ᠬᠥᠬᠡᠬᠣᠲᠠ 《ᠮᠥᠰᠥ᠍ ᠴᠠᠰᠤ + ᠪᠣᠳᠠᠰ᠎ᠤᠨ ᠪᠤᠰᠤ ᠰᠣᠶᠣᠯ᠎ᠤᠨ ᠥᠪ 》 ᠢ᠋ᠶ᠋ᠡᠷ ᠪᠠᠶᠠᠷ᠎ᠤᠨ ᠡᠳᠦᠷ᠎ᠦᠨ ᠬᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ
2026-02-22 20:32:54
ᠵᠣᠬᠢᠶᠠᠭ᠍ᠴᠢ᠄
ᠵᠧᠩ ᠱᠢᠤᠸᠠᠢ ᠯᠢᠶᠠᠩ
ᠣᠩᠱᠢᠭ᠍ᠰᠠᠨ ᠣᠳᠠᠭ᠎ᠠ᠄
★★★☆☆

ᠤᠢᠷ᠎ᠠ᠎ᠶᠢᠨ ᠡᠳᠦᠷ᠂ ᠴᠡᠯᠡᠭᠡᠷ ᠲᠠᠯ᠎ᠠ ᠡᠴᠡ ᠲᠠᠯ ᠠᠭᠤᠯᠠ ᠵᠢᠨ ᠴᠡᠨᠡᠯᠡᠯᠳᠡ᠎ᠶᠢᠨ ᠲᠠᠯᠠᠪᠠᠢ ᠬᠦᠷᠲᠡᠯ᠎ᠡ ᠂ ᠰᠦᠮ᠎ᠡ᠎ᠶ᠋ᠢᠨ ᠴᠤᠭ᠍ᠯᠠᠭᠠᠨ ᠡᠴᠡ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ ᠬᠦᠷᠲᠡᠯ᠎ᠡ᠂ ᠪᠣᠭᠣᠮᠲᠠ᠎ᠶ᠋ᠢᠨ ᠭᠠᠳᠠᠨᠠᠬᠢ ᠬᠥᠬᠡᠬᠣᠲᠠ 《ᠮᠥᠰᠥ᠍ ᠴᠠᠰᠤ + ᠪᠣᠳᠠᠰ᠎ᠤᠨ ᠪᠤᠰᠤ ᠰᠣᠶᠣᠯ᠎ᠤᠨ ᠥᠪ》 ᠤ᠋ᠨ ᠴᠠᠭᠠᠨ ᠰᠠᠷ᠎ᠠ᠎ᠶ᠋ᠢᠨ ᠦᠪᠡᠳᠡᠭ᠌ᠰᠢ ᠳᠠᠢᠯᠠᠯᠭ᠎ᠠ᠎ᠪᠠᠷ  ᠲᠦᠷᠪᠠᠨ ᠵᠦᠭ ᠨᠠᠢ᠍ᠮᠠᠨ ᠵᠣᠪᠬᠢᠰ ᠡᠴᠡ ᠬᠦᠷᠦᠯᠴᠡᠨ ᠢᠷᠡᠭ᠌ᠰᠡᠨ ᠵᠢᠭᠤᠯᠴᠢᠯᠠᠭ᠍ᠰᠠᠳ᠎ᠲᠤ ᠴᠠᠭᠠᠨ ᠰᠠᠷ᠎ᠠ᠎ᠶ᠋ᠢᠨ ᠮᠡᠨᠳᠦᠴᠢᠯᠡᠯ ᠳᠡᠪᠱᠢᠭᠦᠯᠪᠡ᠃

ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠬᠥᠬᠡᠬᠣᠲᠠ᠎ᠶ᠋ᠢᠨ ᠴᠡᠯᠡᠭᠡᠷ ᠲᠠᠯ᠎ᠠ ᠮᠥᠰᠥ᠍ ᠴᠠᠰᠤᠨ᠎ᠤ ᠤᠯᠠᠷᠢᠯ ᠦᠷᠭᠦᠯᠵᠢᠯᠡᠵᠦ᠂ ᠡᠳᠦᠷ ᠳᠤᠮᠳᠠᠴᠢ ᠪᠡᠷ 2 ᠲᠦᠮᠡ ᠭᠠᠷᠤᠢ ᠬᠥᠮᠦᠨ ᠤᠳᠠᠭ᠎ᠠ᠎ᠶ᠋ᠢ ᠬᠦᠯᠢᠶᠡᠨ ᠠᠪᠤᠪᠠ᠃

ᠮᠥᠩᠭᠥᠨ ᠴᠠᠭᠠᠨ ᠴᠠᠰᠤᠨ᠎ᠳᠦ ᠬᠤᠴᠢᠭ᠍ᠳᠠᠭ᠍ᠰᠠᠨ ᠴᠠᠰᠤᠲᠤ ᠲᠠᠯ᠎ᠠ᠎ᠳᠤ᠂ 20 ᠮᠸᠲᠷ ᠥᠨᠳᠥᠷ ᠪᠦᠬᠦᠢ 《ᠢᠨᠢᠶᠡᠮᠰᠦᠭ᠌ᠯᠡᠭ᠌ᠰᠡᠨ ᠴᠠᠰᠤᠨ ᠬᠥᠮᠦᠨ 》 ᠬᠥᠮᠦᠰ᠎ᠦᠨ ᠠᠩᠬᠠᠷᠤᠯ᠎ᠢ ᠲᠠᠲᠠᠵᠤ᠂ ᠵᠢᠭᠤᠯᠴᠢᠯᠠᠭᠰᠡᠳ᠎ᠤᠨ ᠰᠡᠭᠦᠳᠡᠷ ᠳᠠᠳᠠᠬᠤ ᠬᠠᠯᠠᠮᠰᠢᠯ ᠭᠠᠵᠠᠷ ᠪᠣᠯᠪᠠ᠃  ᠬᠡᠦᠬᠡᠳ᠎ᠦᠳ ᠴᠠᠰᠤᠳᠤ ᠳᠠᠯ᠎ᠡ ᠳᠡᠭᠡᠷ᠎ᠡ ᠴᠠᠰᠤᠨ ᠴᠠᠭᠠᠷᠢᠭ ᠴᠢᠷᠦᠨ ᠳᠠᠪᠬᠢᠵᠤ᠂ ᠴᠠᠰᠤᠨ ᠳᠡᠭᠡᠷᠡᠬᠢ ᠮᠣᠲ᠋ᠣᠷ ᠲᠡᠷᠭᠡ ᠨᠠᠭᠠᠰᠢ ᠴᠠᠭᠠᠰᠢ ᠰᠦᠯᠵᠢᠯᠳᠦᠨ᠂ ᠭᠠᠵᠠᠷ ᠪᠤᠯᠭᠠᠨ ᠳ᠋ᠤ ᠪᠠᠶᠠᠷ᠎ᠤᠨ ᠢᠨᠢᠶᠡᠳᠦ ᠰᠤᠨᠤᠰᠳᠠᠨ᠎ᠠ᠃ ᠡᠳᠦᠷ ᠪᠦᠷᠢ᠎ᠶ᠋ᠢᠨ ᠦᠳᠡ᠎ᠶ᠋ᠢᠨ ᠬᠣᠢᠨ᠎ᠠ᠂ ᠬᠥᠭᠡᠷᠦᠬᠦᠨ ᠬᠡᠦᠬᠡᠯᠳᠡᠢ᠎ᠶᠢᠨ ᠳᠤᠭᠯᠠᠯᠳᠠ ᠨᠢ ᠲᠤᠬᠳᠠᠬᠰᠠᠨ ᠴᠠᠭ᠎ᠲᠠᠭᠠᠨ ᠡᠬᠢᠯᠡᠵᠦ᠍᠂ ᠴᠠᠰᠤᠲᠤ ᠲᠠᠯ᠎ᠠ᠎ᠳᠤ ᠬᠦᠭ ᠨᠡᠮᠡᠷᠢᠯᠡᠨ᠎ᠡ᠃ ᠰᠥᠨᠢ᠎ᠶ᠋ᠢᠨ ᠬᠥᠱᠢᠭᠡ ᠳᠠᠳᠠᠬᠤ ᠦᠶ᠎ᠠ᠎ᠳᠤ ᠲᠦᠳᠡᠭ ᠭᠠᠯ ᠳᠦᠷᠡᠯᠵᠡᠵᠦ᠂ ᠬᠥᠮᠦᠰ ᠴᠠᠭᠠᠷᠢᠭᠯᠠᠨ ᠬᠦᠷᠢᠶᠡᠯᠡᠵᠦ᠍ ᠬᠥᠭ᠌ᠵᠢᠮ᠎ᠦᠨ ᠠᠶᠠᠰ᠎ᠢ ᠲᠠᠭᠠᠵᠤ ᠪᠥᠵᠢᠭ᠌ᠯᠡᠵᠡᠬᠡᠨ᠂ ᠡᠪᠦᠯ᠎ᠦᠨ ᠰᠥᠨᠢ ᠵᠢ ᠬᠦᠷ ᠨᠠᠷᠬᠢᠶᠠᠨ᠎ᠢᠶᠡᠷ ᠴᠢᠮᠡᠭᠯᠡᠨ᠎ᠡ᠃

ᠲᠠᠯ ᠠᠭᠤᠯᠠ ᠵᠢᠨ ᠴᠡᠨᠡᠯᠡᠯᠳᠡ᠎ᠶᠢᠨ ᠲᠠᠯᠠᠪᠠᠢ᠎ᠳᠤ᠂ 《ᠡᠪᠦᠯ ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠴᠠᠭᠠᠨ ᠰᠠᠷ᠎ᠠ ᠵᠢᠨ ᠪᠤᠯᠵᠤᠭ᠎ᠠ 》 ᠭᠤᠤᠯ ᠰᠡᠳᠦᠪᠲᠦ ᠴᠡᠴᠡᠷᠯᠢᠭ᠎ᠦᠨ ᠨᠠᠢᠷ ᠬᠥᠷ ᠬᠥᠭ᠌ᠵᠢᠶᠡᠨ᠎ᠢᠶᠡᠷ ᠪᠢᠯᠬᠠᠵᠤ᠂ ᠮᠥᠰᠥ᠍ ᠴᠠᠰᠤᠨ ᠳ᠋ᠤ ᠪᠠᠶᠠᠰᠤᠬᠰᠠᠨ ᠣᠷᠮ᠎ᠠ ᠰᠡᠳᠭᠢᠯᠭᠡ᠎ᠶ᠋ᠢ ᠤᠯᠠᠮᠵᠢᠯᠠᠯᠲᠤ ᠴᠠᠭᠠᠨ ᠰᠠᠷ᠎ᠠ᠎ᠶ᠋ᠢᠨ ᠦᠨᠦᠷ ᠠᠮᠲᠠ᠎ᠯᠤᠭ᠎ᠠ ᠤᠷᠭᠠᠨᠢᠭ ᠠᠭᠤᠰᠤᠯᠴᠠᠭᠤᠯᠪᠠ᠃ ᠵᠢᠭᠤᠯᠴᠢᠯᠠᠭᠰᠡᠳ ᠴᠠᠰᠤᠨ᠎ᠳᠤ ᠭᠤᠯᠭᠤᠬᠤ ᠬᠠᠪᠤ ᠴᠡᠩᠭᠡᠯ᠎ᠢ ᠡᠳ᠋ᠯᠡᠬᠦ᠌᠎ᠶ᠋ᠢᠨ ᠬᠠᠮᠲᠤ ᠪᠠᠰᠠ 《ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠤᠶᠠᠨ᠎ᠤ ᠴᠠᠭᠠᠷᠢᠭ 》 ᠂ 《ᠮᠦᠩᠬᠦᠨ ᠵᠣᠭᠣᠰ ᠱᠢᠳᠡᠵᠦ᠍ ᠪᠤᠶᠠᠨ ᠳᠠᠭᠠᠳᠭᠠᠬᠤ 》 ᠵᠡᠷᠭᠡ ᠲᠣᠭ᠍ᠯᠠᠭᠠᠮ᠎ᠳᠦ ᠤᠷᠤᠯᠴᠠᠵᠤ ᠂ 《ᠡᠳ᠋ ᠎ᠦᠨ ᠰᠠᠬᠢᠭᠤᠯᠰᠤᠨ 》 ᠤ᠋ ᠬᠡᠦᠬᠡᠯᠳᠡᠢ ᠲᠠᠢ ᠲᠠᠭᠠᠷᠠᠯᠳᠤᠵᠤ᠂ ᠪᠠᠶᠠᠰᠤᠨ ᠬᠦᠬᠡᠷᠦᠯᠳᠦᠵᠤ ᠪᠤᠯᠤᠨ᠎ᠠ᠃

2 ᠰᠠᠷ᠎ᠠ᠎ᠶ᠋ᠢᠨ 19 ᠎ᠤ᠋ ᠡᠳᠦᠷ᠎ᠡᠴᠡ 《 ᠮᠥᠰᠥ᠍ ᠴᠠᠰᠤᠳᠤ ᠬᠥᠬᠡᠬᠣᠲᠠ  ᠠᠮᠢᠵᠢᠷᠠᠯ᠎ᠤᠨ ᠬᠦᠴᠦᠨ ᠪᠢᠯᠬᠠᠬᠰᠠᠨ ᠤᠮᠠᠷᠠᠲᠤ ᠬᠢᠯᠢ 》 2025 — 2026 ᠣᠨ᠎ᠤ ᠬᠥᠬᠡᠬᠣᠲᠠ᠎ᠶ᠋ᠢᠨ ᠡᠪᠦᠯ᠎ᠦᠨ ᠤᠯᠠᠷᠢᠯ᠎ᠤᠨ ᠣᠯᠠᠨ ᠨᠡᠢᠲᠡ᠎ᠶ᠋ᠢᠨ ᠴᠡᠨᠡᠯᠡᠯᠳᠡ᠎ᠶᠢᠨ ᠱᠢᠷᠢᠰ ᠤᠷᠤᠯᠳᠤᠭᠠᠨ ᠡᠨᠳᠡ ᠡᠬᠢᠯᠡᠵᠦ᠍᠂ ᠵᠠᠯᠠᠭᠤᠴᠤᠳ ᠪᠠᠭᠠᠴᠤᠳ᠎ᠤᠨ ᠤᠷᠤᠯᠳᠤᠭᠠᠨ᠂ ᠨᠠᠰᠤᠨ᠎ᠳᠤ ᠬᠦᠷᠦᠭ᠌ᠰᠡᠳ᠎ᠦᠨ ᠤᠷᠤᠯᠳᠤᠭᠠᠨ ᠵᠢᠴᠢ ᠶᠡᠷᠦᠩᠬᠡᠶ ᠱᠢᠶ᠋ᠳᠪᠦᠷᠢᠲᠦ ᠤᠷᠤᠯᠳᠤᠭᠠᠨ᠎ᠵᠡᠷᠬᠡ ᠲᠦᠷᠦᠯ ᠵᠦᠢᠯ᠎ᠢ ᠬᠠᠮᠤᠷᠴᠤ᠌᠂ ᠣᠯᠠᠨ ᠲᠦᠮᠡᠨ᠎ᠦ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ ᠬᠠᠯᠠᠭᠤᠨ ᠰᠡᠳᠭᠢᠯᠭᠡ᠎ᠶ᠋ᠢ ᠤᠯᠠᠮ ᠬᠥᠭ᠌ᠵᠢᠭᠡᠪᠡ᠃

ᠡᠨᠡ ᠵᠢᠯ᠎ᠤᠨ ᠴᠠᠭᠠᠨ ᠰᠠᠷ᠎ᠠ ᠬᠥᠬᠡᠬᠣᠲᠠ᠎ᠪᠠᠶᠠᠷ ᠪᠠᠶᠠᠰᠭᠤᠯᠠᠩᠲᠤ ᠮᠥᠰᠥ᠍ ᠴᠠᠰᠤᠨ᠎ᠤ ᠨᠠᠢᠷ ᠲᠸ᠋ ᠮᠥᠰᠥ᠍ ᠴᠠᠰᠤᠨ᠎ᠤ ᠪᠠᠶᠠᠷ ᠪᠠᠬᠠᠳᠤᠯ ᠪᠠ ᠤᠯᠠᠮᠵᠢᠯᠠᠯᠲᠤ ᠴᠠᠭᠠᠨ ᠰᠠᠷ᠎ᠠ᠎ᠶ᠋ᠢᠨ ᠵᠠᠩ ᠦᠶ᠋ᠯᠡ᠎ᠶ᠋ᠢ ᠭᠦᠨᠵᠡᠭᠡᠶ ᠠᠭᠤᠰᠤᠯᠴᠠᠭᠤᠯᠪᠠ᠃ ᠳᠠᠭᠤᠤ ᠪᠥᠵᠢᠭ᠎ᠦᠨ ᠦᠵᠡᠭᠦᠯᠭᠡ᠎ᠶ᠋ᠢᠨ ᠲᠣᠭ᠍ᠯᠠᠯᠲᠠ᠂ ᠠᠷᠰᠯᠠᠨ ᠲᠤᠭᠯᠠᠭᠤᠯᠬᠤ ᠪᠦᠵᠢᠭ᠂ ᠬᠤᠶᠠᠷ ᠬᠦᠮᠦᠨ ᠤ᠋ ᠡᠯᠬᠦᠯᠴᠡᠭᠡ ᠵᠡᠷᠭᠡ ᠡᠯᠳᠡᠪ ᠵᠦᠢᠯ᠎ᠤᠨ ᠭᠣᠢᠳᠠ ᠰᠠᠢᠬᠠᠨ ᠲᠣᠭ᠍ᠯᠠᠯᠲᠠ ᠡᠭᠡᠯᠵᠢᠯᠡᠨ ᠶᠠᠪᠤᠭᠳᠠᠬᠤ ᠪᠤᠯᠤᠨ᠎ᠠ᠃

ᠡᠭᠦᠨ᠎ᠦ ᠬᠠᠮᠲᠤ ᠂ ᠨᠠᠶ᠋ᠮᠠᠳᠤᠭᠠᠷ ᠬᠤᠭᠤᠴᠠᠭᠠᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠳᠤᠮᠳᠠᠳᠤ ᠤᠯᠤᠰ᠎ᠤᠨ ᠣᠨ ᠨᠢ ᠮᠤᠨᠢ ᠠᠭᠤᠯᠠ᠎ᠶ᠋ᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠵᠢᠭ ᠪᠠᠯᠭᠠᠰᠤᠨ᠎ᠳᠤ 《ᠣᠷᠣᠭ ᠨᠠᠢᠷ᠎ᠤᠨ ᠪᠠᠶᠠᠰᠤᠯᠳᠤ ᠮᠦᠴᠡ》 ᠭᠤᠤᠯ ᠰᠡᠳᠦᠪᠳᠦ ᠴᠤᠭᠯᠠᠭᠠᠨ᠎ᠢ ᠳᠤᠬᠢᠷᠠᠭᠤᠯᠪᠠ᠃ ᠠᠵᠢᠯᠯᠠᠭ᠎ᠠ᠎ᠨᠢ 4 ᠲᠠᠯᠠᠪᠤᠷ ᠠᠳᠠᠯᠢ ᠪᠤᠰᠤ ᠴᠠᠭ ᠦᠶ᠎ᠡ᠎ᠶ᠋ᠢᠨ ᠬᠤᠷᠢᠮ᠎ᠤᠨ ᠶᠣᠰᠣᠯᠠᠯ᠎ᠢᠶᠠᠷ ᠭᠤᠤᠯ ᠱᠢᠵᠢᠮ ᠪᠣᠯᠭᠠᠵᠤ᠂ ᠳᠠᠭᠤᠷ ᠦᠨᠳᠦᠰᠦᠲᠡᠨ᠎ᠦ ᠠᠭᠤᠯᠠᠨ ᠣᠶ᠎ᠳᠡᠬᠢ ᠬᠤᠷᠢᠮ᠎ᠤᠨ ᠶᠣᠰᠣᠯᠠᠯ᠂ ᠰᠡᠬᠡᠭᠡᠲᠡᠨ ᠵᠠᠯᠠᠭᠤᠴᠤᠳ᠎ᠤᠨ ᠴᠠᠭ ᠦᠶ᠎ᠡ᠎ᠶ᠋ᠢᠨ ᠬᠤᠷᠢᠮ᠎ᠤᠨ ᠶᠣᠰᠣᠯᠠᠯ᠂ ᠡᠷᠲᠡᠨ᠎ᠦ ᠬᠢ᠎ᠶ᠋ᠢ ᠰᠡᠷᠭᠦᠭᠡᠬᠦ᠌ ᠬᠤᠷᠢᠮ᠎ᠤᠨ ᠶᠤᠰᠤᠯᠠᠯ ᠵᠢᠴᠢ ᠲᠠᠯ᠎ᠠ ᠨᠤᠲᠤᠭ᠎ᠤᠨ ᠬᠤᠷᠢᠮ᠎ᠤᠨ ᠶᠤᠰᠤᠯᠠᠯ ᠵᠡᠷᠭᠡ ᠪᠠᠢᠳᠠᠯ ᠎ᠢ ᠠᠮᠢᠳᠤᠯᠢᠭ᠎ᠢᠶᠠᠷ ᠳᠠᠬᠢᠨ ᠢᠯᠡᠷᠡᠭᠦᠯᠪᠡ᠃ ᠵᠢᠭᠤᠯᠴᠢᠯᠠᠭᠰᠡᠳ ᠠᠬᠤᠢ ᠳᠠᠯᠠᠪᠠᠢ᠎ᠳᠦ ᠪᠠᠶᠠᠷ᠎ᠤᠨ ᠱᠢᠬᠢᠷ ᠲᠤᠰᠬᠤ᠂ ᠬᠤᠷᠢᠮ ᠤ᠋ᠨ ᠰᠡᠭᠦᠳᠡᠷ᠎ᠢᠶᠡᠨ ᠨᠥᠬᠥᠵᠤ ᠰᠡᠭᠦᠳᠡᠷᠯᠡᠬᠦ ᠵᠡᠷᠭᠡ ᠡᠯ᠎ᠡ ᠵᠦᠢᠯ᠎ᠤᠨ ᠭᠤᠭᠴᠤᠭ᠎ᠠ᠎ᠳᠦ ᠤᠷᠤᠯᠴᠠᠵᠤ ᠰᠢᠨ᠎ᠡ ᠰᠡᠪᠡᠭᠦᠨ ᠦᠩᠭᠡᠷᠡᠯᠳᠡ ᠵᠢ ᠮᠡᠳᠡᠷᠡᠵᠤ  ᠪᠤᠯᠤᠨ᠎ᠠ᠃

ᠢᠤᠢ᠍ᠢᠴᠢᠤᠸᠠᠨ ᠲᠣᠭᠣᠷᠢᠭ᠎ᠤᠨ ᠪᠤᠭᠤᠮᠳᠠ᠎ᠶᠢᠨ ᠭᠠᠳᠠᠨᠠᠬᠢ ᠬᠠᠭᠤᠴᠢᠨ ᠵᠡᠭᠡᠯᠢ᠎ᠶ᠋ᠢᠨ ᠵᠤᠭᠠᠴᠠᠨ ᠰᠡᠯᠡᠭᠦᠴᠡᠬᠦ᠌ ᠵᠡᠭᠡᠯᠢ ᠵᠢᠨ ᠲᠣᠭᠣᠷᠢᠭ᠎ᠲᠤ  ᠴᠠᠭᠠᠨ ᠰᠠᠷ᠎ᠠ᠎ᠶ᠋ᠢᠨ ᠰᠦᠮ᠎ᠡ᠎ᠶ᠋ᠢᠨ ᠴᠤᠭ᠍ᠯᠠᠭᠠᠨ ᠪᠣᠯᠤᠨ《ᠠᠵᠢᠨᠠᠢ ᠬᠦᠯᠦᠭ ᠰᠢᠨ᠎ᠡ ᠵᠢᠯ᠎ᠢ ᠤᠬᠳᠤᠵᠤ᠂ ᠠᠵᠠ ᠵᠢᠷᠭᠠᠯ ᠬᠦᠮᠦᠨ ᠪᠦᠬᠦᠨ᠎ᠢ ᠢᠪᠡᠭᠡᠨ᠎ᠡ》 ᠴᠡᠴᠡᠭ᠌ᠲᠦ ᠳ᠋ᠧᠩ᠎ᠦᠨ ᠴᠤᠭ᠍ᠯᠠᠭᠠᠨ ᠪᠣᠯᠵᠣᠭ᠎ᠠ ᠶᠣᠰᠣᠭᠠᠷ ᠬᠦᠷᠴᠦ᠍ ᠢᠷᠡᠪᠡ᠃ ᠶᠠᠩᠭᠠᠷ ᠲᠣᠭ᠍ᠯᠠᠬᠤ᠂ ᠮᠣᠳᠣᠨ ᠬᠥᠯᠳᠦ ᠶᠠᠩᠭᠠᠷ ᠵᠡᠷᠭᠡ ᠤᠯᠠᠮᠵᠢᠯᠠᠯᠲᠤ ᠠᠷᠠᠳ᠎ᠤᠨ ᠵᠠᠩ ᠦᠢᠯᠡ᠎ᠶ᠋ᠢᠨ ᠲᠣᠭ᠍ᠯᠠᠯᠲᠠ ᠬᠦᠷ ᠬᠥᠭ᠌ᠵᠢᠶᠡᠨ᠎ᠲᠡᠶ ᠶᠠᠪᠤᠭ᠍ᠳᠠᠵᠤ᠂  ᠴᠠᠭᠠᠨ ᠰᠠᠷ᠎ᠠ᠎ᠶ᠋ᠢᠨ ᠪᠠᠶᠠᠷ ᠪᠠᠬᠠᠳᠤᠯ᠎ᠢ ᠬᠠᠷᠠᠭᠤᠯᠪᠠ᠃

ᠵᠢᠩᠬᠢᠨᠢ ᠤᠮᠠᠷᠠᠲᠤ ᠣᠷᠣᠨ᠎ᠤ ᠴᠠᠭᠠᠨ ᠰᠠᠷ᠎ᠠ᠎ᠶ᠋ᠢᠨ ᠦᠨᠦᠷ ᠠᠮᠲᠠ ᠡᠴᠡ ᠭᠠᠳᠠᠨ᠎ᠠ᠂ ᠰᠣᠨᠢᠷᠬᠠᠯᠲᠠᠶ NPC ᠳᠤᠭᠯᠠᠯᠳᠠ᠂ ᠰᠢᠨ᠎ᠡ ᠴᠠᠭ ᠦᠶ᠎ᠡ᠎ᠶᠢᠨ ᠳᠤᠭᠯᠠᠯᠳᠠ ᠵᠡᠷᠭᠡ ᠱᠢᠨ᠎ᠡ ᠰᠡᠪᠡᠭᠦᠨ ᠵᠦᠢᠯᠡᠰ ᠪᠠᠢᠵᠤ᠂ ᠡᠮᠦᠨᠡᠲᠦ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠠᠩ ᠦᠶ᠋ᠯᠡ᠎ᠶ᠋ᠢ ᠤᠮᠠᠷᠠᠲᠤ ᠣᠷᠣᠨ᠎ᠤ ᠤᠯᠠᠮᠵᠢᠯᠠᠯᠲᠤ ᠴᠠᠭᠠᠨ ᠰᠠᠷ᠎ᠠ᠎ᠶ᠋ᠢᠨ ᠦᠨᠦᠷ ᠠᠮᠲᠠ᠎ᠯᠤᠭ᠎ᠠ ᠠᠭᠤᠰᠤᠯᠴᠠᠭᠤᠯᠵᠤ᠂ ᠪᠠᠶᠠᠷ᠎ᠤᠨ ᠡᠳᠦᠷ᠎ᠤᠨ ᠤᠳᠬ᠎ᠠ ᠠᠭᠤᠯᠭ᠎ᠠ ᠵᠢ ᠪᠠᠶᠠᠯᠢᠭᠵᠢᠭᠤᠯᠪᠠ᠃

ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠂ ᠬᠥᠬᠡᠬᠣᠲᠠ ᠪᠠᠰᠠ ᠪᠥᠬᠥ᠌ ᠬᠣᠲᠠ᠎ᠶ᠋ᠢᠨ 40 ᠭᠠᠷᠤᠶ ᠦᠵᠡᠮᠵᠢ᠎ᠶ᠋ᠢᠨ ᠣᠷᠣᠨ᠂ ᠵᠣᠴᠢᠳ᠎ᠤᠨ ᠪᠠᠭᠤᠳᠠᠯ᠎ᠢ ᠪᠠᠭ᠍ᠲᠠᠭᠠᠭ᠍ᠰᠠᠨ ᠲᠤᠰᠭᠠᠶ ᠬᠠᠷᠠᠭᠠᠯᠵᠠᠯ ᠦᠵᠡᠬᠦᠯᠬᠦ ᠵᠢᠴᠢ 70 ᠲᠦᠮᠡᠨ ᠲᠥᠭᠥᠷᠢᠭ᠎ᠤᠨ ᠦᠷᠳᠡᠭ ᠪᠦᠬᠦᠢ ᠠᠷᠠᠳ᠎ᠲᠤ ᠠᠱᠢᠭ ᠬᠦᠷᠲᠡᠭᠡᠬᠦ᠌ ᠢᠳᠡᠭᠡᠨ ᠤᠮᠳᠠᠭᠠᠨ᠎ᠤ ᠬᠡᠷᠡᠭ᠌ᠯᠡᠭᠡᠨ᠎ᠦ ᠲᠡᠮᠳᠡᠭᠳᠦ ᠵᠢ ᠳᠠᠷᠬᠠᠭᠠᠵᠤ᠂ ᠬᠣᠲᠠ᠎ᠶ᠋ᠢᠨ ᠠᠷᠠᠳ᠎ᠲᠤ ᠦᠨᠡᠨ ᠬᠦ᠌ ᠠᠱᠢᠭ ᠬᠦᠷᠲᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号