᠬᠦ᠌᠎ᠶ᠋ᠢ ᠱᠤᠭᠤᠬᠤ》 ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠡᠯ᠎ᠡ ᠵᠦᠢᠯ᠎ᠦᠨ ᠠᠵᠢᠯ ᠲᠠᠰᠤᠷᠠᠯᠳᠠ ᠦᠭᠡᠢ ᠬᠢᠯᠡᠯᠵᠠᠮ᠎ᠠ ᠠᠮᠵᠢᠯᠲᠠ ᠣᠯᠵᠠᠢ᠃ 2026 ᠣᠨ᠎ᠳᠤ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》 ᠠᠵᠢᠯ᠎ᠤᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠵᠤ᠂ ᠥᠪᠡᠷᠮᠢᠴᠡ ᠳᠠᠪᠠᠭᠤᠯᠢᠭ᠎ᠢᠶᠠᠨ ᠪᠠᠳᠠᠷᠠᠭᠤᠯᠵᠤ᠂ ᠡᠷᠡᠮᠡᠬᠡᠢᠯᠡᠨ ᠤᠷᠤᠭ᠍ᠰᠢᠯᠠᠬᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠭᠣᠣᠯ ᠱᠢᠵᠢᠮ᠎ᠦᠨ ᠲᠣᠭᠣᠷᠢᠨ᠎ᠳᠤ᠂ ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ᠎ᠤᠨ ᠶᠡᠬᠡ ᠲᠠᠯ᠎ᠠ᠎ᠳᠤ ᠦᠢᠯᠡᠴᠢᠯᠡᠬᠦ᠌᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠤᠮᠳᠠ ᠱᠢᠨ᠎ᠡ ᠡᠭᠦᠷᠭᠡᠯᠡᠯ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ ᠭᠡᠵᠦ ᠵᠢᠭᠠᠵᠦ ᠭᠠᠷᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号