ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠳᠥᠷᠪᠡᠨᠳ᠋ᠤ᠂ ᠦᠩ ᠦᠷᠭᠡᠨ ᠠᠯᠠᠱᠠ ᠨᠤᠳᠤᠭ ᠰᠠᠷ᠎ᠠ ᠰᠢᠨ᠎ᠠ ᠵᠢᠨ ᠬᠦᠷ ᠬᠦᠭᠵᠢᠭᠡᠨ ᠵᠢᠠᠷ ᠪᠢᠯᠬᠠᠨ᠎ᠠ᠃ ᠥᠷᠯᠥᠭᠡ ᠡᠷᠲᠡ ᠵᠢᠨ 5 ᠴᠠᠭ᠎ᠤᠨ ᠦᠶ᠎ᠠ ᠪᠡᠷ᠂ ᠠᠯᠠᠱᠠ ᠠᠢᠮᠠᠭ᠎ᠤᠨ ᠠᠯᠠᠱᠠ ᠪᠠᠷᠠᠭᠤᠨ ᠬᠣᠱᠢᠭᠤᠨ᠎ᠤ ᠠᠯᠲᠡᠠᠠᠣᠪᠣᠭᠠ ᠪᠠᠯᠭᠠᠰᠤᠨ ᠤ ᠵᠡᠯ᠎ᠡ ᠪᠥᠭᠡᠷᠡᠭ ᠭᠠᠴᠠᠭᠠᠨ ᠤ ᠮᠠᠯᠴᠢᠨ ᠡᠷᠳᠡᠨᠢᠰᠠᠩ ᠲᠡᠮᠡᠭᠡ ᠲᠡᠵᠢᠭᠡᠬᠦ᠌ ᠲᠠᠯᠠᠪᠠᠶᠳ᠋ᠠᠭᠠᠨ ᠢᠨᠭᠭᠡ ᠪᠡᠨ ᠰᠠᠭᠠᠵᠤ ᠡᠬᠢᠯᠡᠪᠡ᠃ ᠲᠡᠮᠡᠭᠡ ᠲᠡᠵᠢᠭᠡᠬᠦ᠌ ᠲᠠᠯᠠᠪᠠᠢ ᠵᠢᠨ ᠥᠨᠳᠥᠷ ᠲᠣᠮᠣ ᠪᠠᠷᠢᠮᠵᠢᠶᠠᠲᠤ ᠪᠣᠯᠣᠳ ᠪᠦᠲᠦᠴᠡ᠎ᠳᠤ ᠬᠠᠱᠢᠶᠠᠨᠳ᠋ᠡᠬᠢ ᠲᠡᠮᠡᠭᠡᠳ ᠨᠢ ᠬᠤᠳᠠ ᠪᠡᠨ ᠴᠢᠮᠡᠵᠤ ᠬᠠᠷᠠᠬᠳᠠᠨ᠎ᠠ᠃
ᠡᠷᠳᠡᠨᠢᠰᠠᠩ᠎ᠤᠨ ᠬᠢᠨ ᠲᠡᠮᠡᠭᠡ ᠲᠡᠵᠢᠭᠡᠵᠤ ᠤᠷᠤᠯᠭ᠎ᠠ ᠪᠡᠨ ᠨᠠᠮᠡᠭᠳᠡᠬᠥᠯᠬᠥ ᠬᠦᠰᠡᠯ᠎ᠢᠶᠡᠨ ᠪᠡᠶᠡᠯᠡᠭᠦᠯᠪᠡ᠃ 《ᠲᠡᠮᠡᠭᠡ ᠲᠡᠵᠢᠭᠡᠬᠦ᠌ ᠪᠣᠯ ᠮᠠᠨ᠎ᠤ ᠮᠠᠯᠴᠢᠨ ᠲᠠᠷᠢᠶᠠᠴᠢᠨ᠎ᠤ ᠪᠠᠶᠠᠵᠢᠨ ᠴᠢᠨᠡᠭᠡᠯᠢᠭ᠌ᠵᠢᠬᠦ᠌ ᠰᠠᠢᠨ ᠠᠵᠤ ᠦᠶ᠋ᠯᠡᠰ᠂ ᠣᠢᠷ᠎ᠠ᠎ᠶ᠋ᠢᠨ ᠵᠢᠯ ᠳᠦ ᠲᠡᠮᠡᠭᠡᠨ᠎ᠦ ᠠᠵᠤ ᠦᠶ᠋ᠯᠡᠰ᠎ᠢ ᠬᠥᠭ᠌ᠵᠢᠭᠦᠯᠦᠭ᠌ᠰᠡᠨ᠎ᠡᠴᠡ ᠮᠠᠨ ᠤ ᠭᠠᠴᠠᠭᠠᠨ ᠤ ᠮᠠᠰᠢ ᠣᠯᠠᠨ ᠮᠠᠯᠴᠢᠨ ᠲᠠᠷᠢᠶᠠᠴᠢᠨ ᠪᠠᠶᠠᠵᠢᠬᠤ ᠵᠠᠮ᠎ᠢᠶᠠᠷ ᠵᠠᠮᠨᠠᠭ᠍ᠰᠠᠨ ᠪᠠᠢᠨ᠎ᠠ᠃ ᠣᠲᠣ ᠪᠢ ᠡᠳᠦᠷ ᠪᠦᠷᠢ ᠪᠠᠷᠢᠮᠵᠢᠶ᠎ᠠ ᠶᠣᠰᠣᠭᠠᠷ ᠰᠦ ᠰᠠᠭᠠᠵᠤ᠂ ᠢᠨᠭᠭᠡᠨ ᠰᠦ ᠪᠡᠨ ᠬᠦᠶ᠋ᠲᠡᠨ᠎ᠢᠶᠡᠷ ᠬᠠᠳᠠᠭᠠᠯᠠᠵᠤ ᠱᠢᠨ᠎ᠡ ᠰᠣᠷᠭᠣᠭ ᠪᠣᠯᠭᠠᠭ᠍ᠰᠠᠨ᠎ᠤ ᠳᠠᠷᠠᠭ᠎ᠠ᠂ ᠢᠩᠬᠡᠨ ᠰᠦ ᠪᠣᠯᠪᠠᠰᠤᠷᠠᠭᠤᠯᠬᠤ ᠠᠵᠤ ᠠᠬᠤᠢᠯᠠᠯ᠎ᠳᠤ ᠪᠣᠷᠣᠯᠠᠭᠤᠯᠵᠦ ᠪᠤᠢ》 ᠭᠡᠵᠤ ᠡᠷᠳᠡᠨᠢᠰᠠᠩ ᠰᠤᠷᠪᠤᠯᠵᠢᠯᠠᠭ᠍ᠴᠢ᠎ᠳᠤ ᠲᠠᠨᠢᠯᠴᠠᠭᠤᠯᠤᠨ᠎ᠠ᠃
ᠡᠷᠳᠡᠨᠢᠰᠠᠩ ᠤᠨ ᠭᠢᠨ 200 ᠭᠠᠷᠤᠢ ᠲᠡᠮᠡᠭᠡ ᠲᠡᠵᠢᠭᠡᠵᠦ᠍᠂ ᠣᠯᠠᠩᠬᠢ ᠨᠢ ᠢᠩᠭᠡ ᠪᠠᠢᠵᠤ᠂ ᠲᠡᠷᠡ ᠪᠡᠷ ᠰᠡᠳᠭᠢᠯ ᠲᠠᠯᠪᠢᠨ ᠠᠷᠠᠴᠢᠯᠠᠨ ᠲᠡᠵᠢᠭᠡᠭᠰᠡᠨ ᠵᠢᠡᠷ ᠢᠩᠭᠡ ᠨᠢ ᠲᠠᠷᠭᠤ ᠬᠦᠴᠦ᠍ ᠰᠠᠢᠲᠠᠢ ᠪᠤᠯᠵᠤ᠂ ᠵᠢᠯ ᠤᠨ ᠣᠷᠣᠯᠭ᠎ᠠ ᠨᠢ 20 ᠭᠠᠷᠤᠢ ᠲᠦᠮᠡᠨ ᠲᠥᠭᠥᠷᠢᠭ᠎ᠲᠦ ᠬᠦᠷᠴᠡᠢ᠃
《ᠮᠠᠨ ᠤ᠋ ᠭᠢᠨ 50 ᠭᠠᠷᠤᠢ ᠢᠩᠬᠡ ᠡᠴᠡ ᠪᠠᠨ ᠡᠳᠦᠷ᠎ᠲᠦ 150 ᠺᠢᠯᠣᠭ᠌ᠷᠠᠮ ᠣᠷᠴᠢᠮ ᠰᠦ ᠰᠠᠭᠠᠵᠦ ᠪᠤᠢ》 ᠭᠡᠵᠦ᠍ ᠡᠷᠳᠡᠨᠢᠰᠠᠩ ᠶᠠᠷᠢᠨ᠎ᠠ ᠃
ᠥᠷᠯᠥᠭᠡ᠎ᠶ᠋ᠢᠨ 7 ᠴᠠᠭ ᠭᠠᠷᠤᠶ᠎ᠳᠤ᠂ ᠡᠷᠳᠡᠨᠢᠰᠠᠩ ᠰᠠᠶᠢᠬᠠᠨ ᠰᠠᠭᠠᠭ᠍ᠰᠠᠨ ᠱᠢᠨ᠎ᠡ ᠰᠦ ᠪᠡᠨ ᠲᠤᠰᠭᠠᠶ ᠰᠦ ᠵᠢᠨ ᠰᠠᠪᠠᠨ᠎ᠳᠤ ᠰᠠᠪᠠᠯᠠᠵᠤ᠂ ᠬᠡᠷ᠎ᠡᠴᠡ᠎ᠪᠡᠨ 30 ᠺᠢᠯᠣᠮᠧᠲ᠋ᠷ ᠵᠠᠢᠲᠠᠶ ᠪᠠᠢᠭ᠎ᠠ ᠢᠨᠭᠭᠡᠨ ᠰᠦ ᠦᠶ᠋ᠯᠡᠳᠪᠦᠷᠢᠯᠡᠬᠦ᠌ ᠠᠵᠤ ᠠᠬᠤᠢᠯᠠᠯ᠎ᠳᠤ ᠬᠦᠷᠭᠡᠪᠡ᠃
ᠡᠷᠳᠡᠨᠢᠰᠠᠩ᠄《ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠰᠦ ᠵᠢᠨ ᠪᠣᠷᠣᠯᠠᠭᠤᠯᠭ᠎ᠠ ᠪᠤᠯᠤᠨ ᠱᠢᠨ᠎ᠡ ᠰᠣᠷᠭᠣᠭ᠎ᠢ ᠪᠠᠲᠤᠯᠠᠬᠤ ᠪᠣᠯ ᠮᠠᠨ᠎ᠤ ᠮᠠᠯᠴᠢᠳ᠎ᠤᠨ ᠬᠠᠮᠤᠭ᠎ᠤᠨ ᠶᠡᠬᠡ ᠰᠠᠨᠠᠭᠠᠱᠢᠷᠠᠯ ᠪᠣᠯᠤᠨ᠎ᠠ᠂ ᠡᠨᠡ ᠵᠢᠯ᠎ᠤᠨ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠢᠨᠭᠭᠡᠨ ᠰᠦ ᠬᠤᠷᠢᠶᠠᠬᠤ ᠺᠣᠮᠫᠠᠨᠢ ᠴᠤ᠌ ᠠᠮᠠᠷᠠᠯᠲᠠ ᠲᠠᠯᠪᠢᠬᠤ ᠪᠡᠨ ᠪᠤᠯᠢᠵᠦ᠂ ᠦᠶ᠋ᠯᠡᠳᠪᠦᠷᠢᠯᠡᠯ ᠵᠢᠡᠨ ᠵᠣᠭ᠍ᠰᠣᠬᠰᠠᠨ ᠥᠬᠡᠶ ᠶᠤᠮ᠃ ᠡᠨᠡ᠎ᠨᠢ ᠪᠢᠳᠠᠨᠤᠰ ᠲᠸ᠋ ᠤᠷᠤᠯᠭ᠎ᠠ ᠪᠡᠨ ᠨᠡᠮᠡᠭᠳᠡᠬᠦᠯᠬᠦ ᠵᠠᠪᠰᠢᠶᠠᠨ ᠬᠠᠩᠭᠠᠵᠠᠢ》 ᠭᠡᠪᠡ᠃
《ᠴᠠᠭᠠᠨ ᠰᠠᠷ᠎ᠠ ᠵᠢᠨ ᠬᠤᠭᠤᠴᠠᠭᠠᠨ ᠳ᠋ᠤ ᠴᠤ᠌ ᠡᠳᠦᠷ ᠪᠤᠯᠭᠠᠨ ᠦᠷ ᠴᠠᠢᠬᠤ᠎ᠡᠴᠡ ᠡᠮᠦᠨ᠎ᠡ ᠪᠣᠰᠴᠤ᠌ ᠢᠩᠭᠡ ᠰᠠᠭᠠᠵᠤ᠂ ᠰᠦ ᠪᠡᠨ ᠬᠦᠷᠭᠡᠨ᠎ᠡ᠂ ᠬᠡᠳᠦᠢᠪᠡᠷ ᠵᠢᠭᠠᠬᠠᠨ ᠵᠦᠳᠡᠷᠡᠯᠲᠡᠢ ᠪᠣᠯᠪᠠᠴᠤ᠌ ᠲᠤᠩ ᠵᠢᠷᠭᠠᠯ᠎ᠲᠠᠢ ᠰᠠᠨᠠᠭ᠍ᠳᠠᠨ᠎ᠠ》 ᠭᠡᠵᠦ᠍ ᠡᠷᠳᠡᠨᠢᠰᠠᠩ ᠬᠡᠯᠡᠨ᠎ᠠ᠃
ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ 《ᠳᠤᠮᠳᠠᠳᠤ ᠤᠯᠤᠰ᠎ᠤᠨ ᠢᠩᠭᠡᠨ ᠰᠦ ᠶ᠋ᠢᠨ ᠨᠤᠲᠤᠭ》 ᠬᠡᠮᠡᠭᠳᠡᠭᠰᠡᠨ ᠠᠯᠠᠱᠠ ᠪᠠᠷᠠᠭᠤᠨ ᠬᠣᠱᠢᠭᠤᠨ᠎ᠳᠤ᠂ ᠲᠡᠮᠡᠭᠡ ᠲᠡᠵᠢᠭᠡᠵᠦ ᠪᠠᠢᠭ᠎ᠠ ᠡᠷᠦᠬᠡ ᠪᠦᠷᠢ ᠡᠷᠳᠡᠨᠢᠰᠠᠩ ᠱᠢᠭ᠋ ᠶᠠᠭᠠᠷᠠᠯᠲᠠᠢ ᠪᠠᠢᠵᠤ᠂ ᠢᠩᠭᠡᠨ ᠰᠦ ᠦᠶ᠋ᠯᠡᠳᠪᠦᠷᠢᠯᠡᠬᠦ᠌ ᠠᠵᠤ ᠠᠬᠤᠢᠯᠠᠯ ᠴᠤ᠌ ᠴᠠᠭ ᠨᠡᠮᠡᠵᠦ᠍ ᠠᠵᠢᠯᠯᠠᠨ ᠦᠶ᠋ᠯᠡᠳᠪᠦᠷᠢᠯᠡᠵᠦ᠍ ᠪᠣᠷᠣᠯᠠᠭᠤᠯᠵᠠᠢ᠃
ᠠᠯᠠᠱᠠ ᠪᠠᠷᠠᠭᠤᠨ ᠬᠣᠱᠢᠭᠤᠨ᠎ᠤ ᠱᠧᠨ ᠲᠦᠸᠧ ᠰᠦ ᠵᠢᠨ ᠦᠶ᠋ᠯᠡᠰ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠦᠶ᠋ᠯᠡᠳᠪᠦᠷᠢᠯᠡᠯ᠎ᠦᠨ ᠲᠠᠰᠤᠭ᠎ᠲᠤ᠂ ᠠᠦ᠋ᠲ᠋ᠣᠴᠢᠯᠠᠭ᠍ᠰᠠᠨ ᠲᠥᠬᠥᠭᠡᠷᠦᠮᠵᠢ ᠳᠡᠭᠡᠳᠦ ᠬᠤᠷᠳᠤᠴᠠ᠎ᠪᠠᠷ ᠠᠵᠢᠯᠯᠠᠵᠤ᠂ ᠱᠢᠨ᠎ᠡ ᠰᠣᠷᠭᠣᠭ ᠢᠩᠭᠡᠨ ᠰᠦ ᠱᠦᠭᠦᠷᠡᠭᠦᠯᠬᠦ᠌᠂ ᠪᠠᠺᠲ᠋ᠧᠷᠢ ᠠᠯᠠᠬᠤ᠂ ᠠᠭ᠍ᠰᠢᠭᠠᠬᠤ᠂ ᠬᠠᠳᠠᠭᠠᠬᠤ ᠵᠡᠷᠭᠡ ᠣᠯᠠᠨ ᠵᠦᠶ᠋ᠯ᠎ᠦᠨ ᠠᠵᠢᠯ᠎ᠤᠨ ᠳᠠᠷᠠᠭᠠᠯᠠᠯ᠎ᠢ ᠥᠩᠭᠡᠷᠡᠭᠦᠯᠵᠦ᠍᠂ ᠬᠤᠷᠤᠮᠬᠠᠨ ᠵᠠᠭᠤᠷ᠎ᠠ ᠵᠢᠨ ᠬᠤᠭᠤᠴᠠᠭᠠᠨ ᠳ᠋ᠤ ᠣᠷᠭᠠᠨᠢᠭ ᠢᠩᠭᠡᠨ ᠰᠦᠨ ᠲᠠᠯᠬ᠎ᠠ᠂ ᠣᠷᠭᠠᠨᠢᠭ ᠢᠩᠭᠡᠨ ᠤᠭᠤᠷᠠᠭ᠋ ᠵᠡᠷᠭᠡ 20 ᠭᠠᠷᠤᠶ ᠵᠦᠶ᠋ᠯ᠎ᠦᠨ ᠳᠡᠭᠡᠳᠦ ᠲᠠᠰ᠎ᠤᠨ ᠤᠢᠯᠡᠳᠬᠥᠨ ᠪᠣᠯᠭᠠᠨ ᠬᠤᠪᠢᠷᠠᠭᠤᠯᠵᠤ ᠪᠤᠢ᠃
《 ᠪᠢᠳᠡ ᠥᠷᠯᠥᠭᠡ ᠪᠦᠷᠢ 8 ᠴᠠᠭ᠎ᠡᠴᠡ ᠡᠬᠢᠯᠡᠨ ᠰᠦ ᠬᠤᠷᠢᠶᠠᠵᠤ᠂ ᠶᠡᠷᠦ᠍᠎ᠳᠡᠭᠡᠨ ᠦᠳᠡ᠎ᠶ᠋ᠢᠨ ᠬᠣᠢᠨᠠᠬᠢ 3 ᠴᠠᠭ ᠪᠣᠯᠲᠠᠯ᠎ᠠ ᠡᠵᠡᠩᠨᠡᠯᠳᠠ ᠬᠢᠳᠡᠭ᠂ ᠤᠷᠴᠢᠮ ᠡᠳᠦᠷ᠎ᠲᠦ 20 ᠲᠣᠨ ᠣᠷᠴᠢᠮ ᠢᠩᠬᠡᠨ ᠰᠦ ᠬᠤᠷᠢᠶᠠᠵᠦ ᠪᠤᠢ》 ᠭᠡᠵᠦ᠍ ᠺᠣᠮᠫᠠᠨᠢ᠎ᠶ᠋ᠢᠨ ᠠᠯᠪᠠᠨ ᠭᠡᠷ᠎ᠦᠨ ᠡᠷᠬᠢᠯᠡᠭ᠌ᠴᠢ ᠰᠦᠨ ᠸᠧᠢ ᠲᠠᠨᠢᠯᠴᠠᠭᠤᠯᠪᠠ᠃
ᠲᠠᠨᠢᠯᠴᠠᠭᠤᠯᠤᠭ᠍ᠰᠠᠨ᠎ᠢᠶᠠᠷ᠂ ᠠᠯᠠᠱᠠ ᠪᠠᠷᠠᠭᠤᠨ ᠬᠣᠱᠢᠭᠤᠨ᠎ᠤ ᠱᠧᠨ ᠲᠦᠸᠧ ᠰᠦ ᠵᠢᠨ ᠦᠶ᠋ᠯᠡᠰ᠎ᠦᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠲᠤᠬᠠᠶ᠎ᠶ᠋ᠢᠨ ᠭᠠᠵᠠᠷ᠎ᠤᠨ ᠢᠨᠭᠭᠡᠨ ᠰᠦ ᠶ᠋ᠢᠨ ᠴᠢᠨᠠᠷ ᠰᠠᠢᠲᠠᠶ ᠡᠬᠢ ᠪᠠᠶᠠᠯᠢᠭ᠎ᠲᠤ ᠲᠦᠱᠢᠭ᠌ᠯᠡᠨ᠂ ᠦᠶ᠋ᠯᠡᠳᠬᠦᠨ᠎ᠢᠶᠡᠨ ᠲᠣᠰ ᠭᠠᠵᠠᠷ᠎ᠤᠨ ᠵᠠᠬ᠎ᠠ ᠳᠡᠯᠭᠡᠭᠦᠷ᠎ᠲᠦ ᠬᠠᠩᠭᠠᠭ᠍ᠰᠠᠨ᠎ᠢᠶᠠᠷ ᠪᠠᠷᠠᠬᠤ ᠥᠬᠡᠶ ᠪᠠᠰᠠ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢᠨ ᠠᠷᠭ᠎ᠠ ᠵᠠᠮ᠎ᠢᠶᠠᠷ ᠳᠠᠮᠵᠢᠨ ᠪᠥᠬᠥ᠌ ᠤᠯᠤᠰ᠎ᠤᠨ 30 ᠭᠠᠷᠤᠶ ᠮᠤᠵᠢ ᠣᠷᠣᠨ ᠬᠣᠲᠠ᠎ᠳᠤ ᠪᠣᠷᠣᠯᠠᠭᠤᠯᠵᠤ᠂ 300 ᠭᠠᠷᠤᠶ ᠲᠡᠵᠢᠭᠡᠨ ᠦᠷᠡᠵᠢᠭᠦᠯᠬᠦ᠌ ᠡᠷᠦᠬᠡ᠎ᠶ᠋ᠢ ᠳᠠᠢᠴᠢᠯᠠᠨ ᠣᠷᠣᠯᠭ᠎ᠠ᠎ᠶ᠋ᠢ᠎ᠨᠢ ᠲᠣᠭ᠍ᠲᠠᠭᠤᠨ᠎ᠢᠶᠠᠷ ᠨᠡᠮᠡᠭ᠌ᠳᠡᠭᠦᠯᠪᠡ᠃ ᠣᠳᠣᠬᠠᠨ᠎ᠳᠤ᠂ ᠲᠣᠰ ᠺᠣᠮᠫᠠᠨᠢ ᠵᠢᠯ᠎ᠳᠦ 18000 ᠲᠣᠨ ᠢᠨᠭᠭᠡᠨ ᠰᠦ ᠵᠢ ᠨᠠᠷᠢᠯᠢᠭ ᠡᠳ᠋ᠱᠢᠭᠦᠯᠬᠦ᠌ 2 ᠵᠤᠷᠪᠤᠰ ᠦᠶ᠋ᠯᠡᠳᠪᠦᠷᠢᠯᠡᠯ᠎ᠦᠨ ᠱᠤᠭᠤᠮ ᠢ ᠪᠠᠢᠭᠤᠯᠵᠦ᠂ ᠢᠨᠭᠭᠡᠨ ᠰᠦ ᠵᠢᠨ ᠫᠧᠫᠲ᠋ᠢᠳ᠋ ᠦᠨ 1 ᠵᠤᠷᠪᠤᠰ ᠦᠶ᠋ᠯᠡᠳᠪᠦᠷᠢᠯᠡᠯ᠎ᠦᠨ ᠱᠤᠭᠤᠮ ᠵᠢᠴᠢ ᠢᠨᠭᠭᠡᠨ ᠰᠦ ᠵᠢᠨ ᠦᠶ᠋ᠯᠡᠳᠬᠦᠨ᠎ᠦ 1 ᠵᠤᠷᠪᠤᠰ ᠦᠶ᠋ᠯᠡᠳᠪᠦᠷᠢᠯᠡᠯ᠎ᠦᠨ ᠱᠤᠭᠤᠮ᠎ᠲᠠᠶ ᠪᠤᠯᠵᠠᠢ᠃ 2025 ᠣᠨ᠎ᠳᠤ᠂ ᠲᠣᠰ ᠺᠣᠮᠫᠠᠨᠢ 8000 ᠭᠠᠷᠤᠶ ᠲᠣᠨ ᠢᠨᠭᠭᠡᠨ ᠰᠦ ᠬᠤᠳᠠᠯᠳᠤᠨ ᠠᠪᠴᠤ᠌᠂ 1000 ᠭᠠᠷᠤᠶ ᠲᠣᠨ ᠰᠦᠨ ᠲᠠᠯᠬ᠎ᠠ ᠦᠶ᠋ᠯᠡᠳᠪᠦᠷᠢᠯᠡᠵᠦ᠍᠂ ᠦᠶ᠋ᠯᠡᠳᠬᠦᠨ᠎ᠦ ᠲᠥᠷᠥᠯ ᠵᠦᠶ᠋ᠯ᠎ᠨᠢ ᠵᠠᠭᠤ ᠭᠠᠷᠤᠶ ᠵᠦᠶ᠋ᠯ᠎ᠳᠦ ᠬᠦᠷᠴᠡᠶ᠃
ᠣᠢᠯᠠᠭᠠᠭ᠍ᠰᠠᠨ᠎ᠢᠶᠠᠷ᠂ ᠣᠢᠷ᠎ᠠ᠎ᠶ᠋ᠢᠨ ᠵᠢᠯ᠎ᠳᠦ ᠲᠣᠰ ᠬᠣᠱᠢᠭᠤ ᠰᠦ ᠵᠢᠨ ᠦᠨ᠎ᠡ᠎ᠶ᠋ᠢᠨ ᠨᠥᠬᠥᠪᠥᠷᠢ᠂ ᠬᠠᠱᠢᠶ᠎ᠠ ᠰᠠᠷᠠᠪᠴᠢ᠎ᠶ᠋ᠢᠨ ᠨᠥᠬᠥᠪᠥᠷᠢ᠂ ᠲᠡᠮᠡᠭᠡᠨ᠎ᠦ ᠳᠠᠭᠠᠳᠭᠠᠯ ᠵᠡᠷᠭᠡ ᠠᠯᠢ ᠣᠯᠠᠨ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠮᠠᠯᠴᠢᠨ ᠲᠠᠷᠢᠶᠠᠴᠢᠨ᠎ᠤ ᠲᠡᠮᠡᠭᠡ ᠲᠡᠵᠢᠭᠡᠬᠦ᠌ ᠢᠳᠡᠪᠬᠢᠵᠢᠯ᠎ᠢ ᠬᠥᠭ᠌ᠵᠢᠭᠡᠵᠦ᠍᠂ ᠳᠠᠭᠠᠭᠤᠯᠤᠭ᠍ᠴᠢ ᠠᠵᠤ ᠠᠬᠤᠢᠯᠠᠯ᠎ᠤᠨ ᠵᠢᠱ᠌ᠢᠶ᠎ᠡ ᠦᠵᠡᠭᠦᠯᠦᠨ ᠳᠠᠢᠴᠢᠯᠠᠬᠤ᠎ᠪᠠᠷ ᠳᠠᠮᠵᠢᠨ᠂ ᠵᠢᠷᠤᠮᠵᠢᠭ᠍ᠰᠠᠨ ᠲᠡᠮᠡᠭᠡ ᠲᠡᠵᠢᠭᠡᠨ ᠦᠷᠡᠵᠢᠭᠦᠯᠬᠦ᠌ ᠱᠢᠰᠲ᠋ᠧᠮ ᠢ ᠢᠳᠡᠪᠬᠢᠲᠡᠶ ᠪᠠᠢᠭᠤᠯᠵᠤ᠂ ᠣᠶᠤᠨᠴᠢ ᠮᠠᠯᠵᠢᠯ᠎ᠤᠨ ᠲᠠᠯᠠᠪᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠲᠡᠮᠡᠭᠡᠨ᠎ᠤ ᠠᠵᠤ ᠦᠶ᠋ᠯᠡᠰ ᠦᠨ ᠬᠡᠪᠴᠢᠶ᠎ᠡ᠎ᠶ᠋ᠢ ᠬᠥᠭ᠌ᠵᠢᠭᠦᠯᠦᠨ ᠪᠤᠵᠠᠭᠠᠢᠷᠠᠭᠤᠯᠵᠤ᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠡᠴᠦᠰ ᠪᠣᠯᠬᠤ᠎ᠳᠤ ᠂ ᠲᠣᠰ ᠬᠣᠱᠢᠭᠤᠨ᠎ᠤ ᠬᠤᠤᠰ ᠪᠥᠬᠥᠲᠦ ᠲᠡᠮᠡᠭᠡᠨ᠎ᠦ ᠲᠣᠭ᠎ᠠ 8 ᠲᠦᠮᠡ ᠳᠦ ᠬᠦᠷᠴᠦ᠍᠂ ᠢᠨᠭᠭᠡᠨ ᠰᠦ ᠵᠢᠨ ᠵᠢᠯ᠎ᠦᠨ ᠭᠠᠷᠤᠯᠲᠠ 1.5 ᠲᠦᠮᠡᠨ ᠲᠣᠨ᠎ᠢ ᠳᠠᠪᠠᠵᠤ᠂ ᠲᠡᠮᠡᠭᠡᠨ᠎ᠤ ᠠᠵᠤ ᠦᠶ᠋ᠯᠡᠰ᠎ᠦᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠦᠶ᠋ᠯᠡᠳᠬᠦᠨ᠎ᠦ ᠥᠷᠲᠡᠭ 25 ᠳ᠋ᠦᠩᠱᠢᠭᠤᠷ ᠲᠥᠭᠥᠷᠢᠭ᠎ᠲᠦ ᠬᠦᠷᠴᠡᠶ᠃