ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠢ᠎ᠠ ᠴᠠᠬᠢᠯᠭᠠᠨ ᠴᠢᠮᠡᠭᠡ ᠶᠠᠪᠤᠭᠤᠯᠵᠤ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠢᠰᠦᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠬᠤᠷᠠᠯᠳᠤᠭ᠍ᠰᠠᠨ᠎ᠳᠤ ᠪᠠᠶᠠᠷ ᠬᠦᠷᠭᠡᠪᠡ
2026-02-21 11:04:52
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 19᠎ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠴᠠᠬᠢᠯᠭᠠᠨ ᠴᠢᠮᠡᠭᠡ ᠶᠠᠪᠤᠭᠤᠯᠵᠤ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠢᠰᠦᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠬᠤᠷᠠᠯᠳᠤᠭ᠍ᠰᠠᠨ᠎ᠳᠤ ᠪᠠᠶᠠᠷ ᠬᠦᠷᠭᠡᠪᠡ᠃ ᠪᠠᠶᠠᠷ᠎ᠤᠨ ᠴᠠᠬᠢᠯᠭᠠᠨ ᠴᠢᠮᠡᠬᠡ᠎ᠳᠤ᠄

ᠰᠣᠯᠣᠩᠭᠣᠰ᠎ᠤᠨ ᠬᠥᠳᠡᠯᠮᠦᠷᠢᠴᠢᠨ᠎ᠦ ᠨᠠᠮ ᠪᠣᠯ ᠰᠣᠯᠣᠩᠭᠣᠰ᠎ᠤᠨ ᠬᠤᠪᠢᠰᠭᠠᠯ ᠪᠣᠯᠤᠨ ᠪᠦᠳᠦᠭᠡᠨ ᠪᠠᠢᠭᠤᠯᠤᠯᠲᠠ᠎ᠶ᠋ᠢᠨ ᠦᠢᠯᠡᠰ᠎ᠦᠨ ᠪᠠᠲᠤ ᠴᠢᠩᠭ᠎ᠠ ᠤᠳᠤᠷᠢᠳᠭᠤ ᠭᠣᠣᠯᠯᠠᠭ᠍ᠴᠢ ᠮᠥᠨ᠃ ᠤᠷᠲᠤ ᠬᠤᠭᠤᠴᠠᠭᠠᠨ᠎ᠤ ᠲᠤᠷᠰᠢ᠂ ᠰᠣᠯᠣᠩᠭᠣᠰ᠎ᠤᠨ ᠬᠥᠳᠡᠯᠮᠦᠷᠢᠴᠢᠨ᠎ᠦ ᠨᠠᠮ ᠰᠣᠯᠣᠩᠭᠣᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠴᠥᠬᠥᠷᠡᠰᠢ ᠦᠭᠡᠢ ᠲᠡᠮᠡᠴᠡᠵᠦ᠍᠂ ᠰᠣᠯᠣᠩᠭᠣᠰ᠎ᠤᠨ ᠨᠡᠢᠭᠡᠮ ᠵᠢᠷᠤᠮ᠎ᠤᠨ ᠦᠢᠯᠡᠰ᠎ᠢ ᠠᠬᠢᠭᠤᠯᠬᠤ ᠠᠶᠠᠨ᠎ᠳᠤ ᠴᠢᠬᠤᠯᠠ ᠠᠮᠵᠢᠯᠲᠠ ᠣᠯᠵᠠᠢ᠃ ᠤᠢ᠍ᠢᠷ᠎ᠠ᠎ᠶ᠋ᠢᠨ ᠵᠢᠯ᠎ᠡᠴᠡ᠂ ᠵᠢᠨ ᠵᠧᠩ ᠧᠨ ᠶᠡᠷᠦᠩᠬᠡᠢ ᠱᠦᠵᠢ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠣᠯᠣᠩᠭᠣᠰ᠎ᠤᠨ ᠬᠥᠳᠡᠯᠮᠦᠷᠢᠴᠢᠨ᠎ᠦ ᠨᠠᠮ ᠱᠢᠨ᠎ᠡ ᠴᠠᠭ ᠦᠶ᠎ᠡ᠎ᠶ᠋ᠢᠨ ᠲᠠᠪᠤᠨ ᠶᠡᠬᠡ ᠨᠠᠮ᠎ᠤᠨ ᠪᠠᠢᠭᠤᠯᠤᠯᠲᠠ᠎ᠶ᠋ᠢᠨ ᠱᠤᠭᠤᠮ᠎ᠢ ᠦᠢᠯᠡᠳᠦᠯᠭᠡᠵᠢᠭᠦᠯᠵᠦ᠍᠂ ᠨᠡᠢᠭᠡᠮ ᠵᠢᠷᠤᠮ᠎ᠤᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠠᠵᠤ ᠠᠬᠤᠢ᠎ᠶ᠋ᠢ ᠬᠥᠭ᠌ᠵᠢᠭᠦᠯᠬᠦ᠌᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠪᠠᠷ ᠬᠦᠴᠦᠯᠡᠨ ᠴᠢᠷᠮᠠᠢᠵᠤ᠂ ᠠᠯᠢ ᠤᠯᠠᠨ ᠪᠠᠶᠠᠷᠯᠠᠭᠤᠱᠢᠲᠠᠢ ᠠᠮᠵᠢᠯᠲᠠ ᠣᠯᠵᠠᠢ᠃ ᠳᠤᠮᠳᠠᠳᠤ ᠤᠯᠤᠰ ᠡᠭᠦᠨ᠎ᠳᠦ ᠴᠢᠩ ᠰᠡᠳᠭᠢᠯ᠎ᠡᠴᠡ᠎ᠪᠡᠨ ᠪᠠᠶᠠᠷᠯᠠᠵᠤ ᠪᠠᠢᠨ᠎ᠠ᠃

ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠢᠰᠦᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠰᠣᠯᠣᠩᠭᠣᠰ᠎ᠤᠨ ᠨᠠᠮ ᠪᠣᠯᠤᠨ ᠠᠷᠠᠳ ᠲᠦᠮᠡᠨ᠎ᠦ ᠤᠯᠤᠰ ᠲᠦᠷᠦ᠍᠎ᠶ᠋ᠢᠨ ᠠᠮᠢᠳᠤᠷᠠᠯ ᠳᠤᠮᠳᠠᠬᠢ ᠨᠢᠭᠡᠨ ᠲᠤᠮᠤ ᠶᠠᠪᠤᠳᠠᠯ ᠪᠣᠯᠤᠨ᠎ᠠ᠂ ᠢᠷᠡᠭᠡᠳᠦᠢ᠎ᠶ᠋ᠢᠨ ᠬᠡᠰᠡᠭ ᠬᠤᠭᠤᠴᠠᠭᠠᠨ᠎ᠤ ᠰᠣᠯᠣᠩᠭᠣᠰ᠎ᠤᠨ ᠨᠠᠮ᠎ᠤᠨ ᠪᠠᠢᠭᠤᠯᠤᠯᠲᠠ ᠪᠣᠯᠤᠨ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠳᠦ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ ᠪᠣᠯᠤᠨ ᠪᠠᠢᠷᠢᠯᠠᠭᠤᠯᠤᠯᠲᠠ ᠬᠢᠬᠦ᠌᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠵᠢᠨ ᠵᠧᠩ ᠧᠨ ᠶᠡᠷᠦᠩᠬᠡᠢ ᠱᠦᠵᠢ ᠪᠡᠷ ᠲᠦᠷᠦᠭᠦᠯᠡᠭᠦᠯᠦᠭ᠌ᠰᠡᠨ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠣᠯᠣᠩᠭᠣᠰ᠎ᠤᠨ ᠠᠷᠠᠳ ᠲᠦᠮᠡᠨ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠎ᠶ᠋ᠢᠨ ᠦᠢᠯᠡᠰ ᠳᠤᠮᠳᠠ ᠲᠠᠰᠤᠷᠠᠯᠲᠠ ᠦᠭᠡᠢ ᠨᠡᠩ ᠶᠡᠬᠡ ᠱᠢᠨ᠎ᠡ ᠠᠮᠵᠢᠯᠲᠠ ᠤᠯᠬᠤ᠎ᠶ᠋ᠢ ᠬᠦᠰᠡᠨ ᠵᠥᠩᠨᠡᠵᠦ᠍ ᠪᠠᠢᠨ᠎ᠠ᠃

ᠳᠤᠮᠳᠠᠳᠤ ᠰᠣᠯᠣᠩᠭᠣᠰ ᠬᠣᠶᠠᠷ ᠤᠯᠤᠰ ᠴᠥᠮ ᠡᠪ ᠬᠠᠮᠲᠤ ᠨᠠᠮ᠎ᠤᠨ ᠤᠳᠤᠷᠢᠳᠤᠭ᠍ᠰᠠᠨ ᠨᠡᠢᠭᠡᠮ ᠵᠢᠷᠤᠮᠲᠤ ᠤᠯᠤᠰ ᠮᠥᠨ᠃ ᠤᠢ᠍ᠢᠷ᠎ᠠ᠎ᠶ᠋ᠢᠨ ᠵᠢᠯ᠎ᠡᠴᠡ᠂ ᠬᠣᠶᠠᠷ ᠨᠠᠮ ᠬᠣᠶᠠᠷ ᠤᠯᠤᠰ᠎ᠤᠨ ᠬᠠᠮᠤᠭ᠎ᠤᠨ ᠳᠡᠭᠡᠳᠦ ᠤᠳᠤᠷᠢᠳᠭᠤ ᠬᠥᠮᠦᠨ᠎ᠦ ᠪᠠᠢᠯᠳᠤᠬᠤ ᠪᠤᠳᠤᠯᠭ᠎ᠠ᠎ᠶ᠋ᠢᠨ ᠵᠢᠯᠤᠭᠤᠳᠤᠯᠭ᠎ᠠ ᠳᠣᠣᠷ᠎ᠠ᠂ ᠳᠤᠮᠳᠠᠳᠤ ᠰᠣᠯᠣᠩᠭᠣᠰ᠎ᠤᠨ ᠬᠠᠷᠢᠯᠴᠠᠭ᠎ᠠ ᠱᠢᠨ᠎ᠡ ᠲᠡᠦᠬᠡᠨ ᠴᠠᠭ ᠦᠶ᠎ᠡ᠎ᠳᠦ ᠣᠷᠣᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠯᠤᠭ᠎ᠠ᠎ᠶ᠋ᠢᠨ ᠨᠥᠬᠥᠷᠰᠡᠭ ᠬᠠᠮᠲᠤᠷᠠᠯᠴᠠᠭᠠᠨ᠎ᠤ ᠬᠠᠷᠢᠯᠴᠠᠭ᠎ᠠ᠎ᠶ᠋ᠢ ᠬᠥᠭ᠌ᠵᠢᠭᠦᠯᠬᠦ᠌᠎ᠶ᠋ᠢ ᠢᠮᠠᠭ᠍ᠲᠠ ᠳᠡᠭᠡᠳᠦ ᠬᠡᠮᠵᠢᠢ᠎ᠡ ᠪᠡᠷ ᠴᠢᠬᠤᠯᠠᠴᠢᠯᠠᠵᠤ᠂ ᠳᠤᠷᠠᠲᠠᠶ᠎ᠠ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠯᠤᠭ᠎ᠠ ᠤᠯᠤᠯᠴᠠᠭ᠎ᠠ ᠶᠠᠪᠤᠯᠴᠠᠭ᠎ᠠ᠎ᠪᠠᠨ ᠴᠢᠩᠭᠠᠳᠭᠠᠵᠤ᠂ ᠨᠠᠮ᠎ᠢ ᠵᠠᠰᠠᠬᠤ ᠲᠦᠷᠦ᠍᠎ᠶ᠋ᠢ ᠵᠠᠰᠠᠬᠤ ᠲᠤᠷᠱᠢᠯᠭ᠎ᠠ᠎ᠶ᠋ᠢᠨ ᠰᠣᠯᠢᠯᠴᠠᠭ᠎ᠠ᠎ᠪᠠᠨ ᠭᠦᠨᠵᠡᠭᠡᠢᠷᠡᠭᠦᠯᠵᠦ᠍᠂ ᠳᠤᠮᠳᠠᠳᠤ ᠰᠣᠯᠣᠩᠭᠣᠰ᠎ᠤᠨ ᠬᠠᠷᠢᠯᠴᠠᠭ᠎ᠠ᠎ᠶ᠋ᠢᠨ ᠡᠷᠡᠭᠦᠯ ᠪᠦᠬᠡᠳ ᠲᠣᠭ᠍ᠲᠠᠭᠤᠨ᠎ᠢᠶᠠᠷ ᠬᠥᠭ᠌ᠵᠢᠬᠦ᠌᠎ᠶ᠋ᠢ ᠬᠠᠮᠲᠤ᠎ᠪᠠᠷ ᠬᠦᠳᠦᠯᠥᠨ ᠳᠠᠭᠠᠭᠤᠯᠵᠤ᠂ ᠬᠣᠶᠠᠷ ᠤᠯᠤᠰ᠎ᠤᠨ ᠨᠡᠢᠭᠡᠮ ᠵᠢᠷᠤᠮ᠎ᠤᠨ ᠦᠢᠯᠡᠰ᠎ᠦᠨ ᠲᠣᠭ᠍ᠲᠠᠭᠤᠨ᠎ᠢᠶᠠᠷ ᠬᠤᠯᠠ ᠠᠶᠠᠯᠠᠬᠤ᠎ᠶ᠋ᠢ ᠠᠬᠢᠭᠤᠯᠵᠤ᠂ ᠭᠠᠵᠠᠷ ᠣᠷᠣᠨ᠎ᠤ ᠡᠩᠬᠡ ᠲᠠᠢᠪᠤᠩ ᠲᠣᠭ᠍ᠲᠠᠭᠤᠨ ᠪᠠ ᠬᠥᠭ᠌ᠵᠢᠯ ᠴᠡᠴᠡᠭ᠌ᠯᠡᠯ᠎ᠢ ᠠᠬᠢᠭᠤᠯᠤᠨ᠎ᠠ ᠭᠡᠵᠡᠢ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 20᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号