2 ᠰᠠᠷ᠎ᠠ᠎ᠶ᠋ᠢᠨ 22 ᠤ᠋ᠨ ᠡᠳᠦᠷ᠂ ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠵᠢᠷᠭᠤᠭᠠᠨ᠃ ᠬᠢᠩᠭᠠᠨ ᠠᠢᠮᠠᠭ᠎ᠤᠨ ᠤᠯᠠᠭᠠᠨᠬᠣᠲᠠ᠎ᠳᠤ ᠰᠠᠶᠢᠬᠠᠨ ᠴᠠᠰᠤ ᠣᠷᠣᠵᠤ᠂ ᠭᠡᠷ᠎ᠦᠨ ᠭᠠᠳᠠᠨ᠎ᠠ ᠲᠡᠰᠭᠢᠮ᠎ᠡ ᠬᠦᠢᠲᠡᠨ ᠪᠦᠬᠡᠳ ᠰᠠᠯᠬᠢ ᠰᠠᠯᠬᠢᠯᠠᠵᠤ ᠪᠠᠢᠬᠰᠠᠨ ᠴᠤ᠌ ᠤᠯᠠᠭᠠᠨᠬᠣᠲᠠ᠎ᠶ᠋ᠢᠨ ᠭᠠᠯᠲᠤ ᠲᠡᠷᠭᠡᠨ ᠥᠷᠲᠡᠭᠡᠨ᠎ᠦ ᠲᠡᠷᠭᠡ ᠬᠦᠯᠢᠶᠡᠬᠦ᠌ ᠲᠢᠩᠬᠢᠮ᠎ᠳᠦ ᠬᠠᠷᠢᠨ ᠳᠤᠯᠠᠭᠠᠬᠠᠨ ᠪᠠᠢᠯ᠎ᠠ᠃ ᠴᠠᠭᠠᠨ ᠰᠠᠷ᠎ᠠ ᠵᠢᠨ ᠪᠤᠴᠠᠬᠤ ᠠᠶᠠᠨ ᠤ ᠣᠷᠭᠢᠯ ᠤᠨ ᠬᠤᠭᠤᠴᠠᠭᠠᠨ᠎ᠳᠤ᠂ ᠤᠯᠠᠭᠠᠨ ᠡᠯᠢᠭᠡᠪᠴᠢ ᠡᠮᠦᠰᠦᠭ᠌ᠰᠡᠨ 10 ᠭᠠᠷᠤᠶ ᠵᠠᠯᠠᠭᠤ ᠰᠠᠢᠨ ᠳᠤᠷᠠᠴᠤᠳ ᠬᠥᠮᠦᠰ᠎ᠦᠨ ᠳᠤᠮᠳᠠᠭᠤᠷ ᠰᠦᠯᠵᠢᠯᠳᠦᠨ ᠶᠠᠪᠤᠵᠤ᠂ ᠠᠶᠠᠨᠴᠢᠳ᠎ᠢ ᠬᠠᠪᠰᠤᠷᠤᠨ ᠣᠷᠣ ᠳᠡᠪᠢᠰᠭᠡᠷ᠎ᠢ ᠨᠢ ᠡᠷᠬᠦᠵᠤ ᠦᠬᠬᠦᠨ᠂ ᠥᠷᠲᠡᠭᠡᠨ᠎ᠳᠦ ᠣᠷᠣᠬᠤ ᠵᠢ ᠨᠢ ᠵᠢᠯᠤᠭᠤᠳᠤᠨ᠂ ᠠᠶᠠᠨ ᠵᠠᠮ ᠳ᠋ᠤ ᠲᠤᠬᠢᠶᠠᠯᠳᠤᠬᠰᠠᠨ ᠬᠦᠴᠢᠷᠳᠡᠯ᠎ᠢ ᠨᠢ ᠰᠢᠢᠳᠪᠦᠷᠢᠯᠡᠵᠦ ᠶᠠᠭᠠᠷᠠᠨ᠎ᠠ᠃
29 ᠨᠠᠰᠤᠲᠠᠢ ᠳ᠋ᠦ᠋ ᠲᠢᠶ᠍ᠸ ᠢ ᠨᠢᠬᠡᠨ ᠨᠠᠰᠤᠲᠠᠨ᠎ᠤ ᠠᠪᠴᠤ ᠶᠠᠪᠤᠭ᠎ᠠ ᠬᠦᠨᠳᠦ ᠪᠤᠭᠴᠤ ᠵᠢ ᠨᠢ ᠲᠤᠰᠴᠤ ᠠᠪᠴᠠᠢ᠃ ᠬᠢᠩᠭᠠᠨ ᠠᠢᠮᠠᠭ᠎ᠤᠨ ᠱᠢᠶᠠᠩ ᠶᠠᠩ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠵᠠᠯᠠᠭᠤᠴᠤᠳ᠎ᠤᠨ ᠰᠠᠢ᠌ᠨ ᠳᠤᠷᠠᠴᠤᠳ᠎ᠤᠨ ᠨᠡᠢᠭᠡᠮᠯᠢᠭ᠎ᠦᠨ ᠳᠠᠷᠤᠭ᠎ᠠ ᠪᠣᠯᠤᠭ᠍ᠰᠠᠨ᠎ᠤ ᠬᠤᠪᠢ᠎ᠳᠤ᠂ ᠡᠨᠡ ᠵᠢᠯ᠎ᠤᠨ ᠴᠠᠭᠠᠨ ᠰᠠᠷ᠎ᠠ᠎ᠳᠤ᠂ ᠲᠡᠷᠡ ᠰᠠᠢ᠌ᠨ ᠳᠤᠷᠠᠴᠤᠳ ᠲᠠᠢ᠎ᠪᠡᠨ ᠪᠠᠷᠤᠭ ᠡᠳᠦᠷ ᠪᠤᠯᠭᠠᠨ ᠲᠡᠷᠭᠡᠨ ᠥᠷᠲᠡᠭᠡᠨ᠎ᠳᠦ ᠦᠢᠯᠡᠴᠢᠯᠡᠵᠦ᠂ ᠥᠷᠲᠡᠭᠡᠨ᠎ᠳᠦ ᠣᠷᠣᠬᠤ ᠵᠢ ᠬᠦᠲᠦᠯᠦᠨ ᠵᠢᠯᠤᠭᠤᠳᠬᠤ᠂ ᠣᠷᠣ ᠳᠡᠪᠢᠰᠭᠡᠷ᠎ᠢ ᠨᠢ ᠵᠥᠭᠡᠭᠡᠪᠦᠷᠢᠯᠡᠵᠦ᠍ ᠦᠭᠬᠦ᠎ᠡᠴᠡ ᠠᠪᠤᠭᠠᠳ ᠲᠡᠷᠭᠡᠨ᠎ᠦ ᠡᠭᠡᠯᠵᠢ ᠵᠢᠨ ᠯᠠᠪᠯᠠᠭ᠎ᠠ ᠬᠠᠩᠭᠠᠬᠤ ᠬᠦᠷᠲᠡᠯ᠎ᠡ᠂ ᠨᠠᠷᠢᠨ ᠨᠢᠮᠪᠠᠢ ᠦᠢᠯᠡᠴᠢᠯᠡᠭᠡ ᠪᠡᠷ ᠬᠥᠮᠦᠰ᠎ᠲᠦ ᠴᠠᠭᠠᠨ ᠰᠠᠷ᠎ᠠ᠎ᠶ᠋ᠢᠨ ᠬᠠᠯᠠᠭᠤᠨ ᠳᠤᠯᠠᠭᠠᠨ᠎ᠢ ᠮᠡᠳᠡᠷᠡᠬᠥᠯᠪᠡ ᠃
《ᠡᠨᠡ ᠬᠡᠳᠦᠨ ᠡᠳᠦᠷ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠪᠡᠷ ᠮᠢᠨᠦ᠍ ᠣᠯᠤᠯᠲᠠ ᠮᠠᠰᠢ ᠶᠡᠭᠡ᠂ ᠲᠢᠶᠸ ᠢ ᠠᠬ᠎ᠠ ᠪᠠᠰᠠ ᠨᠠᠳᠠ᠎ᠳᠤ ᠢᠷᠡᠭᠡᠳᠦᠶ᠎ᠶ᠋ᠢᠨ ᠠᠵᠢᠯ ᠣᠯᠭᠣᠯᠲᠠ᠎ᠶ᠋ᠢᠨ ᠴᠢᠭ᠌ᠯᠡᠯ᠎ᠦᠨ ᠲᠤᠬᠠᠶ ᠮᠠᠰᠢ ᠣᠯᠠᠨ ᠵᠢᠯᠣᠭᠣᠳᠣᠯᠭ᠎ᠠ ᠥᠭ᠌ᠭᠦᠭ᠌ᠰᠡᠨ ᠶᠤᠮ᠃ ᠪᠢ ᠯᠠᠪᠳᠠᠢ ᠲᠤᠰᠭᠠᠶ ᠮᠡᠷᠭᠡᠵᠢᠯ᠎ᠦᠨ ᠮᠡᠳᠡᠯᠭᠡ᠎ᠪᠡᠨ ᠴᠢᠷᠮᠠᠢᠨ ᠰᠤᠷᠤᠯᠴᠠᠵᠤ᠂ ᠬᠣᠵᠢᠮ ᠵᠢᠯ ᠪᠦᠷᠢ᠎ᠶ᠋ᠢᠨ ᠠᠮᠠᠷᠠᠯᠲᠠ᠎ᠳᠤ ᠪᠦᠷ ᠨᠤᠳᠤᠭ ᠲᠠᠭᠠᠨ ᠬᠠᠷᠢᠵᠤ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠳᠦ ᠣᠷᠣᠯᠴᠠᠨ᠎ᠠ》 ᠭᠡᠵᠦ ᠲᠣᠰ ᠤᠳᠠᠭᠠᠨ᠎ᠤ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠳᠦ ᠣᠷᠣᠯᠴᠠᠭ᠍ᠰᠠᠨ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠶᠡᠬᠡ ᠰᠤᠷᠭᠠᠭᠤᠯᠢ᠎ᠶ᠋ᠢᠨ ᠰᠣᠷᠣᠭ᠍ᠴᠢ ᠵᠣᠣ ᠲᠢᠶᠠᠨ ᠬᠤᠤ ᠢᠨᠢᠶᠡᠮᠰᠦᠭ᠌ᠯᠡᠨ ᠬᠡᠯᠡᠨ᠎ᠡ᠃
ᠳ᠋ᠦ᠋ ᠲᠢᠶᠧ ᠢ ᠨᠤᠲᠤᠭ᠎ᠲᠠᠭᠠᠨ ᠬᠠᠷᠢᠭᠠᠳ ᠨᠢᠭᠡᠨᠲᠡ ᠳᠣᠯᠣᠭᠠᠨ ᠵᠢᠯ ᠪᠤᠯᠵᠤ ᠪᠤᠢ᠃ 7 ᠵᠢᠯ ᠦᠨ ᠬᠤᠭᠤᠴᠠᠭᠠᠨ᠎ᠳᠤ᠂ ᠲᠡᠷᠡ ᠨᠤᠲᠤᠭ ᠲᠠᠭᠠᠨ ᠪᠤᠴᠠᠭ᠍ᠰᠠᠨ ᠵᠠᠯᠠᠭᠤ ᠪᠠᠢᠭ᠍ᠰᠠᠨ᠎ᠡᠴᠡ᠎ᠪᠠᠨ 2741 ᠰᠠᠢ᠌ᠨ ᠳᠤᠷᠠᠴᠤᠳ᠎ᠢ ᠬᠦᠲᠦᠯᠦᠨ ᠲᠠᠭᠠᠭᠤᠯᠤᠬᠰᠠᠨ《ᠲᠦᠷᠦᠭᠦᠴᠢ ᠭᠠᠯᠠᠭᠤ》 ᠪᠣᠯᠪᠠ; 《ᠨᠤᠲᠤᠭ ᠤᠰᠤᠨ᠎ᠳᠠᠭᠠᠨ ᠦᠨᠳᠦᠰᠦᠯᠡᠵᠦ᠍᠂ ᠨᠤᠲᠤᠭ ᠤᠰᠤᠨ᠎ᠳᠠᠭᠠᠨ ᠬᠤᠪᠢ ᠨᠡᠮᠡᠷᠢ ᠦᠵᠡᠭᠦᠯᠬᠦ᠌》 ᠪᠠᠲᠤ ᠲᠠᠩᠭᠠᠷᠢᠭ᠎ᠢᠶᠠᠨ ᠬᠠᠯᠠᠭᠤᠨ ᠳᠤᠯᠠᠭᠠᠨ ᠲᠡᠮᠡᠤᠯᠤᠯ ᠪᠣᠯᠭᠠᠨ ᠬᠤᠪᠢᠷᠠᠭᠤᠯᠵᠤ᠂ ᠲᠠᠯᠠᠷᠬᠠᠯ ᠪᠠ ᠵᠢᠳᠭᠦᠯ᠎ᠤᠨ ᠬᠦᠴᠦᠨ᠎ᠢᠶᠡᠨ ᠲᠡᠭᠦᠨ᠎ᠢ ᠥᠰᠭᠡᠨ ᠪᠣᠢᠵᠢᠭᠤᠯᠤᠭᠰᠠᠨ ᠬᠢᠩᠭᠠᠨ᠎ᠤ ᠡᠬᠡ ᠭᠠᠵᠠᠷ᠎ᠲᠤ ᠡᠷᠭᠦᠭᠰᠡᠨ ᠪᠠᠢᠨ᠎ᠠ᠃
ᠳ᠋ᠦ᠋ ᠲᠢᠶ᠍ᠸ ᠢ᠎ᠶ᠋ᠢᠨ ᠨᠤᠲᠤᠭ᠎ᠲᠠᠭᠠᠨ ᠪᠤᠴᠠᠬᠰᠠᠨ ᠰᠣᠩᠭᠣᠯᠲᠠ ᠨᠢ ᠰᠡᠳᠭᠢᠯ᠎ᠦᠨ ᠭᠦᠨ᠎ᠳᠦ ᠦᠨᠳᠤᠰᠤᠯᠡᠭᠰᠡᠨ ᠪᠤᠳᠤᠯ ᠡᠴᠡ ᠨᠢ ᠢᠷᠡᠯᠳᠡ᠎ᠲᠡᠶ ᠶᠤᠮ᠃ ᠪᠠᠭ᠎ᠠ᠎ᠶ᠋ᠢᠨ ᠦᠶ᠎ᠡ᠎ᠳᠡᠭᠡᠨ᠂ ᠵᠠᠰᠠᠭ᠎ᠤᠨ ᠣᠷᠳᠣᠨ ᠪᠣᠯᠤᠨ ᠰᠠᠢ᠌ᠨ ᠲᠤᠷᠠᠴᠤᠳ᠎ᠤᠨ ᠬᠠᠪᠰᠤᠷᠤᠯᠭ᠎ᠠ᠎ᠳᠤ ᠲᠦᠱᠢᠭ᠌ᠯᠡᠨ ᠦᠰᠦᠨ ᠪᠣᠢᠵᠢᠬᠰᠠᠨ ᠲᠡᠷᠡ ᠪᠡᠷ ᠥᠰᠴᠦ᠍ ᠥᠭᠡᠯᠡᠢ ᠪᠣᠯᠤᠭ᠍ᠰᠠᠨ᠎ᠤ ᠬᠤᠢᠨ᠎ᠠ ᠵᠠᠪᠠᠯ ᠨᠤᠲᠤᠭ ᠤᠰᠤᠨ᠎ᠤ᠎ᠪᠠᠨ ᠠᠴᠢ᠎ᠶ᠋ᠢ ᠬᠠᠷᠢᠭᠤᠯᠠᠵᠤ᠂ ᠬᠠᠪᠰᠤᠷᠤᠯᠭ᠎ᠠ ᠬᠡᠷᠡᠭ᠌ᠰᠡᠬᠦ᠌ ᠬᠥᠮᠦᠰ᠎ᠢ ᠬᠠᠪᠰᠤᠷᠤᠨ᠎ᠠ ᠭᠡᠵᠦ᠍ ᠲᠠᠩᠭᠠᠷᠢᠭ᠍ᠯᠠᠵᠠᠢ᠃ 2017 ᠣᠨ᠎ᠳᠤ ᠰᠤᠷᠤᠯᠭ᠎ᠠ ᠲᠡᠭᠦᠰᠦᠭ᠌ᠰᠡᠨ᠎ᠦ ᠳᠠᠷᠠᠭ᠎ᠠ᠂ ᠳ᠋ᠦ᠋ ᠲᠢᠶ᠍ᠸ ᠢ ᠭᠠᠳᠠᠷ ᠣᠷᠣᠨ᠎ᠳᠤ ᠬᠦᠯᠤᠰᠤ ᠤᠯᠭᠤᠮᠵᠢ ᠪᠡᠷ ᠥᠨᠳᠤᠷ ᠠᠵᠢᠯ ᠣᠯᠵᠠᠢ᠂ ᠭᠡᠲᠡᠯ᠎ᠡ ᠲᠡᠷᠡ ᠪᠡᠷ ᠮᠢᠩᠭᠠᠨ ᠭᠠᠵᠠᠷ᠎ᠤᠨ ᠲᠡᠷᠲᠡᠭᠡᠬᠢ ᠨᠤᠲᠤᠭ᠎ᠤᠨ᠎ᠢᠶᠠᠨ ᠲᠥᠯᠥᠭᠡ ᠰᠠᠨᠠᠭᠠᠱᠢᠷᠠᠭ᠍ᠰᠠᠭᠠᠷ ᠪᠠᠢᠯ᠎ᠠ᠃ 《ᠭᠠᠳᠠᠨᠠᠬᠢ ᠶᠢᠷᠲᠢᠨᠴᠦ᠍ ᠬᠡᠳᠦᠶ ᠰᠠᠢᠨ ᠴᠤ᠌ ᠥᠪᠡᠷ᠎ᠦᠨ ᠨᠤᠲᠤᠭ᠎ᠤᠨ ᠲᠥᠷᠥᠯ ᠰᠠᠳᠤᠨ᠎ᠢ ᠬᠦᠷᠬᠦ᠌ ᠦᠭᠡᠢ᠃ ᠪᠢ ᠬᠠᠷᠢᠵᠤ ᠢᠷᠡᠬᠡᠳ ᠨᠤᠲᠤᠭ᠎ᠤᠨ ᠵᠢᠡᠨ ᠲᠥᠯᠥᠭᠡ ᠦᠨᠡᠨ ᠪᠣᠳᠠᠲᠠᠶ ᠶᠠᠪᠤᠳᠠᠯ ᠬᠢᠶ᠎ᠠ ᠭᠡᠵᠤ ᠪᠤᠳᠤᠵᠤ ᠪᠠᠢᠨ᠎ᠠ》᠃ 2019 ᠣᠨ᠎ᠳᠤ᠂ ᠡᠨᠡ ᠬᠦ᠌ ᠬᠦᠰᠡᠯ ᠵᠣᠷᠢᠯᠲᠠ᠎ᠪᠠᠨ ᠡᠪᠦᠷᠯᠡᠨ᠂ ᠲᠡᠷᠡ ᠬᠥᠭ᠌ᠵᠢᠶᠡᠨ ᠨᠠᠷᠭᠢᠶᠠᠨᠲᠤ ᠬᠣᠲᠠ ᠭᠠᠵᠠᠷ ᠡᠴᠡ ᠰᠠᠯᠵᠤ ᠬᠢᠩᠭᠠᠨ ᠨᠤᠳᠤᠭ᠎ᠲᠠᠭᠠᠨ ᠪᠤᠴᠠᠵᠤ ᠢᠷᠡᠪᠡ᠃
ᠨᠤᠲᠤᠭ᠎ᠲᠠᠭᠠᠨ ᠪᠤᠴᠠᠭ᠍ᠰᠠᠨ᠎ᠤ ᠳᠠᠷᠠᠭ᠎ᠠ᠂ ᠳ᠋ᠦ᠋ ᠲᠢᠶᠧ ᠢ ᠰᠠᠢ᠌ᠨ ᠳᠤᠷ᠎ᠠ ᠵᠢᠨ ᠦᠢᠯᠡᠴᠢᠯᠡᠭᠡᠨ᠎ᠦ ᠠᠵᠢᠯ᠎ᠳᠤ ᠤᠷᠤᠯᠴᠠᠪᠠ᠃ ᠨᠢᠭᠡ ᠤᠳᠠᠭ᠎ᠠ ᠣᠷᠴᠢᠨ ᠲᠣᠭᠣᠷᠢᠨ᠎ᠢ ᠬᠠᠮᠠᠭᠠᠯᠠᠬᠤ ᠰᠠᠢ᠌ᠨ ᠳᠤᠷ᠎ᠠ᠎ᠶ᠋ᠢᠨ ᠠᠵᠢᠯᠯᠠᠭ᠎ᠠ ᠥᠷᠨᠢᠭᠦᠯᠬᠦ᠌᠎ᠳᠡᠭᠡᠨ᠂ ᠲᠡᠷᠡ ᠬᠢᠩᠭᠠᠨ ᠠᠢᠮᠠᠭ᠎ᠲᠤ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠬᠤ ᠠᠵᠢᠯ ᠢ ᠲᠤᠰᠭᠠᠢᠯᠠᠨ ᠬᠢᠵᠦ᠍ ᠪᠠᠢᠭ᠎ᠠ ᠨᠡᠢᠭᠡᠮ᠎ᠦᠨ ᠵᠣᠬᠢᠶᠠᠨ ᠪᠠᠢᠭᠤᠯᠤᠯᠲᠠ ᠥᠯᠤ ᠪᠠᠢᠬᠤ ᠵᠢ ᠮᠠᠳᠠᠵᠠᠢ᠂ ᠲᠡᠷᠡ ᠲᠤᠭᠤᠷ᠎ᠤᠨ ᠭᠣᠣᠯ᠎ᠤᠨ ᠬᠥᠪᠡᠭᠡᠨ᠎ᠳᠡᠬᠢ ᠬᠣᠭ ᠨᠣᠪᠰᠢ᠎ᠶ᠋ᠢ ᠬᠠᠷᠠᠭᠠᠳ᠄ 《ᠪᠠᠢᠬᠤ ᠦᠭᠡᠢ ᠶᠤᠮ ᠴᠢᠨᠢ ᠥᠪᠡᠷ᠎ᠢᠶᠡᠨ ᠨᠢᠭᠡ᠎ᠶ᠋ᠢ ᠪᠠᠢᠭᠤᠯᠴᠢᠬᠠᠶᠠ》 ᠭᠡᠵᠤ ᠵᠤᠷᠢᠭ ᠰᠢᠭᠤᠳᠪᠠ᠃
2020 ᠣᠨ᠎ᠤ 4 ᠰᠠᠷ᠎ᠠ᠎ᠳᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠬᠢᠩᠭᠠᠨ ᠠᠢᠮᠠᠭ᠎ᠤᠨ ᠬᠣᠷᠢᠶ᠎ᠠ᠎ᠶ᠋ᠢᠨ ᠬᠦᠴᠦᠲᠡᠢ ᠳᠡᠮᠵᠢᠯᠭᠡ ᠳᠣᠣᠷ᠎ᠠ᠂ ᠳ᠋ᠦ᠋ ᠲᠢᠶ᠍ᠸ ᠢ ᠬᠢᠩᠭᠠᠨ ᠠᠢᠮᠠᠭ᠎ᠤᠨ ᠱᠢᠶᠠᠩ ᠶᠠᠩ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠵᠠᠯᠠᠭᠤ ᠰᠠᠢ᠌ᠨ ᠳᠤᠷᠠᠴᠤᠳ᠎ᠤᠨ ᠨᠡᠢᠭᠡᠮᠯᠢᠭ᠎ᠢ ᠵᠢᠩᠬᠢᠨᠢ᠎ᠪᠡᠷ ᠳᠠᠩᠰᠠᠯᠠᠭᠤᠯᠤᠨ ᠪᠠᠢᠭᠤᠯᠪᠠ᠂ ᠡᠨᠡ ᠨᠢ ᠮᠥᠨ ᠴᠦ᠍ ᠪᠦᠬᠦ᠌ ᠠᠢᠮᠠᠭ᠎ᠤᠨ ᠠᠩᠬᠠᠳᠠᠭ᠍ᠴᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠪᠠᠷ ᠭᠣᠣᠯ ᠪᠣᠯᠭᠠᠭ᠍ᠰᠠᠨ ᠵᠠᠯᠠᠭᠤᠴᠤᠳ᠎ᠤᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ ᠪᠣᠯᠤᠨ᠎ᠠ᠃
ᠠᠨᠭᠬ᠎ᠠ ᠡᠬᠢᠯᠡᠬᠦ ᠦᠶ᠎ᠠ ᠵᠢᠨ ᠭᠤᠷᠪᠠ ᠲᠠᠪᠤᠬᠠᠨ ᠬᠥᠮᠦᠨ ᠲᠠᠢ ᠪᠠᠢᠬᠰᠠᠨ ᠪᠦᠬᠡᠳ ᠬᠡᠳᠦᠬᠦᠯᠡ ᠪᠠᠨ ᠭᠠᠷᠠᠭ᠎ᠤᠨ ᠰᠡᠭᠦᠯᠴᠢ᠎ᠳᠦ ᠪᠣᠯᠵᠣᠵᠤ ᠬᠣᠭ ᠨᠣᠪᠰᠢ᠎ᠶ᠋ᠢ ᠴᠡᠪᠡᠷᠯᠡᠬᠦ᠌ ᠠᠵᠢᠯ ᠬᠢᠵᠤ ᠪᠠᠢᠬᠰᠠᠨ ᠡᠴᠡ ᠣᠲᠣ 2741 ᠰᠠᠢᠨ ᠳᠤᠷ᠎ᠠ᠎ᠶ᠋ᠢᠨ ᠠᠵᠢᠯᠯᠠᠭ᠍ᠴᠢ ᠲᠠᠢ᠂ ᠦᠶ᠋ᠯᠡᠴᠢᠯᠡᠭᠡᠨ᠎ᠦ ᠬᠦᠷᠢᠶ᠎ᠡ᠎ᠨᠢ ᠴᠦ᠍ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠡᠴᠡ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠴᠢᠯᠡᠭᠡ᠂ ᠪᠠᠴᠢᠮ ᠪᠠᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠨᠡᠢᠭᠡᠮ ᠲᠣᠭᠣᠷᠢᠭ᠎ᠤᠨ ᠵᠠᠰᠠᠯᠲᠠ᠂ ᠬᠦᠴᠢᠷᠳᠡᠯ ᠢ ᠲᠡᠳᠬᠦᠨ ᠪᠠᠭᠤᠷᠠᠶ᠎ᠶ᠋ᠢ ᠲᠤᠰᠠᠯᠠᠬᠤ᠂ ᠲᠣᠮᠣ ᠬᠡᠯᠪᠡᠷᠢ᠎ᠶ᠋ᠢᠨ ᠤᠷᠤᠯᠳᠤᠭᠠᠨ᠎ᠤ ᠪᠠᠲᠤᠯᠠᠭ᠎ᠠ ᠵᠡᠷᠭᠡ ᠣᠯᠠᠨ ᠲᠠᠯ᠎ᠠ᠎ᠳᠤ ᠬᠦᠷᠲᠡᠯ᠎ᠡ ᠥᠷᠭᠡᠵᠢᠪᠡ᠃ ᠳ᠋ᠦ᠋ ᠲᠢᠶ᠍ᠸ ᠢ ᠬᠡᠬᠦᠳᠡᠭ ᠳᠦᠭᠦᠷᠡᠩ ᠴᠢᠩ ᠦᠨᠡᠨᠴᠢ ᠬᠠᠯᠠᠭᠤᠨ ᠰᠡᠳᠭᠢᠯᠭᠡ᠎ᠪᠡᠷ ᠬᠢᠩᠭᠠᠨ ᠠᠢᠮᠠᠭ ᠤᠨ ᠵᠠᠯᠠᠭᠤᠴᠤᠳ᠎ᠲᠤ ᠨᠤᠲᠤᠭ ᠤᠰᠤ᠎ᠪᠠᠨ ᠲᠡᠳᠬᠦᠬᠦ᠂ ᠦᠰᠦᠨ ᠪᠣᠢᠵᠢᠵᠤ ᠴᠢᠳᠠᠪᠤᠷᠢᠲᠠᠨ ᠪᠣᠯᠬᠤ ᠥᠷᠭᠡᠨ ᠠᠭᠤᠳᠠᠮ ᠲᠠᠪᠴᠠᠩ᠎ᠢ ᠪᠠᠢᠭᠤᠯᠵᠤ ᠥᠭ᠌ᠴᠡᠢ᠃
ᠬᠦᠴᠢᠷᠳᠡᠯ ᠲᠠᠢ ᠵᠢ ᠨᠢ ᠲᠡᠳᠬᠦᠨ ᠪᠠᠭᠤᠷᠠᠢ ᠶ᠋ᠢ ᠲᠠᠮᠵᠢᠵᠤ᠂ ᠬᠠᠢᠷ᠎ᠠ ᠬᠠᠯᠠᠮᠵᠢ ᠳᠠᠮᠵᠢᠭᠤᠯᠬᠤ ᠪᠣᠯ ᠳ᠋ᠦ᠋ ᠲᠢᠶ᠍ᠸ ᠢ ᠵᠢᠴᠢ ᠰᠠᠢ᠌ᠨ ᠲᠤᠷᠠᠴᠤᠤᠨ᠎ᠤᠨ ᠢᠮᠠᠭ᠍ᠲᠠ᠎ᠶ᠋ᠢᠨ ᠪᠠᠲᠤ ᠪᠠᠷᠢᠮᠲᠠᠯᠠᠯ ᠪᠣᠯᠤᠨ᠎ᠠ᠃ ᠡᠨᠡ ᠵᠢᠯ᠎ᠤᠨ ᠴᠠᠭᠠᠨ ᠰᠠᠷ᠎ᠠ᠎ᠳᠤ᠂ ᠲᠡᠷᠡ 300 ᠭᠠᠷᠤᠢ 《 ᠪᠢᠴᠢᠬᠠᠨ ᠰᠠᠢ᠌ᠨ ᠲᠤᠷᠠᠴᠤᠤᠯ》 ᠢ᠋ ᠳᠠᠭᠠᠭᠤᠯᠤᠨ ᠴᠠᠭᠠᠨ ᠰᠠᠷ᠎ᠠ᠎ᠳᠤ ᠦᠨᠳᠦᠰᠦᠨ ᠱᠠᠲᠤᠨ᠎ᠳᠤ ᠭᠦᠨᠵᠡᠭᠡᠢᠷᠡᠬᠦ᠌ ᠠᠵᠢᠯᠯᠠᠭ᠎ᠠ ᠥᠷᠨᠢᠭᠦᠯᠵᠦ᠍᠂ 118 ᠦᠨᠳᠦᠰᠦᠨ ᠱᠠᠲᠤᠨ᠎ᠤ ᠤᠯᠠᠨ ᠲᠦᠮᠡᠨ᠎ᠢ ᠡᠷᠬᠢᠨ ᠦᠵᠡᠵᠤ ᠲᠣᠬᠣᠨᠢᠭᠤᠯᠪᠠ᠃ ᠪᠤᠳᠠᠭ᠎ᠠ ᠭᠤᠯᠢᠷ ᠠᠮᠤ ᠲᠤᠰᠤ᠂ ᠴᠠᠭᠠᠨ ᠰᠠᠷ᠎ᠠ᠎ᠶ᠋ᠢᠨ ᠬᠤᠤᠰ ᠤᠶᠠᠩᠭ᠎ᠠ᠂ ᠬᠠᠯᠠᠭᠤᠨ ᠳᠣᠲᠣᠨᠣ ᠮᠡᠨᠳᠦᠴᠢᠯᠡᠯᠢ᠋ ᠤᠯᠠᠨ ᠲᠦᠮᠡᠨ᠎ᠦ ᠰᠡᠳᠭᠢᠯ᠎ᠳᠦ ᠬᠦᠷᠭᠡᠵᠡᠢ᠃ ᠤᠤᠯ ᠨᠢ ᠪᠢ ᠬᠡᠦᠬᠡᠳ᠎ᠢᠶᠡᠨ ᠳᠠᠭᠠᠭᠤᠯᠤᠨ ᠠᠵᠢᠯᠯᠠᠭ᠎ᠠ᠎ᠳᠤ ᠣᠷᠣᠯᠴᠠᠬᠤ᠎ᠪᠠᠷ ᠢᠷᠡᠵᠡᠢ᠂ ᠤᠳᠤ ᠪᠢ ᠥᠪᠡᠷ᠎ᠢᠶᠡᠨ ᠪᠠᠰᠠ ᠰᠠᠢ᠌ᠨ ᠲᠤᠷᠠᠴᠤᠳ᠎ᠤᠨ ᠨᠡᠢᠭᠡᠮᠯᠢᠭ᠎ᠲᠦ ᠣᠷᠣᠯᠴᠠᠪᠠ᠃ 《ᠪᠢᠴᠢᠬᠠᠨ ᠰᠠᠢ᠌ᠨ ᠲᠤᠷᠠᠴᠤᠳ》 ᠤ᠋ᠨ ᠭᠡᠷ᠎ᠦᠨ ᠠᠬᠠᠮᠠᠳ ᠱᠢᠤᠸᠠᠢ ᠯᠢ ᠯᠢ᠄ 《ᠬᠣᠵᠢᠮ ᠪᠢ ᠬᠡᠦᠬᠡᠳᠦᠳᠲᠡᠶᠪᠡᠨ ᠬᠠᠮᠲᠤ ᠨᠤᠲᠤᠭ ᠤᠰᠤᠨᠳ᠋ᠠᠭᠠᠨ ᠬᠤᠪᠢ ᠨᠡᠮᠡᠷᠢ ᠦᠵᠡᠭᠦᠯᠦᠨ᠎ᠡ》 ᠭᠡᠵᠦ ᠪᠠᠶᠠᠷᠳᠠᠢᠬᠠᠨ ᠬᠡᠯᠡᠨ᠎ᠠ᠃
6 ᠵᠢᠯ᠎ᠦᠨ ᠡᠮᠦᠨ᠎ᠡ᠂ ᠭᠡᠷ᠎ᠦᠨ ᠠᠮᠢᠳᠤᠷᠠᠯ ᠨᠢ ᠬᠦᠴᠢᠷᠳᠡᠯᠲᠡᠢ ᠪᠠᠭ᠎ᠠ ᠰᠤᠷᠭᠠᠭᠤᠯᠢ᠎ᠶ᠋ᠢᠨ ᠰᠤᠷᠤᠭ᠍ᠴᠢ ᠴᠧᠨ ᠴᠠᠩ ᠳ᠋ᠦ᠋ ᠲᠢᠶ᠍ᠸ ᠢ᠎ᠶ᠋ᠢᠨ ᠲᠡᠮᠵᠢᠬᠦ ᠡᠳᠡᠭᠡᠳ ᠪᠤᠯᠪᠠ᠃ ᠭᠠᠷᠠᠭ ᠪᠦᠷᠢ ᠬᠡᠷ᠎ᠲᠦᠨᠢ ᠬᠦᠷᠴᠦ᠍ ᠡᠷᠬᠢᠨ ᠦᠵᠡᠵᠦ᠍᠂ ᠰᠤᠷᠤᠯᠭ᠎ᠠ ᠠᠮᠢᠳᠤᠷᠠᠯ ᠢ ᠨᠢ ᠬᠠᠯᠠᠮᠵᠢᠯᠠᠨ᠂ ᠲᠡᠭᠦᠨ᠎ᠳᠦ ᠪᠠᠷ᠎ᠠ ᠪᠣᠯᠵᠣ ᠠᠯᠬᠤᠮ ᠠᠯᠬᠤᠮ᠎ᠢᠶᠠᠷ ᠦᠰᠦᠨ ᠪᠣᠢᠵᠢᠯᠲᠠ᠎ᠶ᠋ᠢᠨ ᠪᠡᠷᠬᠡ ᠪᠣᠭᠣᠮᠲᠠ᠎ᠶ᠋ᠢ ᠳᠤᠭᠤᠯᠤᠬᠰᠠᠨ ᠪᠦᠬᠡᠳ ᠳ᠋ᠦ᠋ ᠲᠢᠶᠸ ᠢᠳᠦ ᠪᠠᠷ᠎ᠠ ᠪᠣᠯᠵᠣ ᠶᠠᠪᠤᠬᠤ᠎ᠨᠢ ᠴᠧᠨ ᠴᠠᠩ᠎ᠤᠨ ᠦᠰᠦᠨ ᠪᠣᠢᠵᠢᠬᠤ ᠵᠠᠮ ᠳᠡᠭᠡᠷᠡᠬᠢ ᠬᠠᠮᠤᠭ᠎ᠤᠨ ᠪᠠᠲᠤ ᠲᠦᠰᠢᠭ ᠪᠣᠯᠵᠠᠶ᠃
《ᠲᠢᠶᠸ ᠢ ᠠᠬ᠎ᠠ ᠡ᠂ ᠰᠠᠢᠨ ᠱᠢᠨᠡᠯᠡᠪᠡ ᠦᠦ》! ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠳ᠋ᠦ᠋ ᠲᠢᠶ᠍ᠸ ᠢ᠎ᠶ᠋ᠢᠨ ᠭᠠᠷ ᠤᠲᠠᠰᠤ᠎ᠳᠦ ᠶᠠᠪᠤᠭᠤᠯᠤᠭᠰᠠᠨ ᠴᠧᠨ ᠴᠠᠩ᠎ᠤᠨ ᠱᠢᠨ᠎ᠡ᠎ᠶ᠋ᠢᠨ ᠵᠣᠯᠭᠠᠯᠲᠠ᠎ᠶ᠋ᠢᠨ ᠣᠬᠣᠷ ᠮᠡᠳᠡᠭᠡ᠎ᠶ᠋ᠢ ᠲᠤᠰ᠎ᠤᠨ ᠣᠯᠵᠠᠢ᠃ 《ᠮᠢᠨᠦ᠍ ᠰᠡᠳᠭᠢᠯ᠎ᠳᠦ᠂ ᠲᠢᠶᠸ ᠢ ᠠᠬ᠎ᠠ ᠶᠠᠭ ᠨᠢᠭᠡᠨ ᠵᠤᠷᠪᠤᠰ ᠭᠡᠷᠡᠯ ᠮᠡᠲᠦ ᠪᠠᠢᠵᠤ᠂ ᠬᠡᠵᠢᠶᠡᠳᠡ ᠨᠠᠮᠠᠶ᠋ᠢ ᠬᠠᠪᠰᠤᠷᠴᠤ᠂ ᠵᠣᠷᠢᠭ᠍ᠵᠢᠭᠤᠯᠤᠨ ᠤᠷᠤᠭ᠍ᠰᠢᠯᠠᠭᠤᠯᠤᠨ᠎ᠠ᠃ ᠪᠢ ᠵᠠᠪᠠᠯ ᠶᠡᠬᠡ ᠰᠤᠷᠭᠠᠭᠤᠯᠢ᠎ᠳᠤ ᠱᠢᠯᠭᠠᠨ ᠣᠷᠣᠵᠤ᠂ ᠬᠣᠵᠢᠮ ᠲᠡᠭᠦᠨ᠎ᠲᠡᠶ ᠠᠳᠠᠯᠢ᠎ᠪᠠᠷ ᠨᠤᠲᠤᠭ ᠤᠰᠤ᠎ᠪᠠᠨ ᠪᠦᠳᠦᠭᠡᠨ ᠪᠠᠢᠭᠤᠯᠵᠤ᠂ ᠬᠠᠪᠰᠤᠷᠤᠯᠭ᠎ᠠ ᠬᠡᠷᠡᠭ᠌ᠰᠡᠬᠦ᠌ ᠨᠡᠩ ᠤᠯᠠᠨ ᠬᠥᠮᠦᠰ ᠢ ᠬᠠᠪᠰᠤᠷᠤᠨ᠎ᠠ》 ᠭᠡᠵᠦ᠍ ᠴᠧᠨ ᠴᠠᠩ ᠬᠡᠯᠡᠪᠡ᠃
《ᠡᠷᠬᠡ ᠲᠠᠩᠬᠢ ᠪᠢᠰᠢ᠂ ᠬᠦᠴᠢᠷ᠎ᠡᠴᠡ ᠠᠶᠤᠬᠤ ᠥᠬᠡᠶ᠂ ᠬᠥᠮᠦᠰ ᠦᠨ ᠰᠡᠳᠭᠢᠯ᠎ᠢ ᠳᠤᠯᠠᠭᠠᠴᠠᠭᠤᠯᠬᠤ ᠪᠢᠴᠢᠬᠠᠨ ᠨᠠᠷᠠ ᠪᠣᠯᠬᠤ ᠪᠣᠯ ᠮᠠᠨ᠎ᠤ ᠡᠨᠡ ᠬᠦ᠌ ᠰᠠᠢᠨ ᠳᠤᠷ᠎ᠠ᠎ᠶ᠋ᠢᠨ ᠡᠩᠨᠡᠭᠡᠨ᠎ᠦ ᠬᠠᠮᠤᠭ᠎ᠤᠨ ᠢᠯᠡ ᠲᠣᠳᠣ ᠱᠣᠱᠢᠭ᠎ᠠ ᠪᠣᠯᠤᠨ᠎ᠠ》 ᠭᠡᠵᠦ᠍ ᠳ᠋ᠦ᠋ ᠲᠢᠶ᠍ᠸ ᠢ ᠢᠨᠢᠶᠡᠮᠰᠦᠭ᠌ᠯᠡᠨ ᠬᠡᠯᠡᠨ᠎ᠡ᠃ ᠡᠳᠦᠭᠡ᠂ ᠲᠡᠷᠡ ᠶᠠᠭ 6 ᠡᠴᠡ 30 ᠨᠠᠰᠤᠨ ᠤ ᠬᠡᠦᠬᠡᠳ ᠪᠠ ᠵᠠᠯᠠᠭᠤᠴᠤᠳ ᠪᠠᠭᠠᠴᠤᠳ᠎ᠲᠤ ᠦᠰᠦᠨ ᠪᠣᠢᠵᠢᠬᠤ ᠪᠦᠬᠦ᠌ ᠦᠶᠡᠯᠡᠯ ᠤᠨ ᠬᠤᠭᠤᠴᠠᠭ᠎ᠠ ᠵᠢ ᠬᠠᠮᠤᠷᠤᠭ᠍ᠰᠠᠨ ᠬᠥᠮᠦᠨ ᠬᠥᠮᠦᠵᠢᠭᠦᠯᠬᠦ᠌ ᠲᠣᠣᠷ᠎ᠢ ᠬᠦᠴᠦᠯᠡᠨ ᠰᠦᠯᠵᠢᠵᠦ᠍᠂ ᠵᠠᠯᠠᠭᠤᠴᠤᠳ᠎ᠤᠨ ᠨᠤᠲᠤᠭ᠎ᠤᠨ᠎ᠢᠶᠠᠨ ᠱᠢᠮᠡᠯᠢᠭ ᠬᠥᠷᠥᠰᠥᠨ᠎ᠡᠴᠡ ᠱᠢᠮ᠎ᠡ ᠲᠡᠵᠢᠭᠡᠯ ᠬᠦᠷᠲᠡᠵᠦ᠍᠂ ᠨᠡᠢᠭᠡᠮ᠎ᠳᠦ ᠬᠤᠪᠢ ᠨᠡᠮᠡᠷᠢ ᠦᠵᠡᠭᠦᠯᠬᠦ᠌ ᠦᠢᠯᠡᠳᠦᠯᠭᠡ ᠳᠤᠮᠳᠠ ᠵᠠᠯᠠᠭᠤ ᠨᠠᠰᠤᠨ᠎ᠤ ᠭᠡᠷᠡᠯ ᠭᠢᠯᠪᠠᠭ᠎ᠠ᠎ᠪᠠᠨ ᠰᠠᠴᠤᠷᠠᠭᠤᠯᠬᠤ ᠬᠦᠰᠡᠯ᠎ᠢ ᠪᠡᠶᠡᠯᠡᠬᠦᠯᠪᠡ᠃
ᠡᠨᠡ ᠬᠦ᠌ ᠶᠠᠪᠤᠴᠠ᠎ᠳᠦ᠂ ᠳ᠋ᠦ᠋ ᠲᠢᠶ᠍ᠸ ᠢ ᠮᠠᠰᠢ ᠤᠯᠠᠨ ᠢᠷᠠᠭᠤ ᠠᠯᠳᠠᠷ ᠬᠦᠷᠲᠡᠪᠡ᠄ ᠠᠷᠪᠠᠨ ᠨᠢᠭᠡᠳᠦᠭᠡᠷ ᠬᠤᠭᠤᠴᠠᠭᠠᠨ ᠤ ᠡᠵᠢ ᠭᠣᠣᠯ ᠤᠨ ᠱᠠᠩᠨᠠᠯ᠎ᠤᠨ ᠪᠣᠬᠢᠷᠲᠤᠯ ᠦᠭᠡᠢ ᠬᠠᠮᠠᠭᠠᠯᠠᠭ᠍ᠴᠢ᠎ᠶ᠋ᠢᠨ ᠱᠠᠩᠨᠠᠯ᠂ 2022 ᠣᠨ᠎ᠤ ᠬᠠᠮᠤᠭ ᠤᠨ ᠭᠤᠶᠤ ᠠᠮᠢ ᠠᠬᠤᠢ ᠣᠷᠴᠢᠨ ᠲᠣᠭᠣᠷᠢᠨ᠎ᠤ ᠰᠠᠢ᠌ᠨ ᠳᠤᠷ᠎ᠠ᠎ᠶ᠋ᠢᠨ ᠠᠵᠢᠯᠯᠠᠭ᠍ᠴᠢ᠂ ᠠᠷᠪᠠᠨ ᠭᠤᠷᠪᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠵᠠᠯᠠᠭᠤ ᠰᠠᠢ᠌ᠨ ᠳᠤᠷᠠᠴᠤᠳ᠎ᠤᠨ ᠱᠢᠯᠢᠳᠡᠭ ᠬᠤᠪᠢ ᠬᠥᠮᠦᠨ᠎ᠦ ᠱᠠᠩᠨᠠᠯ᠂ ᠥᠪᠥᠷ ᠮᠣᠩᠭᠣᠯ᠎ᠤᠨ ᠰᠠᠢ᠌ᠨ ᠬᠥᠮᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠭᠡᠳᠡᠷᠬᠡᠭ ᠴᠠᠢᠯᠭᠠᠨ ᠵᠠᠯᠠᠭᠤᠴᠤᠳ᠂ ᠶᠢᠰᠦᠳᠦᠭᠡᠷ ᠪᠦᠯᠦᠭ᠎ᠦᠨ ᠪᠦᠬᠦ᠌ ᠣᠷᠣᠨ᠎ᠤ ᠠᠵᠢᠯ᠎ᠤᠨ ᠪᠠᠢᠷᠢ᠎ᠶ᠋ᠢᠨ ᠯᠸᠢ ᠹᠸᠩ ᠡᠴᠡ ᠰᠤᠷᠤᠯᠴᠠᠬᠰᠠᠨ ᠵᠢᠱ᠌ᠢᠶᠡᠴᠢ ᠁ ᠤᠢ᠍ᠢᠷ᠎ᠠ᠎ᠶ᠋ᠢᠨ ᠡᠳᠦᠷ᠂ ᠲᠡᠷᠡ ᠪᠠᠰᠠ 《ᠪᠦᠬᠦ᠌ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠱᠢᠯᠢᠳᠡᠭ ᠺᠠᠳ᠋ᠷ》 ᠭᠡᠬᠦ᠌ ᠢᠷᠠᠭᠤ ᠠᠯᠳᠠᠷ᠎ᠢ ᠬᠦᠷᠳᠡᠪᠡ᠃ ᠲᠡᠭᠦᠨ᠎ᠳᠦ ᠠᠪᠴᠤ᠌ ᠬᠡᠯᠡᠪᠡᠯ᠂ ᠡᠨᠡ ᠪᠣᠯ ᠵᠣᠷᠢᠭ᠍ᠵᠢᠭᠤᠯᠤᠯ ᠮᠥᠨ᠂ ᠨᠡᠩ ᠴᠤ᠌ ᠬᠠᠷᠢᠭᠤᠴᠠᠯᠭ᠎ᠠ ᠪᠤᠯᠤᠨ᠎ᠠ᠃
《ᠢᠷᠡᠭᠡᠳᠦᠢ᠎ᠳᠦ᠂ ᠪᠢ ᠦᠷᠭᠦᠯᠵᠢᠯᠡᠨ ᠤᠯᠠᠨ᠎ᠢ ᠲᠠᠭᠠᠭᠤᠯᠤᠨ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠶ᠋ᠢ ᠭᠦᠨᠵᠡᠭᠡᠢ ᠥᠷᠨᠢᠭᠦᠯᠵᠦ᠍᠂ ᠡᠬᠢ ᠪᠠᠶᠠᠯᠢᠭ᠎ᠢ ᠦᠷᠭᠦᠯᠵᠢᠯᠡᠨ ᠨᠡᠢᠳᠭᠡᠵᠦ᠍᠂ ᠦᠢᠯᠡᠴᠢᠯᠡᠭᠡᠨ᠎ᠦ ᠬᠦᠷᠢᠢ᠎ᠡ ᠪᠡᠨ ᠥᠷᠭᠡᠳᠭᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠬᠠᠢᠷ᠎ᠠ ᠬᠠᠯᠠᠮᠵᠢ᠎ᠶ᠋ᠢ ᠳᠠᠮᠵᠢᠭᠤᠯᠵᠤ᠂ ᠢᠳᠡᠪᠬᠢ ᠬᠦᠴᠦᠨ ᠢ ᠨᠢᠭ᠍ᠲᠠᠷᠠᠭᠤᠯᠤᠨ᠎ᠠ》᠃ ᠲᠡᠷᠡ᠄ 《ᠨᠡᠢᠲᠡ᠎ᠶ᠋ᠢᠨ ᠠᠰᠠᠷᠠᠮᠵᠢ ᠵᠢᠯ ᠦᠢᠯᠡᠰ ᠲᠤ᠌ ᠬᠠᠢᠷᠠᠲᠠᠢ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠌ ᠨᠡᠩ ᠤᠯᠠᠨ ᠬᠠᠨᠢᠲᠠᠨ ᠢ ᠤᠷᠢᠨ ᠣᠷᠣᠯᠴᠠᠭᠤᠯᠵᠤ᠂ ᠡᠶ᠎ᠡ ᠵᠣᠬᠢᠴᠠᠩᠭᠤᠢ ᠵᠣᠯ ᠵᠢᠷᠭᠠᠯ ᠬᠠᠯᠠᠭᠤᠨ ᠳᠤᠯᠠᠭᠠᠨ ᠬᠢᠩᠭᠠᠨ ᠢ ᠪᠦᠳᠦᠬᠡᠨ ᠪᠠᠢᠭᠤᠯᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠵᠦ᠍ ᠪᠠᠢᠨ᠎ᠠ》 ᠭᠡᠪᠡ᠃