ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠲᠦᠷᠪᠡᠨ᠂ 2 ᠰᠠᠷ᠎ᠠ᠎ᠶ᠋ᠢᠨ 20 ᠤ᠋ ᠡᠳᠦᠷ᠂ ᠤᠷᠳᠤᠰ ᠬᠤᠳᠠ᠎ᠶ᠋ᠢᠨ ᠡᠵᠡᠨ ᠬᠣᠷᠣᠭ᠎ᠠ ᠬᠣᠱᠢᠭᠤᠨ᠎ᠤ ᠠᠮᠢ ᠠᠬᠤᠢ᠎ᠶ᠋ᠢᠨ ᠴᠡᠴᠡᠷᠯᠢᠭ᠎ᠲᠦ ᠤᠯᠠᠨ ᠬᠦᠮᠦᠨ ᠴᠤᠭᠯᠠᠷᠠᠵᠤ᠂ ᠬᠦᠷ ᠨᠠᠷᠬᠢᠶᠠᠨ ᠪᠢᠯᠬᠠᠵᠤ ᠪᠠᠢᠯ᠎ᠠ᠃ 2026 ᠠᠩᠬᠠᠳᠤᠭᠠᠷ ᠬᠤᠭᠤᠴᠠᠭᠠᠨ᠎ᠤ 《ᠳᠤᠯᠠᠭᠠᠨ ᠬᠤᠳᠠ᠎ᠶᠢᠨ ᠵᠡᠭᠦᠳᠦ ᠵᠡᠷᠭᠡᠯᠬᠡᠨ》 ᠡᠵᠡᠨ ᠬᠣᠷᠣᠭ᠎ᠠ᠎ᠶ᠋ᠢᠨ ᠴᠠᠭᠠᠨ ᠰᠠᠷ᠎ᠠ᠎ᠶ᠋ᠢᠨ ᠳ᠋ᠧᠩ᠎ᠦᠨ ᠴᠤᠭ᠍ᠯᠠᠭᠠᠨ ᠡᠨᠳᠡ ᠶᠠᠪᠤᠬᠳᠠᠵᠤ ᠂ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ ᠪᠣᠯᠤᠨ ᠲᠦᠷᠪᠠᠨ ᠵᠦᠭ ᠨᠠᠶ᠋ᠮᠠᠨ ᠵᠤᠪᠬᠢᠰ᠎ᠦᠨ ᠵᠢᠭᠤᠯᠴᠢᠯᠠᠭ᠍ᠰᠡᠳ᠎ᠤᠨ ᠴᠠᠭᠠᠨ ᠰᠠᠷ᠎ᠠ ᠪᠡᠷ ᠬᠦᠷᠴᠦ ᠤᠴᠢᠬᠤ ᠬᠠᠯᠠᠮᠱᠢᠯ ᠭᠠᠵᠠᠷ ᠪᠣᠯᠪᠠ᠃ ᠬᠥᠮᠦᠰ ᠥᠩᠭᠡᠲᠦ ᠳ᠋ᠧᠩ᠎ᠦᠨ ᠬᠡᠷᠡᠯᠳᠦ ᠳᠠᠯᠠᠢ᠎ᠪᠡᠷ ᠱᠤᠮᠪᠠᠵᠤ᠂ ᠥᠪᠥᠷ ᠮᠣᠩᠭᠣᠯ᠎ᠳᠤ ᠢᠷᠡᠵᠦ᠍ ᠱᠢᠨᠡᠯᠡᠬᠦ᠌ ᠣᠨᠳᠣᠣ ᠶᠠᠩᠵᠤ᠎ᠶ᠋ᠢᠨ ᠷᠣᠮᠠᠨᠲ᠋ᠢᠭ ᠦᠵᠡᠭᠳᠡᠯ᠎ᠢ ᠪᠡᠶᠡᠴᠢᠯᠡᠨ ᠣᠢᠯᠠᠭᠠᠵᠤ ᠪᠤᠢ ᠃
《ᠨᠡᠭᠡᠷᠡᠨ ᠭᠠᠢᠬᠠᠯᠳᠠᠢ!》 ᠱᠠᠨᠰᠢ ᠡᠴᠡ ᠢᠷᠡᠭ᠌ᠰᠡᠨ ᠸᠠᠩ ᠵᠢᠶᠠᠨ ᠵᠢᠶᠦ᠋ᠨ ᠭᠡᠷ᠎ᠦᠨ ᠬᠥᠮᠦᠰ᠎ᠲᠡᠬᠡᠨ ᠰᠡᠭᠦᠳᠡᠷ ᠲᠠᠲᠠᠵᠤ ᠥᠭ᠌ᠬᠦ᠎ᠶᠢᠨ ᠳᠠᠭᠠᠤ ᠡᠢᠨᠬᠦ ᠱᠠᠭᠰᠢᠨ᠎ᠠ᠃ ᠦᠩᠭᠡᠲᠦ ᠳ᠋ᠧᠩ ᠵᠢᠡᠷ ᠠᠷᠤ ᠦᠵᠡᠭᠳᠡᠯ ᠪᠤᠯᠭᠠᠵᠤ᠂ ᠢᠨᠢᠶᠡᠳᠦ ᠪᠢᠯᠬᠠᠭᠰᠠᠨ ᠬᠤᠷᠤᠮᠢ ᠰᠡᠭᠦᠳᠡᠷᠯᠡᠨ ᠬᠠᠳᠠᠭᠠᠯᠠᠨ᠎ᠠ᠃ 《ᠪᠢ ᠡᠨᠳᠡᠬᠢ ᠴᠠᠭᠠᠨ ᠰᠠᠷ᠎ᠠ ᠵᠢ ᠪᠡᠶᠡᠴᠢᠯᠡᠨ ᠤᠢᠯᠠᠭᠠᠬᠤ ᠭᠡᠵᠦ ᠲᠤᠰᠭᠠᠢᠯᠠᠨ ᠭᠡᠷ ᠤᠨ ᠬᠦᠮᠦᠰ ᠢᠶᠡᠨ ᠳᠠᠭᠠᠭᠤᠯᠵᠤ ᠢᠷᠡᠭᠰᠡᠨ᠂ ᠳ᠋ᠸᠩ᠎ᠤᠨ ᠴᠤᠭᠯᠠᠭᠠᠨ᠎ᠤ ᠬᠡᠪᠴᠢᠶ᠎ᠡ ᠵᠢᠱ᠌ᠢᠯᠲᠡ᠎ᠡᠴᠡ ᠬᠤᠯᠠ ᠳᠠᠪᠠᠵᠤ ᠪᠢᠳᠡᠨ᠎ᠢ ᠭᠠᠢᠬᠠᠰᠢᠷᠠᠭᠤᠯᠵᠠᠢ》 ᠭᠡᠵᠦ᠍ ᠸᠠᠩ ᠵᠢᠶᠠᠨ ᠵᠢᠶᠦ᠋ᠨ ᠳᠠᠬᠢᠨ ᠳᠠᠪᠳᠠᠨ ᠮᠠᠭᠳᠠᠨ᠎ᠠ᠃
ᠣᠢᠯᠠᠭᠠᠭ᠍ᠰᠠᠨ᠎ᠢᠶᠠᠷ᠂ ᠲᠤᠰ ᠤᠳᠠᠭᠠᠨ᠎ᠤ ᠳ᠋ᠧᠩ᠎ᠦᠨ ᠴᠤᠭ᠍ᠯᠠᠭᠠᠨ 1 ᠰᠠᠷ᠎ᠠ᠎ᠶ᠋ᠢᠨ 24 ᠤ᠋ ᠡᠳᠦᠷ ᠡᠴᠡ ᠡᠬᠢᠯᠡᠵᠦ᠂ 3 ᠰᠠᠷ᠎ᠠ᠎ᠶ᠋ᠢᠨ 8 ᠤ᠋ ᠡᠳᠦᠷ ᠪᠣᠯᠲᠠᠯ᠎ᠠ ᠦᠷᠭᠦᠯᠵᠢᠯᠡᠬᠦ᠌ ᠪᠣᠯᠤᠨ᠎ᠠ᠃ 20 ᠲᠦᠮᠡᠨ ᠲᠡᠭ᠌ᠰᠢ ᠳᠥᠷᠪᠡᠯᠵᠢᠨ ᠮᠸᠲᠷ᠎ᠤᠨ ᠴᠡᠴᠡᠷᠯᠢᠭ᠎ᠢ ᠦᠩᠭᠡᠳᠦ ᠳ᠋ᠧᠩ᠎ᠢᠶᠡᠷ ᠭᠡᠷᠡᠯᠳᠦᠭᠦᠯᠵᠦ᠍᠂ ᠬᠣᠶᠠᠷ ᠺᠢᠯᠦᠮᠸᠲᠷ᠎ᠤᠨ ᠤᠷᠳᠤ ᠬᠤᠩᠬᠢᠯ ᠵᠢᠡᠷ 1000 ᠭᠠᠷᠤᠢ ᠪᠦᠯᠦᠭ ᠥᠩᠭᠡᠲᠦ ᠳ᠋ᠧᠩ ᠡᠯᠭᠦᠵᠦ᠂ ᠠᠯᠬᠤᠮ ᠪᠦᠷᠢᠳᠦ ᠰᠢᠨ᠎ᠡ ᠦᠵᠡᠮᠵᠢ ᠲᠠᠢ᠂ ᠳ᠋ᠧᠩ ᠪᠤᠯᠭᠠᠨ ᠨᠢ ᠦᠪᠡᠷᠮᠢᠴᠡ ᠤᠨᠴᠠᠯᠢᠭ ᠲᠠᠢ ᠬᠠᠷᠠᠬᠳᠠᠨ᠎ᠠ᠃ ᠲᠤᠬᠠᠢ᠎ᠶ᠋ᠢᠨ ᠲᠠᠯᠠᠪᠠᠢ ᠳᠤ ᠪᠠᠰᠠ ᠤᠷᠠᠨ ᠰᠠᠢᠬᠠᠨ᠎ᠤ ᠲᠣᠭ᠍ᠯᠠᠯᠲᠠ᠂ ᠴᠠᠭᠠᠨ ᠰᠠᠷ᠎ᠠ᠎ᠶ᠋ᠢᠨ ᠪᠠᠷᠠᠭᠠᠨ ᠤ ᠵᠠᠬ᠎ᠠ᠂ ᠠᠮᠲᠠᠲᠤ ᠢᠳᠡᠭᠡᠨ ᠰᠣᠶᠣᠯ᠎ᠤᠨ ᠦᠢᠯᠡᠳᠬᠦᠨ ᠵᠡᠷᠭᠡ ᠵᠢ ᠬᠠᠮᠤᠷᠤᠭᠰᠠᠨ ᠡᠯᠪᠡᠭ ᠪᠠᠶᠠᠯᠢᠭ ᠠᠵᠢᠯᠯᠠᠭ᠎ᠠ ᠥᠷᠨᠢᠭᠦᠯᠵᠦ᠍᠂ ᠬᠤᠳᠠ᠎ᠶ᠋ᠢᠨ ᠠᠷᠠᠳ ᠪᠠ ᠵᠢᠭᠤᠯᠴᠢᠯᠠᠭ᠍ᠰᠠᠳ᠎ᠲᠤ ᠱᠢᠨ᠎ᠡ ᠵᠢᠯ᠎ᠦᠨ ᠰᠦᠨᠢ ᠵᠢᠨ ᠵᠢᠭᠤᠯᠴᠢᠯᠠᠯ᠎ᠢ ᠰᠣᠨᠢᠷᠬᠠᠭᠤᠯᠵᠤ᠂ ᠤᠷᠳᠤᠰ ᠤᠨ ᠴᠠᠭᠠᠨ ᠰᠠᠷ᠎ᠠ᠎ᠶ᠋ᠢᠨ ᠤᠨᠴᠠᠯᠢᠭ ᠰᠢᠨᠵᠢ ᠶ᠋ᠢ ᠭᠦᠢᠴᠡᠳ ᠢᠯᠡᠷᠡᠭᠦᠯᠪᠡ᠃
《ᠳ᠋ᠧᠩ᠎ᠦᠨ ᠴᠤᠭ᠍ᠯᠠᠭᠠᠨ ᠳᠡᠭᠡᠷ᠎ᠡ ᠡᠢᠮᠦ᠍ ᠰᠠᠢᠬᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠣᠭ᠍ᠯᠠᠯᠲᠠ᠎ᠶ᠋ᠢ ᠣᠯᠵᠤ ᠬᠠᠷᠠᠨ᠎ᠠ ᠭᠡᠵᠦ᠍ ᠪᠣᠳᠣᠵᠤ ᠣᠯᠤᠭ᠍ᠰᠠᠨ ᠦᠭᠡᠢ᠂ ᠮᠠᠱᠢᠨ ᠬᠥᠮᠦᠨ ᠪᠣᠯᠤᠨ ᠲᠣᠭ᠍ᠯᠠᠭ᠍ᠴᠢ ᠬᠠᠮᠵᠢᠯᠴᠠᠵᠤ᠂ ᠳᠤᠭᠯᠠᠯᠳᠠ ᠭᠠᠢᠬᠠᠯᠲᠠᠢ ᠪᠤᠯᠵᠠᠢ! ᠪᠢ ᠰᠡᠭᠦᠳᠡᠷᠯᠡᠭᠰᠡᠨ ᠸᠢᠳᠢᠤ᠋ ᠪᠠᠨ ᠬᠤᠪᠢᠶᠠᠯᠴᠠᠬᠤ᠎ᠳᠦ ᠨᠠᠢᠵᠠ ᠨᠠᠷ ᠮᠠᠨᠢ ᠬᠠᠴᠢᠷᠬᠠᠵᠤ᠂ ᠪᠦᠷ ᠦᠵᠡᠬᠦ ᠪᠡᠷ ᠢᠷᠡᠬᠦ᠌ ᠰᠠᠨᠠᠭ᠎ᠠ᠎ᠲᠠᠶ ᠪᠠᠢᠨ᠎ᠠ》 ᠭᠡᠵᠦ ᠭᠠᠨᠰᠦ᠎ᠡᠴᠡ ᠢᠷᠡᠭ᠌ᠰᠡᠨ ᠸᠧᠢ ᠬᠠᠢ ᠵᠢᠶᠦ᠋ᠨ ᠬᠡᠯᠡᠨ᠎ᠡ᠃ ᠠᠬᠤᠢ ᠲᠠᠯᠠᠪᠠᠢ᠎ᠳᠤ᠂ ᠮᠠᠱᠢᠨ ᠬᠥᠮᠦᠨ ᠬᠥᠭ᠌ᠵᠢᠮ᠎ᠤᠨ ᠠᠶᠠᠰ᠎ᠢ ᠲᠠᠭᠠᠵᠤ ᠪᠥᠵᠢᠭ᠌ᠯᠡᠨ᠂ ᠵᠢᠭᠤᠯᠴᠢᠯᠠᠭᠰᠡᠳ᠎ᠤᠨ ᠰᠣᠨᠢᠷᠬᠠᠯ᠎ᠢ ᠬᠦᠭᠵᠢᠭᠡᠵᠦ᠂ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠲᠣᠭ᠍ᠯᠠᠯᠲᠠ ᠵᠢ ᠦᠵᠡᠭᠰᠡᠨ ᠬᠥᠮᠦᠰ ᠪᠠᠶᠠᠷᠯᠠᠯᠳᠤᠨ ᠤᠤᠬᠠᠢᠯᠠᠵᠤ᠂ ᠬᠦᠷ ᠨᠡᠷᠬᠢᠶᠠᠨ᠎ᠢᠶᠡᠷ ᠲᠦᠬᠦᠷᠪᠡ᠃
ᠴᠠᠭᠠᠨ ᠰᠠᠷ᠎ᠠ᠎ᠶ᠋ᠢᠨ ᠪᠠᠷᠠᠭᠠᠨ᠎ᠤ ᠵᠠᠬ᠎ᠠ ᠳᠡᠭᠡᠷ᠎ᠡ᠂ ᠭᠠᠷ ᠤᠷᠠᠯᠠᠯ᠎ᠤᠨ ᠪᠦᠲᠦᠭᠡᠭ᠌ᠳᠡᠬᠦᠨ ᠪᠠ ᠨᠤᠳᠤᠭ᠎ᠤᠨ ᠠᠮᠲᠠᠲᠤ ᠢᠳᠡᠭᠡᠨ ᠪᠦᠭᠡᠮ ᠳᠡᠯᠭᠡᠭᠳᠡᠵᠦ᠂ ᠵᠢᠭᠤᠯᠴᠢᠯᠠᠭᠰᠡᠳ᠎ᠤᠨ ᠪᠠᠬᠠᠷᠬᠠᠯ᠎ᠢ ᠲᠠᠲᠠᠪᠠ᠃ ᠬᠤᠯᠠ ᠦᠭᠡᠢ ᠪᠠᠢᠭ᠎ᠠ ᠳᠠᠯᠠᠪᠠᠢ᠎ᠳᠦ ᠳᠠᠭᠤᠤ ᠪᠥᠵᠢᠭ᠎ᠤᠨ ᠳᠤᠭᠯᠠᠯᠳᠠ ᠡᠭᠡᠯᠵᠢᠯᠡᠵᠤ᠂ ᠥᠪᠥᠷ ᠮᠣᠩᠭᠣᠯ ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠤᠷᠬᠢᠯᠤᠮ᠎ᠠ ᠬᠠᠯᠠᠭᠤᠨ ᠰᠡᠳᠭᠢᠯᠭᠡ ᠪᠣᠯᠤᠨ ᠣᠮᠣᠭ ᠪᠠᠬᠠᠳᠤᠯ᠎ᠢ ᠭᠦᠢᠴᠡᠳ ᠢᠯᠡᠷᠡᠭᠦᠯᠪᠡ᠃ 《ᠡᠨᠡ ᠤᠳᠠᠭ᠎ᠠ ᠥᠪᠥᠷ ᠮᠣᠩᠭᠣᠯ᠎ᠳᠤ ᠢᠷᠡᠵᠦ᠍ ᠱᠢᠨᠡᠯᠡᠬᠡᠳ ᠭᠦᠨ ᠵᠤᠵᠠᠭᠠᠨ ᠰᠣᠶᠣᠯ᠎ᠤᠨ ᠠᠭᠤᠯᠤᠭ᠍ᠳᠠᠬᠤᠨ ᠪᠠ ᠴᠠᠭ ᠦᠶ᠎ᠡ᠎ᠶ᠋ᠢᠨ ᠠᠮᠢᠵᠢᠷᠠᠯ᠎ᠤᠨ ᠬᠦᠴᠦᠨ᠎ᠢ ᠤᠢᠯᠠᠭᠠᠵᠤ᠂ ᠡᠨᠳᠡᠬᠢ ᠰᠣᠶᠣᠯ᠎ᠤᠨ ᠢᠲᠡᠭᠡᠯ᠎ᠢ ᠬᠦᠢᠴᠡᠳ ᠮᠡᠳᠡᠷᠡᠵᠡᠢ 》 ᠭᠡᠵᠦ ᠪᠡᠭᠡᠵᠢᠩ᠎ᠡᠴᠡ ᠢᠷᠡᠭ᠌ᠰᠡᠨ ᠯᠢ ᠨᠠ ᠰᠡᠳᠭᠢᠯ ᠳᠣᠭ᠍ᠳᠣᠯᠤᠨ ᠶᠠᠷᠢᠵᠤ ᠪᠠᠢᠯ᠎ᠠ᠃
ᠰᠥᠨᠢ᠎ᠶ᠋ᠢᠨ ᠠᠭᠠᠷ᠎ᠤᠨ ᠳᠤᠯᠠᠭᠠᠨ ᠨᠡᠯᠢᠶᠡᠳ ᠳᠤᠤᠷ᠎ᠠ ᠪᠣᠯᠪᠠᠴᠤ᠌ ᠬᠦᠷᠢᠶᠡᠯᠡᠩ ᠲᠣᠭᠣᠷᠢᠭ᠎ᠲᠤ ᠳᠤᠬᠢᠷᠠᠭᠤᠯᠤᠭᠰᠠᠨ 《ᠬᠠᠢᠷ᠎ᠠ ᠬᠠᠯᠠᠮᠵᠢ᠎ᠶ᠋ᠢᠨ ᠳᠤᠯᠠᠭᠠᠨ ᠥᠷᠥᠭᠡ 》 ᠬᠣᠯᠠ ᠡᠴᠡ ᠢᠷᠡᠭ᠌ᠰᠡᠨ ᠵᠢᠭᠤᠯᠴᠢᠯᠠᠭᠰᠡᠳ᠎ᠢ ᠳᠤᠯᠠᠭᠠᠴᠠᠭᠤᠯᠪᠠ᠃ ᠾᠸᠪᠸᠢ ᠡᠴᠡ ᠢᠷᠡᠭ᠌ᠰᠡᠨ ᠯᠦᠸᠧ ᠴᠢᠶᠣᠤ ᠵᠢᠶᠦ᠋ᠨ ᠬᠠᠯᠠᠭᠤᠨ ᠠᠭᠤᠷ ᠰᠠᠪᠰᠠᠯᠠᠭ᠍ᠰᠠᠨ ᠭᠠ ᠲᠠᠢ ᠪᠤᠷᠠᠮ ᠲᠠᠢ ᠴᠠᠢ ᠵᠢ ᠤᠭᠤᠴᠢᠬᠤ᠎ᠶᠢᠨ ᠳᠠᠭᠠᠤ ᠰᠤᠷᠪᠤᠯᠵᠢᠯᠠᠭ᠍ᠴᠢ᠎ᠳᠤ᠄ 《ᠪᠢᠳᠡ ᠠᠩᠬ᠎ᠠ ᠤᠳᠠᠭ᠎ᠠ ᠥᠪᠥᠷ ᠮᠣᠩᠭᠣᠯ᠎ᠳᠤ ᠢᠷᠡᠵᠦ ᠱᠢᠨᠡᠯᠡᠵᠦ᠍ ᠪᠠᠢᠨ᠎ᠠ᠂ ᠢᠷᠡᠬᠦ᠌᠎ᠡᠴᠡ᠎ᠪᠡᠨ ᠡᠮᠦᠨ᠎ᠡ ᠲᠩᠷᠢ ᠬᠦᠢᠲᠡᠷᠡᠪᠡᠯ ᠶᠠᠭᠠᠬᠢᠳᠠᠭ ᠪᠢᠯᠡ ᠭᠡᠵᠦ ᠵᠣᠪᠠᠵᠤ ᠪᠠᠢᠭ᠍ᠰᠠᠨ᠂ ᠦᠵᠡᠮᠵᠢ᠎ᠶ᠋ᠢᠨ ᠣᠷᠣᠨ ᠬᠠᠷᠢᠨ ᠰᠠᠨᠠᠭᠠᠨ ᠡᠴᠡ ᠭᠠᠳᠠᠭᠤᠷ ᠤᠯᠠᠨ ᠵᠦᠢᠯ᠎ᠢ ᠪᠦᠷᠢᠨ ᠪᠡᠯᠡᠳᠬᠡᠭᠰᠡᠨ ᠪᠠᠢᠨ᠎ᠠ᠂ ᠬᠠᠯᠠᠭᠤᠨ ᠤᠰᠤ᠂ ᠭᠠ ᠲᠠᠢ ᠴᠠᠢ᠂ ᠴᠠᠬᠢᠯᠭᠠᠨ ᠴᠡᠨᠡᠭ᠌ᠯᠡᠬᠦᠷ ᠪᠦᠷ ᠪᠠᠢᠨ᠎ᠠ᠂ ᠠᠵᠢᠯᠲᠠᠨ ᠪᠠᠰᠠ ᠪᠢᠳᠡᠨ᠎ᠡᠴᠡ ᠬᠠᠪᠰᠤᠷᠤᠯᠭ᠎ᠠ ᠬᠡᠷᠡᠭ᠌ᠰᠡᠨ᠎ᠡ ᠦᠦ ᠭᠡᠵᠦ᠍ ᠬᠠᠯᠠᠭᠤᠮᠰᠤᠭ᠎ᠢᠶᠡᠷ ᠠᠰᠠᠭᠤᠵᠤ ᠪᠠᠢᠭᠰᠠᠨ 》 ᠭᠡᠰᠡᠨ᠎ᠢᠶᠡᠨ᠄ 《ᠰᠠᠢᠨ ᠢᠳᠡᠵᠦ᠂ ᠰᠠᠢᠬᠠᠨ ᠨᠠᠭᠠᠳᠴᠤ᠂ ᠬᠠᠯᠠᠭᠤᠮᠰᠤᠭ ᠦᠶ᠋ᠯᠡᠴᠢᠯᠡᠭᠡ ᠬᠦᠷᠳᠡᠯ᠎ᠠ᠂ ᠳᠠᠷᠠᠭ᠎ᠠ ᠵᠢᠯ ᠪᠢᠳᠡ ᠪᠠᠰᠠ ᠥᠪᠥᠷ ᠮᠣᠩᠭᠣᠯ᠎ᠳᠤ ᠢᠷᠡᠵᠦ᠍ ᠱᠢᠨᠡᠯᠡᠨᠡ!》 ᠭᠡᠪᠡ᠃
ᠤᠳᠤ 《 ᠦᠩᠭᠡᠳᠦ ᠳ᠋ᠧᠩ ᠦᠨ ᠳᠤᠮᠳᠠ ᠱᠢᠨ᠎ᠡ ᠵᠢᠯ᠎ᠢᠶᠡᠨ ᠤᠭ᠍ᠲᠤᠬᠤ 》 ᠨᠢ ᠨᠢᠭᠡᠨ ᠤᠳᠠᠭᠠᠨ᠎ᠤ ᠬᠦᠷ ᠬᠥᠭ᠌ᠵᠢᠶᠡᠨ ᠲᠡᠶ ᠦᠪᠡᠳᠡᠭ᠌ᠰᠢ ᠴᠤᠭ᠍ᠯᠠᠭᠠᠨ ᠪᠠᠢᠭ᠍ᠰᠠᠨ ᠡᠴᠡ᠎ᠪᠠᠨ ᠠᠭᠠᠵᠢᠮ᠎ᠢᠶᠠᠷ ᠵᠠᠩ ᠦᠢᠯᠡ᠎ᠶ᠋ᠢᠨ ᠤᠤᠷ ᠲᠤᠨᠳᠠᠰᠤ ᠪᠣᠯᠤᠨ ᠴᠠᠭ ᠦᠶ᠎ᠡ᠎ᠶ᠋ᠢᠨ ᠦᠨᠦᠷ ᠠᠮᠲᠠ᠎ᠶ᠋ᠢ ᠬᠣᠣᠰᠯᠠᠭᠤᠯᠤᠭ᠍ᠰᠠᠨ ᠱᠢᠨ᠎ᠡ ᠵᠢᠯ ᠤᠨ ᠵᠠᠩᠰᠢᠯ ᠪᠣᠯᠵᠠᠢ᠃ ᠡᠨᠡ ᠬᠦ᠌ ᠦᠪᠡᠳᠡᠭ᠌ᠰᠢ ᠴᠤᠭᠯᠠᠭᠠᠨ ᠪᠥᠬᠥ᠌ ᠤᠯᠤᠰ᠎ᠤᠨ ᠵᠢᠭᠤᠯᠴᠢᠯᠠᠭᠰᠡᠳ᠎ᠲᠤ ᠥᠪᠥᠷ ᠮᠣᠩᠭᠣᠯ᠎ᠤᠨ ᠴᠠᠭᠠᠨ ᠰᠠᠷ᠎ᠠ᠎ᠶᠢᠨ ᠭᠣᠢᠳᠠ ᠰᠠᠢᠬᠠᠨ᠎ᠢ ᠮᠡᠳᠡᠷᠡᠭᠦᠯᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠭᠦᠨ ᠵᠤᠵᠠᠭᠠᠨ ᠰᠣᠶᠣᠯ᠎ᠤᠨ ᠠᠭᠤᠯᠤᠭᠳᠠᠬᠤᠨ ᠪᠠ ᠬᠠᠯᠠᠭᠤᠮᠰᠠᠭ ᠳᠤᠳᠤᠨᠤ ᠠᠷᠠᠳ᠎ᠤᠨ ᠵᠠᠩ ᠠᠷᠠᠨᠰᠢᠨ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯᠴᠤᠤᠨᠤᠨ ᠢᠲᠡᠭᠡᠯ ᠵᠣᠷᠢᠭ ᠪᠣᠯᠤᠨ ᠬᠠᠢᠷ᠎ᠠ ᠬᠠᠯᠠᠮᠵᠢ᠎ᠶ᠋ᠢ ᠣᠢᠯᠠᠭᠠᠭᠤᠯᠵᠠᠶ᠃