12 ᠵᠢᠯ ᠴᠠᠭᠠᠨ ᠰᠠᠷ᠎ᠠ᠎ᠶ᠋ᠢᠨ ᠵᠦᠭᠡᠭᠡᠪᠦᠷᠢ ᠳ᠋ᠤ ᠦᠢᠯᠡᠴᠢᠯᠡᠭᠰᠡᠨ ᠭᠣᠪᠢ᠎ᠶ᠋ᠢᠨ 《ᠡᠯᠴᠢᠨ》
2026-02-21 12:17:32
ᠵᠣᠬᠢᠶᠠᠭ᠍ᠴᠢ᠄
ᠭᠤᠤ ᠬᠤᠢ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 13 ᠎ᠤ᠋ ᠡᠳᠦᠷ᠂ ᠬᠠᠬᠢᠷ ᠡᠪᠦᠯ᠎ᠤᠨ ᠰᠦᠨᠢ ᠵᠢᠨ ᠭᠦᠨ᠎ᠳᠦ᠂ ᠥᠪᠥᠷ ᠮᠣᠩᠭᠣᠯ᠎ᠤᠨ ᠪᠠᠶᠠᠨᠨᠠᠭᠤᠷ ᠬᠣᠲᠠ᠎ᠶ᠋ᠢᠨ ᠪᠤᠭᠤᠲᠤ᠎ᠶ᠋ᠢᠨ ᠪᠠᠷᠠᠭᠤᠨ ᠬᠡᠰᠡᠭ᠎ᠦᠨ ᠪᠤᠬ᠎ᠠ ᠲᠡᠷᠭᠡᠨ᠎ᠤ ᠠᠵᠢᠯ᠎ᠤᠨ ᠬᠡᠰᠡᠭ᠎ᠦᠨ ᠯᠢᠨ ᠾᠧ ᠬᠡᠷᠡᠭ᠌ᠯᠡᠯᠲᠡ ᠵᠢᠨ ᠦᠶ᠋ᠯᠡᠳᠪᠦᠷᠢ᠎ᠶ᠋ᠢᠨ ᠲᠠᠰᠤᠭ᠎ᠤᠨ ᠡᠭᠡᠯᠵᠢ ᠲᠣᠮᠢᠯᠠᠬᠤ ᠲᠠᠰᠤᠭ᠎ᠲᠤ᠂ ᠳᠣᠲᠣᠭᠠᠳᠤ ᠱᠢᠲᠠᠯᠲᠠ᠎ᠶ᠋ᠢᠨ ᠪᠤᠬ᠎ᠠ ᠲᠡᠷᠭᠡᠨ᠎ᠦ ᠵᠢᠯᠣᠭᠣᠴᠢ ᠮᠠ ᠯᠢ ᠵᠢᠶᠠᠨ ᠠᠶᠠᠯᠠᠯ᠎ᠤᠨ ᠬᠠᠭᠤᠳᠠᠰᠦ ᠵᠢ ᠤᠷᠪᠠᠭᠤᠯᠤᠨ᠂ ᠲᠣᠬᠢᠷᠠᠭᠤᠯᠤᠯᠲᠠ ᠬᠢᠬᠦ᠌ ᠵᠠᠷᠯᠢᠭ ᠨᠢᠭᠡᠪᠦᠷᠢ᠎ᠶ᠋ᠢ ᠨᠠᠷᠢᠯᠢᠭ ᠬᠠᠷᠭᠤᠭᠤᠯᠵᠤ ᠦᠵᠡᠨ᠎ᠡ᠃ 1 ᠴᠠᠭ 40 ᠮᠢᠨᠦ᠋ᠲ᠎ᠦᠨ ᠳᠠᠷᠠᠭ᠎ᠠ᠂ ᠲᠡᠷᠡ K7911 ᠡᠭᠡᠯᠵᠢ᠎ᠶ᠋ᠢᠨ ᠭᠠᠯᠲᠤ ᠲᠡᠷᠭᠡ ᠵᠢ ᠵᠢᠯᠣᠭᠣᠳᠤᠨ ᠪᠠᠶᠠᠨᠨᠠᠭᠤᠷ ᠥᠷᠲᠡᠭᠡ᠎ᠡᠴᠡ ᠮᠤᠷᠳᠠᠵᠤ᠂ ᠭᠣᠪᠢ᠎ᠶ᠋ᠢᠨ ᠭᠦᠨ᠎ᠳᠦ ᠣᠷᠣᠵᠤ᠂ ᠭᠤᠷᠪᠠᠨ ᠶᠡᠬᠡ ᠡᠯᠡᠰᠦᠨ ᠴᠥᠯ᠎ᠢ ᠳᠤᠭᠤᠯᠬᠤ ᠰᠥᠨᠢ᠎ᠶ᠋ᠢᠨ ᠠᠶᠠᠯᠠᠯ᠎ᠢᠶᠠᠨ ᠡᠬᠢᠯᠡᠭᠦᠯᠪᠡ᠃



ᠡᠨᠡ ᠪᠣᠯ ᠮᠠ ᠯᠢ ᠵᠢᠶᠠᠨ᠎ᠤ ᠯᠢᠨ ᠾᠧ ᠡᠴᠡ ᠴᠡᠭᠡ ᠪᠤᠭᠤᠮᠳᠠ ᠬᠦᠷᠬᠦ ᠴᠠᠭᠠᠨ ᠰᠠᠷ᠎ᠠ ᠵᠢᠨ ᠲᠡᠮᠦᠷ ᠵᠠᠮ᠎ᠤ᠋ᠨ ᠠᠶᠠᠯᠠᠯ᠎ᠤᠨ ᠠᠵᠢᠯ᠎ᠤᠨ ᠪᠠᠢᠷᠢ ᠪᠠᠨ ᠪᠠᠲᠤ ᠰᠠᠬᠢᠭ᠍ᠰᠠᠨ ᠠᠷᠪᠠᠨ ᠬᠣᠶᠠᠳᠤᠭᠠᠷ ᠵᠢᠯ ᠪᠣᠯᠤᠨ᠎ᠠ᠃ ᠤᠯᠠᠭᠠᠨᠪᠤᠬ᠎ᠠ᠂ ᠪᠠᠳᠠᠢ᠎ᠶ᠋ᠢᠨ ᠵᠢᠷᠠᠨ ᠵᠡᠷᠭᠡ ᠡᠯᠡᠰᠦᠨ ᠴᠥᠯ᠎ᠢ ᠰᠤᠨᠳᠠᠯᠠᠭ᠍ᠰᠠᠨ ᠡᠨᠡ ᠬᠦ᠌ ᠲᠡᠮᠦᠷ ᠵᠠᠮ᠎ᠨᠢ 400 ᠭᠠᠷᠤᠶ ᠺᠢᠯᠣᠮᠧᠲ᠋ᠷ ᠡᠵᠡᠭᠦᠶ ᠣᠷᠣᠨ᠎ᠢ ᠬᠣᠯᠪᠣᠵᠤ᠂ K79111 / 2 ᠡᠭᠡᠯᠵᠢ᠎ᠶ᠋ᠢᠨ ᠭᠠᠯᠲᠤ ᠲᠡᠷᠭᠡ᠎ᠨᠢ ᠪᠠᠶᠠᠨᠨᠠᠭᠤᠷ ᠪᠣᠯᠤᠨ ᠡᠵᠡᠨ᠎ᠡ᠎ᠶ᠋ᠢᠨ ᠬᠣᠭᠣᠷᠣᠨᠳᠣᠬᠢ ᠴᠣᠷ᠎ᠤᠨ ᠭᠠᠭ᠍ᠴᠠ ᠠᠶᠠᠨᠴᠢᠳ᠎ᠤᠨ ᠭᠠᠯᠲᠤ ᠲᠡᠷᠭᠡ ᠪᠣᠯᠤᠨ᠎ᠠ᠂ ᠨᠠᠩ ᠴᠤ᠌ ᠵᠠᠮ ᠳᠠᠭᠠᠤ ᠬᠥᠯᠥᠰᠥᠨ ᠠᠵᠢᠯ ᠬᠢᠭ᠌ᠰᠡᠳ᠎ᠦᠨ ᠭᠠᠳᠠᠭ᠍ᠰᠢ ᠭᠠᠷᠴᠤ᠌ ᠠᠮᠢ ᠵᠢᠭᠤᠬᠤ᠂ ᠴᠠᠭᠠᠨ ᠰᠠᠷ᠎ᠠ᠎ᠪᠠᠷ ᠨᠤᠲᠤᠭ᠎ᠲᠠᠭᠠᠨ ᠪᠤᠴᠠᠬᠤ ᠬᠠᠮᠤᠭ᠎ᠤᠨ ᠰᠠᠢᠨ ᠵᠠᠮ ᠬᠠᠷᠢᠯᠴᠠᠭᠠᠨ᠎ᠤ ᠰᠣᠩᠭᠣᠯᠲᠠ ᠪᠣᠯᠤᠨ᠎ᠠ᠃ 12 ᠵᠢᠯ᠎ᠦᠨ ᠬᠤᠭᠤᠴᠠᠭᠠᠨ᠎ᠳᠤ᠂ ᠮᠠ ᠯᠢ ᠵᠢᠶᠠᠨ ᠨᠡᠢᠲᠡ 4500 ᠭᠠᠷᠤᠶ ᠤᠳᠠᠭ᠎ᠠ ᠠᠮᠤᠷ ᠲᠦᠪᠱᠢᠨ᠎ᠢᠶᠡᠷ ᠲᠡᠷᠭᠡ ᠵᠢᠯᠣᠭᠣᠳᠤᠨ ᠠᠶᠠᠯᠠᠵᠤ᠂ ᠶᠡᠷᠦᠩᠬᠡᠶ ᠣᠷᠳᠣ᠎ᠨᠢ 140 ᠲᠦᠮᠡᠨ ᠺᠢᠯᠣᠮᠧᠲ᠋ᠷ᠎ᠢ ᠳᠠᠪᠠᠵᠤ᠂ ᠳᠡᠯᠡᠬᠡᠶ᠎ᠶ᠋ᠢᠨ ᠪᠦᠰᠡᠯᠡᠭᠦᠷ᠎ᠢ 35 ᠡᠷᠭᠢᠭ᠌ᠰᠡᠨ᠎ᠲᠡᠶ ᠲᠡᠩᠴᠡᠵᠦ᠍᠂ ᠵᠠᠭᠤᠨ ᠲᠦᠮᠡᠨ ᠠᠶᠠᠨᠴᠢᠨ᠎ᠢ ᠠᠮᠤᠷ ᠲᠦᠪᠱᠢᠨ᠎ᠢᠶᠡᠷ ᠵᠣᠷᠢᠭ᠍ᠰᠠᠨ ᠭᠠᠵᠠᠷ᠎ᠲᠤᠨᠢ ᠬᠦᠷᠭᠡᠪᠡ᠃


QQ截图20260219121114.png


《ᠡᠯᠡᠰᠦ ᠮᠠᠩᠬ᠎ᠠ᠎ᠪᠠᠷ ᠠᠶᠠᠯᠠᠬᠤ᠎ᠳᠤ ᠠᠯᠬᠤᠮ ᠪᠦᠷᠢ᠎ᠳᠦ ᠵᠢᠷᠦᠬᠡ ᠪᠠᠨ ᠭᠠᠷ ᠲᠠᠭᠠᠨ ᠪᠠᠷᠢᠨ᠎ᠠ》᠃ ᠭᠠᠯᠳᠤ ᠲᠡᠷᠭᠡ᠎ᠬᠦᠳᠡᠯᠬᠦ᠎ᠡᠴᠡ 30 ᠮᠢᠨᠦ᠋ᠲ᠎ᠦᠨ ᠡᠮᠦᠨ᠎ᠡ᠂ ᠮᠠ ᠯᠢ ᠵᠢᠶᠠᠨ ᠶᠠᠰᠤ ᠶᠠᠩᠭᠢᠨᠠᠮ᠎ᠠ ᠬᠦᠶ᠋ᠲᠡᠨ ᠰᠠᠯᠬᠢ᠎ᠶ᠋ᠢ ᠰᠥᠷᠥᠨ ᠪᠤᠬ᠎ᠠ ᠲᠡᠷᠭᠡᠨ᠎ᠳᠦ 《ᠪᠥᠬᠥ᠌ ᠲᠠᠯ᠎ᠠ᠎ᠶ᠋ᠢᠨ ᠪᠠᠢᠴᠠᠭᠠᠯᠲᠠ》 ᠬᠢᠪᠠ᠄ ᠪᠤᠬ᠎ᠠ ᠲᠡᠷᠭᠡ ᠵᠢᠨ ᠡᠯᠡᠰᠦ ᠲᠣᠭᠣᠰᠣ᠎ᠶ᠋ᠢ ᠴᠡᠪᠡᠷᠯᠡᠵᠦ᠍᠂ ᠵᠠᠩᠭᠢᠯᠠᠭ᠎ᠠ᠎ᠶ᠋ᠢᠨ ᠲᠣᠨᠣᠭ᠍ᠯᠠᠭᠠᠰᠤ᠎ᠳᠤ ᠨᠠᠷᠢᠯᠢᠭ ᠣᠨᠣᠴᠠᠲᠠᠶ᠎ᠪᠠᠷ ᠲᠣᠰᠣ ᠨᠥᠬᠥᠪᠥᠷᠢᠯᠡᠵᠦ᠍᠂ ᠰᠠᠯᠬᠢ ᠱᠢᠭᠤᠷᠭᠠᠨ᠎ᠳᠤ ᠪᠦᠷᠬᠦᠭ᠌ᠳᠡᠭ᠌ᠰᠡᠨ ᠬᠡᠮᠵᠢᠭᠦᠷᠯᠢᠭ᠎ᠦᠨ ᠲᠠᠪᠠᠭ᠎ᠢ ᠳᠠᠬᠢᠨ ᠳᠠᠪᠲᠠᠨ ᠵᠦᠯᠭᠦᠵᠦ᠍᠂ ᠪᠠᠰᠠ ᠣᠷᠣᠨ ᠲᠣᠭ᠎ᠠ ᠶᠣᠰᠣᠭᠠᠷ ᠭᠠᠷᠭᠠᠭᠰᠠᠨ ᠸᠠᠭᠣᠨ᠎ᠤ ᠲᠣᠭ᠎ᠠ ᠬᠡᠮᠵᠢᠶ᠎ᠡ᠎ᠶ᠋ᠢ ᠨᠢᠭᠡ ᠨᠢᠭᠡ᠎ᠪᠡᠷ ᠬᠠᠷᠭᠤᠭᠤᠯᠤᠨ ᠦᠵᠡᠨ᠎ᠡ᠃ 《ᠤᠨᠲᠠᠬᠤ ᠣᠷᠣ ᠢᠯᠡᠭᠦᠦ ᠲᠤᠬᠢᠷᠠᠭᠤᠯᠪᠠᠯ ᠭᠠᠯᠲᠤ ᠲᠡᠷᠭᠡᠨ᠎ᠦ ᠲᠣᠷᠮᠣᠰᠯᠠᠬᠤ ᠵᠠᠶ ᠴᠤ᠌ ᠲᠠᠭᠠᠯᠳᠤᠨ ᠨᠡᠮᠡᠭ᠌ᠳᠡᠨ᠎ᠡ᠂ ᠵᠢᠭᠠᠬᠠᠨ ᠴᠦ᠍ ᠴᠠᠯᠠᠭᠠᠢᠳᠠᠵᠤ ᠪᠤᠯᠬᠤ ᠦᠭᠡᠢ》᠃ ᠲᠡᠷᠡ ᠪᠠᠢᠴᠠᠭᠠᠬᠤ᠎ᠶ᠋ᠢᠨ ᠳᠠᠭᠠᠤ᠂ ᠡᠯᠡᠰᠦᠨ ᠴᠥᠯ᠎ᠦᠨ ᠲᠡᠮᠦᠷ ᠵᠠᠮ᠎ᠤᠨ ᠵᠠᠮ ᠱᠤᠭᠤᠮ᠎ᠬᠤᠪᠢᠷᠠᠯᠲᠠ ᠶᠡᠬᠡᠲᠡᠶ᠂ ᠬᠠᠵᠠᠭᠤ᠎ᠡᠴᠡ᠎ᠦᠯᠢᠶᠡᠬᠦ ᠰᠠᠯᠬᠢ ᠦᠷᠭᠦᠯᠵᠢ 8 ᠲᠠᠰ᠎ᠡᠴᠡ ᠳᠡᠭᠡᠭ᠌ᠰᠢ᠎ᠳᠦ ᠬᠦᠷᠴᠦ᠍᠂ ᠴᠢᠨᠠᠭ᠍ᠰᠢᠯᠠᠪᠠᠯ ᠬᠡᠭᠡᠷ᠎ᠡ᠎ᠶ᠋ᠢᠨ ᠠᠮᠢᠲᠠᠨ ᠲᠣᠭᠣᠷᠢᠯᠲᠠ᠎ᠶ᠋ᠢᠨ ᠵᠠᠮ᠎ᠳᠤ ᠳᠠᠭᠠᠷᠢᠨ ᠣᠷᠣᠵᠤ ᠮᠡᠳᠡᠬᠦ ᠤᠴᠢᠷ ᠡᠴᠡ ᠠᠶᠠᠨᠴᠢᠳ᠎ᠤᠨ ᠭᠠᠯᠲᠤ ᠲᠡᠷᠭᠡᠨ᠎ᠦ ᠲᠣᠭ᠍ᠲᠠᠭᠤᠨ ᠪᠥᠭᠡᠳ ᠲᠠᠭᠠᠯᠠᠮᠵᠢᠲᠠᠶ ᠪᠠᠢᠬᠤ ᠪᠠ ᠣᠨᠣᠪᠴᠢᠲᠠᠶ ᠪᠠᠢᠬᠤ᠎ᠶ᠋ᠢ ᠪᠠᠲᠤᠯᠠᠵᠤ᠂ 《ᠤᠷᠢᠳᠴᠢᠯᠠᠨ ᠮᠠᠭᠠᠳᠯᠠᠬᠤ》 ᠠᠮᠤᠷ ᠲᠦᠪᠱᠢᠨ᠎ᠦ ᠤᠬᠠᠮᠰᠠᠷ ᠪᠠ ᠪᠤᠰᠢᠭᠤ ᠱᠠᠯᠠᠮᠠᠭᠠᠢ ᠬᠦᠳᠡᠯᠦᠯ ᠬᠡᠷᠡᠭᠳᠡᠢ ᠭᠡᠵᠤ ᠲᠠᠢᠯᠪᠤᠷᠢᠯᠠᠵᠤ ᠭᠠᠷᠤᠯ᠎ᠠ᠃


QQ截图20260220121158.png


2 ᠴᠠᠭ 40 ᠮᠢᠨᠦ᠋ᠲ ᠲᠦ᠍᠂ K7911 ᠡᠭᠡᠯᠵᠢ᠎ᠶ᠋ᠢᠨ ᠭᠠᠯᠲᠤ ᠲᠡᠷᠭᠡ ᠲᠤᠬᠳᠠᠬᠰᠠᠨ ᠴᠠᠭ᠎ᠲᠠᠭᠠᠨ ᠬᠥᠳᠡᠯᠪᠡ᠃ ᠵᠢᠯᠣᠭᠣᠳᠭᠤ ᠲᠠᠰᠤᠭ᠎ᠲᠤ᠂ ᠮᠠ ᠯᠢ ᠵᠢᠶᠠᠨ ᠪᠠᠷᠠᠭᠤᠨ ᠭᠠᠷ᠎ᠲᠠᠭᠠᠨ ᠬᠤᠷᠳᠤᠴᠠ᠎ᠶ᠋ᠢ ᠲᠣᠬᠢᠷᠠᠭᠤᠯᠬᠤ ᠪᠠᠷᠢᠭᠤᠯ᠎ᠢ ᠯᠠᠪᠳᠠᠭᠤᠨ ᠡᠵᠡᠮᠳᠡᠵᠦ᠍᠂ ᠵᠡᠭᠦᠨ ᠭᠠᠷ᠎ᠲᠠᠭᠠᠨ ᠵᠠᠮ᠎ᠤᠨ ᠨᠠᠯᠠᠤᠴᠠ᠎ᠶ᠋ᠢ ᠦᠨᠳᠦᠰᠦᠯᠡᠨ ᠬᠠᠭᠠᠯᠲᠠ᠎ᠶ᠋ᠢᠨ ᠪᠠᠷᠢᠭᠤᠯ᠎ᠢ ᠬᠥᠩᠭᠡᠬᠡᠨ ᠪᠠᠷᠢᠵᠤ᠂ ᠨᠢᠳᠦᠨ ᠬᠠᠷᠠᠴᠠ ᠨᠢ ᠡᠮᠦᠨ᠎ᠡ ᠲᠠᠯ᠎ᠠ᠎ᠶ᠋ᠢᠨ ᠬᠠᠷᠠᠩᠭᠤᠶ ᠵᠠᠮ ᠪᠣᠯᠤᠨ ᠬᠡᠮᠵᠢᠭᠦᠷᠯᠢᠭ᠎ᠦᠨ ᠲᠠᠪᠠᠭ᠎ᠤᠨ ᠬᠣᠭᠣᠷᠣᠨᠳᠣ ᠲᠦᠷᠭᠡᠬᠡᠨ ᠰᠣᠯᠢᠭ᠍ᠳᠠᠨ᠎ᠠ᠃ 《ᠡᠮᠦᠨ᠎ᠡ 5 ᠺᠢᠯᠣᠮᠧᠲ᠋ᠷ᠎ᠤᠨ ᠰᠠᠯᠬᠢᠨ᠎ᠤ ᠠᠮᠠ ᠪᠡᠷ ᠣᠷᠣᠬᠤ᠎ᠳᠤ ᠲᠣᠭ᠍ᠲᠠᠭᠤᠨ ᠬᠤᠷᠳᠤᠴᠠ᠎ᠶ᠋ᠢ ᠠᠩᠬᠠᠷᠬᠤ ᠬᠡᠷᠡᠭ᠌ᠲᠡᠶ》᠂ 《ᠪᠠᠷᠠᠭᠤᠨ ᠲᠠᠯ᠎ᠠ᠎ᠳᠤᠨᠢ ᠡᠵᠡᠭᠦᠢ ᠣᠷᠣᠨ᠂ ᠭᠦᠢᠴᠡᠳ ᠠᠵᠢᠭᠯᠠᠬᠤ ᠬᠡᠷᠡᠭᠳᠡᠢ》᠂ ᠲᠡᠷᠡ ᠠᠮᠠᠨ᠎ᠳᠠᠭᠠᠨ ᠠᠮᠤᠷ ᠲᠦᠪᠱᠢᠨ᠎ᠦ ᠠᠮᠠᠨ ᠤᠩᠱᠢᠯᠭ᠎ᠠ᠎ᠶ᠋ᠢ ᠤᠩᠱᠢᠵᠤ᠂ ᠠᠵᠢᠯᠯᠠᠭ᠎ᠠ ᠨᠢᠭᠡᠪᠦᠷᠢ᠎ᠨᠢ ᠴᠥᠮ ᠮᠠᠰᠢ ᠣᠨᠣᠪᠴᠢᠲᠠᠶ᠃ ᠭᠠᠯᠲᠤ ᠲᠡᠷᠭᠡ ᠡᠯᠡᠰᠦᠨ ᠴᠥᠯ᠎ᠳᠡᠬᠢ 《ᠪᠣᠯᠣᠳ ᠲᠡᠮᠦᠷ ᠲᠡᠮᠡᠭᠡᠨ ᠵᠢᠩ》 ᠬᠡᠮᠡᠷ ᠰᠠᠯᠬᠢ ᠱᠢᠭᠤᠷᠭ᠎ᠠ᠎ᠶ᠋ᠢ ᠳᠤᠭᠤᠯᠤᠨ ᠡᠵᠡᠨ᠎ᠡ ᠵᠦᠭ ᠳᠠᠪᠬᠢᠨ᠎ᠠ᠃


QQ截图20260220121215.png


ᠵᠠᠮ ᠵᠠᠭᠤᠷ᠎ᠠ ᠪᠠᠭ᠎ᠠ ᠥᠷᠲᠡᠭᠡ᠎ᠪᠡᠷ ᠥᠩᠭᠡᠷᠡᠬᠦ᠌ ᠦᠶᠡᠰ᠂ ᠵᠣᠭ᠍ᠰᠣᠬᠤ ᠴᠠᠭ ᠨᠢ ᠵᠥᠪᠬᠡᠨ 3 ᠮᠢᠨᠦ᠋ᠲ ᠪᠤᠯᠤᠨ᠎ᠠ᠃ ᠮᠠ ᠯᠢ ᠵᠢᠶᠠᠨ ᠬᠠᠯᠠᠭᠤᠨ ᠤᠰᠤ ᠤᠤᠭᠤᠬᠤ ᠵᠠᠪ ᠴᠦ᠍ ᠥᠬᠡᠶ᠂ ᠳᠠᠷᠤᠢᠬᠠᠨ ᠲᠡᠷᠭᠡᠨ᠎ᠡᠴᠡ ᠪᠠᠭᠤᠵᠤ ᠭᠠᠯᠳᠤ ᠲᠡᠷᠭᠡᠨ᠎ᠤ ᠡᠷᠭᠢ ᠱᠤᠷᠠᠭ᠎ᠢ ᠨᠠᠷᠢᠯᠢᠭ ᠪᠠᠢᠴᠠᠭᠠᠨ᠎ᠠ᠃ 12 ᠵᠢᠯ᠎ᠦᠨ ᠡᠵᠡᠭᠦᠢ ᠭᠣᠪᠢ ᠵᠢᠨ ᠰᠦᠨᠢ ᠵᠢᠨ ᠠᠶᠠᠯᠠᠯ᠂ ᠮᠠ ᠯᠢ ᠵᠢᠶᠠᠨ᠎ᠤ ᠴᠠᠭᠠᠨ ᠰᠠᠷ᠎ᠠ᠎ᠶ᠋ᠢᠨ ᠵᠥᠭᠡᠭᠡᠪᠦᠷᠢ᠎ᠶ᠋ᠢᠨ ᠲᠤᠬᠠᠢ ᠳᠤᠷᠠᠰᠤᠮᠵᠢ᠎ᠳᠤ᠂ ᠡᠯᠡᠰᠦᠨ ᠱᠢᠭᠤᠷᠭ᠎ᠠ᠎ᠳᠤ ᠤᠴᠠᠷᠠᠬᠤ ᠦᠶ᠎ᠡ᠎ᠶ᠋ᠢᠨ ᠵᠢᠷᠦᠬᠡ ᠲᠦᠭ᠌ᠰᠢᠯᠲᠠ ᠪᠤᠢ᠂ ᠠᠶᠠᠨᠴᠢᠳ᠎ᠢ ᠠᠪᠤᠷᠠᠨ ᠲᠤᠰᠠᠯᠠᠬᠤ᠎ᠶ᠋ᠢᠨ ᠲᠥᠯᠥᠭᠡ ᠰᠥᠨᠢᠵᠢᠨ ᠨᠣᠢᠷ ᠦᠭᠡᠢ ᠰᠠᠬᠢᠵᠤ ᠥᠩᠭᠡᠷᠡᠭ᠌ᠰᠡᠨ ᠶᠠᠪᠤᠳᠠᠯ ᠴᠤ᠌ ᠪᠤᠢ᠂ ᠶᠠᠷᠢᠶᠠᠨ ᠦᠬᠡᠢ ᠠᠶᠠᠨᠴᠢᠳ᠎ᠤᠨ ᠠᠮᠤᠷ ᠲᠦᠪᠱᠢᠨ᠎ᠢᠶᠡᠷ ᠬᠦᠷᠴᠦ᠍ ᠢᠷᠡᠬᠦ᠌ ᠦᠶ᠎ᠡ᠎ᠶ᠋ᠢᠨ ᠪᠠᠶᠠᠷ ᠪᠠᠶᠠᠰᠤᠯ᠎ᠢ ᠣᠯᠵᠤ ᠬᠠᠷᠠᠬᠤ ᠨᠢ ᠬᠠᠮᠤᠭ᠎ᠤᠨ ᠶᠡᠬᠡ ᠵᠢᠷᠭᠠᠯ ᠶᠤᠮ᠃ 《12 ᠵᠢᠯ ᠬᠣᠷᠣᠮᠬᠠᠨ ᠵᠠᠭᠤᠷ᠎ᠠ ᠦᠨᠭᠭᠡᠷᠡᠭᠰᠡᠨ ᠱᠢᠭ᠂ ᠡᠨᠡ ᠡᠭᠡᠯᠵᠢ᠎ᠶ᠋ᠢᠨ ᠭᠠᠯᠳᠤ ᠲᠡᠷᠭᠡ ᠠᠶᠠᠯᠠᠵᠤ ᠪᠠᠢᠬᠤ᠎ᠳᠦ ᠯᠡ ᠬᠦᠷᠪᠡᠯ ᠪᠢ ᠳᠠᠷᠤᠢ ᠠᠵᠢᠯ᠎ᠤᠨ ᠪᠠᠢᠷᠢ ᠪᠠᠨ ᠪᠠᠳᠤ ᠰᠠᠬᠢᠨ᠎ᠠ》 ᠭᠡᠪᠡ᠃

ᠥᠷ ᠭᠡᠭᠡᠷᠡᠬᠦ᠌᠎ᠳᠦ K7911 ᠡᠭᠡᠯᠵᠢ᠎ᠶ᠋ᠢᠨ ᠭᠠᠯᠲᠤ ᠲᠡᠷᠭᠡ ᠡᠵᠡᠨ᠎ᠡ ᠥᠷᠲᠡᠭᠡ᠎ᠳᠦ ᠬᠦᠷᠪᠡ᠃ ᠮᠠ ᠯᠢ ᠵᠢᠶᠠᠨ ᠠᠶᠠᠨᠴᠢᠳ᠎ᠤᠨ ᠱᠢᠨ᠎ᠡ ᠵᠢᠯ᠎ᠦᠨ ᠪᠠᠷᠠᠭ᠎ᠠ᠎ᠪᠠᠨ ᠠᠪᠴᠤ᠌᠂ ᠠᠶᠠᠨ᠎ᠤ ᠪᠣᠭ᠍ᠴᠣ᠎ᠪᠠᠨ ᠡᠭᠦᠷᠦᠨ ᠸᠠᠭᠣᠨ᠎ᠡᠴᠡ ᠭᠠᠷᠬᠤ ᠪᠠᠷ᠎ᠠ᠎ᠶ᠋ᠢ ᠬᠠᠷᠠᠵᠤ᠂ ᠴᠢᠷᠠᠢ᠎ᠳᠤᠨᠢ ᠪᠠᠶᠠᠷ᠎ᠤᠨ ᠢᠨᠢᠶᠡᠮᠰᠦᠭ᠌ᠯᠡᠯ ᠲᠣᠳᠣᠷᠠᠪᠠ᠃ ᠵᠢᠭᠠᠬᠠᠨ ᠠᠮᠤᠰᠬᠢᠭᠰᠡᠨ᠎ᠤ ᠳᠠᠷᠠᠭ᠎ᠠ᠂ ᠲᠡᠷᠡ ᠪᠠᠰᠠ K7912 ᠡᠭᠡᠯᠵᠢ᠎ᠶ᠋ᠢᠨ ᠭᠠᠯᠲᠤ ᠲᠡᠷᠭᠡ᠎ᠶ᠋ᠢ ᠵᠢᠯᠣᠭᠣᠳᠤᠨ ᠪᠤᠴᠠᠵᠤ᠂ ᠭᠣᠪᠢ ᠴᠥᠯ᠎ᠢ 《ᠠᠮᠤᠷ ᠲᠦᠪᠱᠢᠨ᠎ᠢᠶᠡᠷ ᠲᠤᠭᠤᠯᠬᠤ》 ᠥᠯᠢᠭᠡᠷ᠎ᠢ ᠦᠷᠭᠦᠯᠵᠢᠯᠡᠨ ᠪᠢᠴᠢᠭᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号