《ᠦᠨᠡᠭᠡᠷ ᠭᠠᠢᠬᠠᠯᠳᠠᠢ! ᠡᠮᠦᠨᠡᠲᠦ ᠣᠷᠣᠨ᠎ᠤ ᠠᠭᠤᠯᠠ ᠤᠰᠤᠨ᠎ᠤ ᠦᠵᠡᠰᠭᠦᠯᠡᠩ᠎ᠢ ᠦᠵᠡᠭᠰᠡᠭᠡᠷ ᠪᠠᠢᠵᠤ ᠳᠠᠳᠴᠠᠶ᠂ ᠡᠨᠡ ᠵᠢᠯ ᠵᠢᠩᠬᠢᠨᠢ ᠮᠥᠰᠥ᠍ ᠴᠠᠰᠤᠨ᠎ᠤ ᠶᠢᠷᠲᠢᠨᠴᠦ᠍᠎ᠵᠢ ᠰᠤᠨᠢᠷᠬᠠᠵᠤ ᠤᠮᠠᠷᠠᠲᠤ ᠣᠷᠣᠨ᠎ᠤ ᠴᠠᠭᠠᠨ ᠰᠠᠷ᠎ᠠ ᠵᠢ ᠪᠠᠶᠠᠴᠢᠯᠡᠨ ᠤᠢᠯᠠᠭᠠᠬᠤ ᠪᠡᠷ ᠢᠷᠡᠯ᠎ᠠ》᠃ ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠬᠣᠶᠠᠷ᠂ 2 ᠰᠠᠷ᠎ᠠ᠎ᠶ᠋ᠢᠨ 18 ᠤ᠋ ᠡᠳᠦᠷ᠂ ᠬᠢᠩᠭᠠᠨ ᠠᠢᠮᠠᠭ᠎ᠤᠨ ᠷᠠᠱᠢᠶᠠᠨ᠎ᠤ ᠬᠠᠷᠠᠵᠠ ᠵᠢᠨ ᠬᠥᠪᠡᠭᠡᠨ᠎ᠳᠦ ᠠᠭᠤᠷ ᠰᠠᠪᠰᠠᠨ ᠤᠨᠢᠶᠠᠷᠲᠤᠵᠤ ᠵᠡᠭᠦᠳᠦ ᠵᠡᠷᠭᠡᠯᠭᠡᠨ ᠮᠡᠲᠦ ᠬᠠᠷᠠᠬᠳᠠᠨ᠎ᠠ᠃ ᠭᠤᠸᠠᠩᠰᠢ᠎ᠶ᠋ᠢᠨ ᠵᠢᠭᠤᠯᠴᠢᠯᠠᠬᠴᠢ ᠸᠠᠩ ᠶᠤᠸᠠᠢ ᠲᠢᠩ ᠡᠨᠳᠡ ᠰᠢᠷᠦᠬᠦᠨ ᠤᠷᠤᠰᠬᠠᠯ ᠳ᠋ᠤ ᠤᠨᠭᠭᠤᠴᠠ ᠰᠡᠯᠢᠬᠦ ᠵᠢ ᠪᠡᠶᠡᠴᠢᠯᠡᠨ ᠣᠢᠯᠠᠭᠠᠵᠤ᠂ ᠳᠣᠭ᠍ᠳᠣᠯᠤᠭ᠍ᠰᠠᠨ ᠰᠡᠳᠭᠢᠯᠭᠡ᠎ᠪᠡᠨ ᠲᠠᠷᠤᠵᠤ ᠶᠠᠳᠠᠨ᠎ᠠ᠃ ᠲᠡᠷᠡ ᠲᠥᠷᠥᠭ᠌ᠳᠡᠯ᠎ᠢᠶᠡᠨ ᠬᠤᠪᠢᠶᠠᠯᠴᠠᠬᠤ ᠵᠢᠨ ᠲᠠᠭᠠᠤ ᠬᠣᠶᠠᠳᠤᠭᠠᠷ ᠡᠳᠦᠷᠦᠨᠠᠶᠠᠯᠠᠯᠤᠨ ᠵᠠᠮ ᠱᠤᠭᠤᠮ᠎ᠢᠶᠠᠨ ᠲᠥᠯᠥᠪᠯᠡᠵᠦ᠍᠄《ᠦᠳᠡ᠎ᠶ᠋ᠢᠨ ᠡᠮᠦᠨ᠎ᠡ ᠰᠠᠭ᠍ᠰᠤᠷᠭᠠᠶ᠋ᠢᠨ ᠣᠶ᠎ᠳᠤ ᠭᠣᠶᠣ ᠹᠢᠯᠢᠮ ᠰᠡᠭᠦᠳᠡᠷᠯᠡᠵᠦ᠍᠂ ᠦᠳᠡ᠎ᠶ᠋ᠢᠨ ᠬᠣᠢᠨ᠎ᠠ ᠨᠢ ᠴᠠᠰᠤᠨ ᠳᠡᠭᠡᠷ᠎ᠡ ᠮᠣᠲ᠋ᠣᠷ ᠤᠨᠤᠵᠤ ᠴᠠᠰᠤᠲᠤ ᠲᠠᠯ᠎ᠠ᠎ᠶ᠋ᠢ ᠳᠤᠭᠤᠯᠤᠨ᠂ ᠣᠷᠣᠶ ᠨᠢ ᠪᠠᠰᠠ ᠬᠠᠯᠠᠭᠤᠨ ᠷᠠᠱᠢᠶᠠᠨ᠎ᠳᠤ ᠣᠷᠤᠨ᠎ᠠ ᠁ ᠡᠨᠡ ᠨᠢ ᠥᠪᠡᠷ᠎ᠦᠨ ᠪᠡᠶ᠎ᠡ᠎ᠳᠡᠭᠡᠨ ᠥᠭ᠌ᠬᠦ ᠬᠠᠮᠤᠭ᠎ᠤᠨ ᠰᠠᠢᠨ ᠴᠠᠭᠠᠨ ᠰᠠᠷ᠎ᠠ ᠵᠢᠨ ᠪᠡᠯᠡᠭ !》 ᠭᠡᠵᠤ ᠪᠠᠢᠯ᠎ᠠ᠃
ᠡᠨᠡ ᠵᠢᠯ᠎ᠦᠨ ᠴᠠᠭᠠᠨ ᠰᠠᠷ᠎ᠠ᠂ ᠸᠠᠩ ᠶᠤᠸᠠᠢ ᠲᠢᠩ ᠮᠡᠲᠦ᠍᠎ᠶ᠋ᠢᠨ ᠰᠢᠭᠤᠳ ᠡᠨᠳᠡᠬᠢ ᠵᠢ ᠵᠤᠷᠢᠵᠤ ᠢᠷᠡᠭ᠌ᠰᠡᠨ ᠵᠢᠭᠤᠯᠴᠢᠯᠠᠬᠰᠡᠳ ᠷᠠᠱᠢᠶᠠᠨ ᠳᠤ ᠤᠯᠡᠠ ᠪᠤᠢ᠃ ᠬᠣᠢᠨ᠎ᠠ ᠬᠣᠢᠨ᠎ᠠ᠎ᠡᠴᠡ᠎ᠪᠠᠨ ᠬᠦᠷᠴᠤ ᠢᠷᠡᠭ᠌ᠰᠡᠨ 《ᠪᠠᠶᠠᠷ᠎ᠤᠨ ᠡᠳᠦᠷ᠎ᠦᠨ ᠤᠷᠤᠰᠴᠠ》 ᠵᠢᠨ ᠡᠮᠦᠨ᠎ᠡ᠂ ᠷᠠᠱᠢᠶᠠᠨ᠎ᠤ ᠬᠢᠨ ᠮᠥᠰᠥ᠍ ᠴᠠᠰᠤᠨ᠎ᠤ ᠡᠬᠢ ᠪᠠᠶᠠᠯᠢᠭ ᠪᠣᠯᠤᠨ ᠭᠠᠵᠠᠷ ᠣᠷᠣᠨ᠎ᠤ ᠰᠣᠶᠣᠯ᠎ᠤᠨ ᠠᠭᠤᠯᠤᠭ᠍ᠳᠠᠬᠤᠨ᠎ᠢᠶᠡᠨ ᠭᠦᠨ ᠠᠭᠤᠳᠠᠯᠵᠤ᠂ ᠤᠯᠠᠮᠵᠢᠯᠠᠯᠲᠤ ᠴᠠᠭᠠᠨ ᠰᠠᠷ᠎ᠠ᠎ᠶ᠋ᠢᠨ ᠵᠠᠩ ᠳᠠᠳᠭᠠᠯ ᠪᠣᠯᠤᠨ ᠲᠠᠪᠤᠨ ᠬᠣᠱᠢᠭᠤ ᠮᠠᠯ ᠤ᠋ᠨ ᠲᠠᠯᠠᠯᠭ᠎ᠠ ᠵᠢ ᠣᠷᠭᠠᠨᠢᠭ᠎ᠢᠶᠠᠷ ᠠᠭᠤᠰᠤᠯᠴᠠᠭᠤᠯᠵᠤ᠂《ᠳᠣᠮᠣᠭ᠍ᠲᠤ ᠷᠠᠱᠢᠶᠠᠨ·ᠲᠠᠨ ᠢ ᠤᠷᠢᠵᠤ ᠴᠠᠭᠠᠨ ᠰᠠᠷ᠎ᠠ᠎ᠪᠠᠨ ᠬᠠᠮᠳᠤ ᠥᠩᠭᠡᠷᠡᠭᠦᠯᠤᠶᠠ》 ᠭᠡᠬᠦ ᠱᠢᠷᠢᠰ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠍᠂ ᠲᠦᠷᠪᠡᠨ ᠶᠡᠬᠡ ᠭᠣᠣᠯ ᠲᠠᠯᠠᠪᠤᠷ ᠲᠤ᠌ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠦᠷᠨᠢᠬᠦᠯᠵᠤ᠂ ᠵᠢᠭᠤᠯᠴᠢᠯᠠᠬᠰᠡᠳ᠎ᠲᠤ ᠴᠠᠭᠠᠨ ᠰᠠᠷ᠎ᠠ ᠵᠢᠨ ᠦᠪᠡᠳᠡᠭ᠌ᠰᠢ ᠴᠤᠬᠯᠠᠭᠠᠨ ᠢ᠋ ᠰᠣᠨᠢᠷᠬᠠᠭᠤᠯᠪᠠ᠃
ᠪᠠᠶᠠᠯᠢᠭ ᠠᠭᠤᠯᠭ᠎ᠠ ᠪᠦᠬᠦᠢ ᠴᠠᠭᠠᠨ ᠰᠠᠷ᠎ᠠ᠎ᠶ᠋ᠢᠨ ᠠᠵᠢᠯᠯᠠᠭ᠎ᠠ ᠵᠢᠭᠤᠯᠴᠢᠯᠠᠬᠰᠡᠳ᠎ᠤᠨ ᠵᠢᠭᠤᠯᠴᠢᠯᠠᠬᠤ ᠤᠷᠮ᠎ᠠ ᠰᠡᠳᠬᠢᠯᠬᠡ ᠶ᠋ᠢ ᠬᠥᠭ᠌ᠵᠢᠭᠡᠪᠡ᠃ ᠲᠤᠬᠠᠶ᠎ᠶ᠋ᠢᠨ ᠭᠠᠵᠠᠷ᠎ᠤᠨ ᠰᠣᠶᠣᠯ ᠵᠢᠭᠤᠯᠴᠢᠯᠠᠯ᠎ᠤᠨ ᠠᠵᠤ ᠠᠬᠤᠢᠯᠠᠯ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠶ᠋ᠢ ᠳᠠᠭᠠᠵᠤ᠂ ᠨᠠᠩ ᠨᠠᠷᠢᠯᠢᠭ᠂ ᠡᠯᠪᠡᠭ ᠪᠠᠶᠠᠯᠢᠭ ᠦᠶ᠋ᠯᠡᠴᠢᠯᠡᠭᠡᠨ᠎ᠦ ᠦᠶ᠋ᠯᠡᠳᠬᠦᠨ ᠬᠠᠩᠭᠠᠪᠠ᠃《ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠵᠢᠭᠤᠯᠴᠢᠯᠠᠭ᠍ᠰᠡᠳ᠎ᠤᠨ ᠣᠯᠠᠨ ᠡᠱᠢᠲᠦ ᠬᠡᠷᠡᠭ᠌ᠴᠡᠭᠡ᠎ᠳᠦ ᠴᠢᠭ᠌ᠯᠡᠭᠦᠯᠦᠨ᠂ ᠪᠢᠳᠡ ᠬᠡᠷ ᠪᠦᠯᠢ ᠪᠡᠷ᠎ᠢᠶᠡᠨ ᠤᠷᠤᠯᠴᠠᠬᠤ᠂ ᠬᠠᠯᠠᠭᠤᠨ ᠷᠠᠱᠢᠶᠠᠨ᠎ᠤ ᠡᠷᠡᠭᠦᠯᠵᠢᠯ ᠰᠤᠪᠢᠯᠠᠯᠲᠠ ᠵᠡᠷᠭᠡ ᠬᠤᠪᠢ ᠬᠥᠮᠦᠨ᠎ᠦ ᠵᠠᠬᠢᠶᠠᠯᠠᠭ᠎ᠠ ᠵᠢᠨ ᠪᠦᠯᠬᠦᠮ᠎ᠤᠨ ᠦᠢᠯᠡᠴᠢᠯᠡᠬᠡ ᠭᠠᠷᠭᠠᠵᠤ᠂ ᠣᠳᠣ ᠪᠤᠯᠳᠠᠯ᠎ᠠ ᠨᠢᠭᠡᠨᠲᠡ ᠮᠢᠩᠭ᠎ᠠ ᠭᠠᠷᠤᠶ ᠬᠥᠮᠦᠨ ᠨᠡᠷ᠎ᠡ ᠮᠡᠳᠡᠭᠦᠯᠵᠦ᠍ ᠣᠷᠣᠯᠴᠠᠵᠤ ᠪᠤᠢ》ᠭᠡᠵᠦ᠍ ᠥᠪᠥᠷ ᠮᠣᠩᠭᠣᠯ᠎ᠤᠨ ᠤᠯᠠᠭᠠᠨ ᠤᠳᠤᠨ ᠰᠣᠶᠣᠯ ᠵᠠᠭᠤᠴᠢᠯᠠᠭᠤᠷ᠎ᠤᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠶᠧ ᠸᠧᠢ ᠬᠡᠯᠡᠵᠤ ᠪᠠᠢᠯ᠎ᠠ᠃
ᠱᠢᠯᠢᠳᠡᠭ ᠦᠶ᠋ᠯᠡᠴᠢᠯᠡᠭᠡ ᠬᠠᠨᠭᠭᠠᠵᠤ᠂ ᠬᠣᠯᠠ᠎ᠶ᠋ᠢᠨ ᠵᠣᠴᠢᠳ᠎ᠲᠤ ᠬᠠᠯᠠᠭᠤᠨ ᠳᠤᠯᠠᠭᠠᠨ᠎ᠢ ᠮᠡᠳᠡᠷᠡᠬᠦᠯᠦᠨ᠎ᠠ᠃ ᠬᠣᠨᠣᠭ ᠪᠠᠭᠤᠳᠠᠯ᠂ ᠢᠳᠡᠭᠡᠨ ᠤᠮᠳᠠᠭᠠᠨ᠂ ᠵᠠᠮ ᠬᠠᠷᠢᠯᠴᠠᠭ᠎ᠠ ᠵᠡᠷᠭᠡ ᠭᠣᠭ᠍ᠴᠣᠭ᠎ᠠ᠎ᠳᠤ ᠦᠶ᠋ᠯᠡᠴᠢᠯᠡᠭᠡ ᠪᠠᠲᠤᠯᠠᠭ᠎ᠠ᠎ᠶ᠋ᠢ ᠪᠥᠬᠥ᠌ ᠲᠠᠯ᠎ᠠ᠎ᠪᠠᠷ ᠲᠠᠰ ᠳᠡᠪᠱᠢᠭᠦᠯᠵᠦ᠍᠂ ᠡᠯ᠎ᠡ ᠲᠣᠮᠣ ᠪᠠᠭᠤᠳᠠᠯ᠂ ᠬᠣᠭᠣᠯᠠᠨ ᠬᠡᠷ᠎ᠦᠨ ᠦᠨ᠎ᠡ ᠬᠠᠩᠰᠢ᠎ᠶ᠋ᠢ ᠢᠯᠡ ᠬᠠᠳᠠᠵᠤ᠂ ᠪᠢᠲᠡᠭᠦᠨ᠎ᠦ ᠬᠣᠭᠣᠯᠠ ᠪᠣᠯᠤᠨ ᠠᠷᠠᠳ᠎ᠲᠤ ᠠᠱᠢᠭ ᠬᠦᠷᠲᠡᠭᠡᠬᠦ᠌ ᠥᠪᠡᠷᠮᠢᠴᠡ ᠣᠨᠴᠠᠯᠢᠭ᠎ᠲᠠᠶ ᠠᠵᠢᠯᠯᠠᠭ᠎ᠠ ᠥᠷᠨᠢᠭᠦᠯᠪᠡ᠃《ᠪᠢᠳᠡ ᠤᠮᠠᠷᠠᠲᠤ ᠬᠢᠯᠢ᠎ᠶ᠋ᠢᠨ ᠠᠷᠠᠳ᠎ᠤᠨ ᠵᠠᠩ ᠳᠠᠳᠭᠠᠯ᠂ ᠵᠡᠭᠦᠨ ᠬᠣᠢᠲᠤ᠎ᠶ᠋ᠢᠨ ᠴᠠᠭᠠᠨ ᠰᠠᠷ᠎ᠠ᠎ᠶ᠋ᠢᠨ ᠠᠮᠳᠠᠳᠤ ᠢᠳᠡᠭᠡᠨ᠂ ᠠᠭᠤᠯᠠᠨ ᠤᠷᠤᠨ ᠤ᠋ ᠱᠢᠨ᠎ᠡ ᠰᠣᠷᠭᠣᠭ ᠠᠭᠤᠷ ᠠᠮᠢᠰᠭᠤᠯ ᠪᠠ ᠮᠣᠩᠭᠣᠯ ᠮᠠᠶᠢᠭ᠎ᠤᠨ ᠮᠢᠬᠠᠨ᠎ᠤ ᠦᠨᠦᠷ ᠠᠮᠲᠠᠲᠠᠶ ᠤᠶᠠᠯᠳᠤᠭᠤᠯᠤᠨ᠂ ᠠᠵᠠ ᠵᠢᠷᠭᠠᠯ᠎ᠢᠶᠠᠷ ᠪᠢᠯᠬᠠᠮ᠎ᠠ᠂ ᠬᠡᠷ ᠬᠣᠲᠠᠯᠠᠭᠠᠷ᠎ᠢᠶᠠᠨ ᠬᠤᠷᠠᠨ ᠴᠤᠭ᠍ᠯᠠᠷᠠᠵᠤ ᠪᠠᠶᠠᠰᠬᠤ ᠳᠠᠢᠯᠠᠯᠭ᠎ᠠ᠂ ᠪᠠᠶᠠᠷ ᠪᠠᠶᠠᠰᠭᠤᠯᠠᠩᠲᠤ ᠳᠠᠢᠯᠠᠯᠭ᠎ᠠ᠂ ᠴᠠᠭᠠᠨ ᠰᠠᠷ᠎ᠠ᠎ᠪᠠᠨ ᠤᠭ᠍ᠲᠤᠬᠤ ᠳᠠᠢᠯᠠᠯᠭ᠎ᠠ ᠬᠢᠵᠦ᠍᠂ ᠵᠣᠴᠢᠳ᠎ᠤᠨ ᠣᠯᠠᠨ ᠡᠱᠢᠲᠦ ᠬᠡᠷᠡᠭ᠌ᠴᠡᠭᠡ᠎ᠶ᠋ᠢ ᠬᠠᠩᠭᠠᠪᠠ》᠃ ᠷᠠᠱᠢᠶᠠᠨ᠎ᠤ ᠨᠠ ᠯᠦᠨ ᠪᠠᠭᠤᠳᠠᠯ᠎ᠤᠨ ᠬᠠᠷᠢᠭᠤᠴᠠᠯᠭᠠᠲᠠᠨ ᠴᠢᠦ ᠱᠢᠨ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠪᠠᠰᠠ ᠵᠣᠴᠢᠳ᠎ᠲᠤ ᠰᠡᠳᠭᠢᠯ᠎ᠢ ᠳᠤᠯᠠᠭᠠᠴᠠᠭᠤᠯᠬᠤ ᠵᠢᠮᠢᠰ᠎ᠦᠨ ᠲᠠᠪᠠᠭ ᠪᠡᠯᠡᠳᠭᠡᠵᠦ᠍᠂ ᠵᠤᠴᠢᠳ ᠲᠤ᠌ ᠷᠠᠱᠢᠶᠠᠨ᠎ᠤ ᠴᠢᠴᠠᠷᠭᠠᠨ᠎ᠠ᠎ᠶ᠋ᠢᠨ ᠱᠢᠭᠦᠰᠦ ᠬᠦᠷᠭᠡᠵᠦ᠍ ᠬᠠᠯᠠᠭᠤᠨ ᠳᠤᠯᠠᠭᠠᠨ ᠪᠠ ᠦᠨᠡᠨᠴᠢ ᠰᠡᠳᠭᠢᠯ᠎ᠢ ᠳᠠᠮᠵᠢᠭᠤᠯᠵᠠᠢ ᠭᠡᠵᠤ ᠲᠠᠨᠢᠯᠴᠠᠭᠤᠯᠪᠠ᠃
ᠷᠠᠱᠢᠶᠠᠨ᠂ ᠡᠨᠡ ᠬᠦ᠌ ᠮᠥᠰᠥ᠍ ᠴᠠᠰᠤᠨ᠎ᠳᠤ ᠬᠤᠴᠢᠭ᠍ᠳᠠᠭ᠍ᠰᠠᠨ ᠳᠣᠮᠣᠭ᠎ᠳᠤ ᠵᠢᠵᠢᠭ ᠬᠣᠲᠠ《ᠬᠡᠳᠦᠶ ᠬᠦᠢᠲᠡᠨ ᠪᠣᠯ ᠲᠡᠳᠦᠶ ᠬᠠᠯᠠᠭᠤᠮᠰᠤᠭ》ᠪᠠᠢᠳᠠᠭ ᠥᠪᠡᠷᠮᠢᠴᠡ ᠬᠡᠪ ᠨᠠᠮᠪᠠ ᠵᠢ ᠢᠯᠡᠷᠡᠬᠦᠯᠵᠤ᠂ ᠡᠯ᠎ᠠ ᠭᠠᠵᠠᠷ ᠤ᠋ᠨ ᠵᠢᠭᠤᠯᠴᠢᠯᠠᠬᠰᠡᠳ᠎ᠲᠤ ᠮᠠᠷᠲᠠᠭ᠍ᠳᠠᠰᠢ ᠦᠭᠡᠢ ᠬᠠᠯᠠᠭᠤᠨ ᠳᠤᠯᠠᠭᠠᠨ ᠴᠠᠭᠠᠨ ᠰᠠᠷ᠎ᠠ᠎ᠶ᠋ᠢᠨ ᠳᠤᠷᠠᠰᠤᠮᠵᠢ ᠦᠯᠡᠳᠡᠭᠡᠵᠦ᠍ ᠪᠠᠢᠨ᠎ᠠ᠃