2025 ᠣᠨ᠎ᠳᠤ᠂ ᠦᠪᠦᠷ ᠮᠤᠩᠭᠤᠯ᠎ᠤᠨ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠠᠵᠢᠯ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ ᠭᠣᠣᠯ ᠡᠭᠦᠷᠭᠡ᠎ᠲᠠᠢ ᠨᠢᠭ᠍ᠲᠠ ᠤᠶᠠᠯᠳᠤᠭᠤᠯᠵᠤ᠂ ᠨᠠᠮ ᠤᠨ ᠪᠠᠢᠭᠤᠯᠤᠯᠲᠠ᠎ᠪᠠᠷ ᠵᠢᠯᠣᠭᠣᠳᠤᠯᠭ᠎ᠠ ᠪᠣᠯᠭᠠᠨ᠂ ᠥᠭᠡᠷᠡᠴᠢᠯᠡᠯᠲᠡ᠎ᠪᠡᠷ ᠭᠠᠷᠳᠠᠴᠠ ᠪᠣᠯᠭᠠᠵᠤ᠂ ᠦᠢᠯᠡᠴᠢᠯᠡᠭᠡ᠎ᠪᠡᠷ ᠤᠳᠤᠷᠢᠳᠤᠮᠵᠢ ᠪᠣᠯᠭᠠᠨ᠂ ᠡᠯ᠎ᠡ ᠵᠦᠢᠯ ᠦᠨ ᠠᠵᠢᠯ ᠢ ᠪᠤᠲᠠᠲᠠᠢᠵᠢᠭᠤᠯᠤᠨ ᠨᠠᠢᠳᠠᠪᠤᠷᠢᠵᠢᠭᠤᠯᠬᠤ᠎ᠶᠢ ᠠᠬᠢᠭᠤᠯᠵᠤ᠂ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠯ᠎ᠢ ᠵᠢᠷᠤᠮᠵᠢᠭᠤᠯᠬᠤ᠂ ᠥᠨᠳᠥᠷ ᠦᠷ᠎ᠡ ᠠᠰᠢᠭ᠍ᠵᠢᠭᠤᠯᠬᠤ᠂ ᠠᠷᠠᠳ᠎ᠲᠤ ᠲᠦᠬᠦᠮ ᠦᠵᠡᠭᠦᠯᠬᠦ ᠲᠦᠪᠰᠢᠨ᠎ᠢ ᠲᠣᠭᠲᠠᠭᠤᠨ᠎ᠢᠶᠠᠷ ᠳᠡᠭᠡᠭᠰᠢᠯᠡᠭᠦᠯᠪᠡ᠃
2025 ᠤᠨ᠎ᠳᠤ᠂ ᠠᠷᠠᠳ᠎ᠲᠤ ᠲᠦᠭᠦᠮ ᠦᠵᠡᠭᠦᠯᠵᠦ ᠠᠵᠤ ᠠᠬᠤᠢᠯᠠᠯ᠎ᠢ ᠬᠠᠪᠰᠤᠷᠤᠨ ᠲᠦᠷᠦ ᠶᠢᠨ ᠪᠣᠳᠣᠯᠭ᠎ᠠ ᠶᠢ ᠨᠠᠷᠢᠯᠢᠭ᠋ ᠣᠨᠣᠴᠠᠲᠠᠢ᠎ᠪᠠᠷ ᠬᠡᠷᠡᠭᠵᠢᠭᠦᠯᠵᠦ᠂ ᠦᠢᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶᠢ ᠦᠷᠭᠦᠯᠵᠢᠯᠡᠨ ᠰᠢᠯᠢᠳᠡᠭᠵᠢᠭᠦᠯᠪᠡ᠃ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠡᠬᠢ ᠪᠠᠶᠠᠯᠢᠭ᠋᠎ᠢ ᠡᠮᠬᠢᠯᠡᠨ ᠨᠡᠢᠯᠡᠭᠦᠯᠵᠦ᠂ 《ᠠᠵᠤ ᠠᠬᠤᠢᠯᠠᠯ᠎ᠢ ᠲᠤᠰᠠᠯᠠᠬᠤ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠲᠤᠰᠬᠠᠢ ᠴᠣᠩᠬᠣᠪᠴᠢ 》 ᠂ 《ᠠᠵᠤ ᠠᠬᠤᠢᠯᠠᠯ᠎ᠳᠤ ᠬᠣᠯᠪᠣᠭᠳᠠᠬᠤ ᠬᠠᠤᠯᠢ ᠴᠠᠭᠠᠵᠠ᠎ᠶᠢᠨ ᠨᠣᠮ ᠪᠢᠴᠢᠭ᠎ᠦᠨ ᠪᠤᠯᠤᠩ》 ᠵᠢᠴᠢ ᠰᠦᠯᠵᠢᠶᠡᠨ ᠳᠡᠭᠡᠷ᠎ᠡ ᠦᠭᠡ ᠦᠯᠡᠳᠡᠭᠡᠬᠦ ᠲᠠᠪᠴᠠᠩᠭᠠᠷᠭᠠᠵᠤ ᠂ ᠰᠦᠯᠵᠢᠶᠡᠨ ᠳᠡᠭᠡᠷ᠎ᠡ ᠪᠠ ᠲᠤᠬᠠᠢ ᠢ᠋ᠢᠨ ᠲᠠᠯᠠᠪᠠᠢ᠎ᠶᠢ ᠬᠣᠯᠪᠣᠯᠳᠤᠭᠤᠯᠤᠨ 《ᠨᠢᠭᠡ ᠥᠷᠲᠡᠭᠡᠴᠢᠯᠡᠭᠰᠡᠨ ᠮᠠᠶᠢᠭ 》 ᠤ᠋ᠨ ᠬᠠᠤᠯᠢ ᠴᠠᠭᠠᠵᠠ᠎ᠶᠢᠨ ᠦᠢᠯᠡᠴᠢᠯᠡᠭᠡ ᠬᠠᠩᠭᠠᠪᠠ᠃ ᠣᠯᠠᠨ ᠠᠷᠭ᠎ᠠ ᠵᠠᠮ᠎ᠢᠶᠠᠷ ᠠᠰᠠᠭᠤᠨ ᠯᠠᠪᠯᠠᠬᠤ ᠦᠢᠯᠡᠴᠢᠯᠡᠭᠡᠨ ᠦ ᠲᠣᠭᠲᠠᠴᠠ᠎ᠶᠢ ᠪᠠᠢᠭᠤᠯᠵᠤ᠂ ᠠᠩᠬ᠎ᠠ ᠠᠰᠠᠭᠤᠬᠤ ᠬᠠᠷᠢᠭᠤᠴᠠᠯᠭ᠎ᠠ᠎ᠶᠢᠨ ᠳᠦᠷᠢᠮ ᠬᠢᠭᠡᠳ ᠨᠢᠭᠡ ᠤᠳᠠᠭ᠎ᠠ᠎ᠳᠤ ᠮᠡᠳᠡᠭᠳᠡᠬᠦ ᠳᠦᠷᠢᠮ ᠢ ᠴᠢᠩᠭ᠎ᠠ ᠨᠠᠢᠳᠠᠪᠤᠷᠢᠵᠢᠭᠤᠯᠤᠨ᠂ ᠪᠥᠬᠥ ᠵᠢᠯ᠎ᠳᠦ ᠡᠯ᠎ᠡ ᠲᠥᠷᠥᠯ᠎ᠦᠨ ᠠᠰᠠᠭᠤᠨ ᠯᠠᠪᠯᠠᠯᠲᠠ᠎ᠳᠤ 8400 ᠭᠠᠷᠤᠢ ᠬᠥᠮᠥᠨ ᠤᠳᠠᠭ᠎ᠠ᠎ᠳᠦ ᠬᠠᠷᠢᠭᠤᠯᠲᠠ ᠥᠭᠪᠡ᠃
ᠪᠥᠬᠥ ᠵᠢᠯ᠎ᠳᠦ ᠡᠯ᠎ᠡ ᠲᠥᠷᠥᠯ᠎ᠦᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠬᠢᠨᠠᠨ ᠵᠥᠪᠰᠢᠶᠡᠷᠡᠬᠦ ᠵᠦᠢᠯᠡᠰ᠎ᠢ ᠨᠡᠶ᠋ᠢᠲᠡ 7179 ᠬᠤᠪᠢ ᠭᠥᠯᠢᠶᠡᠨ ᠠᠪᠴᠤ ᠰᠢᠢᠳᠪᠦᠷᠢᠯᠡᠵᠡᠢ᠂ ᠡᠭᠦᠨ᠎ᠳᠦ ᠬᠠᠤᠯᠢᠴᠢ᠎ᠶᠢᠨ ᠲᠥᠷᠥᠯ᠎ᠦᠨ 6149 ᠬᠤᠪᠢ᠂ ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ᠎ᠶᠢᠨ ᠲᠥᠷᠥᠯ᠎ᠦᠨ 901 ᠬᠤᠪᠢ᠂ ᠠᠯᠪᠠᠨ ᠭᠡᠷᠡᠴᠢᠯᠡᠭᠡ᠎ᠶᠢᠨ ᠲᠥᠷᠥᠯ᠎ᠦᠨ 65 ᠬᠤᠪᠢ᠂ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠲᠥᠷᠥᠯ᠎ᠦᠨ 64 ᠬᠤᠪᠢ᠎ᠶᠢ ᠬᠠᠮᠤᠷᠪᠠ; ᠪᠦᠬᠦ ᠵᠢᠯ᠎ᠳᠦ 6910 ᠬᠤᠪᠢ ᠬᠡᠷᠡᠭ᠎ᠢ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠨ ᠳᠠᠭᠤᠰᠬᠠᠭᠰᠠᠨ ᠨᠤᠷᠮ᠎ᠠ 96.25%᠎ᠳᠤ ᠬᠦᠷᠴᠡᠢ᠂ ᠡᠭᠦᠨ᠎ᠳᠤ ᠠᠯᠪᠠᠨ ᠭᠡᠷᠡᠴᠢᠯᠡᠭᠡ᠎ᠶᠢᠨ ᠲᠦᠷᠦᠯ᠂ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠲᠦᠷᠦᠯ ᠢ ᠪᠦᠬᠦᠨ ᠢ᠋ ᠰᠢᠢᠳᠪᠦᠷᠢᠯᠡᠨ ᠳᠠᠭᠤᠰᠬᠠᠪᠠ᠃ ᠪᠦᠬᠦ ᠵᠢᠯ ᠳᠦ ᠡᠯ᠎ᠡ ᠲᠦᠷᠦᠯ᠎ᠦᠨ ᠭᠡᠷᠡᠴᠢ ᠦᠨᠡᠮᠯᠡᠯ᠎ᠢ 5158 ᠬᠤᠪᠢ ᠣᠯᠭᠣᠪᠠ᠂ ᠡᠭᠦᠨ᠎ᠳᠦ ᠬᠠᠤᠯᠢᠴᠢ᠎ᠶᠢᠨ ᠲᠦᠷᠦᠯ᠎ᠦᠨ ᠦᠨᠡᠮᠯᠡᠯ 4439 ᠳᠡᠪᠲᠡᠷ᠂ ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ᠎ᠶᠢᠨ ᠲᠦᠷᠦᠯ᠎ᠦᠨ ᠦᠨᠡᠮᠯᠡᠯ 686 ᠳᠡᠪᠲᠡᠷ᠂ ᠠᠯᠪᠠᠨ ᠭᠡᠷᠡᠴᠢᠯᠡᠭᠡ᠎ᠶᠢᠨ ᠲᠦᠷᠦᠯ᠎ᠦᠨ ᠦᠨᠡᠮᠯᠡᠯ 33 ᠳᠡᠪᠲᠡᠷ ᠪᠠᠭᠲᠠᠨ᠎ᠠ; ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠲᠣᠮᠢᠯᠠᠯᠲᠠ᠎ᠶᠢ 43 ᠬᠥᠮᠥᠨ ᠤᠳᠠᠭ᠎ᠠ᠂ ᠣᠷᠣᠯᠠᠨ ᠪᠢᠴᠢᠬᠦ᠎ᠶᠢ 21 ᠬᠥᠮᠥᠨ ᠤᠳᠠᠭ᠎ᠠ ᠬᠠᠩᠭᠠᠪᠠ; 4893 ᠵᠤᠷᠪᠤᠰ ᠵᠠᠰᠠᠭ ᠵᠠᠬᠢᠷᠭᠠᠨ᠎ᠤ ᠵᠥᠪᠰᠢᠶᠡᠷᠡᠯ᠎ᠦᠨ ᠮᠡᠳᠡᠭᠡ ᠵᠠᠩᠭᠢ ᠶᠢ ᠵᠠᠷᠯᠠᠨ ᠨᠡᠢᠲᠡᠯᠡᠬᠦ᠎ᠶᠢ ᠪᠡᠶᠡᠯᠡᠭᠦᠯᠵᠦ᠂ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠯ᠎ᠦᠨ ᠲᠣᠭ᠎ᠠ ᠪᠠᠷᠢᠮᠲᠠ᠎ᠶᠢ ᠪᠦᠷᠢᠳᠬᠡᠨ ᠵᠠᠳᠠᠯᠬᠤ᠎ᠶᠢ ᠪᠡᠶᠡᠯᠡᠭᠦᠯᠵᠦ᠂ ᠬᠣᠢᠰᠢᠳᠠ᠎ᠶᠢᠨ ᠠᠵᠢᠯ ᠢ ᠠᠬᠢᠭᠤᠯᠬᠤ᠎ᠳᠤ ᠪᠠᠲᠤ ᠪᠡᠬᠢ ᠲᠣᠭ᠎ᠠ ᠪᠠᠷᠢᠮᠲᠠ᠎ᠶᠢᠨ ᠲᠤᠯᠭᠠᠭᠤᠷᠢᠯᠠᠯ ᠬᠠᠩᠭᠠᠪᠠ᠃