ᠰᠤᠷᠪᠤᠯᠵᠢᠯᠠᠭ᠍ᠴᠢ ᠪᠦᠬᠦ ᠣᠷᠣᠨ᠎ᠤ ᠰᠤᠷᠭᠠᠨ ᠬᠥᠮᠦᠵᠢᠯ᠎ᠦᠨ ᠠᠵᠢᠯ᠎ᠤᠨ ᠬᠤᠷᠠᠯ᠎ᠠᠴᠠ ᠣᠢᠯᠠᠭᠠᠭᠰᠠᠨ ᠵᠢᠡᠷ᠂ ᠡᠨᠡ ᠵᠢᠯ ᠦᠪᠦᠷ ᠮᠤᠩᠭᠤᠯ᠎ᠤᠨ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ ᠪᠣᠳᠠᠲᠠᠢ᠎ᠳᠤ ᠰᠠᠭᠤᠷᠢᠯᠠᠨ᠂ ᠳᠠᠪᠠᠭᠤᠯᠢᠭ᠋᠎ᠢᠶᠠᠨ ᠳᠣᠪᠣᠶ᠋ᠢᠯᠭᠠᠵᠤ᠂ ᠪᠠᠢᠷᠢᠰᠢᠭᠤᠯᠤᠯᠲᠠ᠎ᠪᠠᠨ ᠰᠢᠯᠢᠳᠡᠭᠵᠢᠭᠦᠯᠬᠦ᠂ ᠪᠦᠲᠦᠴᠡ᠎ᠶᠢ ᠲᠣᠬᠢᠷᠠᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠬᠦ᠂ ᠥᠭᠡᠷᠡᠴᠢᠯᠡᠯᠲᠡ᠎ᠶᠢ ᠴᠢᠩᠭᠠᠳᠬᠠᠬᠤ᠂ ᠦᠷ᠎ᠠ ᠪᠦᠳᠦᠬᠡᠯ᠎ᠢ ᠤᠨᠳᠤᠤᠰᠢᠭᠤᠯᠬᠤ ᠵᠢ ᠠᠬᠢᠭᠤᠯᠬᠤ ᠵᠡᠷᠭᠡ ᠲᠠᠯ᠎ᠠ᠎ᠪᠠᠷ ᠬᠦᠴᠦᠯᠡᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ᠎ᠤ ᠬᠥᠭᠵᠢᠯᠲᠡ᠎ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃
ᠪᠠᠢᠷᠢᠰᠢᠭᠤᠯᠤᠯᠲᠠ᠎ᠶᠢ ᠰᠢᠯᠢᠳᠡᠭᠵᠢᠭᠦᠯᠬᠦ ᠲᠠᠯ᠎ᠠ᠎ᠪᠠᠷ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠶᠡᠬᠡ ᠳᠡᠭᠡᠳᠦ ᠰᠤᠷᠭᠠᠭᠤᠯᠢ᠎ᠶᠢᠨ ᠪᠠᠢᠷᠢᠯᠠᠭᠤᠯᠤᠯᠲᠠ᠎ᠶᠢᠨ ᠲᠥᠯᠦᠪᠵᠢᠭᠦᠯᠭᠡ᠎ᠶᠢ ᠲᠣᠭᠲᠠᠭᠠᠵᠤ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠪᠠᠢᠷᠢᠯᠠᠭᠤᠯᠤᠯᠳᠠ ᠵᠢ ᠨᠢᠬᠡᠳᠦᠯᠳᠡᠢ ᠲᠦᠯᠦᠪᠵᠢᠬᠦᠯᠦᠨ᠎ᠡ᠃ ᠰᠤᠷᠭᠠᠨ ᠬᠥᠮᠦᠵᠢᠯ᠎ᠦᠨ ᠶᠠᠮᠤᠨ᠎ᠤ ᠥᠪᠥᠷ ᠮᠣᠩᠭᠣᠯ᠎ᠤᠨ ᠳᠡᠭᠡᠳᠦ ᠵᠡᠷᠭᠡ᠎ᠶᠢᠨ ᠰᠤᠳᠤᠯᠭᠠᠨ᠎ᠤ ᠬᠦᠷᠢᠶᠡᠯᠡᠩ᠎ᠦᠨ ᠪᠠᠢᠭᠤᠯᠤᠯᠲᠠ᠎ᠶᠢ ᠠᠬᠢᠭᠤᠯᠵᠤ᠂ ᠣᠶᠤᠨᠳᠤ ᠡᠨᠧᠷᠭᠢ᠂ ᠵᠣᠬᠢᠶᠠᠮᠠᠯ ᠣᠶᠤᠨ ᠴᠢᠳᠠᠪᠤᠷᠢ᠂ ᠤᠢᠷ᠎ᠠ ᠤᠭᠳᠠᠷᠭᠤᠢ ᠵᠢᠨ ᠠᠵᠤ ᠠᠬᠤᠢ᠂ ᠠᠮᠢᠳᠤ ᠪᠣᠳᠠᠰ᠎ᠤᠨ ᠮᠡᠷᠭᠡᠵᠢᠯ᠂ ᠡᠮ ᠡᠮᠨᠡᠯᠭᠡ ᠡᠷᠡᠭᠦᠯᠵᠢᠯ ᠰᠤᠪᠢᠯᠠᠯᠲᠠ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠵᠦᠷᠢᠶᠡᠴᠢᠯᠡᠭᠰᠡᠨ ᠶᠡᠬᠡ ᠳᠡᠭᠡᠳᠦ ᠰᠤᠷᠭᠠᠭᠤᠯᠢ᠎ᠶᠢ ᠪᠠᠢᠭᠤᠯᠵᠤ᠂ ᠨᠡᠢᠳᠡ ᠵᠢᠨ ᠬᠡᠷᠡᠭᠯᠡᠭᠡᠨ᠎ᠦ ᠠᠭᠠᠷ᠎ᠤᠨ ᠠᠶᠠᠯᠠᠯ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ᠂ ᠡᠨᠧᠷᠭᠢ᠎ᠶᠢᠨ ᠠᠰᠢᠭ᠍ᠯᠠᠯᠲᠠ ᠵᠡᠷᠭᠡ ᠬᠦᠷᠢᠶ᠎ᠡ ᠴᠠᠷᠠᠭ᠎ᠠ᠎ᠳᠤ ᠨᠢᠭᠡ ᠪᠦᠯᠦᠭ ᠣᠲᠣ᠌ ᠦᠶ᠎ᠡ᠎ᠶᠢᠨ ᠠᠵᠤ ᠦᠢᠯᠡᠰ᠎ᠦᠨ ᠳᠡᠭᠡᠳᠦ ᠰᠤᠷᠭᠠᠭᠤᠯᠢ᠎ᠶᠢ ᠪᠠᠢᠷᠢᠰᠢᠭᠤᠯᠤᠨ ᠪᠠᠢᠭᠤᠯᠵᠤ᠂ ᠠᠵᠤ ᠦᠢᠯᠡᠰ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ᠎ᠶᠢ ᠭᠦᠨᠵᠡᠭᠡᠢᠷᠡᠭᠦᠯᠦᠨ ᠠᠬᠢᠭᠤᠯᠤᠨ᠎ᠠ; ᠪᠦᠲᠦᠴᠡ ᠵᠢᠨ ᠲᠣᠬᠢᠷᠠᠭᠤᠯᠤᠯᠲᠠ ᠵᠢᠨ ᠲᠠᠯ᠎ᠠ᠎ᠪᠠᠷ᠂ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ᠎ᠦᠨ ᠪᠦᠲᠦᠴᠡ᠎ᠶᠢ ᠦᠷᠭᠦᠯᠵᠢᠯᠡᠨ ᠰᠢᠯᠢᠳᠡᠭᠵᠢᠭᠦᠯᠵᠦ᠂ 《ᠪᠢᠴᠢᠯ ᠲᠤᠰᠬᠠᠢ ᠮᠡᠷᠭᠡᠵᠢᠯ》 ᠤ᠋ᠨ ᠲᠣᠬᠢᠷᠠᠭᠤᠯᠤᠯᠲᠠ᠎ᠶᠢ ᠰᠢᠯᠢᠳᠡᠭᠵᠢᠭᠦᠯᠵᠦ᠂ ᠴᠢᠳᠠᠪᠤᠷᠢᠲᠠᠨ᠎ᠢ ᠬᠥᠮᠥᠵᠢᠭᠦᠯᠬᠦ ᠬᠢᠭᠡᠳ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠣᠬᠢᠴᠠᠯᠳᠤᠯ ᠢ᠋ ᠳᠡᠭᠡᠭᠰᠢᠯᠡᠭᠦᠯᠦᠨ᠎ᠡ; ᠶᠠᠰᠤ ᠴᠢᠨᠠᠷ᠎ᠢ ᠳᠡᠭᠡᠭᠰᠢᠯᠡᠭᠦᠯᠬᠦ ᠲᠠᠯ᠎ᠠ᠎ᠪᠠᠷ᠂ ᠰᠢᠨ᠎ᠡ ᠨᠢᠭᠡ ᠡᠭᠡᠯᠵᠢ᠎ᠶᠢᠨ 《ᠬᠣᠣᠰ ᠲᠡᠷᠢᠭᠦᠨ ᠵᠡᠷᠬᠡ》 ᠵᠢᠨ ᠪᠠᠢᠭᠤᠯᠤᠯᠲᠠ᠎ᠶᠢᠨ ᠠᠵᠠ ᠲᠣᠬᠢᠶᠠᠯ᠎ᠢ ᠠᠳᠬᠤᠵᠤ᠂ ᠢᠯᠡ ᠲᠣᠳᠣ᠌ ᠣᠨᠴᠠᠯᠢᠭ᠋᠎ᠲᠠᠢ ᠲᠡᠷᠢᠭᠦᠨ ᠵᠡᠷᠬᠡ ᠵᠢᠨ ᠶᠡᠬᠡ ᠰᠤᠷᠭᠠᠭᠤᠯᠢ᠎ᠶᠢ ᠲᠦᠷᠭᠡᠳᠬᠡᠨ ᠪᠠᠢᠭᠤᠯᠵᠤ᠂ ᠳᠠᠪᠠᠭᠤᠯᠢᠭ᠋ ᠣᠨᠴᠠᠯᠢᠭ᠋᠎ᠲᠠᠢ ᠰᠢᠨᠵᠢᠯᠡᠭᠡᠨ᠎ᠦ ᠰᠠᠯᠠᠭ᠎ᠠ᠎ᠵᠢ ᠤᠯᠤᠰ᠎ᠤᠨ ᠲᠡᠷᠢᠭᠦᠨ ᠵᠡᠷᠬᠡ ᠵᠢᠨ ᠰᠢᠨᠵᠢᠯᠡᠬᠡᠨ᠎ᠤ ᠰᠠᠯᠠᠭ᠎ᠠ ᠪᠠᠢᠭᠤᠯᠬᠤ ᠵᠢ ᠳᠡᠮᠵᠢᠨ᠎ᠡ᠃ ᠳ᠋ᠣᠺᠲ᠋ᠣᠷ ᠮᠠᠰᠲᠧᠷ ᠴᠣᠯᠠ ᠬᠠᠮᠠᠭᠠᠯᠠᠬᠤ ᠴᠡᠭ᠎ᠢ ᠰᠢᠨ᠎ᠡ ᠪᠡᠷ ᠨᠡᠮᠡᠭᠳᠡᠬᠦᠯᠵᠦ᠂ ᠶᠡᠬᠡ ᠳᠡᠬᠡᠳᠤ ᠰᠤᠷᠭᠠᠭᠤᠯᠢ᠎ᠶᠢᠨ ᠣᠶᠤᠨᠴᠢ ᠰᠢᠨᠵᠢᠯᠡᠬᠦ ᠤᠬᠠᠭᠠᠨ ᠬᠢᠭᠡᠳ ᠲᠧᠭᠨᠢᠭ ᠮᠡᠷᠭᠡᠵᠢᠯ ᠵᠡᠷᠭᠡ ᠰᠣᠯᠪᠢᠴᠠᠯ ᠰᠢᠨᠵᠢᠯᠡᠭᠡᠨ᠎ᠦ ᠰᠠᠯᠠᠭ᠎ᠠ᠎ᠶᠢᠨ ᠠᠰᠫᠢᠷᠠᠨᠲ᠎ᠤᠨ ᠴᠡᠭ ᠵᠢᠡᠷ ᠭᠤᠶᠤᠴᠢᠯᠠᠨ ᠮᠡᠳᠡᠭᠦᠯᠬᠦ᠎ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠬᠡᠷᠡᠭᠰᠡᠬᠦ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ᠎ᠦᠨ ᠲᠠᠯ᠎ᠠ᠎ᠪᠠᠷ ᠰᠢᠪᠲᠤᠯᠤᠯᠲᠠ᠎ᠲᠠᠢ ᠪᠣᠯᠭᠠᠬᠤ᠎ᠪᠠᠷ ᠴᠢᠷᠮᠠᠢᠨ᠎ᠠ; ᠥᠭᠡᠷᠡᠴᠢᠯᠡᠯᠲᠡ᠎ᠶᠢ ᠴᠢᠩᠭᠠᠳᠬᠠᠬᠤ ᠲᠠᠯ᠎ᠠ᠎ᠪᠠᠷ᠂ ᠶᠡᠬᠡ ᠳᠡᠭᠡᠳᠦ ᠰᠤᠷᠭᠠᠭᠤᠯᠢ᠎ᠶᠢᠨ ᠥᠭᠡᠷᠡᠴᠢᠯᠡᠯᠲᠡ᠎ᠶᠢ ᠲᠥᠷᠥᠯ ᠬᠤᠪᠢᠶᠠᠨ ᠠᠬᠢᠭᠤᠯᠬᠤ᠎ᠶᠢ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠡᠭᠦᠷᠭᠡ ᠪᠣᠯᠭᠠᠵᠤ᠂ ᠠᠳᠠᠯᠢ ᠪᠤᠰᠤ ᠲᠥᠷᠥᠯ ᠬᠡᠯᠪᠡᠷᠢ᠎ᠶᠢᠨ ᠶᠡᠬᠡ ᠳᠡᠭᠡᠳᠦ ᠰᠤᠷᠭᠠᠭᠤᠯᠢ᠎ᠶᠢ ᠬᠥᠲᠥᠯᠥᠨ ᠵᠢᠯᠤᠭᠣᠳᠴᠤ ᠪᠠᠢᠭᠠᠳ ᠰᠢᠨᠵᠢᠯᠡᠬᠦ ᠤᠬᠠᠭᠠᠨᠴᠢ᠎ᠪᠠᠷ ᠪᠠᠢᠷᠢ ᠲᠣᠭᠲᠠᠭᠠᠯᠲᠠ ᠬᠢᠵᠦ᠂ ᠥᠪᠡᠷᠮᠢᠴᠡ ᠣᠨᠴᠠᠯᠢᠭ᠋᠎ᠲᠠᠢ᠎ᠪᠠᠷ ᠬᠥᠭᠵᠢᠭᠦᠯᠦᠨ᠎ᠡ᠃ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠤᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠰᠠᠭᠤᠷᠢ ᠰᠢᠨᠵᠢᠯᠡᠭᠡᠨ᠎ᠦ ᠰᠠᠯᠠᠭ᠎ᠠ᠎ᠶᠢ ᠨᠢᠭᠡ ᠴᠣᠭᠴᠠᠵᠢᠭᠤᠯᠤᠨ ᠨᠡᠪᠲᠡᠷᠡᠭᠦᠯᠦᠨ ᠬᠥᠮᠥᠵᠢᠭᠦᠯᠬᠦ᠎ᠶᠢ ᠴᠢᠩᠭᠠᠳᠬᠠᠵᠤ᠂ ᠰᠢᠨᠵᠢᠯᠡᠭᠡᠨ᠎ᠦ ᠰᠠᠯᠠᠭ᠎ᠠ ᠰᠣᠯᠪᠢᠴᠠᠬᠤ ᠲᠥᠪ᠎ᠦᠨ ᠲᠤᠷᠰᠢᠯᠲᠠ᠎ᠶᠢ ᠥᠷᠨᠢᠭᠦᠯᠵᠦ᠂ ᠭᠠᠷᠮᠠᠭᠠᠢ ᠢᠨᠵᠧᠨᠧᠷ᠎ᠢ ᠬᠥᠮᠥᠵᠢᠭᠦᠯᠬᠦ ᠡᠷᠴᠢᠮ᠎ᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠤᠨ ᠲᠤᠰᠬᠠᠢ ᠮᠡᠷᠭᠡᠵᠢᠯ᠎ᠦᠨ ᠠᠰᠫᠢᠷᠠᠨᠲ ᠬᠥᠮᠥᠵᠢᠭᠦᠯᠬᠦ ᠵᠠᠭᠪᠤᠷ᠎ᠢ ᠳᠡᠯᠭᠡᠷᠡᠭᠦᠯᠵᠦ᠂ ᠠᠰᠫᠢᠷᠠᠨᠲ᠎ᠢ ᠲᠦᠷᠦᠯ ᠬᠤᠪᠢᠶᠠᠨ ᠬᠥᠮᠥᠵᠢᠭᠦᠯᠬᠦ ᠲᠣᠭᠲᠠᠴᠠ᠎ᠶᠢ ᠪᠦᠷᠢᠨᠰᠢᠭᠦᠯᠦᠨ᠎ᠡ; ᠬᠤᠪᠢᠷᠠᠭᠤᠯᠤᠯᠲᠠ᠎ᠶᠢ ᠠᠬᠢᠭᠤᠯᠬᠤ ᠲᠠᠯ᠎ᠠ᠎ᠪᠠᠷ᠂ ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 《ᠪᠤᠭᠤᠮᠳᠠ ᠰᠢᠪᠲᠤᠯᠬᠤ》 ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠪᠦᠲᠦᠴᠡ᠎ᠶᠢ ᠰᠢᠯᠢᠳᠡᠭᠵᠢᠭᠦᠯᠦᠨ᠂ ᠠᠵᠤ ᠠᠬᠤᠢᠯᠠᠯ ᠶᠡᠬᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠠᠮᠵᠢᠯᠴᠠᠨ ᠠᠭᠤᠰᠤᠯᠴᠠᠬᠤ᠎ᠶᠢ ᠬᠦᠨᠵᠡᠬᠡᠢᠷᠡᠬᠦᠯᠦᠨᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ᠋ ᠤᠨᠳᠤᠤᠰᠢᠭᠤᠯᠬᠤ ᠲᠣᠭᠲᠠᠴᠠ᠎ᠶᠢ ᠰᠠᠭᠠᠳ ᠦᠭᠡᠢ ᠨᠠᠪᠲᠠᠷᠡᠭᠦᠯᠵᠦ᠂ ᠪᠤᠭᠤᠲᠤ ᠬᠣᠲᠠ᠂ ᠤᠯᠠᠭᠠᠨᠬᠠᠳᠠ ᠬᠣᠲᠠ᠂ ᠣᠷᠳᠣᠰ ᠬᠣᠲᠠ᠎ᠶᠢᠨ ᠥᠪᠡᠷᠲᠡᠭᠡᠨ ᠵᠠᠰᠠᠬᠤ ᠣᠷᠣᠨ᠎ᠤ ᠶᠡᠬᠡ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠷᠢᠶᠡᠯᠡᠩ᠎ᠢ ᠲᠦᠷᠭᠡᠳᠬᠡᠨ ᠪᠠᠢᠭᠤᠯᠵᠤ᠂ ᠨᠠᠩ ᠣᠯᠠᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠤᠨᠳᠤᠤᠰᠢᠭᠤᠯᠤᠨᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号