ᠣᠷᠳᠣᠰ ᠬᠤᠳᠠ᠎ᠶᠢᠨ ᠴᠠᠭᠠᠨ ᠰᠠᠷ᠎ᠠ ᠵᠢᠨ ᠰᠤᠶᠤᠯ ᠵᠢᠭᠤᠯᠴᠢᠯᠠᠯ᠎ᠤᠨ ᠠᠵᠢᠯᠯᠠᠭ᠎ᠠ ᠭᠤᠶᠤᠬᠠᠨ
2026-02-21 11:25:38
ᠵᠣᠬᠢᠶᠠᠭ᠍ᠴᠢ᠄
ᠮᠤᠤ ᠺᠠᠶ ᠶᠠᠨ
ᠣᠩᠱᠢᠭ᠍ᠰᠠᠨ ᠣᠳᠠᠭ᠎ᠠ᠄
★★★☆☆

《ᠠᠵᠢᠨᠠᠶ ᠬᠦᠯᠦᠭ ᠳᠦᠪᠡᠷᠭᠡᠯᠡᠨ ᠳᠠᠪᠬᠢᠬᠤ ᠰᠦᠷᠯᠢᠭ ᠦᠵᠡᠭᠳᠡᠯ᠂ ᠭᠠᠵᠠᠷ ᠪᠤᠯᠭᠠᠨ ᠳ᠋ᠦ ᠬᠢᠯᠠᠯᠵᠠᠨ ᠳᠤᠸᠠᠯᠠᠬᠤ ᠥᠩᠭᠡᠲᠦ ᠳ᠋ᠧᠩ᠂ ᠲᠣᠭ᠍ᠯᠠᠭ᠍ᠴᠢᠳ᠎ᠤᠨ ᠬᠡᠮᠡᠷᠯᠢᠭ ᠬᠤᠪᠴᠠᠰᠤ ᠥᠩᠭᠡᠲᠦ ᠵᠠᠰᠠᠯ ᠁ ᠪᠦᠬᠦᠢᠯᠡ ᠦᠵᠡᠮᠵᠢ᠎ᠶ᠋ᠢᠨ ᠣᠷᠣᠨ ᠪᠠᠶᠠᠷ᠎ᠤᠨ ᠡᠳᠦᠷ᠎ᠤᠨ ᠠᠭᠤᠷ ᠠᠮᠢᠰᠬᠤᠯ ᠪᠢᠯᠬᠠᠮ᠎ᠠ》!

2 ᠰᠠᠷ᠎ᠠ᠎ᠶ᠋ᠢᠨ 17᠎ᠤ᠋ ᠡᠳᠦᠷ᠂ ᠣᠷᠳᠣᠰ᠎ᠤᠨ ᠰᠣᠶᠣᠯ᠎ᠤᠨ ᠠᠵᠤ ᠦᠶ᠋ᠯᠡᠰ᠎ᠦᠨ ᠬᠦᠷᠢᠶᠡᠯᠡᠩ᠎ᠳᠦ ᠬᠥᠷ ᠬᠥᠭ᠌ᠵᠢᠶᠡᠨ ᠳᠦᠭᠦᠷᠡᠩ ᠪᠠᠢᠯ᠎ᠠ᠃ ᠣᠷᠳᠣᠰ ᠬᠣᠲᠠ᠎ᠳᠤ ᠲᠥᠷᠥᠯ ᠰᠠᠳᠤᠨ᠎ᠢᠶᠠᠨ ᠡᠷᠭᠢᠵᠦ᠍ ᠦᠵᠡᠬᠦ᠌᠎ᠪᠡᠷ ᠢᠷᠡᠭ᠌ᠰᠡᠨ ᠵᠢᠶᠠᠩᠰᠦ᠎ᠶ᠋ᠢᠨ ᠵᠠᠩ ᠴᠢᠶᠠᠨ ᠠᠪᠠᠬᠠᠶ ᠡᠨᠡ ᠪᠦᠬᠦᠨ᠎ᠢ ᠱᠠᠭ᠍ᠰᠢᠨ ᠭᠠᠢᠬᠠᠨ᠎ᠠ᠃ ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠨᠢᠭᠡᠨ᠎ᠳᠦ᠂ ᠤᠷᠳᠤᠰ᠎ᠤᠨ ᠰᠣᠶᠣᠯ᠎ᠤᠨ ᠠᠵᠤ ᠦᠢᠯᠡᠰ᠎ᠦᠨ ᠬᠦᠷᠢᠶᠡᠯᠡᠩ ᠰᠠᠷ᠎ᠠ ᠱᠢᠨ᠎ᠡ᠎ᠶ᠋ᠢᠨ ᠰᠠᠢᠨ ᠡᠬᠢᠯᠡᠯᠳᠡ ᠪᠠᠨ ᠤᠭ᠍ᠲᠤᠵᠤ᠂ ᠪᠦᠬᠦ᠌ ᠡᠳᠦᠷ᠎ᠦᠨ ᠵᠢᠭᠤᠯᠴᠢᠯᠠᠭᠰᠡᠳ᠎ᠤᠨ ᠲᠣᠭ᠎ᠠ 1.2 ᠲᠦᠮᠡᠨ ᠬᠥᠮᠦᠨ ᠤᠳᠠᠭ᠎ᠠ᠎ᠶ᠋ᠢ ᠳᠠᠪᠠᠵᠤ᠂ ᠤᠯᠠᠨ᠎ᠤ ᠬᠦᠷᠢᠶᠡᠯᠡᠯ᠎ᠢ ᠶᠡᠬᠡᠳᠡ ᠣᠯᠵᠤ᠂ ᠴᠠᠭᠠᠨ ᠰᠠᠷ᠎ᠠ᠎ᠳᠦ ᠭᠦᠭ ᠨᠡᠮᠡᠷᠢᠯᠡᠪᠡ᠃

ᠡᠨᠡ ᠵᠢᠯ᠎ᠦᠨ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠣᠷᠳᠣᠰ ᠬᠣᠲᠠ 《ᠱᠢᠨᠡᠯᠡᠬᠦ᠌》 ᠳ᠋ᠤ᠌ ᠰᠢᠨ᠎ᠡ ᠠᠭᠤᠯᠤᠭᠳᠠᠬᠤᠨ ᠠᠪᠴᠢᠷᠠᠪᠠ᠃ 6 ᠶᠡᠬᠡ ᠬᠡᠰᠡᠭ᠎ᠤᠨ 126 ᠵᠦᠢᠯ᠎ᠦᠨ ᠠᠵᠢᠯᠯᠠᠭ᠎ᠠ᠂ ᠴᠡᠴᠡᠭ᠌ᠲᠦ ᠲᠡᠷᠭᠡ᠎ᠶᠢᠨ ᠳᠤᠭᠤᠷᠢᠯᠳᠠ᠎ᠶᠢᠨ ᠦᠵᠡᠬᠦᠯᠭᠡ᠂ ᠴᠠᠰᠤ ᠮᠥᠰᠥᠨ᠎ᠦ ᠦᠪᠡᠳᠡᠭ᠌ᠰᠢ ᠴᠤᠭ᠍ᠯᠠᠭᠠᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠤᠭ᠍ᠯᠠᠭᠠᠨ᠂ ᠳᠡᠦᠬᠡ᠎ᠶᠢᠨ ᠳᠤᠷᠠᠰᠬᠠᠯᠳᠤ ᠵᠦᠢᠯᠡᠰ ᠪᠤᠯᠤᠨ ᠮᠦᠽᠸᠢ᠎ᠶᠢᠨ ᠦᠵᠡᠰᠭᠦᠯᠡᠩ᠂ ᠤᠷᠠᠨ ᠰᠠᠢᠬᠠᠨ᠎ᠤ ᠲᠣᠭ᠍ᠯᠠᠯᠲᠠ᠂ ᠬᠡᠷᠡᠭ᠌ᠯᠡᠭᠡ ᠪᠣᠷᠣᠯᠠᠭᠤᠯᠭ᠎ᠠ ᠵᠢ ᠠᠬᠢᠭᠤᠯᠬᠤ ᠵᠡᠷᠭᠡ ᠪᠡᠷ ᠬᠦᠮᠦᠰ᠎ᠲᠦ ᠡᠯᠪᠡᠭ ᠪᠠᠶᠠᠯᠢᠭ ᠰᠣᠶᠣᠯ᠎ᠤᠨ ᠦᠪᠡᠳᠡᠭ᠌ᠰᠢ ᠨᠠᠢᠷ ᠪᠡᠯᠡᠳᠭᠡᠵᠦ᠍ ᠥᠭ᠌ᠪᠡ᠃

ᠲᠣᠰ ᠡᠳᠦᠷ᠂ ᠣᠷᠳᠣᠰ᠎ᠤᠨ ᠰᠣᠶᠣᠯ᠎ᠤᠨ ᠠᠵᠤ ᠦᠶ᠋ᠯᠡᠰ᠎ᠦᠨ ᠬᠦᠷᠢᠶᠡᠯᠡᠩ ᠦᠨᠳᠦᠰᠦᠲᠡᠨ᠎ᠦ ᠣᠨᠴᠠᠯᠢᠭ ᠪᠠ ᠬᠠᠷᠠᠭᠠᠨ ᠰᠡᠷᠡᠯ᠎ᠦᠨ ᠲᠠᠭᠠᠷᠢᠯᠲᠠ᠎ᠶ᠋ᠢᠨ ᠬᠦᠴᠦᠨ᠎ᠲᠡᠶ ᠠᠯᠢ ᠣᠯᠠᠨ ᠴᠠᠭᠠᠨ ᠰᠠᠷ᠎ᠠ᠎ᠶ᠋ᠢᠨ ᠠᠵᠢᠯᠯᠠᠭ᠎ᠠ᠎ᠶ᠋ᠢ ᠨᠠᠷᠢᠨ ᠨᠢᠮᠪᠠᠶ ᠤᠬᠠᠭᠠᠯᠠᠪᠠ᠃ ᠵᠠᠭᠤᠨ ᠬᠥᠯᠥᠭ ᠰᠦᠷ ᠳᠠᠯᠠᠢᠴᠠᠲᠠᠢ ᠪᠡᠷ ᠲᠠᠯᠠᠪᠠᠢ᠎ᠳᠤ ᠳᠤᠪᠳᠤᠯᠤᠨ ᠣᠷᠣᠵᠤ᠂ ᠠᠢᠵᠠᠮ ᠴᠤᠬᠢᠯᠭ᠎ᠠ ᠲᠠᠢ ᠬᠢᠯᠠᠰ ᠦᠵᠡᠭᠦᠯᠭᠡ᠎ᠶᠢᠨ ᠪᠥᠵᠢᠭ ᠪᠣᠯᠤᠨ ᠢᠷᠠᠭᠤ ᠤᠶᠠᠩᠭᠠᠲᠤ ᠮᠤᠷᠢᠨ ᠬᠤᠭᠤᠷ᠎ᠤᠨ ᠠᠶᠠᠰ ᠠᠪᠴᠠᠯᠳᠤᠵᠤ᠂ ᠵᠢᠭᠤᠯᠴᠢᠯᠠᠭᠰᠡᠳ᠎ᠲᠦ ᠬᠠᠷᠠᠭ᠎ᠠ ᠰᠤᠨᠤᠷ᠎ᠤᠨ ᠳᠠᠭᠠᠰᠢᠶᠠᠯ ᠬᠦᠷᠳᠡᠭᠡᠪᠡ; ᠤᠭᠳᠠᠷᠭᠤᠢ ᠳᠡᠭᠡᠷᠡᠬᠢ ᠳᠠᠭᠤᠤ᠎ᠶ᠋ᠢᠨ ᠦᠳᠡᠱᠢᠯᠡᠭᠡ ᠢᠳᠡ ᠬᠦᠭ ᠲᠠᠢ ᠡᠬᠢᠯᠡᠵᠦ᠍᠂ 《ᠣᠳᠣᠳ᠎ᠤᠨ ᠭᠢᠯᠪᠠᠭ᠎ᠠ》 ᠵᠢᠨ ᠶᠡᠷᠦᠩᠬᠡᠶ ᠮᠠᠩᠯᠠᠶ ᠴᠢᠶᠠᠨ ᠫᠸᠢ ᠴᠧᠨ ᠲᠤᠬᠠᠶ᠎ᠶ᠋ᠢᠨ ᠲᠠᠯᠠᠪᠠᠢ᠎ᠳᠤ ᠠᠶ᠎ᠠ ᠳᠠᠭᠤᠤ ᠡᠷᠭᠦᠨ᠂ ᠪᠦᠬᠦ᠌ ᠲᠠᠯᠠᠪᠠᠢ᠎ᠶ᠋ᠢᠨ ᠬᠠᠯᠠᠭᠤᠨ ᠰᠡᠳᠭᠢᠯᠭᠡ᠎ᠶ᠋ᠢ ᠤᠷᠬᠢᠯᠤᠭᠤᠯᠪᠠ; ᠨᠡᠩ ᠭᠠᠢᠬᠠᠯᠲᠠᠢ ᠨᠢ 《ᠤᠯᠤᠰ᠎ᠤᠨ ᠳᠣᠲᠣᠭᠠᠳᠤ᠎ᠶ᠋ᠢᠨ ᠥᠨᠳᠥᠷ ᠣᠭ᠍ᠲᠠᠷᠭᠤᠢ᠎ᠳᠡᠬᠢ ᠳᠤᠭᠯᠠᠯᠳᠠ᠎ᠶᠢᠨ ᠨᠢᠭᠡᠳᠦᠭᠡᠷ ᠬᠥᠮᠦᠨ》 ᠲᠤᠬᠠᠢ᠎ᠶ᠋ᠢᠨ ᠲᠠᠯᠠᠪᠠᠢ᠎ᠳᠤ ᠬᠦᠷᠦᠯᠴᠡᠨ ᠢᠷᠡᠵᠦ᠂ ᠬᠡᠳᠦᠨ ᠠᠷᠪᠠᠨ ᠮᠸᠲᠷ᠎ᠤᠨ ᠥᠨᠳᠥᠷ᠎ᠲᠦ ᠲᠤᠰᠭᠠᠢᠯᠠᠨ ᠮᠤᠷᠢᠨ ᠵᠢᠯ᠎ᠳᠦ ᠵᠣᠷᠢᠭᠤᠯᠤᠭ᠍ᠰᠠᠨ ᠣᠨᠴᠠ ᠤᠷᠠᠯᠢᠭ᠎ᠤᠨ ᠲᠣᠭ᠍ᠯᠠᠯᠳᠠ ᠭᠠᠷᠭᠠᠵᠤ ᠦᠵᠡᠭ᠌ᠴᠢᠳ᠎ᠢ ᠭᠠᠢᠬᠠᠰᠢᠷᠠᠭᠤᠯᠪᠠ᠃

ᠬᠣᠲᠠ᠎ᠶ᠋ᠢᠨ ᠠᠷᠠᠳ ᠬᠤᠤ ᠠᠪᠤᠭᠠᠢ᠄ 《ᠪᠢᠳᠡ ᠦᠳᠡ ᠡᠴᠡ ᠣᠷᠣᠢ ᠪᠣᠯᠲᠠᠯ᠎ᠠ ᠲᠤᠭᠤᠷᠢᠵᠠᠢ᠂ ᠳᠤᠭᠯᠠᠯᠳᠠ ᠠᠷᠤ ᠠᠷᠤ ᠡᠴᠡ ᠪᠠᠨ ᠵᠠᠯᠭᠠᠯᠳᠤᠵᠤ ᠪᠢᠳᠡ ᠪᠦᠷ ᠬᠠᠷᠢᠬᠤ ᠳᠤᠷ᠎ᠠ ᠦᠭᠡᠢ ᠪᠤᠯᠴᠢᠬᠠᠯ᠎ᠠ᠂ ᠭᠡᠷ᠎ᠦᠨ ᠡᠭᠦᠳᠡᠨ᠎ᠳᠡᠭᠡᠨ ᠡᠢᠮᠦ᠍ ᠭᠤᠢᠳᠠ ᠤᠷᠠᠨ ᠰᠠᠢᠬᠠᠨ᠎ᠤ ᠲᠣᠭ᠍ᠯᠠᠯᠲᠠ᠎ᠶ᠋ᠢ ᠣᠯᠵᠤ ᠦᠵᠡᠭ᠌ᠰᠡᠨ᠎ᠳᠡᠭᠡᠨ ᠲᠤᠩ ᠪᠠᠶᠠᠷᠲᠠᠢ ᠪᠠᠢᠨ᠎ᠠ》 ᠭᠡᠯ᠎ᠡ᠋᠃

ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠨᠢᠭᠡᠨ ᠡᠴᠡ ᠴᠠᠭᠠᠨ ᠰᠠᠷ᠎ᠠ᠎ᠶ᠋ᠢᠨ ᠠᠷᠪᠠᠨ ᠲᠠᠪᠤᠨ ᠪᠣᠯᠲᠠᠯ᠎ᠠ᠂ ᠡᠵᠡᠨ ᠬᠣᠷᠣᠭ᠎ᠠ᠎ᠶ᠋ᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠠᠭᠠᠨ ᠰᠠᠷ᠎ᠠ᠎ᠶ᠋ᠢᠨ ᠪᠠᠶᠠᠷᠲᠤ ᠴᠤᠭ᠍ᠯᠠᠭᠠᠨ᠎ᠳᠦ NPC ᠭᠤᠤᠯ ᠰᠡᠳᠦᠪᠲᠦ ᠲᠣᠭᠣᠷᠢᠨ ᠵᠢᠭᠤᠯᠴᠢᠯᠠᠯ᠂ ᠰᠠᠨᠳᠠᠯᠢ ᠪᠡᠷ ᠯᠤᠤ ᠤᠭᠰᠠᠷᠠᠨ ᠬᠤᠯᠪᠤᠬᠤ᠂ ᠭᠠᠩ ᠢᠰᠬᠦᠯᠬᠦ ᠳᠤᠭᠯᠠᠯᠳᠠ᠂ ᠳᠤᠭᠤᠶ ᠲᠡᠷᠭᠡ᠎ᠶᠢᠨ ᠳᠤᠭᠯᠠᠯᠳᠠ ᠵᠡᠷᠭᠡ ᠠᠵᠢᠯᠯᠠᠭ᠎ᠠ ᠵᠠᠯᠭᠠᠭ᠎ᠠ᠎ᠪᠠᠷ ᠶᠠᠪᠤᠭ᠍ᠳᠠᠬᠤ ᠪᠣᠯᠤᠨ᠎ᠠ᠃

ᠤᠷᠳᠤᠰ ᠬᠤᠳᠠ᠎ᠶ᠋ᠢᠨ ᠰᠣᠶᠣᠯ᠎ᠤᠨ ᠣᠷᠳᠣᠨ ᠨᠡᠩ ᠴᠤ᠌ ᠠᠯᠢ ᠡᠷᠲᠡ᠎ᠡᠴᠡ 《ᠰᠢ ᠵᠦᠴᠦᠭᠡ᠎ᠶ᠋ᠢᠨ ᠪᠣᠯᠵᠣᠭᠠᠨ᠎ᠳᠦ ᠬᠦᠷᠴᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠰᠤᠨᠢᠷᠬᠠᠵᠤ᠂ ᠵᠡᠭᠦᠳᠦ ᠵᠡᠷᠭᠡᠯᠭᠡᠨ ᠮᠡᠳᠦ ᠬᠦᠭ ᠠᠶᠠᠰ᠎ᠢ ᠰᠣᠨᠣᠰᠭᠤ》 ᠤᠬᠠᠭᠤᠯᠭ᠎ᠠ᠎ᠶ᠋ᠢᠨ ᠤᠷᠢᠶ᠎ᠠ᠎ᠶ᠋ᠢ ᠳᠤᠷᠠᠳᠪᠠ᠃ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠣᠷᠳᠣᠰ ᠬᠣᠲᠠ᠎ᠶ᠋ᠢᠨ ᠰᠣᠶᠣᠯ᠎ᠤᠨ ᠣᠷᠳᠣᠨ᠎ᠤ ᠣᠯᠠᠨ ᠣᠳᠣᠲᠤ ᠲᠢᠶᠠᠲ᠋ᠷ᠎ᠲᠤ ᠳᠠᠭᠤᠤ ᠪᠥᠵᠢᠭ᠂ ᠱᠠᠨ ᠰᠢ ᠵᠦᠴᠦᠭᠡ᠂ ᠶᠧᠯᠸᠢ ᠱᠣᠭ ᠶᠠᠷᠢᠶ᠎ᠠ ᠵᠡᠷᠭᠡ ᠦᠳᠡᠭᠦᠰ ᠵᠠᠯᠠᠭᠤᠰ ᠪᠦᠬᠦᠨ ᠰᠤᠨᠢᠷᠬᠠᠵᠤ ᠪᠤᠯᠬᠤ 12 ᠲᠠᠯᠠᠪᠤᠷ ᠲᠣᠭ᠍ᠯᠠᠯᠲᠠ᠎ᠶ᠋ᠢᠨ ᠠᠵᠢᠯᠯᠠᠭ᠎ᠠ ᠡᠭᠡᠯᠵᠢᠯᠡᠨ ᠶᠠᠪᠤᠭ᠍ᠳᠠᠬᠤ ᠪᠣᠯᠤᠨ᠎ᠠ᠃ ᠨᠡᠩ ᠢᠯᠠᠩᠭᠤᠶ᠎ᠠ ᠥᠪᠡᠷ᠎ᠦᠨ ᠬᠦᠴᠦᠨ ᠪᠦᠬᠦᠢ ᠪᠡᠶ᠎ᠡ᠎ᠶ᠋ᠢᠨ ᠦᠨᠡᠮᠯᠡᠯ᠎ᠢᠶᠡᠷ᠎ᠢᠶᠡᠨ ᠦᠨ᠎ᠡ ᠲᠥᠯᠥᠪᠦᠷᠢ ᠦᠭᠡᠢ᠎ᠪᠡᠷ ᠲᠣᠭ᠍ᠯᠠᠯᠲᠠ᠎ᠶ᠋ᠢᠨ ᠪᠢᠯᠧᠲ ᠬᠣᠶᠠᠷ ᠬᠤᠪᠢ ᠠᠪᠴᠤ᠌ ᠪᠣᠯᠤᠨ᠎ᠠ᠃ 2026 ᠣᠨ᠎ᠤ ᠴᠠᠭᠠᠨ ᠰᠠᠷ᠎ᠠ᠎ᠶ᠋ᠢᠨ ᠰᠣᠶᠣᠯ ᠵᠢᠭᠤᠯᠴᠢᠯᠠᠯ ᠬᠡᠷᠡᠭ᠌ᠯᠡᠭᠡ᠎ᠶ᠋ᠢ ᠠᠬᠢᠭᠤᠯᠬᠤ ᠠᠵᠢᠯᠯᠠᠭ᠎ᠠ ᠥᠷᠨᠢᠭᠦᠯᠵᠦ᠍᠂ 150 ᠲᠦᠮᠡᠨ ᠲᠥᠭᠥᠷᠢᠭ᠎ᠦᠨ ᠬᠡᠷᠡᠭ᠌ᠯᠡᠭᠡᠨ᠎ᠦ ᠲᠡᠮᠳᠡᠭ᠌ᠲᠦ ᠲᠠᠷᠬᠠᠭᠠᠪᠠ᠃ ᠬᠢᠶ᠎ᠠ ᠪᠠᠭ᠍ᠰᠢ ᠲᠣᠭᠣᠷᠢᠭ 《ᠳᠤᠯᠠᠭᠠᠨ ᠬᠤᠳᠠ᠎ᠶᠢᠨ ᠳᠡᠯᠭᠡᠭᠦᠷ᠎ᠢᠶᠡᠷ ᠳᠤᠭᠤᠷᠢᠵᠤ ᠴᠠᠭᠠᠨ ᠰᠠᠷ᠎ᠠ᠎ᠳᠠᠭᠠᠨ ᠬᠢᠮᠳᠠ ᠦᠨ᠎ᠡ ᠵᠢ ᠡᠳ᠋ᠯᠡᠬᠦ》 ᠬᠤᠳᠠᠯᠳᠤᠭᠠᠨ᠎ᠤ ᠲᠣᠭᠣᠷᠢᠭ ᠬᠣᠯᠪᠣᠭᠠᠯᠠᠨ ᠬᠥᠳᠡᠯᠦᠯᠴᠡᠵᠦ᠍ ᠪᠣᠷᠣᠯᠠᠭᠤᠯᠭ᠎ᠠ ᠵᠢ ᠠᠬᠢᠭᠤᠯᠬᠤ ᠠᠵᠢᠯᠯᠠᠭ᠎ᠠ᠂ 《ᠴᠠᠭᠠᠨ ᠰᠠᠷ᠎ᠠ᠎ᠶ᠋ᠢᠨ ᠠᠷᠪᠠᠨ ᠲᠠᠪᠤᠨ᠎ᠤ ᠠᠮᠲᠠᠲᠤ ᠢᠳᠡᠭᠡᠨ᠎ᠢ ᠳᠡᠯᠭᠡᠨ ᠪᠣᠷᠣᠯᠠᠭᠤᠯᠬᠤ》 ᠠᠵᠢᠯᠯᠠᠭ᠎ᠠ ᠳᠤᠬᠢᠷᠠᠭᠤᠯᠪᠠ᠃ ᠡᠵᠡᠨ ᠬᠣᠷᠣᠭ᠎ᠠ ᠬᠣᠱᠢᠭᠤ 《ᠳᠤᠯᠠᠭᠠᠨ ᠡᠪᠦᠯ᠎ᠤᠨ ᠱᠢᠨ᠎ᠡ ᠠᠬᠤᠢ·ᠳ᠋ᠧᠩ ᠰᠤᠨᠢᠷᠬᠠᠨ ᠵᠢᠭᠤᠯᠴᠢᠯᠠᠬᠤ》 ᠰᠣᠶᠣᠯ ᠵᠢᠭᠤᠯᠴᠢᠯᠠᠯ ᠬᠡᠷᠡᠭ᠌ᠯᠡᠭᠡ᠎ᠶ᠋ᠢ ᠠᠬᠢᠭᠤᠯᠬᠤ ᠠᠵᠢᠯᠯᠠᠭ᠎ᠠ ᠵᠢ ᠰᠡᠳᠦᠪᠡ᠃ ᠣᠷᠳᠣᠰ᠎ᠤᠨ ᠣᠲᠣ ᠦᠶ᠎ᠡ᠎ᠶ᠋ᠢᠨ ᠢᠮᠠᠭᠠᠨ ᠨᠣᠤᠯᠤᠭᠤᠷ᠎ᠤᠨ ᠠᠵᠤ ᠦᠶ᠋ᠯᠡᠰ᠎ᠦᠨ ᠬᠦᠷᠢᠶᠡᠯᠡᠩ ᠴᠠᠭᠠᠨ ᠰᠠᠷ᠎ᠠ᠂ ᠴᠠᠭᠠᠨ ᠰᠠᠷ᠎ᠠ᠎ᠶ᠋ᠢᠨ ᠠᠷᠪᠠᠨ ᠲᠠᠪᠤᠨ᠎ᠤ ᠪᠠᠶᠠᠷ᠎ᠲᠠᠶ ᠤᠶᠠᠯᠳᠤᠭᠤᠯᠤᠨ ᠬᠡᠷᠡᠭ᠌ᠯᠡᠭᠡ᠎ᠶ᠋ᠢ ᠠᠬᠢᠭᠤᠯᠬᠤ ᠠᠵᠢᠯᠯᠠᠭ᠎ᠠ ᠵᠢ ᠡᠬᠢᠯᠡᠬᠦᠯᠪᠡ ᠁ 《ᠰᠣᠶᠣᠯ᠂ ᠬᠤᠳᠠᠯᠳᠤᠭ᠎ᠠ᠂ ᠵᠢᠭᠤᠯᠴᠢᠯᠠᠯ》 ᠤ᠋ᠨ ᠣᠯᠠᠨ ᠡᠵᠡᠩᠨᠡᠯᠲᠡ᠎ᠶ᠋ᠢᠨ ᠬᠡᠯᠪᠡᠷᠢ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠨᠢ ᠣᠷᠳᠣᠰ ᠬᠣᠲᠠ᠎ᠶ᠋ᠢᠨ ᠴᠠᠭᠠᠨ ᠰᠠᠷ᠎ᠠ᠎ᠶ᠋ᠢᠨ ᠰᠤᠶᠤᠯ ᠵᠢᠭᠤᠯᠴᠢᠯᠠᠯ᠎ᠤᠨ ᠠᠵᠤ ᠦᠶ᠋ᠯᠡᠰ᠎ᠦᠨ ᠨᠢᠭᠡ ᠶᠡᠬᠡ ᠬᠢᠯᠠᠰ ᠴᠡᠭ ᠪᠣᠯᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号