ᠬᠣᠷᠴᠢᠨ ᠵᠡᠭᠦᠨ ᠭᠠᠷᠤᠨ ᠬᠣᠢᠲᠤ ᠬᠣᠱᠢᠭᠤ ᠮᠢᠬᠠᠨ᠎ᠤ ᠦᠬᠡᠷ᠎ᠦᠨ ᠣᠶᠤᠨᠴᠢ ᠮᠠᠯᠵᠢᠯ᠎ᠤᠨ ᠲᠠᠯᠠᠪᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ
2026-02-21 11:44:29
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


QQ截图20260220121231.png


ᠣᠢᠷ᠎ᠠ᠎ᠶ᠋ᠢᠨ ᠵᠢᠯ᠎ᠳᠦ᠂ ᠬᠣᠷᠴᠢᠨ ᠵᠡᠭᠦᠨ ᠭᠠᠷᠤᠨ ᠬᠣᠢᠲᠤ ᠬᠣᠱᠢᠭᠤ ᠮᠢᠬᠠᠨ᠎ᠤ ᠦᠬᠡᠷ᠎ᠦᠨ ᠣᠶᠤᠨᠴᠢ ᠮᠠᠯᠵᠢᠯ᠎ᠤᠨ ᠲᠠᠯᠠᠪᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠶᠡᠬᠡ ᠪᠡᠷ ᠠᠬᠢᠭᠤᠯᠵᠤ᠂ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌᠎ᠶ᠋ᠢ ᠤᠯᠠᠮᠵᠢᠯᠠᠯᠲᠤ 《ᠲᠤᠷᠱᠢᠯᠭ᠎ᠠ᠎ᠳᠤ ᠲᠦᠰᠢᠭᠯᠡᠵᠦ ᠪᠠᠢᠭᠰᠠᠨ》 ᠡᠴᠡ ᠣᠲᠣ ᠦᠶ᠎ᠡ᠎ᠶ᠋ᠢᠨ 《ᠲᠣᠭ᠎ᠠ ᠪᠠᠷᠢᠮᠲᠠ᠎ᠳᠤ ᠲᠦᠱᠢᠭ᠌ᠯᠡᠬᠦ᠌》 ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠦᠶ᠋ᠯᠡᠳᠪᠦᠷᠢᠯᠡᠯ᠎ᠦᠨ ᠭᠣᠭ᠍ᠴᠣᠭ᠎ᠠ᠎ᠶ᠋ᠢ ᠤᠶᠤᠨᠴᠢᠯᠠᠬᠤ᠂ ᠬᠠᠮᠢᠶᠠᠷᠤᠯᠲᠠ᠎ᠶ᠋ᠢᠨ ᠠᠷᠭ᠎ᠠ ᠮᠠᠶᠢᠭ᠎ᠢ ᠨᠠᠷᠢᠯᠢᠬ᠍ᠵᠢᠭᠤᠯᠬᠤ᠎ᠶ᠋ᠢ ᠪᠡᠶᠡᠯᠡᠭᠦᠯᠵᠦ᠂ 《ᠪᠥᠬᠥ᠌ ᠤᠯᠤᠰ᠎ᠤᠨ ᠮᠢᠬᠠᠨ᠎ᠤ ᠦᠬᠡᠷ᠎ᠦᠨ ᠠᠵᠤ ᠦᠶ᠋ᠯᠡᠰ᠎ᠦᠨ ᠨᠢᠭᠡᠳᠦᠭᠡᠷ ᠬᠣᠱᠢᠭᠤ》 ᠶ᠋ᠢ ᠴᠤᠭᠴᠠᠯᠠᠭᠰᠠᠨ ᠪᠠᠢᠨ᠎ᠠ᠃ ᠣᠳᠣᠬᠠᠨ ᠪᠣᠯᠲᠠᠯ᠎ᠠ᠂ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠮᠢᠬᠠᠨ᠎ᠤ ᠦᠬᠡᠷ᠎ᠦᠨ ᠲᠣᠭ᠎ᠠ ᠲᠤᠯᠤᠭᠠᠢ 96.66 ᠲᠦᠮᠡ᠎ᠳᠦ ᠬᠦᠷᠴᠦ᠍᠂ ᠮᠢᠬᠠᠨ᠎ᠤ ᠦᠬᠡᠷ᠎ᠦᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ ᠢᠯᠡᠳᠲᠡ ᠦᠷ᠎ᠡ ᠪᠦᠲᠦᠮᠵᠢ ᠤᠯᠪᠠ᠃

ᠰᠤᠷᠪᠤᠯᠵᠢᠯᠠᠭ᠍ᠴᠢ    ᠮᠦᠩᠭᠡᠴᠢᠯᠠᠭᠤ   ᠰᠡᠭᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号