ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶ᠎ᠠ ᠰᠢᠨ᠎ᠠ ᠳᠠᠪᠠᠯᠳᠠ ᠶ᠋ᠢ ᠪᠡᠶᠡᠯᠡᠭᠦᠯᠪᠡ
2026-02-22 21:04:28
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

 ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠡᠴᠡ ᠤᠢᠯᠠᠭᠠᠭᠰᠠᠨ ᠶ᠋ᠢᠡᠷ᠂《ᠠᠷᠪᠠᠨ ᠳᠦᠷᠪᠡᠳᠦᠭᠡᠷ ᠳᠠᠪᠤᠨ ᠵᠢᠯ 》 ᠳ᠋ᠤ ᠦᠪᠦᠷ ᠮᠤᠩᠭᠤᠯ ᠤ᠋ᠨ ᠠᠷᠠᠯᠵᠢᠶᠠᠨ ᠤ᠋ ᠪᠦᠯᠦᠭᠯᠡᠯ (ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ) ᠤᠯᠤᠰ ᠪᠠ ᠦᠪᠡᠷᠳᠡᠭᠡᠨ ᠵᠠᠰᠠᠬᠤ ᠤᠷᠤᠨ ᠤ᠋ ᠴᠢᠬᠤᠯᠠ ᠬᠦᠴᠦᠨ ᠵᠦᠢᠯ ᠢ᠋ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠶ᠋ᠢᠡᠷ ᠳᠤᠬᠢᠷᠠᠭᠤᠯᠬᠤ ᠦᠭᠡᠷᠡᠴᠢᠯᠡᠯᠳᠡ ᠶ᠋ᠢᠨ ᠪᠠᠢᠷᠢᠯᠠᠭᠤᠯᠤᠯᠳᠠ ᠱᠠᠭᠠᠷᠳᠠᠯᠭ᠎ᠠ ᠲᠠᠢ ᠨᠢᠭᠳᠠ ᠤᠶᠠᠯᠳᠤᠭᠤᠯᠤᠨ᠂ 《 ᠪᠡᠯᠡ ᠤᠷᠤᠭᠤᠯᠤᠭᠴᠢ ᠶ᠋ᠢ ᠢᠯᠡᠷᠡᠭᠦᠯᠬᠦ᠂ ᠦᠷᠳᠡᠭ ᠢ᠋ ᠢᠯᠡᠷᠡᠭᠦᠯᠬᠦ》 ᠦᠮᠴᠢᠯᠡᠯ ᠤ᠋ᠨ ᠡᠷᠬᠡ ᠶ᠋ᠢᠨ ᠵᠠᠬ᠎ᠠ ᠳᠡᠯᠭᠡᠭᠦᠷ ᠤ᠋ᠨ ᠦᠪᠡᠷᠮᠢᠴᠡ ᠴᠢᠳᠠᠮᠵᠢ ᠪᠡᠨ ᠭᠦᠢᠴᠡᠳ ᠪᠠᠳᠠᠷᠠᠭᠤᠯᠵᠤ᠂ ᠦᠮᠴᠢᠯᠡᠯ ᠤ᠋ᠨ ᠡᠷᠬᠡ ᠶ᠋ᠢᠨ ᠠᠷᠠᠯᠵᠢᠶ᠎ᠠ ᠶ᠋ᠢᠨ ᠬᠦᠷᠢᠶᠡᠨ ᠳ᠋ᠤ ᠰᠢᠨ᠎ᠠ ᠳᠠᠪᠠᠯᠳᠠ ᠶ᠋ᠢ ᠪᠡᠶᠡᠯᠡᠭᠦᠯᠵᠠᠢ᠃

ᠤᠢᠯᠠᠭᠠᠭᠰᠠᠨ ᠶ᠋ᠢᠡᠷ᠂《ᠠᠷᠪᠠᠨ ᠳᠦᠷᠪᠡᠳᠦᠭᠡᠷ ᠳᠠᠪᠤᠨ ᠵᠢᠯ》ᠡᠴᠡ ᠨᠠᠭᠠᠰᠢ ᠦᠪᠦᠷ ᠮᠤᠩᠭᠤᠯ ᠤ᠋ᠨ ᠠᠷᠠᠯᠵᠢᠶᠠᠨ ᠤ᠋ ᠪᠦᠯᠦᠭᠯᠡᠯ (ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ) ᠤᠷᠢᠳ ᠬᠤᠵᠢᠳ ᠨᠡᠢᠳᠡ 1847 ᠳ᠋ᠦᠩᠰᠢᠭᠤᠷ ᠲᠦᠭᠦᠷᠢᠭ ᠤ᠋ᠨ ᠠᠷᠠᠯᠵᠢᠶ᠎ᠠ ᠪᠦᠲᠦᠭᠡᠵᠦ᠂ ᠤᠯᠤᠰ ᠤ᠋ᠨ ᠦᠮᠴᠢᠯᠡᠯᠳᠦ ᠡᠳ᠋ ᠬᠦᠷᠦᠩᠭᠡ ᠳ᠋ᠤ ᠨᠡᠢᠳᠡ 219.62 ᠳ᠋ᠦᠩᠰᠢᠭᠤᠷ ᠲᠦᠭᠦᠷᠢᠭ ᠤ᠋ᠨ ᠦᠷᠳᠡᠭ ᠨᠡᠮᠡᠭᠳᠡᠭᠦᠯᠬᠦ ᠪᠠ ᠪᠡᠯᠡ ᠮᠦᠩᠬᠦ ᠶ᠋ᠢ ᠠᠷᠪᠢᠯᠠᠬᠤ ᠠᠵᠢᠯ ᠢ᠋ ᠭᠦᠢᠴᠡᠳᠭᠡᠨ᠂ ᠳᠤᠮᠳᠠᠴᠢ ᠦᠷᠳᠡᠭ ᠨᠡᠮᠡᠭᠳᠡᠯ ᠤ᠋ᠨ ᠨᠤᠷᠮ᠎ᠠ ᠨᠢ 12.3% ᠳ᠋ᠤ ᠬᠦᠷᠴᠤ᠂ ᠲᠤᠰ ᠲᠤᠰ《ᠠᠷᠪᠠᠨ ᠭᠤᠷᠪᠠᠳᠤᠭᠠᠷ ᠳᠠᠪᠤᠨ ᠵᠢᠯ》ᠤ᠋ᠨ ᠬᠤᠭᠤᠴᠠᠭᠠᠨ ᠤ᠋ ᠬᠢ ᠡᠴᠡ 26%᠂ 27% ᠪᠠ 36.7% ᠪᠡᠷ ᠨᠡᠮᠡᠭᠳᠡᠪᠠ᠃ ᠡᠭᠦᠨ ᠳ᠋ᠤ᠂ ᠦᠮᠴᠢᠯᠡᠯ ᠤ᠋ᠨ ᠡᠷᠬᠡ ᠶ᠋ᠢᠨ ᠠᠷᠠᠯᠵᠢᠶ᠎ᠠ ᠶ᠋ᠢᠨ ᠲᠠᠯ᠎ᠠ ᠪᠡᠷ ᠨᠡᠢᠳᠡ 966.86 ᠳ᠋ᠦᠩᠰᠢᠭᠤᠷ ᠲᠦᠭᠦᠷᠢᠭ ᠤ᠋ᠨ ᠠᠷᠠᠯᠵᠢᠶ᠎ᠠ ᠪᠦᠲᠦᠬᠡᠵᠦ᠂ ᠦᠷᠳᠡᠭ ᠨᠡᠮᠡᠭᠳᠡᠯ ᠤ᠋ᠨ ᠬᠡᠮᠵᠢᠶ᠎ᠠ 98 ᠳ᠋ᠦᠩᠰᠢᠭᠤᠷ ᠲᠦᠭᠦᠷᠢᠭ ᠲᠤ᠌ ᠬᠦᠷᠴᠤ᠂ ᠲᠤᠰ ᠲᠤᠰ 《ᠠᠷᠪᠠᠨ ᠭᠤᠷᠪᠠᠳᠤᠭᠠᠷ ᠳᠠᠪᠤᠨ ᠵᠢᠯ》 ᠤ᠋ᠨ ᠬᠤᠭᠤᠴᠠᠭᠠᠨ ᠤ᠋ ᠬᠢ ᠡᠴᠡ 22% ᠪᠠ 28% ᠪᠡᠷ ᠨᠡᠮᠡᠭᠳᠡᠵᠠᠢ; ᠢᠯᠠ ᠲᠤᠳᠤᠷᠬᠠᠢ ᠬᠤᠳᠠᠯᠳᠤᠨ ᠠᠪᠤᠯᠳᠠ ᠶ᠋ᠢᠨ ᠲᠠᠯ᠎ᠠ ᠪᠡᠷ ᠨᠡᠢᠳᠡ 881.7 ᠳ᠋ᠦᠩᠰᠢᠭᠤᠷ ᠲᠦᠭᠦᠷᠢᠭ ᠤ᠋ᠨ ᠬᠤᠳᠠᠯᠳᠤᠨ ᠠᠪᠤᠯᠳᠠ ᠶ᠋ᠢ ᠪᠡᠶᠡᠯᠡᠭᠦᠯᠵᠦ᠂ 121 ᠳ᠋ᠦᠩᠰᠢᠭᠤᠷ ᠲᠦᠭᠦᠷᠢᠭ ᠤ᠋ᠨ ᠪᠡᠯᠡ ᠮᠦᠩᠬᠦ ᠶ᠋ᠢ ᠠᠷᠪᠢᠯᠠᠨ᠂ ᠲᠤᠰ ᠲᠤᠰ 《ᠠᠷᠪᠠᠨ ᠭᠤᠷᠪᠠᠳᠤᠭᠠᠷ ᠳᠠᠪᠤᠨ ᠵᠢᠯ》 ᠤ᠋ᠨ ᠬᠤᠭᠤᠴᠠᠭᠠᠨ ᠤ᠋ ᠬᠢ ᠡᠴᠡ 25% ᠪᠠ 24% ᠪᠡᠷ ᠨᠡᠮᠡᠭᠳᠡᠭᠰᠡᠨ ᠪᠠᠢᠨ᠎ᠠ᠃

ᠲᠦᠷᠦ ᠶ᠋ᠢᠨ ᠶᠠᠪᠤᠳᠠᠯ ᠤ᠋ᠨ ᠬᠤᠷᠢᠶ᠎ᠠ ᠶ᠋ᠢᠨ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠠᠵᠤ ᠠᠬᠤᠢᠯᠠᠯ ᠤ᠋ᠨ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠠᠷᠠᠯᠵᠢᠶ᠎ᠠ ᠶ᠋ᠢᠨ ᠵᠠᠷᠯᠠᠯ ᠳ᠋ᠤ᠂ ᠦᠪᠦᠷ ᠮᠤᠩᠭᠤᠯ ᠤ᠋ᠨ ᠠᠷᠠᠯᠵᠢᠶᠠᠨ ᠤ᠋ ᠪᠦᠯᠦᠭᠯᠡᠯ (ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ) ᠤ᠋ᠨ ᠡᠯ᠎ᠠ ᠵᠦᠢᠯ ᠤ᠋ᠨ ᠭᠤᠤᠯ ᠲᠤᠬᠠᠢᠯᠠᠭᠰᠠᠨ ᠠᠵᠢᠯ ᠤ᠋ᠨ ᠭᠦᠢᠴᠡᠳᠭᠡᠯ ᠲᠤᠭ᠎ᠠ ᠴᠦᠮ ᠪᠦᠬᠦ ᠤᠯᠤᠰ ᠤ᠋ᠨ ᠡᠮᠦᠨ᠎ᠠ ᠡᠩᠨᠡᠭᠡ ᠳ᠋ᠤ ᠬᠤᠰᠢᠭᠤᠷᠠᠵᠤ᠂ ᠠᠵᠤ ᠠᠬᠤᠢᠯᠠᠯ ᠤ᠋ᠨ ᠦᠮᠴᠢᠯᠡᠯ ᠤ᠋ᠨ ᠡᠷᠬᠡ ᠶ᠋ᠢ ᠠᠮᠵᠢᠯᠳᠠ ᠲᠠᠢ ᠪᠡᠷ ᠭᠦᠢᠯᠭᠡᠭᠡᠨ ᠰᠢᠯᠵᠢᠭᠦᠯᠦᠭᠰᠡᠨ ᠨᠤᠷᠮ᠎ᠠ ᠪᠦᠬᠦ ᠤᠯᠤᠰ ᠤ᠋ᠨ ᠬᠤᠶᠠᠳᠤᠭᠠᠷ ᠲᠤ᠌ ᠵᠢᠭᠰᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号