ᠵᠢᠭᠤᠯᠴᠢᠯᠠᠬᠰᠡᠳ ᠲᠤ᠌ ᠲᠠᠭᠠᠰᠢᠶᠠᠭᠳᠠᠭᠰᠠᠨ ᠥᠪᠥᠷ ᠮᠣᠩᠭᠣᠯ᠎ᠤᠨ ᠠᠮᠳᠠᠳᠤ ᠢᠳᠡᠬᠡᠨ
2026-02-21 11:36:17
ᠵᠣᠬᠢᠶᠠᠭ᠍ᠴᠢ᠄
ᠭᠸᠩ ᠱᠢᠨ
ᠣᠩᠱᠢᠭ᠍ᠰᠠᠨ ᠣᠳᠠᠭ᠎ᠠ᠄
★★★☆☆

ᠰᠢᠨ᠎ᠠ ᠵᠢᠯ ᠴᠠᠭᠠᠨ ᠰᠠᠷ᠎ᠠ᠎ᠶ᠋ᠢᠨ ᠬᠤᠭᠤᠴᠠᠭᠠᠨ ᠳ᠋ᠤ᠂ ᠦᠪᠤᠷ ᠮᠤᠨᠭᠭᠤᠯ ᠤ᠋ᠨ ᠡᠯ᠎ᠡ ᠭᠠᠵᠠᠷ᠎ᠤᠨ ᠴᠠᠭᠠᠨ ᠰᠠᠷ᠎ᠠ᠎ᠶ᠋ᠢᠨ ᠪᠠᠷᠠᠭᠠᠨ᠎ᠤ ᠵᠠᠬ᠎ᠠ ᠳᠡᠯᠭᠡᠭᠦᠷ᠂ ᠴᠠᠭ᠎ᠤᠨ ᠤᠷᠤᠰᠭᠠᠯᠲᠤ ᠵᠡᠭᠡᠯᠢ ᠲᠣᠭᠣᠷᠢᠭ᠂ ᠰᠣᠶᠣᠯ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠤ᠎ᠬᠢᠨ ᠥᠪᠡᠷᠮᠢᠴᠡ ᠤᠨᠴᠠᠯᠢᠬ᠍ᠳᠤ ᠢᠳᠡᠭᠡᠨ᠎ᠠᠮᠳᠠᠯᠠᠬᠤ ᠠᠵᠢᠯᠯᠠᠭ᠎ᠠ ᠥᠷᠨᠢᠭᠦᠯᠵᠦ᠍᠂ ᠰᠢᠷᠠᠭᠰᠠᠨ ᠪᠦᠬᠦᠯᠢ ᠰᠢᠭᠦᠰᠦ᠂ ᠴᠢᠨᠠᠭ᠍ᠰᠠᠨ ᠮᠢᠬ᠎ᠠ᠂ ᠲᠣᠭ᠍ᠲᠠᠬᠤ ᠱᠢᠶᠠᠨ᠎ᠤ ᠴᠢᠨᠠᠭ᠍ᠰᠠᠨ ᠵᠢᠭᠠᠰᠤ᠂ ᠤᠯᠠᠮᠵᠢᠯᠠᠯᠲᠤ ᠰᠦ ᠲᠠᠢ ᠴᠠᠶ ᠵᠡᠷᠭᠡ᠎ᠶ᠋ᠢ ᠵᠠᠬ᠎ᠠ ᠳᠡᠯᠭᠡᠭᠦᠷ᠎ᠲᠦ ᠭᠠᠷᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠪᠤᠯᠬᠤ ᠠᠮᠲᠠᠲᠤ ᠢᠳᠡᠭᠡᠨ᠂ ᠬᠠᠭᠤᠴᠢᠨ ᠨᠠᠷᠠᠲᠤ ᠰᠤᠯᠠ ᠢᠳᠡᠭᠡᠨ᠎ᠦ ᠳᠡᠯᠭᠡᠭᠦᠷ ᠲᠤ᠌ ᠰᠠᠭᠠᠳᠠᠬᠤ ᠬᠡᠷᠡᠭᠯᠡᠭᠴᠢᠳ ᠣᠯᠠᠱᠢᠷᠠᠵᠤ᠂ ᠥᠪᠤᠷ ᠮᠤᠨᠭᠭᠤᠯ᠎ᠤᠨ ᠤᠯᠠᠨ ᠲᠥᠮᠡᠨ ᠡᠯ᠎ᠠ ᠭᠠᠵᠠᠷ ᠤ᠋ᠨ ᠵᠢᠭᠤᠯᠴᠢᠯᠠᠬᠰᠡᠳ᠎ᠲᠠᠶ ᠬᠠᠮᠲᠤ ᠴᠠᠭᠠᠨ ᠰᠠᠷ᠎ᠠ᠎ᠶ᠋ᠢᠨ ᠠᠮᠳᠠᠳᠤ ᠢᠳᠡᠬᠡᠨ᠎ᠢ ᠠᠮᠳᠠᠯᠠᠪᠠ᠃

2 ᠰᠠᠷ᠎ᠠ᠎ᠶ᠋ᠢᠨ 18 ᠎ᠤ᠋ ᠡᠳᠦᠷ᠂ ᠱᠢᠯᠢᠩᠬᠣᠲᠠ᠎ᠶ᠋ᠢᠨ ᠨᠢᠭᠡᠨ ᠮᠣᠩᠭᠣᠯ ᠬᠣᠭᠣᠯᠠᠨ ᠬᠡᠷ᠎ᠲᠦ᠂ 《ᠠᠢᠯᠠᠳᠬᠠᠨ ᠪᠠᠷᠢᠶ᠎ᠠ》 ᠲᠠᠭᠤᠤ ᠬᠠᠩᠭᠢᠨᠠᠵᠤ ᠡᠬᠢᠯᠡᠬᠦ᠎ᠶ᠋ᠢ ᠳᠠᠭᠠᠯᠳᠤᠨ᠂ ᠦᠶ᠋ᠯᠡᠴᠢᠯᠡᠭ᠌ᠴᠢ ᠵᠤᠴᠢᠳ ᠤ᠋ᠨ ᠥᠷᠥᠭᠡᠨ᠎ᠦ ᠡᠭᠦᠳᠡ᠎ᠶ᠋ᠢ ᠠᠯᠭᠤᠷᠬᠠᠨ ᠨᠡᠭᠡᠭᠡᠵᠦ᠍᠂ ᠤᠯᠠᠭᠠᠨ ᠳᠤᠷᠳᠤᠩ ᠵᠠᠩᠭᠢᠶ᠎ᠠ ᠤᠶᠠᠬᠰᠡᠨ ᠱᠢᠷᠠᠭ᠍ᠰᠠᠨ ᠪᠦᠬᠦᠯᠢ ᠰᠢᠬᠦᠰᠦ᠎ᠶ᠋ᠢ ᠵᠣᠴᠢᠳ᠎ᠤᠨ ᠡᠮᠦᠨ᠎ᠡ ᠬᠦᠷᠭᠡᠵᠤ ᠢᠷᠡᠪᠡ᠃

ᠠᠩᠬ᠎ᠠ ᠤᠳᠠᠭ᠎ᠠ ᠴᠢᠭᠤᠯᠤᠯᠲᠤ ᠬᠠᠭᠠᠯᠭ᠎ᠠ᠎ᠡᠴᠡ ᠥᠪᠥᠷ ᠮᠣᠩᠭᠣᠯ᠎ᠳᠤ ᠢᠷᠡᠵᠦ᠍ ᠱᠢᠨᠡᠯᠡᠵᠦ᠍ ᠪᠠᠢᠭ᠎ᠠ ᠵᠠᠩ ᠠᠶ ᠯᠠᠨ᠎ᠤ ᠭᠡᠷ ᠪᠦᠯᠢ ᠵᠢᠨ᠎ᠬᠢᠨ᠂ ᠨᠢᠳᠦᠨ ᠡᠮᠦᠨᠡᠬᠢ ᠦᠵᠡᠮᠵᠢ ᠪᠠᠢᠳᠠᠯ᠎ᠢ᠋ ᠦᠵᠡᠭᠡᠳ ᠰᠢᠨ᠎ᠠ ᠰᠡᠪᠡᠭᠦᠨ ᠰᠠᠨᠠᠬᠳᠠᠬᠤ ᠪᠥᠭᠡᠳ ᠰᠡᠳᠭᠢᠯ ᠳᠣᠭ᠍ᠳᠣᠯᠵᠤ᠂ ᠥᠪᠡᠷ᠎ᠦᠨ ᠡᠷᠬᠡ ᠥᠬᠡᠶ ᠲᠠᠭᠤᠯᠠᠨ ᠪᠠᠶᠠᠰᠴᠤ ᠠᠯᠠᠭ᠎ᠠ ᠲᠠᠱᠢᠵᠤ᠂ ᠭᠡᠷ ᠪᠦᠯᠢ ᠪᠡᠷ ᠵᠢᠡᠨ ᠱᠢᠷᠡᠭᠡ ᠲᠣᠭᠣᠷᠢᠨ ᠰᠠᠭᠤᠵᠠᠭᠠᠵᠤ᠂ ᠲᠠᠯ᠎ᠠ ᠨᠤᠲᠤᠭ᠎ᠤᠨ ᠵᠣᠴᠢᠳ᠎ᠲᠤ ᠵᠣᠷᠢᠭᠤᠯᠤᠭ᠍ᠰᠠᠨ ᠡᠨᠡ ᠬᠦ᠌ ᠠᠮᠲᠠᠲᠤ ᠢᠳᠡᠭᠡᠨ᠎ᠢ ᠬᠤᠪᠢᠶᠠᠯᠴᠠᠵᠤ᠂ ᠬᠡᠷ ᠬᠣᠲᠠᠯᠠᠭᠠᠷ᠎ᠢᠶᠠᠨ ᠪᠠᠶᠠᠷ ᠬᠥᠷ ᠲᠠᠢ ᠵᠤᠭᠤᠬᠯᠠᠪᠠ᠃

ᠱᠢᠷᠠᠭ᠍ᠰᠠᠨ ᠪᠦᠬᠦᠯᠢ ᠰᠢᠭᠦᠰᠦ᠎ᠡᠴᠡ ᠭᠠᠳᠠᠨ᠎ᠠ᠂ ᠱᠢᠷᠡᠭᠡᠨ ᠳᠡᠭᠡᠷ᠎ᠡ ᠪᠠᠰᠠ ᠤᠯᠠᠮᠵᠢᠯᠠᠯᠲᠤ ᠰᠦ ᠲᠠᠢ ᠴᠠᠢ᠂ ᠥᠷᠥᠮ᠎ᠡ᠂ ᠬᠤᠷᠤᠳ᠂ ᠴᠢᠨᠠᠭ᠍ᠰᠠᠨ ᠮᠢᠬ᠎ᠠ᠂ ᠬᠠᠭᠤᠷᠤᠭ᠍ᠰᠠᠨ ᠪᠤᠳᠠᠭ᠎ᠠ ᠵᠡᠷᠭᠡ ᠠᠮᠲᠠᠲᠤ ᠢᠳᠡᠭᠡᠨ ᠡᠯᠪᠡᠭ ᠲᠡᠯᠪᠡᠭ᠃ 《ᠠᠩᠬ᠎ᠠ ᠤᠳᠠᠭ᠎ᠠ ᠲᠦᠷᠦᠭᠰᠡᠨ ᠨᠤᠳᠤᠭ ᠥᠪᠥᠷ ᠮᠣᠩᠭᠣᠯ ᠳ᠋ᠠᠭᠠᠨ ᠬᠠᠷᠢᠵᠤ ᠢᠷᠡᠬᠡᠳ ᠱᠢᠨᠡᠯᠡᠵᠤ ᠪᠠᠢᠨ᠎ᠠ᠂ ᠪᠢᠳᠡ ᠲᠠᠯ᠎ᠠ ᠨᠤᠲᠤᠭ᠎ᠤᠨ ᠭᠠᠢᠬᠠᠮᠰᠢᠭ ᠢ᠋ ᠦᠨᠡᠨ ᠬᠦ᠌ ᠮᠡᠳᠡᠷᠡᠵᠦ᠍᠂ ᠲᠥᠷᠥᠯ ᠰᠠᠳᠤᠨ ᠲᠠᠶ᠎ᠪᠠᠨ ᠨᠢᠭᠡ ᠲᠠᠩᠬᠢᠮ᠎ᠳᠤ ᠴᠤᠭ᠍ᠯᠠᠷᠠᠨ ᠨᠤᠲᠤᠭ᠎ᠤᠨ᠎ᠢᠶᠠᠨ ᠠᠮᠲᠠᠲᠤ ᠢᠳᠡᠭᠡᠨ᠎ᠢ ᠬᠠᠮᠳᠤ ᠪᠡᠷ ᠵᠤᠭᠤᠬᠯᠠᠬᠤ ᠪᠣᠯᠤᠯ᠎ᠠ᠂ ᠡᠨᠡ ᠪᠣᠯ ᠴᠠᠭᠠᠨ ᠰᠠᠷ᠎ᠠ᠎ᠶ᠋ᠢᠨ ᠬᠠᠮᠤᠭ᠎ᠤᠨ ᠬᠠᠯᠠᠭᠤᠨ ᠳᠤᠯᠠᠭᠠᠨ ᠴᠠᠭ ᠮᠥᠴᠡ ᠪᠣᠯᠤᠨ᠎ᠠ》 ᠭᠡᠵᠦ᠍ ᠵᠠᠩ ᠠᠶ ᠯᠠᠨ ᠰᠡᠳᠭᠢᠯ ᠳᠣᠭ᠍ᠳᠣᠯᠤᠨ ᠬᠡᠯᠡᠪᠠ᠃

ᠬᠥᠬᠡᠬᠣᠲᠠ᠎ᠶ᠋ᠢᠨ ᠱᠣᠣᠮᠠᠶ᠎ᠶ᠋ᠢᠨ ᠵᠡᠭᠡᠯᠢ ᠳ᠋ᠡᠬᠢ ᠱᠣᠣᠮᠠᠶ᠎ᠶ᠋ᠢᠨ ᠳᠡᠯᠭᠡᠭᠦᠷ ᠲᠤ᠌ ᠤᠷᠤᠬᠤ ᠳ᠋ᠤ᠂ ᠱᠤᠤᠮᠠᠢ ᠵᠢᠨ ᠠᠩᠬᠢᠯᠤᠮ᠎ᠠ ᠦᠨᠦᠷ ᠬᠠᠩᠬᠤᠯᠤᠨ᠎ᠠ᠃ ᠯᠢ ᠠᠪᠤᠭᠠᠢ᠂ ᠠᠮᠳᠠᠳᠤ ᠰᠠᠢᠬᠠᠨ ᠱᠤᠤᠮᠠᠢ ᠵᠢ ᠵᠢᠨᠭᠨᠡᠬᠦ ᠳ᠋ᠤ᠂ ᠡᠳᠦᠷ ᠪᠦᠷᠢ᠎ᠶ᠋ᠢᠨ ᠥᠷᠯᠥᠭᠡ᠎ᠶ᠋ᠢᠨ ᠭᠤᠷᠪᠠᠨ ᠴᠠᠭ᠎ᠡᠴᠡ ᠡᠬᠢᠯᠡᠨ ᠮᠠᠲ᠋ᠧᠷᠢᠶᠠᠯ ᠪᠡᠯᠡᠳᠭᠡᠬᠦ᠌ ᠬᠡᠷᠡᠭ᠌ᠲᠡᠶ᠄ ᠳᠥᠷᠪᠡᠳ᠎ᠤᠨ ᠬᠣᠨᠢᠨ ᠮᠢᠬ᠎ᠠ᠂ ᠱᠠᠨ ᠰᠢ᠎ᠶ᠋ᠢᠨ ᠠᠮᠳᠠᠳᠤ ᠼᠤᠤ᠂ ᠲᠣᠭ᠍ᠲᠠᠬᠤ ᠱᠢᠶᠠᠨ᠎ᠤ ᠯᠠᠵᠤᠤ ᠵᠢ ᠭᠡᠷᠡᠭᠯᠡᠵᠤ᠂ ᠬᠡᠪ᠎ᠦᠨ ᠴᠠᠢ᠎ᠶ᠋ᠢᠨ ᠬᠠᠷᠢᠴᠠᠯ᠎ᠢ ᠴᠤ᠌ ᠰᠠᠢᠳᠤᠷ ᠲᠤᠬᠢᠷᠠᠭᠤᠯᠵᠤ᠂ ᠴᠠᠢ ᠴᠢᠢᠯᠡᠬᠦ ᠤᠰᠤᠨ᠎ᠤ ᠳᠤᠯᠠᠭᠠᠨ ᠨᠢ ᠴᠦ᠍ ᠲᠣᠬᠢᠷᠠᠮᠵᠢᠲᠠᠶ ᠪᠠᠶ᠋ᠢᠬᠤ ᠬᠡᠷᠡᠭᠳᠡᠢ᠃ ᠶᠠᠭ ᠡᠨᠡ ᠬᠦ᠌ ᠪᠣᠳᠠᠰ᠎ᠤᠨ ᠪᠤᠰᠤ ᠰᠣᠶᠣᠯ᠎ᠤᠨ ᠥᠪ᠎ᠢ᠋ ᠠᠭᠤᠰᠬᠠᠬᠰᠡᠨ ᠤᠷ᠎ᠠ ᠮᠡᠷᠭᠡᠵᠢᠯ᠎ᠦᠨ ᠪᠠᠷᠢᠮᠳᠠᠯᠠᠯ ᠨᠢ ᠱᠣᠣᠮᠠᠶ ᠵᠢ ᠬᠣᠯᠠ ᠣᠢᠷ᠎ᠠ᠎ᠳᠠᠭᠠᠨ ᠠᠯᠳᠠᠷᠱᠢᠭ᠍ᠰᠠᠨ ᠥᠪᠥᠷ ᠮᠣᠩᠭᠣᠯ᠎ᠤᠨ ᠠᠮᠲᠠᠲᠤ ᠢᠳᠡᠭᠡᠨ᠎ᠤ ᠨᠢᠬᠡ ᠪᠣᠯᠭᠠᠭ᠍ᠰᠠᠨ ᠪᠠᠢᠨ᠎ᠠ ᠭᠡᠵᠤ ᠯᠢ ᠠᠪᠤᠭᠠᠢ ᠲᠠᠨᠢᠯᠴᠠᠭᠤᠯᠪᠠ᠃

ᠲᠤᠰᠭᠠᠢᠯᠠᠨ ᠲᠦᠷᠭᠡᠨ ᠤ᠋ ᠭᠠᠯᠲᠤ ᠲᠡᠷᠭᠡᠨ᠎ᠳᠦ ᠰᠠᠭᠤᠵᠤ ᠢᠷᠭᠠᠢ ᠬᠤᠳᠠ᠎ᠡᠴᠡ ᠥᠪᠥᠷ ᠮᠣᠩᠭᠣᠯ᠎ᠳᠤ ᠢᠷᠡᠵᠦ᠍ ᠵᠢᠭᠤᠯᠴᠢᠯᠠᠵᠤ ᠱᠢᠨᠡᠯᠡᠭ᠌ᠰᠡᠨ ᠬ᠍ᠣ ᠠᠪᠤᠭᠠᠢ᠎ᠭᠡᠷ ᠪᠦᠯᠢ ᠪᠡᠷ ᠵᠢᠡᠨ ᠲᠣᠭᠣᠷᠢᠨ ᠵᠢᠭᠤᠯᠴᠢᠯᠠᠵᠤ ᠪᠠᠢᠬᠤ᠎ᠳᠠᠭᠠᠨ᠄ 《ᠬᠦᠭᠡᠬᠤᠳᠠ ᠵᠢᠨ ᠠᠮᠳᠠᠳᠤ ᠰᠠᠢᠬᠠᠨ ᠱᠤᠤᠮᠠᠢ᠂ ᠬᠡᠪ ᠤ᠋ᠨ ᠴᠠᠢ ᠡᠴᠡ ᠠᠮᠳᠠᠯᠠᠭᠠᠳ ᠪᠡᠶ᠎ᠡ ᠰᠡᠳᠭᠢᠯ ᠤ᠋ᠨ ᠴᠢᠯᠡᠭᠡ ᠵᠢ ᠲᠠᠢᠯᠤᠯ᠎ᠠ》 ᠭᠡᠪᠠ᠃ ᠲᠠᠢᠶᠤᠸᠠᠨ ᠬᠤᠳᠠ᠎ᠡᠴᠡ ᠢᠷᠡᠭ᠌ᠰᠡᠨ ᠵᠠᠩ ᠠᠪᠠᠬᠠᠢ᠄ 《ᠱᠠᠨ ᠰᠢ᠎ᠶ᠋ᠢᠨ ᠭᠤᠯᠢᠷ ᠬᠣᠭᠣᠯᠠ ᠵᠢ ᠢᠳᠡᠭᠡᠳ ᠳᠠᠳᠴᠠᠢ᠂ ᠡᠨᠡ ᠡᠳᠦᠷ ᠥᠪᠥᠷ ᠮᠣᠩᠭᠣᠯ᠎ᠤᠨ ᠱᠤᠤᠮᠠᠢ ᠡᠴᠡ ᠠᠮᠲᠠᠯᠠᠭᠠᠳ ᠦᠨᠡᠬᠡᠷ ᠤᠨᠴᠠᠭᠠᠢ ᠠᠮᠲᠠ᠎ᠲᠠᠶ ᠪᠠᠢᠨ᠎ᠠ!》 ᠭᠡᠵᠤ ᠱᠠᠬᠰᠢᠵᠤ ᠭᠠᠷᠤᠯ᠎ᠠ᠃

ᠨᠡᠩ ᠤᠯᠠᠨ ᠬᠥᠮᠦᠰ᠎ᠲᠦ ᠴᠠᠭᠠᠨ ᠰᠠᠷ᠎ᠠ᠎ᠶ᠋ᠢᠨ ᠦᠨᠦᠷ ᠠᠮᠲᠠ᠎ᠶ᠋ᠢ ᠠᠮᠲᠠᠯᠠᠭᠤᠯᠬᠤ᠎ᠶ᠋ᠢᠨ ᠲᠥᠯᠥᠭᠡ᠂ ᠥᠪᠥᠷ ᠮᠣᠩᠭᠣᠯ 《ᠠᠮᠲᠠᠲᠤ ᠢᠳᠡᠭᠡᠨ +  ᠴᠤᠭ᠍ᠯᠠᠭ᠎ᠠ ᠮᠠᠢᠮᠠᠢ》᠂ 《ᠠᠮᠲᠠᠲᠤ ᠢᠳᠡᠭᠡᠨ + ᠪᠣᠳᠠᠰ᠎ᠤᠨ ᠪᠤᠰᠤ ᠰᠣᠶᠣᠯ᠎ᠤᠨ ᠥᠪ》 ᠵᠡᠷᠭᠡ ᠤᠯᠠᠨ ᠵᠦᠢᠯ᠎ᠤᠨ ᠡᠵᠡᠩᠨᠡᠯᠳᠡ ᠵᠢᠨ ᠪᠠᠢᠳᠠᠯ᠎ᠢ ᠪᠤᠢ ᠪᠣᠯᠭᠠᠪᠠ᠃ 《ᠭᠡᠰᠢᠭ ᠬᠤᠷᠤᠢᠯᠠᠬᠰᠡᠨ ᠮᠤᠷᠢᠨ ᠵᠢᠯ·ᠥᠪᠥᠷ ᠮᠣᠩᠭᠣᠯ᠎ᠤᠨ ᠰᠤᠳᠤᠨ ᠠᠮᠲᠠ》 2026 ᠣᠨ᠎ᠤ ᠴᠠᠭᠠᠨ ᠰᠠᠷ᠎ᠠ᠎ᠶ᠋ᠢᠨ ᠪᠠᠷᠠᠭᠠᠨ᠎ᠤ ᠴᠤᠬᠯᠠᠭᠠᠨ᠂ 2026 ᠣᠨ᠎ᠤ ᠥᠪᠥᠷ ᠮᠣᠩᠭᠣᠯ᠎ᠤᠨ ᠴᠠᠭᠠᠨ ᠰᠠᠷ᠎ᠠ᠎ᠶ᠋ᠢᠨ ᠪᠠᠷᠠᠭᠠᠨ᠎ᠤ ᠦᠵᠡᠰᠭᠦᠯᠡᠩ ᠵᠢᠴᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠠᠭᠠᠨ ᠰᠠᠷ᠎ᠠ᠎ᠶ᠋ᠢᠨ ᠪᠠᠷᠠᠭᠠᠨ᠎ᠤ ᠴᠤᠬᠯᠠᠭᠠᠨ ᠵᠡᠷᠭᠡ ᠲᠤᠬᠠᠶ᠎ᠶ᠋ᠢᠨ ᠲᠠᠯᠠᠪᠠᠶ᠎ᠳᠤ᠂ ᠵᠠᠭᠤ ᠭᠠᠷᠤᠶ ᠱᠢᠯᠢᠳᠡᠭ ᠠᠵᠤ ᠠᠬᠤᠢᠯᠠᠯ ᠮᠢᠩᠭ᠎ᠠ ᠭᠠᠷᠤᠶ ᠵᠦᠶ᠋ᠯ᠎ᠦᠨ ᠤᠨᠴᠠᠯᠢᠭ᠍ᠳᠤ ᠰᠢᠨ᠎ᠠ ᠵᠢᠨ ᠪᠠᠷᠠᠭ᠎ᠠ᠎ᠶ᠋ᠢ ᠲᠥᠪᠯᠡᠷᠡᠭᠦᠯᠦᠨ ᠳᠡᠯᠭᠡᠨ ᠦᠵᠡᠭᠦᠯᠵᠦ᠍᠂ ᠬᠣᠲᠠ᠎ᠶ᠋ᠢᠨ ᠠᠷᠠᠳ᠂ ᠵᠢᠭᠤᠯᠴᠢᠯᠠᠭ᠍ᠰᠡᠳ᠎ᠤᠨ ᠬᠡᠷᠡᠭ᠌ᠯᠡᠭᠡᠨ᠎ᠦ ᠬᠠᠯᠠᠭᠤᠨ ᠰᠡᠳᠭᠢᠯᠭᠡ᠎ᠶ᠋ᠢ ᠬᠥᠭ᠌ᠵᠢᠭᠡᠪᠡ; ᠪᠣᠳᠠᠰ᠎ᠤᠨ ᠪᠤᠰᠤ ᠰᠣᠶᠣᠯ᠎ᠤᠨ ᠥᠪ᠎ᠦᠨ ᠠᠮᠲᠠᠲᠤ ᠢᠳᠡᠭᠡᠨ᠎ᠦ ᠳᠡᠯᠭᠡᠨ ᠦᠵᠡᠭᠦᠯᠭᠡ᠂ ᠬᠠᠭᠤᠴᠢᠨ ᠨᠡᠷᠡᠲᠦ ᠠᠮᠲᠠᠲᠤ ᠢᠳᠡᠭᠡᠨ᠎ᠦ ᠵᠡᠭᠡᠯᠢ ᠵᠡᠷᠭᠡ ᠣᠷᠣᠨ ᠪᠦᠰᠡ ᠨᠢ ᠠᠮᠲᠠᠲᠤ ᠢᠳᠡᠭᠡᠨ᠎ᠦ ᠦᠨᠦᠷ ᠠᠮᠲᠠ᠎ᠶ᠋ᠢ ᠢᠯᠡᠷᠡᠬᠦᠯᠪᠡ; ᠪᠠᠰᠠ ᠴᠠᠭᠠᠨ ᠰᠠᠷ᠎ᠠ᠎ᠶ᠋ᠢᠨ ᠠᠮᠲᠠᠲᠤ ᠢᠳᠡᠭᠡᠨ᠎ᠦ ᠬᠡᠷᠡᠭ᠌ᠯᠡᠭᠡᠨ᠎ᠦ ᠲᠡᠮᠳᠡᠭ᠌ᠲᠦ ᠲᠠᠷᠬᠠᠭᠠᠬᠤ ᠵᠡᠷᠭᠡ ᠠᠵᠢᠯᠯᠠᠭ᠎ᠠ ᠨᠢ ᠦᠨᠡᠨ ᠪᠣᠳᠠᠲᠠᠶ ᠬᠠᠷᠠᠭᠠᠯᠵᠠᠯ᠎ᠢᠶᠠᠷ ᠲᠦᠭ ᠲᠦᠮᠡᠨ ᠠᠢᠯ ᠡᠷᠦᠬᠡ᠎ᠶ᠋ᠢ ᠳᠤᠯᠠᠭᠠᠴᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号