ᠤᠶᠤᠨᠴᠢ ᠬᠦᠯᠡᠮᠵᠢ ᠵᠢᠨ ᠰᠢᠨ᠎ᠠ ᠰᠤᠷᠭᠤᠭ ᠢᠳᠡᠰᠢᠨ ᠨᠤᠭᠤᠭ᠎ᠠ ᠴᠠᠭᠠᠨ ᠰᠠᠷ᠎ᠠ ᠵᠢᠨ ᠤᠨᠴᠠᠭᠠᠢ ᠨᠢᠭᠡᠨ ᠦᠵᠡᠮᠵᠢ ᠪᠤᠯᠪᠠ
2026-02-21 11:12:53
ᠵᠣᠬᠢᠶᠠᠭ᠍ᠴᠢ᠄
ᠪᠠᠶ ᠯᠢᠶᠠᠨ
ᠣᠩᠱᠢᠭ᠍ᠰᠠᠨ ᠣᠳᠠᠭ᠎ᠠ᠄
★★★☆☆

ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠬᠣᠶᠠᠷ᠎ᠲᠤ᠂ ᠤᠯᠠᠭᠠᠨᠴᠠᠪ᠎ᠤᠨ ᠳᠥᠷᠪᠡᠳ ᠬᠣᠱᠢᠭᠤᠨ᠎ᠤ ᠵᠠᠩᠭᠠᠨ ᠰᠤᠮᠤ᠎ᠶ᠋ᠢᠨ ᠸᠧᠢ ᠵᠢᠩ ᠭᠠᠴᠠᠭ᠎ᠠ᠎ᠵᠢᠨ ᠮᠠᠯᠴᠢᠨ ᠡᠷᠬᠢᠮᠪᠠᠶᠠᠷ᠎ᠤᠨ ᠤᠶᠤᠨᠴᠢ ᠬᠦᠯᠡᠮᠵᠢ᠎ᠳᠦ ᠤᠷᠤᠪᠠᠯ᠂ ᠡᠯᠳᠡᠪ ᠶᠠᠩᠵᠤ ᠵᠢᠨ ᠢᠳᠡᠰᠢᠨ ᠨᠣᠭᠣᠭ᠎ᠠ ᠦᠩᠭᠡ ᠢᠯᠭᠠᠷᠡᠨ ᠤᠷᠭᠤᠵᠤ᠂ ᠴᠠᠭᠠᠨ ᠰᠠᠷ᠎ᠠ᠎ᠶ᠋ᠢᠨ ᠭᠣᠪᠢ ᠨᠤᠲᠤᠭ᠎ᠤᠨ ᠤᠨᠴᠠᠭᠠᠢ ᠨᠢᠬᠡᠨ ᠦᠵᠡᠮᠵᠢ ᠪᠤᠯᠤᠬᠰᠠᠨ ᠪᠠᠢᠯ᠎ᠠ᠃

《ᠣᠶᠤᠨᠴᠢᠯᠠᠭᠰᠠᠨ ᠬᠦᠯᠡᠮᠵᠢ᠎ᠲᠡᠶ ᠪᠣᠯᠤᠭ᠍ᠰᠠᠨ᠎ᠡᠴᠡ ᠪᠢᠳᠡ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠪᠠᠰᠠ ᠱᠢᠨ᠎ᠡ ᠰᠣᠷᠭᠣᠭ ᠢᠳᠡᠰᠢᠨ ᠨᠣᠭᠣᠭ᠎ᠠ ᠣᠯᠵᠤ ᠢᠳᠡᠬᠦ᠌ ᠪᠣᠯᠵᠠᠶ》 ᠭᠡᠵᠤ ᠡᠷᠬᠢᠮᠪᠠᠶᠠᠷ ᠴᠢᠷᠠᠢ ᠲᠦᠭᠦᠷᠡᠩ ᠢᠨᠢᠶᠡᠮᠰᠦᠭ᠌ᠯᠡᠵᠤ ᠬᠡᠯᠡᠨ᠎ᠡ᠃ ᠡᠨᠡ ᠬᠦ᠌ 30 ᠲᠡᠭ᠌ᠰᠢ ᠳᠥᠷᠪᠡᠯᠵᠢᠨ ᠮᠸᠲᠷ ᠬᠦᠷᠬᠦ᠌ ᠦᠭᠡᠢ ᠵᠢᠵᠢᠭ ᠬᠦᠯᠡᠮᠵᠢ ᠪᠣᠯ ᠲᠡᠳᠡᠨ᠎ᠤ ᠭᠢᠨ᠎ᠦ 《ᠬᠤᠪᠤᠷ ᠡᠷᠳᠡᠨᠢ》 ᠪᠣᠯᠤᠨ᠎ᠠ — ᠭᠡᠷ᠎ᠤᠨ ᠭᠠᠳᠠᠨ᠎ᠠ᠎ᠲᠡᠭ᠎ᠡᠴᠡ ᠳᠣᠷᠣᠭ᠍ᠰᠢ ᠬᠣᠷᠢᠨ ᠬᠡᠳᠦᠨ ᠭᠷᠠᠳᠦ᠋ᠰ ᠠᠳᠠᠯ᠎ᠠ ᠬᠦᠯᠡᠮᠵᠢ᠎ᠶ᠋ᠢᠨ ᠳᠣᠲᠣᠷ᠎ᠠ ᠬᠠᠷᠢᠨ ᠬᠠᠪᠤᠷ ᠱᠢᠬ ᠳᠤᠯᠠᠭᠠᠬᠠᠨ ᠪᠠᠢᠵᠤ᠂ ᠢᠳᠡᠱᠢᠨ ᠨᠣᠭᠣᠭ᠎ᠠ᠎ᠶ᠋ᠢᠨ ᠤᠷᠭᠤᠴᠠ ᠮᠠᠰᠢ ᠰᠠᠢ᠌ᠨ ᠪᠠᠢᠯ᠎ᠠ᠃

ᠡᠨᠡ ᠬᠦ᠌ 《ᠠᠨᠠᠷ᠎ᠤᠨ ᠦᠷ᠎ᠡ ᠬᠢᠯᠢ᠎ᠬᠢᠵᠠᠭᠠᠷ᠎ᠢ ᠰᠠᠬᠢᠨ ᠬᠠᠮᠠᠭᠠᠯᠠᠬᠤ ᠢᠳᠡᠰᠢᠨ ᠨᠤᠭᠤᠭ᠎ᠠ ᠵᠢᠨ ᠬᠦᠯᠡᠮᠵᠢ》 ᠪᠣᠯ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠬᠴᠢ᠂ ᠤᠯᠠᠭᠠᠨᠴᠠᠪ ᠬᠤᠳᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠢᠯᠡᠰ᠎ᠦᠨ ᠬᠥᠭ᠌ᠵᠢᠯᠲᠡ᠎ᠶ᠋ᠢᠨ ᠲᠥᠪ᠎ᠦᠨ ᠰᠤᠳᠤᠯᠤᠭ᠍ᠴᠢ ᠭᠤᠸᠠᠨ ᠬᠤᠢ ᠮᠢᠩ᠎ᠦᠨ ᠪᠦᠯᠬᠦᠮ ᠨᠡᠢᠲᠡ᠎ᠪᠡᠨ ᠳᠠᠭᠠᠭᠤᠯᠵᠤ᠂ 3 ᠵᠢᠯ᠎ᠦᠨ ᠴᠠᠭ ᠵᠠᠷᠤᠴᠠᠭᠤᠯᠵᠤ ᠪᠠᠢᠭᠠᠳ ᠮᠡᠷᠭᠡᠵᠢᠯ᠎ᠢᠶᠡᠨ ᠲᠡᠰ ᠲᠡᠪᠰᠢᠭᠦᠯᠦᠨ ᠱᠢᠨᠡᠴᠢᠯᠡᠭ᠌ᠰᠡᠨ ᠦᠷ᠎ᠡ ᠪᠦᠲᠦᠭᠡᠯ ᠪᠣᠯᠤᠨ᠎ᠠ᠃ ᠪᠦᠯᠬᠦᠮ᠎ᠦᠨ᠎ᠬᠢᠨ ᠲᠠᠪᠤᠳᠤᠭᠠᠷ ᠦᠶ᠎ᠡ᠎ᠶ᠋ᠢᠨ ᠤᠶᠤᠨᠴᠢ ᠬᠦᠯᠡᠮᠵᠢ᠎ᠶ᠋ᠢᠨ ᠮᠡᠷᠭᠡᠵᠢᠯ᠎ᠦᠨ ᠱᠢᠰᠲ᠋ᠧᠮ᠎ᠢ ᠠᠮᠵᠢᠯᠲᠠ᠎ᠲᠠᠶ ᠨᠡᠭᠡᠭᠡᠨ ᠬᠥᠭ᠌ᠵᠢᠭᠦᠯᠵᠦ᠍᠂ 《ᠭᠣᠪᠢ᠎ᠨᠤᠲᠤᠭ᠎ᠢ ᠢᠳᠡᠱᠢᠨ ᠨᠣᠭᠣᠭ᠎ᠠ ᠵᠢᠨ ᠬᠦᠷᠢᠶᠡᠯᠡᠩ ᠪᠤᠯᠭᠠᠨ ᠬᠤᠪᠢᠷᠠᠭᠤᠯᠤᠭᠰᠠᠨ》 ᠪᠠᠢᠨ᠎ᠠ᠃

ᠭᠤᠸᠠᠨ ᠬᠣᠶ ᠮᠢᠩ᠄ 《ᠪᠢᠳᠡ ᠲᠤᠬᠠᠢ ᠵᠢᠨ ᠭᠠᠵᠠᠷ᠎ᠤᠨ ᠡᠯᠡᠰᠦ ᠱᠢᠷᠣᠶ ᠪᠣᠯᠤᠨ ᠬᠣᠨᠢᠨ ᠬᠣᠷᠭᠣᠯ᠎ᠢᠶᠠᠷ ᠳᠠᠷᠢᠵᠤ ᠪᠣᠢᠵᠢᠭᠤᠯᠬᠤ ᠰᠠᠭᠤᠷᠢ ᠪᠣᠳᠠᠰ ᠪᠣᠯᠭᠠᠵᠤ᠂ ᠢᠳᠡᠭᠡᠨ᠎ᠦ ᠲᠠᠰ᠎ᠤᠨ ᠪᠣᠬᠢᠷᠲᠤᠯ ᠥᠬᠡᠶ ᠵᠢᠨ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠪᠠᠢᠭᠤᠯᠵᠤ᠂ ᠬᠢᠮᠢ᠎ᠶ᠋ᠢᠨ ᠪᠤᠷᠳᠤᠭᠤᠷ ᠲᠠᠷᠢᠶᠠᠨ ᠡᠮ᠎ᠢ ᠪᠦᠷᠢᠮᠦᠰᠦᠨ ᠣᠷᠣᠯᠠᠭᠤᠯᠪᠠ᠃ ᠬᠦᠯᠡᠮᠵᠢ ᠨᠢ ᠪᠠᠰᠠ ᠪᠡᠶ᠎ᠡ᠎ᠪᠡᠨ ᠳᠠᠭᠠᠭᠠᠵᠤ ᠲᠣᠭ᠍ᠲᠠᠭᠤᠨ᠎ᠢᠶᠠᠷ ᠠᠵᠢᠯᠯᠠᠵᠤ ᠴᠢᠳᠠᠨ᠎ᠠ》 ᠭᠡᠵᠦ ᠲᠠᠨᠢᠯᠴᠠᠭᠤᠯᠪᠠ᠃

《2025 ᠣᠨ᠎ᠳᠤ᠂ ᠪᠢᠳᠡ ᠨᠢᠭᠡᠨᠲᠡ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠰᠤᠮᠤ᠎ᠶ᠋ᠢᠨ 322 ᠡᠷᠦᠬᠡ ᠵᠢᠨ ᠬᠦᠯᠡᠮᠵᠢ᠎ᠶ᠋ᠢ ᠪᠥᠲᠥᠭᠡᠨ ᠪᠠᠢᠭᠤᠯᠬᠤ ᠠᠵᠢᠯ᠎ᠢ ᠪᠡᠶᠡᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠪᠣᠢᠳᠠ ᠪᠦᠭ᠌ᠯᠡᠭᠦᠦ ᠭᠠᠵᠠᠷ ᠣᠷᠣᠨ᠎ᠤ ᠮᠠᠯᠴᠢᠳ᠎ᠤᠨ ᠠᠮᠢᠳᠤᠷᠠᠯ᠎ᠤᠨ ᠶᠠᠰᠤ ᠴᠢᠨᠠᠷ ᠪᠠ ᠵᠣᠯ ᠵᠢᠷᠭᠠᠯ᠎ᠢ ᠦᠨᠡᠨ ᠬᠦ᠌ ᠳᠡᠭᠡᠭ᠌ᠰᠢᠯᠡᠭᠦᠯᠪᠡ》 ᠭᠡᠵᠦ᠍ ᠭᠤᠸᠠᠨ ᠬᠣᠶ ᠮᠢᠩ ᠬᠡᠯᠡᠪᠡ᠃ 2026 ᠣᠨ᠎ᠳᠤ᠂ ᠳᠥᠷᠪᠡᠳ ᠬᠣᠱᠢᠭᠤ ᠡᠨᠡ ᠬᠦ᠌ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠦᠷᠭᠦᠯᠵᠢᠯᠡᠨ ᠬᠡᠷᠡᠭ᠌ᠵᠢᠭᠦᠯᠵᠦ᠍᠂ ᠳᠠᠬᠢᠨ 200 ᠭᠠᠷᠤᠶ ᠡᠷᠦᠬᠡ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠮᠠᠯᠴᠢᠳ᠎ᠲᠤ ᠣᠶᠤᠨᠴᠢ ᠬᠦᠯᠡᠮᠵᠢ ᠪᠠᠢᠭᠤᠯᠵᠤ ᠥᠭ᠌ᠭᠦ ᠪᠡᠷ ᠪᠤᠢ᠃

ᠪᠢᠲᠡᠭᠦᠨ᠎ᠦ ᠡᠳᠦᠷ᠂᠎ᠥᠪᠥᠷ ᠮᠣᠩᠭᠣᠯ᠎ᠤᠨ ᠭᠦᠸᠧ ᠴᠤᠸᠠᠩ ᠰᠢ ᠫᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠲᠤᠷᠱᠢᠯᠲᠠ᠎ᠶ᠋ᠢᠨ ᠲᠠᠰᠤᠭ᠎ᠲᠤ᠂ ᠰᠤᠳᠤᠯᠤᠨ ᠨᠡᠭᠡᠭᠡᠬᠦ᠌ ᠪᠦᠯᠬᠦᠮ᠎ᠦᠨ ᠪᠣᠭᠣᠮᠲᠠ ᠱᠢᠪᠲᠤᠯᠬᠤ ᠡᠷᠴᠢᠮ ᠨᠢ ᠴᠠᠭᠠᠨ ᠰᠠᠷ᠎ᠠ᠎ᠡᠴᠡ ᠪᠣᠯᠵᠣ ᠵᠣᠭ᠍ᠰᠣᠭ᠎ᠠ ᠥᠬᠡᠶ᠃ ᠲᠦᠷᠦᠭᠦᠬᠡᠨ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ ᠲᠡᠶ ᠬᠠᠮᠲᠤ᠎ᠪᠠᠷ ᠪᠥᠲᠥᠭᠡᠨ ᠪᠠᠢᠭᠤᠯᠤᠭ᠍ᠰᠠᠨ 《ᠲᠡᠷᠢᠭᠦᠨ᠎ᠦ ᠬᠣᠪᠣᠷ ᠱᠢᠷᠣᠶ᠎ᠶ᠋ᠢᠨ ᠬᠡᠷᠡᠯ᠎ᠦᠨ ᠴᠢᠳᠠᠮᠵᠢ᠎ᠶ᠋ᠢᠨ ᠮᠠᠲ᠋ᠧᠷᠢᠶᠠᠯ᠎ᠤᠨ ᠮᠡᠷᠭᠡᠵᠢᠯ ᠬᠢᠭᠡᠳ ᠬᠡᠷᠡᠭ᠌ᠯᠡᠭᠡᠨ᠎ᠦ ᠱᠢᠨ᠎ᠡ᠎ᠶ᠋ᠢ ᠡᠭᠦᠳᠬᠦ᠌ ᠲᠥᠪ》 ᠲᠤ᠌ ᠲᠦᠱᠢᠭ᠌ᠯᠡᠨ᠂ ᠰᠤᠳᠤᠯᠤᠨ ᠨᠡᠭᠡᠭᠡᠬᠦ᠌ ᠪᠦᠯᠬᠦᠮ ᠨᠢ ᠶᠠᠭ LED ᠭᠡᠷᠡᠯᠲᠦᠭᠦᠯᠭᠡ᠂ AI ᠣᠶᠤᠨᠴᠢ ᠸᠢᠳᠢᠤ᠋ ᠵᠡᠷᠭᠡ ᠭᠤᠤᠯ ᠦᠵᠡᠭ᠌ᠳᠡᠯ ᠪᠠᠢᠳᠠᠯ᠎ᠦᠨ ᠲᠣᠭᠣᠷᠢᠨ᠎ᠳᠤ᠂ ᠬᠣᠪᠣᠷ ᠱᠢᠷᠣᠶ᠎ᠶ᠋ᠢᠨ ᠬᠡᠷᠡᠯ᠎ᠦᠨ ᠴᠢᠳᠠᠮᠵᠢ᠎ᠶ᠋ᠢᠨ ᠮᠠᠲ᠋ᠧᠷᠢᠶᠠᠯ᠎ᠢ ᠭᠦᠨᠵᠡᠭᠡᠶ ᠰᠤᠳᠤᠯᠤᠨ ᠨᠡᠭᠡᠭᠡᠬᠦ᠌ ᠪᠠ ᠦᠵᠦᠭᠦᠷᠯᠢᠭ᠎ᠦᠨ ᠬᠡᠷᠡᠭ᠌ᠯᠡᠯᠲᠡ᠎ᠶ᠋ᠢ ᠨᠢᠭ᠍ᠲᠠ ᠤᠶᠠᠯᠳᠤᠭᠤᠯᠬᠤ ᠵᠢ ᠪᠡᠶᠡᠯᠡᠬᠦᠯᠦᠭᠰᠡᠨ ᠪᠠᠢᠨ᠎ᠠ᠃

ᠦᠵᠡᠭᠦᠯᠭᠡ᠎ᠶ᠋ᠢᠨ ᠲᠢᠩᠬᠢᠮ᠎ᠳᠦ᠂ ᠬᠣᠪᠣᠷ ᠱᠢᠷᠣᠶ᠎ᠶ᠋ᠢᠨ RES ᠪᠤᠳᠤᠭ᠍ᠲᠤ ᠪᠡᠬᠡᠨ ᠳᠡᠯᠭᠡᠴᠡ᠂ ᠬᠣᠪᠣᠷ ᠱᠢᠷᠣᠶ᠎ᠶ᠋ᠢᠨ ᠨᠢᠳᠦ ᠬᠠᠮᠠᠭᠠᠯᠠᠬᠤ ᠳ᠋ᠧᠩ᠂ ᠬᠣᠪᠣᠷ ᠱᠢᠷᠣᠶ᠎ᠶ᠋ᠢᠨ ᠤᠷᠭᠤᠮᠠᠯ᠎ᠤᠨ ᠬᠡᠷᠡᠯ ᠨᠥᠬᠥᠪᠥᠷᠢᠯᠡᠬᠦ᠌ ᠳ᠋ᠧᠩ ᠁ ᠬᠣᠪᠣᠷ ᠱᠢᠷᠣᠶ᠎ᠶ᠋ᠢᠨ ᠬᠡᠷᠡᠯ᠎ᠦᠨ ᠴᠢᠳᠠᠮᠵᠢ᠎ᠶ᠋ᠢᠨ ᠮᠠᠲ᠋ᠧᠷᠢᠶᠠᠯ᠎ᠨᠢ ᠭᠡᠷᠡᠯ ᠰᠤᠯᠢᠬᠤ᠂ ᠬᠡᠷᠡᠯ ᠭᠠᠷᠭᠠᠬᠤ᠂ ᠬᠡᠷᠡᠯ ᠢᠯᠡᠷᠡᠭᠦᠯᠬᠦ᠌ ᠭᠤᠷᠪᠠᠨ ᠶᠡᠬᠡ ᠬᠦᠷᠢᠶᠡᠨ᠎ᠳᠡᠬᠢ ᠣᠯᠠᠨ ᠡᠱᠢᠵᠢᠭ᠌ᠰᠡᠨ ᠬᠡᠷᠡᠭ᠌ᠯᠡᠭᠡ᠎ᠨᠢ ᠬᠥᠮᠦᠰ᠎ᠦᠨ ᠬᠠᠷᠠᠭ᠎ᠠ᠎ᠶ᠋ᠢ ᠪᠠᠶᠠᠰᠭᠠᠨ᠎ᠠ᠃ ᠠᠯᠢ ᠤᠯᠠᠨ 《ᠬᠣᠪᠣᠷ ᠱᠢᠷᠣᠶ +》 ᠪᠦᠲᠦᠭᠡᠭ᠌ᠳᠡᠬᠦᠨ᠎ᠦ ᠠᠷᠤ᠎ᠳᠤ᠂ ᠰᠤᠳᠤᠯᠤᠨ ᠨᠡᠭᠡᠭᠡᠬᠦ᠌ ᠪᠦᠯᠬᠦᠮ᠎ᠤᠨ ᠲᠠᠰᠤᠷᠠᠯᠲᠠ ᠥᠬᠡᠶ ᠰᠦᠪᠡᠭ᠌ᠴᠢᠯᠡᠵᠦ᠍᠂ ᠱᠢᠯᠭᠠᠨ ᠪᠠᠲᠤᠯᠠᠵᠤ᠂ ᠱᠢᠪᠲᠤᠯᠤᠯᠲᠠ ᠬᠢᠵᠦ᠍᠂ ᠱᠢᠯᠢᠳᠡᠭ᠌ᠵᠢᠭᠦᠯᠵᠦ᠍᠂ ᠡᠴᠦᠰ᠎ᠲᠡᠬᠡᠨ ᠮᠡᠷᠭᠡᠵᠢᠯ᠎ᠦᠨ ᠪᠣᠭᠣᠮᠢ᠎ᠶ᠋ᠢ ᠱᠢᠪᠲᠤᠯᠤᠭ᠍ᠰᠠᠨ ᠬᠦᠴᠦ᠍ ᠬᠥᠯᠥᠰᠥ᠍ ᠰᠢᠩᠭᠡᠭᠰᠡᠨ ᠪᠠᠢᠨ᠎ᠠ᠃

ᠭᠦᠸᠧ ᠴᠤᠸᠠᠩ ᠰᠢ ᠫᠢᠨ ᠰᠤᠳᠤᠯᠤᠨ ᠨᠡᠭᠡᠭᠡᠬᠦ᠌ ᠪᠦᠯᠬᠦᠮ᠎ᠤᠨ ᠬᠠᠷᠢᠭᠤᠴᠠᠯᠭᠠᠲᠠᠨ ᠸᠠᠩ ᠺᠦᠨ᠄ 《ᠬᠦᠷᠢᠶᠡᠯᠡᠩ ᠪᠠ ᠠᠵᠤ ᠠᠬᠤᠢᠯᠠᠯ ᠬᠠᠮᠲᠤ᠎ᠪᠠᠷ ᠪᠠᠢᠭᠤᠯᠬᠤ ᠪᠥᠬᠥ᠌ ᠬᠡᠯᠬᠢᠶᠡᠨ᠎ᠦ ᠲᠠᠪᠴᠠᠩ᠎ᠢ ᠠᠱᠢᠭ᠍ᠯᠠᠨ᠂ ᠪᠢᠳᠡ ᠮᠡᠷᠭᠡᠵᠢᠯ᠎ᠦᠨ ᠰᠤᠳᠤᠯᠤᠨ ᠨᠡᠭᠡᠭᠡᠬᠦ ᠥᠭᠦᠯᠡᠯ᠎ᠢᠶᠡᠨ ᠵᠠᠬ᠎ᠠ ᠳᠡᠯᠭᠡᠭᠦᠷ᠎ᠲᠦ ᠮᠡᠳᠡᠷᠡᠭ᠌ᠳᠡᠭ᠌ᠰᠡᠨ ᠦᠶ᠋ᠯᠡᠳᠬᠦᠨ ᠳᠡᠭᠡᠷ᠎ᠡ ᠪᠢᠴᠢᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠡᠨᠡ ᠬᠦ᠌ ᠤᠷᠢᠬᠠᠨ ᠬᠠᠪᠤᠷ᠎ᠢ ᠭᠡᠢᠭᠦᠯᠦᠨ᠎ᠡ》 ᠭᠡᠵᠦ᠍ ᠢᠯᠡᠳᠭᠡᠪᠡ᠃

ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠠᠯᠠᠭᠤᠨ ᠳᠤᠯᠠᠭᠠᠨ᠎ᠨᠢ ᠨᠠᠩ ᠴᠤ᠌ ᠠᠷᠠᠳ᠎ᠤᠨ ᠠᠮᠢᠳᠤᠷᠠᠯ᠎ᠤᠨ ᠨᠠᠷᠢᠨ ᠵᠦᠶ᠋ᠯᠡᠰ᠎ᠲᠦ ᠨᠢᠭᠤᠭ᠍ᠳᠠᠵᠤ ᠪᠠᠢᠨ᠎ᠠ᠃ ᠬᠥᠬᠡᠬᠣᠲᠠ᠎ᠶ᠋ᠢᠨ ᠭᠤᠤ ᠴᠢᠤᠸᠠᠨ ᠶᠢᠩ ᠲᠣᠰᠭᠣᠨ᠎ᠳᠤ᠂ 《ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠲᠤᠯᠠᠭᠠᠨ ᠭᠡᠷᠡᠯ ᠣᠶᠤᠨᠴᠢ ᠨᠡᠢᠭᠡᠮ ᠲᠣᠭᠣᠷᠢᠭ ᠲᠡᠬᠢ ᠠᠶᠠᠯᠠᠯ》 ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠢᠶᠡᠷ ᠨᠠᠰᠤᠲᠠᠢᠴᠤᠳ᠎ᠲᠤ ᠠᠱᠢᠭ ᠬᠦᠷᠲᠡᠭᠡᠬᠦ᠌ ᠦᠢᠯᠡᠴᠢᠯᠡᠭᠡᠨ᠎ᠦ ᠠᠵᠢᠯᠯᠠᠭ᠎ᠠ ᠶᠠᠭ ᠬᠦᠭᠵᠢᠶᠡᠨ ᠲᠡᠢ ᠶᠠᠪᠤᠭ᠍ᠳᠠᠵᠤ ᠪᠠᠢᠨ᠎ᠠ᠃ ᠬᠥᠬᠡᠬᠣᠲᠠ᠎ᠶ᠋ᠢᠨ ᠨᠢᠭᠡᠳᠦᠭᠡᠷ ᠡᠮᠨᠡᠯᠭᠡ᠎ᠶ᠋ᠢᠨ ᠬᠣᠷᠢᠶ᠎ᠠ ᠵᠢᠨ ᠬᠣᠶᠠᠷ ᠡᠮᠴᠢ ᠡᠴᠡ ᠨᠠᠰᠤᠲᠠᠢᠴᠤᠳ᠎ᠲᠤ ᠲᠤᠰᠭᠠᠶ ᠠᠯᠪᠠᠨ ᠵᠢᠷᠤᠮ᠎ᠤᠨ ᠡᠮᠴᠢᠯᠡᠭᠡᠨ᠎ᠦ ᠦᠶ᠋ᠯᠡᠴᠢᠯᠡᠭᠡ ᠬᠠᠩᠭᠠᠵᠤ᠂ ᠡᠷᠡᠭᠦᠯ ᠮᠡᠨᠳᠦ᠍᠎ᠶ᠋ᠢᠨ ᠯᠠᠪᠯᠠᠭ᠎ᠠ᠎ᠶ᠋ᠢ ᠬᠦᠯᠢᠴᠡᠩᠭᠦᠶ᠎ᠪᠡᠷ ᠬᠠᠷᠢᠭᠤᠯᠵᠤ ᠦᠭᠴᠤ ᠪᠠᠢᠯ᠎ᠠ᠃

《 ᠦᠩᠭᠡᠷᠡᠭᠰᠡᠨ᠎ᠳᠤ ᠭᠠᠷ ᠤᠲᠠᠰᠤᠨ᠎ᠤ ᠮᠠᠰᠢ ᠤᠯᠠᠨ ᠴᠢᠳᠠᠮᠵᠢ᠎ᠶ᠋ᠢ ᠬᠡᠷᠡᠭ᠌ᠯᠡᠵᠦ᠍ ᠴᠢᠳᠠᠬᠤ ᠦᠭᠡᠢ ᠪᠠᠢᠵᠠᠢ᠂ ᠤᠳᠤ ᠸᠢᠳᠢᠣ᠋᠎ᠪᠠᠷ ᠬᠤᠯᠪᠤᠭ᠎ᠠ ᠠᠪᠬᠤ᠎ᠶ᠋ᠢ ᠰᠤᠷᠴᠠᠢ᠂ ᠴᠠᠭᠠᠨ ᠰᠠᠷ᠎ᠠ ᠣᠮᠪᠣᠯᠣ᠎ᠳᠠᠭᠠᠨ ᠤᠯᠠᠭᠠᠨ ᠪᠠᠭ᠍ᠯᠠᠭ᠎ᠠ ᠥᠭ᠌ᠴᠦ ᠳᠡᠢᠯᠬᠦ᠌ ᠪᠣᠯᠵᠠᠢ!》 ᠬᠡᠵᠤ ᠳᠠᠯᠠ ᠭᠠᠷᠤᠭ᠍ᠰᠠᠨ ᠵᠠᠩ ᠠᠪᠠᠭ᠎ᠠ ᠢᠨᠢᠶᠡᠮᠰᠦᠭᠯᠡᠨ ᠬᠡᠯᠡᠨ᠎ᠡ᠃ ᠡᠨᠡ ᠤᠳᠠᠭᠠᠨ᠎ᠤ 《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ + ᠡᠷᠡᠭᠦᠯ ᠮᠡᠨᠳᠦ + ᠰᠣᠶᠣᠯ ᠢᠷᠭᠡᠨᠱᠢᠯ》 ᠤ᠋ᠨ ᠣᠯᠠᠨ ᠡᠱᠢᠲᠦ ᠦᠶ᠋ᠯᠡᠴᠢᠯᠡᠭᠡ᠎ᠨᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠮᠡᠳᠡᠯᠭᠡ᠂ ᠳᠥᠭᠥᠮ ᠳᠥᠷᠬᠡᠨ ᠡᠮᠴᠢᠯᠡᠭᠡᠨ᠎ᠦ ᠦᠶ᠋ᠯᠡᠴᠢᠯᠡᠭᠡ᠎ᠶ᠋ᠢ ᠨᠠᠰᠤᠲᠠᠢᠴᠤᠳ ᠪᠠ ᠲᠣᠰᠭᠣᠨ᠎ᠤ ᠠᠷᠠᠳ᠎ᠤᠨ ᠳᠡᠷᠭᠡᠳᠡ ᠬᠦᠷᠭᠡᠭ᠌ᠰᠡᠨ᠎ᠢᠶᠡᠷ ᠪᠠᠷᠠᠬᠤ ᠥᠬᠡᠶ ᠨᠠᠩ ᠴᠤ᠌ ᠨᠡᠢᠭᠡᠮ᠎ᠦᠨ᠎ᠬᠢᠨ᠎ᠦ ᠨᠠᠰᠤᠲᠠᠢᠴᠤᠳ᠎ᠢ ᠬᠦᠨᠳᠦᠳᠭᠡᠨ ᠬᠠᠯᠠᠮᠵᠢᠯᠠᠵᠤ ᠪᠠᠢᠬᠤ ᠬᠠᠯᠠᠭᠤᠨ ᠰᠡᠳᠬᠢᠯᠬᠡ᠎ᠶ᠋ᠢ ᠳᠠᠮᠵᠢᠭᠤᠯᠪᠠ᠃

ᠱᠢᠯᠢᠩᠬᠣᠲᠠ — ᠰᠠᠩ᠎ᠤᠨ ᠲᠡᠯᠡᠶ ᠬᠥᠷᠬᠥ᠌ ᠭᠠᠯᠲᠤ ᠲᠡᠷᠭᠡᠨ ᠳᠡᠭᠡᠷ᠎ᠡ᠂ ᠱᠢᠨᠵᠢᠯᠡᠬᠦ᠌ ᠤᠬᠠᠭᠠᠨ᠎ᠤ ᠮᠡᠳᠡᠯᠬᠡ᠎ᠵᠢ ᠲᠦᠭᠡᠮᠡᠯᠵᠢᠭᠦᠯᠬᠦ᠌ ᠠᠵᠢᠯᠲᠠᠳ ᠠᠶᠠᠨᠴᠢᠳ᠎ᠲᠤ ᠡᠷᠡᠭᠦᠯ ᠮᠡᠨᠳᠦ᠍᠎ᠶ᠋ᠢᠨ ᠮᠡᠳᠡᠯᠭᠡ᠎ᠶ᠋ᠢᠨ ᠭᠠᠷ ᠠᠪᠤᠯᠭ᠎ᠠ ᠲᠠᠷᠬᠠᠭᠠᠵᠤ᠂ ᠴᠠᠭᠠᠨ ᠰᠠᠷ᠎ᠠ᠎ᠶ᠋ᠢᠨ ᠫᠤᠤᠵᠢᠩ ᠲᠠᠯᠪᠢᠬᠤ ᠠᠮᠤᠷ ᠲᠦᠪᠱᠢᠨ᠎ᠦ ᠵᠦᠶ᠋ᠯᠡᠰ᠂ ᠰᠦᠯᠵᠢᠶᠡᠨ᠎ᠦ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠮᠡᠳᠡᠯᠭᠡ᠎ᠶ᠋ᠢ ᠲᠠᠢᠯᠪᠤᠷᠢᠯᠠᠵᠤ᠂ ᠨᠡᠭᠦᠳᠡᠯ ᠸᠠᠭᠣᠨ᠎ᠨᠢ ᠱᠢᠨᠵᠢᠯᠡᠬᠦ᠌ ᠤᠬᠠᠭᠠᠨ᠎ᠤ ᠮᠡᠳᠡᠯᠬᠡ᠎ᠵᠢ ᠲᠦᠭᠡᠮᠡᠯᠵᠢᠭᠦᠯᠬᠦ᠌ ᠨᠡᠭᠦᠳᠡᠯ ᠬᠢᠴᠢᠶᠡᠯ᠎ᠦᠨ ᠲᠠᠩᠬᠢᠮ ᠪᠤᠯᠪᠠ᠃

ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠳᠣᠨ ᠴᠤ᠌ ᠬᠦᠮᠦᠰ᠎ᠤᠨ ᠪᠠᠶᠠᠷ᠎ᠤᠨ ᠡᠳᠦᠷ᠎ᠢᠶᠡᠷ ᠦᠩᠭᠡᠷᠡᠭᠦᠯᠬᠦ ᠬᠠᠯᠠᠮᠱᠢᠯ ᠭᠠᠵᠠᠷ ᠪᠣᠯᠵᠠᠶ᠃ ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠳᠥᠷᠪᠡᠨ᠎ᠡᠴᠡ ᠲᠤᠯᠤᠭᠠᠨ ᠪᠣᠯᠲᠠᠯ᠎ᠠ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠳᠣᠨ ᠡᠴᠡ 《ᠠᠵᠢᠨᠠᠶ ᠬᠦᠯᠦᠭ ᠱᠢᠨ᠎ᠡ ᠵᠢᠯ᠎ᠢ ᠤᠭ᠍ᠲᠤᠬᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠤᠮᠤ ᠴᠤᠭᠯᠠᠭᠠᠨ》 ᠴᠠᠭᠠᠨ ᠰᠠᠷ᠎ᠠ ᠵᠢᠨ ᠣᠨᠴᠠᠭᠠᠶ ᠠᠵᠢᠯᠯᠠᠭ᠎ᠠ ᠥᠷᠨᠢᠭᠦᠯᠬᠦ᠌᠎ᠪᠡᠷ ᠪᠠᠢᠨ᠎ᠠ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠠᠪᠰᠤᠷᠤᠨ ᠵᠢᠯᠤᠭᠤᠳᠤᠬ᠍ᠴᠢ᠎ᠡᠴᠡ ᠱᠢᠨᠵᠢᠯᠡᠬᠦ᠌ ᠤᠬᠠᠭᠠᠨ᠎ᠤ ᠲᠤᠷᠱᠢᠯᠲᠠ᠎ᠶ᠋ᠢᠨ ᠦᠵᠡᠭᠦᠯᠭᠡ᠎ᠶ᠋ᠢ ᠡᠷᠬᠢᠯᠡᠵᠤ᠂ ᠬᠠᠷᠢᠯᠴᠠᠨ ᠬᠦᠳᠦᠯᠦᠯᠴᠡᠬᠦ ᠲᠤᠮᠳᠠ ᠦᠵᠡᠭ᠌ᠴᠢᠳ᠎ᠲᠦ ᠱᠢᠨᠵᠢᠯᠡᠬᠦ᠌ ᠤᠬᠠᠭᠠᠨ᠎ᠤ ᠱᠢᠳᠢ ᠬᠦᠴᠦᠨ᠎ᠢ ᠮᠡᠳᠡᠷᠡᠬᠦᠯᠬᠦ  ᠪᠣᠯᠤᠨ᠎ᠠ᠃

ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠲᠠᠷᠢᠶᠠᠴᠢᠳ᠎ᠢ ᠲᠤᠰᠠᠯᠠᠬᠤ ᠦᠯᠢᠭᠡᠷ ᠪᠠᠰᠠ ᠠᠮᠢᠳᠤᠯᠢᠭ ᠬᠡᠯᠪᠡᠷᠢ᠎ᠪᠡᠷ ᠣᠯᠠᠨ ᠲᠦᠮᠡᠨ᠎ᠦ ᠬᠠᠷᠠᠭᠠᠨ᠎ᠳᠤ ᠲᠤᠲᠤᠷᠠᠪᠠ᠃ ᠤᠷᠳᠤᠰ ᠬᠤᠳᠠ᠎ᠶ᠋ᠢᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠨᠡᠢᠭᠡᠮᠯᠢᠭ᠎ᠦᠨ ᠡᠭᠦᠳᠦᠨ ᠪᠦᠲᠦᠭᠡᠭᠰᠡᠨ 《ᠵᠢᠵᠢᠭ ᠬᠦᠷᠢᠶᠡᠨ᠎ᠳᠦ ᠴᠡᠴᠡᠭ ᠳᠡᠯᠭᠡᠷᠡᠭ᠌ᠰᠡᠨ ᠨᠢ》 ᠭᠡᠬᠦ ᠪᠦᠬᠦ᠌ ᠤᠯᠤᠰ᠎ᠤᠨ ᠠᠩᠬᠠᠳᠠᠭ᠍ᠴᠢ ᠠᠩᠬᠠᠨ᠎ᠤ ᠡᠭᠦᠳᠤᠯᠲᠡ ᠵᠢᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠪᠠᠭ᠎ᠠ ᠬᠦᠷᠢᠶᠡᠯᠡᠩ᠎ᠦᠨ ᠪᠢᠴᠢᠯ ᠣᠬᠣᠷ ᠵᠦᠴᠦᠭᠡ ᠨᠢ ᠴᠠᠭᠠᠨ ᠰᠠᠷ᠎ᠠ᠎ᠶ᠋ᠢᠨ ᠪᠠᠶᠠᠷ᠎ᠢᠶᠠᠷ ᠨᠡᠷ᠎ᠡ ᠠᠯᠳᠠᠷᠱᠢᠪᠠ᠃ ᠲᠤᠰ ᠵᠦᠴᠦᠭᠡ᠎ᠨᠢ ᠣᠳᠣ ᠦᠶ᠎ᠡ᠎ᠶ᠋ᠢᠨ ᠮᠠᠯ ᠡᠮᠨᠡᠯᠭᠡ᠎ᠶ᠋ᠢᠨ ᠠᠰᠫᠢᠷᠠᠨᠲ᠎ᠤᠨ ᠣᠳᠣ ᠦᠶ᠎ᠡ᠎ᠶ᠋ᠢᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠢ ᠠᠪᠴᠤ ᠴᠠᠭ ᠤᠷᠤᠨ ᠵᠠᠢ ᠵᠢ ᠠᠯᠤᠰᠯᠠᠨ 1987 ᠣᠨ᠎ᠤ ᠪᠠᠷᠠᠭᠤᠨ ᠬᠣᠢᠲᠤ᠎ᠤᠷᠤᠨ᠎ᠤ ᠬᠥᠳᠡᠭᠡ ᠲᠣᠰᠭᠣᠨ᠎ᠳᠤ 《ᠪᠤᠴᠠᠬᠰᠠᠨ》 ᠦᠯᠢᠭᠡᠷ᠎ᠢ ᠶᠠᠷᠢᠵᠠᠶ᠃ ᠵᠦᠴᠦᠭᠡ᠎ᠳᠡᠬᠢ ᠬᠣᠨᠢᠨ᠎ᠤ ᠡᠭᠦᠯᠳᠡᠷ᠎ᠢ ᠰᠠᠢᠵᠢᠷᠠᠭᠤᠯᠬᠤ᠂ ᠡᠪᠡᠰᠦ ᠪᠣᠷᠳᠣᠭ᠎ᠠ᠎ᠶ᠋ᠢᠨ ᠬᠠᠷᠢᠴᠠᠯ᠎ᠢ ᠲᠤᠬᠢᠷᠠᠭᠤᠯᠬᠤ᠂ ᠭᠠᠩ ᠬᠠᠭ᠍ᠰᠠᠷᠠᠭᠠᠨ᠎ᠳᠤ ᠲᠡᠰᠪᠦᠷᠢᠲᠡᠢ ᠥᠨᠳᠥᠷ ᠤᠨᠠᠯᠲᠠ᠎ᠲᠠᠶ ᠦᠷ᠎ᠡ ᠵᠡᠷᠭᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠡᠯᠧᠮᠧᠨ᠋ᠲ᠎ᠨᠢ ᠴᠦᠮ ᠣᠷᠳᠣᠰ ᠬᠣᠲᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠦᠨ ᠦᠨᠡᠨ ᠪᠣᠳᠠᠲᠠᠶ ᠦᠶ᠋ᠯᠡᠳᠦᠯᠭᠡ᠎ᠶ᠋ᠢᠨ ᠦᠷ᠎ᠡ ᠪᠦᠲᠦᠭᠡᠯ᠎ᠡᠴᠡ ᠢᠷᠡᠯᠲᠡ᠎ᠲᠡᠶ ᠪᠠᠢᠵᠤ᠂ ᠲᠠᠷᠢᠶᠠᠨ ᠭᠠᠵᠠᠷ᠎ᠲᠤ ᠨᠢᠭᠤᠭ᠍ᠳᠠᠵᠤ ᠪᠠᠢᠭ᠎ᠠ 《ᠪᠠᠶᠠᠵᠢᠯ᠎ᠤᠨ ᠨᠢᠭᠤᠴᠠ ᠲᠡᠮᠳᠡᠭ》 ᠢ᠋ ᠬᠢᠯᠪᠠᠷ ᠣᠢᠯᠠᠭᠠᠮᠵᠢᠲᠠᠶ ᠬᠡᠯᠪᠡᠷᠢ᠎ᠪᠡᠷ ᠦᠵᠡᠭ᠌ᠴᠢᠳ᠎ᠤᠨ ᠨᠢᠳᠦᠨ ᠡᠮᠦᠨ᠎ᠡ ᠢᠯᠡᠷᠡᠭᠦᠯᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠲᠠᠷᠢᠶᠠᠴᠢᠳ᠎ᠢ ᠲᠤᠰᠠᠯᠠᠬᠤ ᠣᠢᠯᠠᠭᠠᠭ᠍ᠳᠠᠬᠤᠨ᠎ᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭᠤᠯᠵᠠᠶ᠃

ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠡᠨᠧᠷᠭᠢ ᠣᠯᠭᠣᠬᠰᠠᠨ ᠠᠮᠠᠷᠠᠯᠲᠠ᠎ᠶ᠋ᠢᠨ ᠡᠳᠦᠷ ᠨᠢ ᠨᠠᠩ ᠠᠮᠢᠵᠢᠷᠠᠯ᠎ᠤᠨ ᠬᠦᠴᠦᠨ᠎ᠲᠡᠶ ᠪᠤᠯᠵᠠᠢ᠃ ᠭᠣᠪᠢ᠎ᠨᠤᠲᠤᠭ ᠲᠡᠬᠢ ᠤᠶᠤᠨᠴᠢ ᠢᠳᠡᠰᠢᠨ ᠨᠤᠭᠤᠭ᠎ᠠ ᠵᠢᠨ ᠬᠦᠯᠡᠮᠵᠢ᠎ᠡᠴᠡ ᠲᠤᠷᠱᠢᠯᠲᠠ᠎ᠶ᠋ᠢᠨ ᠲᠠᠰᠤᠭ᠎ᠤᠨ ᠬᠣᠪᠣᠷ ᠱᠢᠷᠣᠶ᠎ᠶ᠋ᠢᠨ ᠮᠡᠷᠬᠡᠵᠢᠯ᠎ᠤᠨ ᠪᠣᠭᠣᠮᠲᠠ ᠱᠢᠪᠲᠤᠯᠤᠬᠰᠠᠨ ᠬᠦᠷᠲᠡᠯ᠎ᠡ; ᠬᠥᠳᠡᠭᠡ ᠲᠣᠰᠭᠣᠨ ᠨᠡᠢᠭᠡᠮ ᠲᠣᠭᠣᠷᠢᠭ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠨᠠᠰᠤᠲᠠᠢᠴᠤᠳ᠎ᠲᠤ ᠠᠱᠢᠭ ᠬᠦᠷᠲᠡᠭᠡᠬᠦ᠌᠎ᠡᠴᠡ ᠠᠪᠤᠭᠠᠳ ᠭᠠᠯᠲᠤ ᠲᠡᠷᠭᠡᠨ ᠳᠡᠭᠡᠷᠡᠬᠢ ᠱᠢᠨᠵᠢᠯᠡᠬᠦ᠌ ᠤᠬᠠᠭᠠᠨ᠎ᠤ ᠮᠡᠳᠡᠯᠬᠡ᠎ᠵᠢ ᠲᠦᠭᠡᠮᠡᠯᠵᠢᠭᠦᠯᠬᠦ᠌ ᠬᠢᠴᠢᠶᠡᠯ᠎ᠦᠨ ᠲᠠᠩᠬᠢᠮ ᠬᠦᠷᠲᠡᠯ᠎ᠡ; ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠣᠷᠳᠣᠨ᠎ᠳᠠᠬᠢ ᠱᠢᠨᠵᠢᠯᠡᠬᠦ᠌ ᠤᠬᠠᠭᠠᠨ᠎ᠤ ᠲᠤᠷᠱᠢᠯᠲᠠ᠎ᠶ᠋ᠢᠨ ᠦᠵᠡᠭᠦᠯᠭᠡ᠎ᠡᠴᠡ ᠠᠪᠤᠭᠠᠳ ᠪᠢᠴᠢᠯ ᠣᠬᠣᠷ ᠵᠦᠴᠦᠭᠡ ᠳᠣᠲᠣᠷᠠᠬᠢ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠢᠶᠡᠷ ᠲᠠᠷᠢᠶᠠᠴᠢᠳ᠎ᠢ ᠲᠤᠰᠠᠯᠠᠬᠰᠠᠨ ᠬᠦᠷᠲᠡᠯ᠎ᠡ᠂ ᠡᠨᠡ ᠵᠢᠯ᠎ᠤᠨ ᠴᠠᠭᠠᠨ ᠰᠠᠷ᠎ᠠ᠎ᠳᠤ᠂ ᠥᠪᠥᠷ ᠮᠣᠩᠭᠣᠯ᠎ᠤᠨ ᠡᠬᠡ ᠭᠠᠵᠠᠷ᠎ᠲᠤ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠭᠤᠷ ᠠᠮᠢᠰᠬᠤᠯ᠎ᠢᠶᠡᠷ ᠪᠢᠯᠬᠠᠵᠤ ᠪᠠᠢᠯ᠎ᠠ᠃ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠠᠵᠢᠯᠲᠠᠳ ᠪᠠᠲᠤ ᠪᠠᠷᠢᠮᠳᠠᠯᠠᠯ ᠪᠠ ᠱᠢᠨ᠎ᠡ᠎ᠶ᠋ᠢ ᠡᠭᠦᠳᠬᠦ᠌᠎ᠪᠡᠷ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠬᠦᠴᠦᠨ᠎ᠢ ᠴᠠᠭᠠᠨ ᠰᠠᠷ᠎ᠠ᠎ᠶ᠋ᠢᠨ ᠬᠠᠯᠠᠭᠤᠨ ᠵᠥᠩᠨᠡᠯ ᠪᠣᠯᠭᠠᠨ ᠬᠤᠪᠢᠷᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠬᠤᠷᠠᠮᠳᠤᠭᠤᠯᠵᠤ᠂ ᠠᠷᠠᠳ ᠣᠯᠠᠨ᠎ᠤ ᠵᠣᠯ ᠵᠢᠷᠭᠠᠯᠲᠤ ᠠᠮᠢᠳᠤᠷᠠᠯ᠎ᠳᠤ ᠭᠡᠷᠡᠯ ᠭᠢᠯᠪᠠᠭ᠎ᠠ ᠨᠡᠮᠡᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号