ᠦᠪᠦᠷ ᠮᠤᠡᠭᠭᠤᠯ ᠤ᠋ᠨ ᠬᠡᠪ ᠤ᠋ᠨ ᠪᠤᠰᠤ ᠤᠰᠤᠨ ᠤ᠋ ᠠᠱᠢᠭ᠍ᠯᠠᠯᠲᠠ ᠢ᠋ᠢᠨ ᠬᠡᠮᠵᠢᠶ᠎ᠡ 10.4 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠲᠤ᠌ ᠬᠦᠷᠴᠠᠢ
2026-02-22 21:09:12
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ 《 ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ ᠳ᠋ᠤ ᠮᠠᠨ ᠤ᠋ ᠤᠷᠤᠨ ᠬᠡᠪ ᠤ᠋ᠨ ᠪᠤᠰᠤ ᠤᠰᠤ ᠢ᠋ᠢ ᠤᠰᠤᠨ ᠤ᠋ ᠡᠬᠢ ᠪᠠᠶᠠᠯᠢᠭ ᠤ᠋ᠨ ᠨᠢᠭᠡᠳᠦᠯᠲᠡᠶ ᠲᠣᠬᠢᠷᠠᠭᠤᠯᠤᠯᠲᠠ ᠳ᠋ᠤ ᠣᠷᠣᠭᠤᠯᠵᠤ᠂ ᠬᠣᠲᠠ ᠢ᠋ᠢᠨ ᠳᠠᠬᠢᠯᠲᠠ ᠤᠰᠤ ᠢ᠋ᠢ ᠠᠱᠢᠭ᠍ᠯᠠᠬᠤ ᠢ᠋ᠢ ᠶᠡᠬᠡ ᠪᠡᠷ ᠠᠬᠢᠭᠤᠯᠤᠨ᠂ ᠠᠵᠤ ᠦᠶ᠋ᠯᠡᠳᠪᠦᠷᠢ ᠢ᠋ᠢᠨ ᠦᠶ᠋ᠯᠡᠳᠪᠦᠷᠢᠯᠡᠯ ᠤ᠋ᠨ ᠳᠠᠬᠢᠯᠲᠠ ᠤᠰᠤ ᠢ᠋ᠢ ᠠᠱᠢᠭ᠍ᠯᠠᠬᠤ ᠢ᠋ᠢ ᠭᠤᠤᠯᠳᠠᠯᠭ᠎ᠠ ᠲᠠᠢ ᠠᠬᠢᠭᠤᠯᠵᠤ᠂ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠦᠬᠠᠶ ᠬᠣᠲᠠ ᠵᠡᠷᠬᠡ ᠪᠥᠬᠥ᠌ ᠤᠯᠤᠰ ᠤ᠋ᠨ ᠨᠡᠢᠲᠡᠯᠢᠭ ᠭᠠᠵᠠᠷ ᠣᠷᠣᠨ ᠤ᠋ ᠳᠠᠬᠢᠯᠲᠠ ᠤᠰᠤ ᠢ᠋ᠢ ᠳᠣᠭᠢᠷᠠᠭᠤᠯᠤᠨ ᠠᠱᠢᠭ᠍ᠯᠠᠬᠤ ᠲᠤᠷᠱᠢᠯᠲᠠ ᠢ᠋ᠢᠨ ᠬᠣᠲᠠ ᠢ᠋ᠢ ᠪᠦᠲᠦᠭᠡᠨ ᠪᠠᠢᠭᠤᠯᠵᠤ᠂ ᠪᠥᠬᠥ᠌ ᠣᠷᠣᠨ ᠤ᠋ ᠬᠡᠪ ᠤ᠋ᠨ ᠪᠤᠰᠤ ᠤᠰᠤᠨ ᠤ᠋ ᠠᠱᠢᠭ᠍ᠯᠠᠯᠲᠠ ᠢ᠋ᠢᠨ ᠬᠡᠮᠵᠢᠶ᠎ᠡ 10.4 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠲᠤ᠌ ᠬᠦᠷᠴᠦ᠍᠂《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠢ ᠡᠴᠡ 46% ᠪᠡᠷ ᠨᠡᠮᠡᠭᠳᠡᠪᠡ᠃

ᠮᠠᠨ ᠤ᠋ ᠤᠷᠤᠨ 《ᠤᠰᠤᠨ ᠤ᠋ ᠬᠡᠮᠵᠢᠶ᠎ᠠ ᠪᠡᠷ ᠬᠤᠲᠠ ᠢ᠋ᠢᠨ ᠪᠦᠲᠦᠭᠡᠨ ᠪᠠᠢᠭᠤᠯᠤᠯᠲᠠ ᠢ᠋ᠢ ᠲᠣᠭ᠍ᠲᠠᠭᠠᠬᠤ᠂ ᠤᠰᠤᠨ ᠤ᠋ ᠬᠡᠮᠵᠢᠶ᠎ᠠ ᠪᠡᠷ ᠭᠠᠵᠠᠷ ᠲᠠᠷᠢᠶ᠎ᠠ ᠢ᠋ᠢ ᠲᠣᠭ᠍ᠲᠠᠭᠠᠬᠤ᠂ ᠤᠰᠤᠨ ᠤ᠋ ᠬᠡᠮᠵᠢᠶ᠎ᠠ ᠪᠡᠷ ᠬᠥᠮᠦᠨ ᠠᠮᠠ ᠢ᠋ᠢᠨ ᠳᠠᠭᠠᠭᠠᠴᠠ ᠢ᠋ᠢ ᠲᠣᠭ᠍ᠲᠠᠭᠠᠬᠤ᠂ ᠤᠰᠤᠨ ᠤ᠋ ᠬᠡᠮᠵᠢᠶ᠎ᠠ ᠪᠡᠷ ᠦᠢᠯᠡᠳᠪᠦᠷᠢᠯᠡᠯ ᠢ᠋ ᠲᠣᠭ᠍ᠲᠠᠭᠠᠬᠤ》 ᠲᠣᠭ᠍ᠲᠠᠴᠠ ᠢ᠋ᠢ ᠪᠦᠷᠢᠨᠱᠢᠭᠦᠯᠵᠦ᠍᠂ 《ᠤᠰᠤᠨ ᠤ᠋ ᠬᠡᠮᠵᠢᠶ᠎ᠠ ᠪᠡᠷ ᠤᠢᠵᠢᠭᠤᠯᠤᠯᠲᠠ ᠢ᠋ᠢ ᠲᠣᠭ᠍ᠲᠠᠭᠠᠬᠤ》ᠬᠠᠮᠢᠶᠠᠷᠤᠯᠲᠠ ᠢ᠋ᠢᠨ ᠠᠷᠭ᠎ᠠ ᠬᠡᠮᠵᠢᠶ᠎ᠡ ᠢ᠋ᠢ ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ ᠤ᠋ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠂ ᠤᠰᠤ ᠬᠡᠷᠡᠭ᠌ᠯᠡᠬᠦ᠌ ᠦᠷ᠎ᠡ ᠪᠦᠲᠦᠮᠵᠢ ᠢ᠋ᠢᠨ ᠤᠰᠤᠨ ᠤ᠋ ᠡᠬᠢ ᠪᠠᠶᠠᠯᠢᠭ ᠢ᠋ ᠬᠠᠮᠢᠶᠠᠷᠤᠨ ᠡᠵᠡᠮᠳᠡᠬᠦ᠌ ᠬᠠᠷᠠᠯᠲᠠᠲᠤ ᠱᠢᠰᠲ᠋ᠧᠮ ᠢ᠋ ᠪᠠᠢᠭᠤᠯᠵᠤ᠂ ᠠᠵᠤ ᠠᠬᠤᠶ ᠨᠡᠢᠭᠡᠮ ᠤ᠋ᠨ ᠬᠥᠭ᠌ᠵᠢᠯᠲᠡ ᠢ᠋ᠢᠨ ᠪᠠᠢᠷᠢᠱᠢᠭᠤᠯᠤᠯ ᠬᠢᠭᠡᠳ ᠤᠰᠤᠨ ᠤ᠋ ᠡᠬᠢ ᠪᠠᠶᠠᠯᠢᠭ ᠤ᠋ᠨ ᠳᠠᠭᠠᠭᠠᠴᠠ ᠢ᠋ᠢᠨ ᠬᠠᠷᠢᠯᠴᠠᠨ ᠵᠣᠬᠢᠴᠠᠯᠳᠤᠬᠤ ᠢ᠋ᠢ ᠬᠦᠴᠦᠯᠡᠨ ᠠᠬᠢᠭᠤᠯᠵᠠᠢ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠮᠠᠨ ᠤ᠋ ᠤᠷᠤᠨ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ ᠢ᠋ᠢ ᠤᠯᠤᠰ ᠡᠴᠡ ᠪᠠᠭᠤᠯᠭᠠᠭ᠍ᠰᠠᠨ 196.3 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠤ᠋ᠨ ᠳᠣᠲᠣᠷ᠎ᠠ ᠬᠢᠵᠠᠭᠠᠷᠯᠠᠵᠤ᠂ 2025 ᠣᠨ ᠳ᠋ᠤ ᠲᠦᠮᠡᠨ ᠲᠥᠭᠥᠷᠢᠭ ᠤ᠋ᠨ ᠤᠯᠤᠰ ᠤ᠋ᠨ ᠳᠣᠲᠣᠭᠠᠳᠤ ᠢ᠋ᠢᠨ ᠦᠶ᠋ᠯᠡᠳᠪᠦᠷᠢᠯᠡᠯ ᠤ᠋ᠨ ᠶᠡᠷᠦᠩᠬᠡᠶ ᠥᠷᠲᠡᠭ ᠢ᠋ ᠪᠠᠶᠠᠯᠠᠭᠦᠯᠬᠦ ᠪᠦᠷᠢ ᠳ᠋ᠤ ᠬᠡᠷᠡᠭ᠌ᠯᠡᠬᠦ᠌ ᠤᠰᠤᠨ ᠤ᠋ ᠬᠡᠮᠵᠢᠶ᠎ᠡ᠂ ᠲᠦᠮᠡᠨ ᠲᠥᠭᠥᠷᠢᠭ ᠤ᠋ᠨ ᠠᠵᠤ ᠦᠶ᠋ᠯᠡᠳᠪᠦᠷᠢ ᠢ᠋ᠢᠨ ᠨᠡᠮᠡᠭ᠌ᠳᠡᠯ ᠥᠷᠲᠡᠭ ᠢ᠋ ᠪᠠᠶᠠᠯᠠᠭᠦᠯᠬᠦ ᠪᠦᠷᠢ ᠳ᠋ᠤ ᠬᠡᠷᠡᠭ᠌ᠯᠡᠬᠦ᠌ ᠤᠰᠤᠨ ᠤ᠋ ᠬᠡᠮᠵᠢᠶ᠎ᠡ ᠢ᠋ᠢ 2020 ᠣᠨ ᠤ᠋ ᠬᠢ ᠡᠴᠡ ᠲᠣᠰᠪᠤᠷᠢ 29.3% ᠪᠠ 21.9% ᠪᠡᠷ ᠪᠠᠭᠤᠷᠠᠭᠤᠯᠵᠤ᠂ ᠤᠰᠤᠨ ᠤ᠋ ᠡᠬᠢ ᠪᠠᠶᠠᠯᠢᠭ ᠢ᠋ ᠠᠷᠪᠢᠯᠠᠨ ᠭᠠᠮᠨᠠᠵᠤ ᠡᠷᠴᠢᠮᠵᠢᠭᠦᠯᠦᠨ ᠠᠱᠢᠭ᠍ᠯᠠᠬᠤ ᠲᠦᠪᠱᠢᠨ ᠢ᠋ ᠢᠯᠡᠳᠲᠡ ᠳᠡᠭᠡᠭ᠌ᠰᠢᠯᠡᠭᠦᠯᠪᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号