ᠲᠦᠩᠯᠢᠶᠣᠣ ᠬᠣᠲᠠ ᠨᠢᠭᠡᠨᠲᠡ 49 ᠴᠠᠬᠢᠭᠤᠷᠲᠤ ᠰᠢᠨ᠎ᠡ ᠮᠠᠲᠧᠷᠢᠶᠠᠯ᠎ᠤᠨ ᠠᠵᠤ ᠠᠬᠤᠢᠯᠠᠯ ᠲᠠᠢ ᠪᠣᠯᠪᠠ
2026-02-20 11:30:44
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


QQ截图20260219121059.png


ᠪᠥᠬᠥ ᠤᠯᠤᠰ᠎ᠤᠨ ᠴᠢᠬᠤᠯᠠ ᠴᠠᠬᠢᠭᠤᠷᠲᠤ ᠡᠯᠡᠰᠦᠨ᠎ᠦ ᠡᠬᠢ ᠪᠠᠶᠠᠯᠢᠭ᠋᠎ᠤᠨ ᠰᠠᠭᠤᠷᠢᠨ ᠪᠣᠯᠤᠭᠰᠠᠨ᠎ᠤ ᠬᠤᠪᠢ᠎ᠳᠤ ᠲᠦᠩᠯᠢᠶᠣᠣ ᠬᠣᠲᠠ᠎ᠶᠢᠨ ᠨᠢᠭᠡᠨᠲᠡ ᠬᠠᠢᠨ ᠲᠣᠳᠣᠯᠠᠭᠰᠠᠨ ᠴᠠᠬᠢᠭᠤᠷᠲᠤ ᠡᠯᠡᠰᠦᠨ᠎ᠦ ᠬᠠᠳᠠᠭᠠᠯᠠᠭᠳᠠᠴᠠ 550 ᠳ᠋ᠦᠩᠰᠢᠭᠤᠷ ᠲᠣᠨ ᠪᠠᠢᠵᠤ᠂ ᠰᠢᠯ ᠦᠢᠯᠡᠳᠬᠦ᠂ ᠴᠢᠳᠬᠤᠬᠤ᠂ ᠲᠡᠮᠦᠷᠯᠢᠭ ᠬᠠᠢᠯᠤᠭᠤᠯᠬᠤ ᠵᠡᠷᠭᠡ ᠠᠵᠤ ᠦᠢᠯᠡᠳᠪᠦᠷᠢ᠎ᠶᠢᠨ ᠬᠦᠷᠢᠶᠡᠨ᠎ᠳᠦ ᠬᠡᠷᠡᠭᠯᠡᠵᠦ ᠪᠣᠯᠣᠨ᠎ᠠ᠃ ᠣᠢᠷ᠎ᠠ᠎ᠶᠢᠨ ᠵᠢᠯ᠎ᠦᠳ᠎ᠲᠦ ᠲᠦᠩᠯᠢᠶᠣᠣ ᠬᠣᠲᠠ᠎ᠵᠢᠨ ᠬᠢᠨ ᠴᠠᠬᠢᠭᠤᠷᠲᠤ ᠡᠯᠡᠰᠦ᠎ᠶᠢᠨ ᠰᠢᠨ᠎ᠡ ᠮᠠᠲᠧᠷᠢᠶᠠᠯ᠎ᠤᠨ ᠠᠵᠤ ᠦᠢᠯᠡᠰ᠎ᠢ ᠳᠡᠭᠡᠳᠦ ᠳᠡᠰᠵᠢᠬᠦᠯᠬᠦ᠂ ᠣᠶᠤᠨᠴᠢᠯᠠᠬᠤ᠂ ᠪᠣᠬᠢᠷᠲᠤᠯ ᠥᠬᠡᠶ᠋ᠢᠵᠢᠭᠦᠯᠬᠦ ᠴᠢᠭᠯᠡᠯ ᠳᠠᠢᠰᠢ ᠠᠬᠢᠭᠤᠯᠵᠤ᠂ ᠣᠲᠣ᠌ ᠪᠣᠯᠲᠠᠯ᠎ᠠ ᠨᠢᠭᠡᠨᠲᠡ ᠴᠠᠬᠢᠭᠤᠷᠲᠤ ᠰᠢᠨ᠎ᠡ ᠮᠠᠲᠧᠷᠢᠶᠠᠯ᠎ᠤᠨ ᠠᠵᠤ ᠠᠬᠤᠢᠯᠠᠯ 49 ᠪᠣᠯᠵᠤ᠂ ᠠᠵᠤ ᠦᠢᠯᠡᠳᠪᠦᠷᠢ᠎ᠶᠢᠨ ᠦᠢᠯᠡᠳᠬᠦᠨ᠎ᠦ ᠪᠥᠬᠥ ᠥᠷᠲᠡᠭ᠎ᠢ 25 ᠳ᠋ᠦᠩᠰᠢᠭᠤᠷ ᠲᠥᠭᠥᠷᠢᠭ ᠪᠡᠶᠡᠯᠡᠭᠦᠯᠪᠡ᠃ ᠵᠢᠷᠤᠭ ᠪᠤᠯ ᠴᠠᠭᠠᠨ ᠰᠠᠷ᠎ᠠ᠎ᠶᠢᠨ ᠬᠤᠭᠤᠴᠠᠭᠠᠨ᠎ᠳᠤ ᠲᠤᠰ ᠺᠣᠮᠫᠠᠨᠢ᠎ᠶᠢᠨ ᠣᠳᠣᠬᠢᠴᠢᠯᠠᠭᠰᠠᠨ ᠦᠢᠯᠡᠳᠪᠦᠷᠢᠯᠡᠯ᠎ᠦᠨ ᠲᠠᠰᠤᠭ᠎ᠲᠤ ᠠᠦ᠋ᠲ᠋ᠣ᠋ ᠦᠢᠯᠡᠳᠪᠦᠷᠢᠯᠡᠯ᠎ᠦᠨ ᠱᠤᠭᠤᠮ ᠶᠠᠭ ᠮᠠᠰᠢᠨ ᠲᠡᠷᠭᠡᠨ᠎ᠦ ᠲᠡᠰ᠎ᠤᠨ ᠰᠢᠯ ᠦᠢᠯᠡᠳᠪᠦᠷᠢᠯᠡᠵᠦ ᠪᠠᠢᠭ᠎ᠠ ᠨᠢ᠃ 

ᠰᠤᠷᠪᠤᠯᠵᠢᠯᠠᠭ᠍ᠴᠢ  ᠮᠥᠩᠬᠡᠴᠢᠯᠠᠭᠤ   ᠰᠡᠭᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号