2025 — 2026 ᠣᠨ᠎ᠤ ᠥᠪᠥᠷ ᠮᠣᠩᠭᠣᠯ᠎ᠤᠨ ᠬᠣᠲᠠ᠎ᠶ᠋ᠢᠨ ᠴᠠᠨᠠᠯᠠᠯᠲᠠ᠎ᠶᠢᠨ ᠬᠡᠲᠦ ᠲᠠᠰ᠎ᠤᠨ ᠬᠣᠯᠪᠣᠭᠠᠲᠤ ᠤᠷᠤᠯᠳᠤᠭᠠᠨ ᠦᠨᠳᠦᠷᠯᠡᠯ᠎ᠡ
2026-02-20 12:21:08
ᠵᠣᠬᠢᠶᠠᠭ᠍ᠴᠢ᠄
​ ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠡᠪᠯᠡᠯ᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠥᠪᠥᠷ ᠮᠣᠩᠭᠣᠯ᠎ᠤᠨ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠨᠡᠢᠭᠡᠮᠯᠢᠭ᠎ᠡᠴᠡ ᠭᠤᠤᠯᠯᠠᠨ ᠡᠷᠭᠢᠯᠡᠭ᠌ᠰᠡᠨ 2025 — 2026 ᠤᠨ᠎ᠤ ᠤᠷᠤᠯᠳᠤᠭᠠᠨ᠎ᠤ ᠤᠯᠠᠷᠢᠯ᠎ᠤᠨ ᠥᠪᠥᠷ ᠮᠣᠩᠭᠣᠯ᠎ᠤᠨ ᠬᠣᠲᠠ᠎ᠶ᠋ᠢᠨ ᠴᠠᠨᠠᠯᠠᠯᠲᠠ᠎ᠶᠢᠨ ᠬᠡᠲᠦ ᠲᠠᠰ᠎ᠤᠨ ᠬᠣᠯᠪᠣᠭᠠᠲᠤ ᠤᠷᠤᠯᠳᠤᠭᠠᠨ᠎ᠤ ᠱᠢᠶ᠋ᠳᠪᠦᠷᠢᠲᠦ ᠤᠷᠤᠯᠳᠤᠭᠠᠨ ᠵᠢᠴᠢ ᠥᠪᠥᠷ ᠮᠣᠩᠭᠣᠯ᠎ᠤᠨ ᠳᠥᠷᠪᠡᠳᠦᠭᠡᠷ ᠬᠤᠭᠤᠴᠠᠭᠠᠨ᠎ᠤ ᠣᠯᠠᠨ ᠨᠡᠢᠲᠡ᠎ᠶ᠋ᠢᠨ ᠴᠠᠨᠠᠯᠠᠯᠲᠠ᠎ᠶᠢᠨ ᠤᠷᠢᠯᠭ᠎ᠠ᠎ᠶ᠋ᠢᠨ ᠤᠷᠤᠯᠳᠤᠭᠠᠨ ᠬᠥᠬᠡᠬᠣᠲᠠ᠎ᠳᠤ ᠥᠨᠳᠥᠷᠯᠡᠪᠡ᠃

ᠲᠤᠰ ᠤᠷᠤᠯᠳᠤᠭᠠᠨ᠎ᠨᠢ ᠨᠢᠭᠡ ᠰᠠᠷ᠎ᠠ ᠰᠢᠬᠠᠮ ᠶᠠᠪᠤᠭᠳᠠᠵᠦ᠂ ᠪᠥᠬᠥ᠌ ᠣᠷᠣᠨ᠎ᠤ ᠮᠥᠰᠥ᠍ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠦ ᠥᠨᠳᠥᠷ ᠲᠦᠪᠱᠢᠨ ᠪᠥᠬᠥᠶ ᠤᠷᠤᠯᠳᠤᠭᠠᠨ᠎ᠤ ᠴᠣᠭ ᠵᠢᠪᠬᠤᠭ᠎ᠠ᠎ᠶ᠋ᠢ ᠢᠯᠡᠷᠡᠭᠦᠯᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ 《ᠤᠷᠤᠯᠳᠤᠭᠠᠨ + ᠰᠣᠶᠣᠯ ᠵᠢᠭᠤᠯᠴᠢᠯᠠᠯ》 ᠤ᠋ᠨ ᠭᠦᠨᠵᠡᠭᠡᠶ ᠠᠭᠤᠰᠤᠯᠴᠠᠯ᠎ᠤᠨ ᠵᠠᠭ᠍ᠪᠤᠷ᠎ᠢᠶᠠᠷ ᠣᠷᠣᠨ ᠪᠦᠰᠡ᠎ᠶ᠋ᠢᠨ ᠠᠵᠦ ᠠᠬᠤᠢ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠥᠪᠥᠷ ᠮᠣᠩᠭᠣᠯ᠎ᠤᠨ ᠮᠥᠰᠥ᠍ ᠴᠠᠰᠤᠨ᠎ᠤ ᠨᠠᠷᠠᠲᠤ ᠲᠥᠷᠥᠯ ᠲᠡᠮᠳᠡᠭ᠌ᠲᠦ᠍᠎ᠶ᠋ᠢᠨ ᠪᠠᠢᠭᠤᠯᠤᠯᠲᠠ᠎ᠳᠤ ᠴᠣ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠪᠡ᠃ ᠤᠷᠤᠯᠳᠤᠭᠠᠨ᠎ᠳᠤ ᠬᠣᠣᠰ ᠴᠠᠨᠠᠳᠦ ᠴᠠᠨᠠᠯᠠᠯᠲᠠ ᠪᠠ ᠳᠠᠩ ᠴᠠᠨᠠᠳᠦ ᠴᠠᠨᠠᠯᠠᠯᠲᠠ ᠬᠣᠶᠠᠷ ᠶᠡᠬᠡ ᠭᠣᠣᠯ ᠲᠥᠷᠥᠯ ᠵᠦᠢᠯ᠎ᠢ ᠲᠣᠬᠢᠷᠠᠭᠤᠯᠵᠤ᠂ ᠵᠠᠯᠠᠭᠤᠴᠤᠳ ᠪᠠᠭᠠᠴᠤᠳ ᠵᠢᠴᠢ ᠨᠠᠰᠤᠨ᠎ᠳᠤ ᠬᠦᠷᠦᠭ᠌ᠰᠡᠨ ᠡᠷᠡᠭ᠌ᠲᠡᠶ ᠡᠮᠡᠭ᠌ᠲᠡᠶ ᠵᠢᠨ ᠨᠡᠢᠲᠡ ᠨᠠᠢ᠍ᠮᠠᠨ ᠳᠤᠭᠤᠢᠯᠠᠩ ᠳᠤᠬᠢᠷᠠᠭᠤᠯᠪᠠ᠃

ᠲᠤᠰ ᠬᠤᠭᠤᠴᠠᠭᠠᠨ᠎ᠤ ᠤᠷᠤᠯᠳᠤᠭᠠᠨ ᠨᠢ 《ᠤᠷᠤᠯᠳᠤᠭᠠᠨ᠎ᠢᠶᠠᠷ ᠵᠢᠭᠤᠯᠴᠢᠯᠠᠯ᠎ᠢ ᠠᠬᠢᠭᠤᠯᠬᠤ》 ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠍᠂ ᠤᠷᠤᠯᠳᠤᠭᠠᠨ᠎ᠤ ᠲᠠᠯᠠᠪᠠᠢ᠎ᠶ᠋ᠢᠨ ᠲᠣᠭᠣᠷᠢᠨ᠎ᠳᠤ 《ᠠᠷᠪᠠᠨ ᠬᠣᠶᠠᠷ ᠠᠢᠮᠠᠭ ᠬᠤᠳᠠ᠎ᠶ᠋ᠢᠨ ᠠᠮᠲᠠᠲᠤ ᠢᠳᠡᠭᠡᠨ᠎ᠦ ᠬᠤᠩᠬᠢᠯ》 ᠢ᠋ ᠪᠠᠢᠭᠤᠯᠵᠤ᠂ ᠡᠯ᠎ᠡ ᠭᠠᠵᠠᠷ᠎ᠤᠨ ᠤᠨᠴᠠᠯᠢᠬ᠍ᠳᠤ ᠠᠮᠲᠠᠲᠤ ᠢᠳᠡᠭᠡᠨ ᠪᠣᠯᠤᠨ ᠲᠠᠷᠢᠶᠠᠯᠠᠩ ᠠᠵᠤ ᠠᠬᠤᠢ᠎ᠶ᠋ᠢᠨ ᠪᠦᠲᠦᠭᠡᠭ᠌ᠳᠡᠬᠦᠨ᠎ᠢ ᠪᠤᠷᠤᠯᠠᠭᠤᠯᠵᠦ᠂ ᠦᠵᠡᠭ᠌ᠴᠢᠳ᠎ᠲᠦ ᠥᠪᠥᠷ ᠮᠣᠩᠭᠣᠯ᠎ᠤᠨ ᠣᠨᠴᠠᠯᠢᠭ᠍ᠲᠤ ᠰᠣᠶᠣᠯ ᠵᠢᠭᠤᠯᠴᠢᠯᠠᠯ᠎ᠤᠨ ᠷᠢᠳᠢ ᠱᠢᠳᠢ᠎ᠶ᠋ᠢ ᠪᠡᠶᠡᠴᠢᠯᠠᠨ ᠤᠢᠯᠠᠭᠠᠭᠤᠯᠪᠠ᠃ ᠤᠷᠤᠯᠳᠤᠭᠠᠨ᠎ᠤ ᠠᠮᠵᠢᠯᠲᠠ᠎ᠲᠠᠶ ᠶᠠᠪᠤᠭ᠍ᠳᠠᠭ᠍ᠰᠠᠨ᠎ᠨᠢ ᠪᠥᠬᠥ᠌ ᠣᠷᠣᠨ᠎ᠤ ᠲᠣᠮᠣ ᠬᠡᠯᠪᠡᠷᠢ᠎ᠶ᠋ᠢᠨ ᠣᠯᠠᠨ ᠲᠦᠮᠡᠨᠴᠢ ᠮᠥᠰᠥ᠍ ᠴᠠᠰᠤᠨ᠎ᠤ ᠤᠷᠤᠯᠳᠤᠭᠠᠨ᠎ᠤ ᠬᠣᠭᠣᠰᠣᠨ᠎ᠢ ᠨᠥᠬᠥᠪᠥᠷᠢᠯᠡᠵᠦ᠍᠂ ᠥᠪᠥᠷ ᠮᠣᠩᠭᠣᠯ᠎ᠤᠨ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ᠎ᠤᠨ ᠠᠭᠤᠰᠤᠯᠴᠠᠯ ᠬᠦᠭᠵᠢᠯ᠎ᠢ ᠭᠦᠨᠵᠡᠭᠡᠢᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号