ᠲᠠᠮᠢᠷ᠎ᠤᠨ ᠬᠦᠳᠡᠯᠭᠡᠭᠡᠨ᠎ᠳᠦ ᠤᠷᠤᠯᠴᠠᠵᠤ ᠪᠠᠶᠠᠷ᠎ᠤᠨ ᠡᠳᠦᠷ᠎ᠢᠶᠡᠨ ᠤᠳᠬ᠎ᠠ ᠠᠭᠤᠯᠭ᠎ᠠ ᠲᠠᠢ ᠦᠩᠬᠡᠷᠡᠬᠦᠯᠦᠨ᠎ᠡ
2026-02-23 10:55:29
ᠵᠣᠬᠢᠶᠠᠭ᠍ᠴᠢ᠄
ᠴᠠᠶ ᠰᠧ ᠶᠤᠸᠠᠨ
ᠣᠩᠱᠢᠭ᠍ᠰᠠᠨ ᠣᠳᠠᠭ᠎ᠠ᠄
★★★☆☆

ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠭᠤᠷᠪᠠᠨ᠎ᠤ ᠥᠷᠯᠥᠭᠡ ᠡᠷᠳᠡ᠂ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠣᠷᠳᠣᠨ ᠎ᠤ᠋ ᠡᠭᠦᠳᠡᠨ᠎ᠳᠦ ᠲᠡᠮᠢᠷ᠎ᠤᠨ ᠬᠦᠳᠡᠯᠬᠡᠬᠡᠨ᠎ᠤ ᠪᠠᠬᠠᠳᠠᠳ ᠮᠥᠷᠯᠡᠨ ᠵᠢᠭ᠍ᠰᠠᠵᠤ᠂ ᠡᠬᠦᠳᠡ ᠨᠡᠬᠡᠬᠡᠬᠦ ᠵᠢ ᠬᠦᠯᠢᠶᠡᠵᠡᠭᠡᠨ᠎ᠡ᠃ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠣᠷᠳᠣᠨ 《ᠡᠷᠡᠭᠦᠯ ᠮᠡᠨᠳᠦ ᠬᠦᠷᠭᠡᠵᠦ᠂ ᠵᠥᠩᠨᠡᠯ ᠳᠡᠪᠱᠢᠭᠦᠯᠦᠶ᠎ᠡ》 ᠭᠡᠬᠥ ᠠᠷᠠᠳ᠎ᠲᠤ ᠠᠱᠢᠭ ᠬᠦᠷᠲᠡᠭᠡᠬᠦ᠌ ᠱᠢᠷᠢᠰ ᠠᠵᠢᠯᠯᠠᠭ᠎ᠠ ᠵᠢ ᠥᠷᠨᠢᠭᠦᠯᠦᠭᠰᠡᠨ ᠪᠦᠬᠡᠳ ᠲᠤᠬᠠᠶ᠎ᠶ᠋ᠢᠨ ᠲᠠᠯᠠᠪᠤᠷ ᠲᠤ᠌᠎ᠬᠦᠷᠦᠯᠴᠡᠨ ᠢᠷᠡᠭᠰᠡᠨ ᠬᠦᠮᠦᠰ᠎ᠲᠦ ᠱᠢᠨ᠎ᠡ ᠵᠢᠯ᠎ᠦᠨ ᠪᠡᠯᠡᠭ ᠬᠦᠷᠭᠡᠵᠦ᠂ ᠲᠠᠮᠢᠷ᠎ᠤᠨ ᠬᠥᠳᠡᠯᠭᠡᠭᠡᠨ᠎ᠳᠦ ᠪᠠᠬᠠᠲᠠᠶ ᠬᠥᠮᠦᠨ ᠨᠢᠭᠡᠪᠦᠷᠢ᠎ᠳᠦ ᠪᠠᠶᠠᠷ᠎ᠤᠨ ᠡᠳᠦᠷ᠎ᠦᠨ ᠬᠠᠯᠠᠭᠤᠨ ᠳᠤᠯᠠᠭᠠᠨ ᠪᠠ ᠬᠠᠢᠷ᠎ᠠ ᠬᠠᠯᠠᠮᠵᠢ᠎ᠶ᠋ᠢ ᠮᠡᠳᠡᠷᠡᠭᠦᠯᠪᠡ᠃

《ᠥᠩᠭᠡᠷᠡᠭ᠌ᠰᠡᠨ ᠳ᠋ᠤ ᠴᠠᠭᠠᠨ ᠰᠠᠷ᠎ᠠ᠎ᠶ᠋ᠢ ᠶᠡᠷᠦ ᠨᠢ ᠢᠳᠡᠵᠦ᠍ ᠤᠤᠭᠤᠭᠠᠳ ᠯᠡ ᠥᠩᠭᠡᠷᠡᠭᠦᠯᠵᠦ᠍ ᠪᠠᠢᠵᠠᠢ᠂ ᠡᠨᠡ ᠵᠢᠯ ᠲᠠᠮᠢᠷ᠎ᠤᠨ ᠣᠷᠳᠣᠨ᠎ᠳᠤ ᠢᠷᠡᠵᠦ᠍ ᠲᠠᠮᠢᠷ᠎ᠤᠨ ᠬᠥᠳᠡᠯᠭᠡᠭᠡᠨ ᠬᠢᠵᠦ᠍ ᠡᠷᠡᠭᠦᠯ ᠴᠢᠭᠢᠷᠠᠭ ᠬᠡᠯᠪᠡᠷᠢ᠎ᠪᠡᠷ ᠱᠢᠨ᠎ᠡ ᠨᠢᠭᠡ ᠵᠢᠯ᠎ᠢᠶᠡᠨ ᠡᠬᠢᠯᠡᠭᠦᠯᠦᠯ᠎ᠡ᠂ ᠡᠭᠦᠨ᠎ᠢᠶᠡᠷ ᠪᠠᠷᠠᠬᠤ ᠦᠭᠡᠢ ᠪᠠᠰᠠ ᠴᠠᠭᠠᠨ ᠰᠠᠷ᠎ᠠ᠎ᠶ᠋ᠢᠨ ᠪᠡᠯᠡᠭ ᠳᠤᠰᠴᠤ ᠮᠠᠰᠢ ᠶᠡᠬᠡ ᠪᠠᠶᠠᠷᠯᠠᠵᠡᠢ》 ᠭᠡᠵᠦ᠍ ᠳᠠᠮᠢᠷ᠎ᠤᠨ ᠣᠷᠳᠣᠨ ᠎ᠳᠤ ᠫᠢᠩᠫᠠᠩ ᠪᠥᠮᠪᠥᠭᠡ ᠨᠠᠭᠠᠳᠴᠤ᠌ ᠪᠠᠢᠬᠰᠠᠨ ᠬᠣᠲᠠ᠎ᠶ᠋ᠢᠨ ᠠᠷᠠᠳ ᠵᠤᠤ ᠨᠠᠨ ᠬᠡᠯᠡᠪᠡ᠃

ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ᠎ᠳᠤ ᠨᠡᠢᠲᠡ 130 ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠣᠷᠳᠣᠨ ᠴᠠᠭ ᠬᠤᠪᠢᠶᠠᠨ ᠣᠯᠠᠨ ᠲᠦᠮᠡᠨ᠎ᠡᠴᠨ ᠰᠦᠶ᠋ᠳᠭᠡᠯ ᠬᠤᠷᠢᠶᠠᠬᠤ ᠥᠬᠡᠶ ᠪᠤᠶᠤ ᠬᠢᠮᠳᠠ ᠰᠦᠶ᠋ᠳᠭᠡᠯ ᠬᠤᠷᠢᠶᠠᠬᠤ ᠬᠡᠯᠪᠡᠷᠢ ᠪᠡᠷ ᠴᠢᠯᠥᠭᠡᠲᠡᠶ ᠨᠡᠭᠡᠭᠡᠭᠰᠡᠨ᠎ᠢᠶᠡᠷ ᠦᠷᠬᠡᠨ ᠤᠯᠠᠨ ᠬᠣᠲᠠ᠎ᠶ᠋ᠢᠨ ᠠᠷᠠᠳ ᠬᠦᠷᠦᠯᠴᠡᠨ ᠢᠷᠡᠵᠡᠬᠡᠵᠦ᠍ ᠪᠡᠶ᠎ᠡ ᠪᠠᠨ ᠪᠣᠯᠪᠠᠰᠤᠷᠠᠭᠤᠯᠵᠤ᠂ ᠲᠠᠮᠢᠷ᠎ᠤᠨ ᠬᠥᠳᠡᠯᠭᠡᠭᠡᠨ ᠬᠢᠵᠦ ᠬᠠᠭᠤᠴᠢᠨ ᠵᠢᠯ᠎ᠢᠶᠡᠨ ᠦᠳᠡᠵᠦ᠍ ᠱᠢᠨ᠎ᠡ ᠵᠢᠯ᠎ᠢᠶᠡᠨ ᠤᠭ᠍ᠲᠤᠵᠠᠭᠠᠪᠠ᠃

ᠴᠠᠭᠠᠨ ᠰᠠᠷ᠎ᠠ ᠵᠢᠨ ᠠᠮᠠᠷᠠᠯᠳᠠ ᠪᠡᠷ ᠳᠠᠮᠢᠷ᠎ᠤᠨ ᠬᠦᠳᠡᠯᠭᠡᠭᠡᠨ᠎ᠳᠦ ᠤᠷᠤᠯᠴᠠᠬᠤ ᠨᠢ ᠱᠢᠨ᠎ᠡ ᠬᠡᠪ ᠰᠤᠷᠲᠠᠯ ᠪᠤᠯᠵᠤ ᠪᠤᠢ᠂ ᠲᠤᠨᠤᠭ ᠲᠥᠬᠥᠭᠡᠷᠦᠮᠵᠢ ᠪᠦᠷᠢᠨ ᠲᠡᠭᠦᠯᠳᠡᠷ ᠲᠠᠯᠠᠪᠠᠢ ᠣᠷᠳᠣᠨ ᠡᠴᠡ ᠠᠪᠤᠭᠠᠳ ᠮᠥᠩᠭᠥᠨ ᠴᠠᠭᠠᠨ ᠴᠠᠰᠤᠲᠤ ᠲᠠᠯ᠎ᠠ ᠬᠦᠷᠲᠡᠯ᠎ᠡ᠂ ᠨᠠᠷᠬᠢᠶᠠᠨ ᠬᠦᠭᠵᠢᠶᠡᠨ ᠲᠠᠢ ᠪᠦᠭᠡᠳ ᠲᠦᠷᠦᠯ ᠬᠡᠯᠪᠡᠷᠢ ᠪᠠᠶᠠᠯᠢᠭ ᠪᠠᠶ᠎ᠠ ᠵᠢᠨ ᠲᠠᠮᠢᠷ᠎ᠤᠨ ᠠᠵᠢᠯᠯᠠᠭ᠎ᠠ ᠡᠯ᠎ᠡ ᠭᠠᠵᠠᠷ᠎ᠲᠤ ᠦᠷᠬᠡᠨ᠎ᠢᠶᠡᠷ ᠶᠠᠪᠤᠬᠳᠠᠪᠠ᠃ ᠴᠠᠭᠠᠨ ᠰᠠᠷ᠎ᠠ᠎ᠶ᠋ᠢᠨ ᠡᠮᠤᠨ᠎ᠠ ᠬᠤᠢᠨ᠎ᠠ᠂ ᠥᠪᠥᠷ ᠮᠣᠩᠭᠣᠯ᠎ᠤᠨ ᠡᠯ᠎ᠡ ᠭᠠᠵᠠᠷ᠎ᠤᠨ᠎ᠬᠢᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠷᠤᠯᠳᠤᠭᠠᠨ ᠵᠢᠴᠢ ᠪᠣᠯᠪᠠᠰᠤᠷᠠᠯ᠎ᠢ 90 ᠭᠠᠷᠤᠶ ᠲᠠᠯᠠᠪᠤᠷ ᠵᠣᠬᠢᠶᠠᠨ ᠪᠠᠢᠭᠤᠯᠵᠤ᠂ ᠥᠷᠢᠰᠥᠯᠳᠦᠭᠡᠨ᠎ᠦ ᠣᠷᠭᠢᠯᠤᠮ᠎ᠠ ᠬᠠᠯᠠᠭᠤᠨ ᠰᠡᠳᠭᠢᠯᠭᠡ ᠵᠢ ᠬᠣᠲᠠ᠎ᠶ᠋ᠢᠨ ᠠᠮᠢᠳᠤᠷᠠᠯ᠎ᠤᠨ ᠠᠢᠵᠠᠮ᠂ ᠪᠠᠶᠠᠷ ᠳᠤᠷᠠᠰᠭᠠᠯ᠎ᠤᠨ ᠵᠠᠩ ᠦᠢᠯᠡ᠎ᠲᠠᠶ ᠭᠦᠨᠵᠡᠭᠡᠶ ᠠᠭᠤᠰᠤᠯᠴᠠᠭᠤᠯᠪᠠ᠃

ᠥᠪᠥᠷ ᠮᠣᠩᠭᠣᠯ᠎ᠤᠨ ᠡᠯ᠎ᠡ ᠭᠠᠵᠠᠷ ᠲᠤ᠌ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ ᠶᠠᠪᠤᠬᠳᠠᠵᠤ ᠤᠯᠠᠨ ᠪᠦᠭᠦᠳᠡ ᠵᠢ ᠳᠠᠢᠴᠢᠯᠠᠪᠠ᠃ ᠬᠣᠲᠠ᠎ᠶ᠋ᠢᠨ ᠨᠡᠢᠭᠡᠮ ᠲᠣᠭᠣᠷᠢᠭ ᠡᠴᠡ ᠬᠦᠳᠡᠭᠡ ᠨᠤᠳᠤᠭ᠎ᠤᠨ ᠭᠠᠴᠠᠭ᠎ᠠ ᠳᠤᠰᠬᠤᠨ ᠬᠦᠷᠲᠡᠯ᠎ᠡ᠂ ᠪᠠᠢᠭᠤᠯᠭ᠎ᠠ ᠨᠢᠭᠡᠴᠢ᠎ᠡᠴᠡ ᠬᠤᠳᠠᠯᠳᠤᠭ᠎ᠠ ᠲᠡᠯᠬᠡᠬᠦᠷ ᠠᠭᠤᠳᠠᠮ ᠲᠠᠯᠠᠪᠠᠶ ᠬᠦᠷᠲᠡᠯ᠎ᠡ᠂ ᠡᠯ᠎ᠡ ᠲᠥᠷᠥᠯ᠎ᠦᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ ᠭᠠᠵᠠᠷ ᠪᠣᠯᠭᠠᠨ᠎ᠳᠦ ᠡᠷᠴᠢᠮ ᠲᠠᠢ ᠰᠠᠢᠬᠠᠨ ᠶᠠᠪᠤᠭ᠍ᠳᠠᠪᠠ᠃ ᠪᠤᠭᠤᠲᠤ ᠬᠣᠲᠠ᠎ᠶ᠋ᠢᠨ 《ᠭᠠᠷᠠᠭ᠎ᠤᠨ ᠵᠢᠷᠭᠤᠭᠠᠨ᠎ᠳᠤ ᠬᠠᠮᠲᠤ᠎ᠪᠠᠷ ᠠᠯᠬᠤᠶ᠎ᠠ》 ᠭᠡᠬᠦ ᠠᠯᠬᠤᠬᠤ ᠠᠵᠢᠯᠯᠠᠭ᠎ᠠ ᠨᠢ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ ᠦᠷᠬᠡᠨ ᠣᠯᠠᠨ ᠬᠣᠲᠠ᠎ᠶ᠋ᠢᠨ ᠠᠷᠠᠳ᠎ᠤᠨ ᠠᠩᠬᠠᠷᠤᠯ᠎ᠢ ᠲᠠᠲᠠᠪᠠ; ᠣᠷᠳᠣᠰ᠎ᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠡᠯᠪᠡᠷᠢ ᠵᠢᠨ ᠰᠢᠨ᠎ᠠ ᠵᠢᠨ ᠵᠣᠯᠭᠠᠯᠲᠠ᠂ ᠤᠯᠠᠭᠠᠨᠬᠠᠳᠠ᠎ᠶ᠋ᠢᠨ ᠦᠱᠦ᠍᠎ᠶ᠋ᠢᠨ ᠰᠣᠶᠣᠯ᠎ᠤᠨ ᠨᠠᠢᠷ ᠨᠢ ᠪᠡᠶ᠎ᠡ ᠴᠢᠭᠢᠷᠠᠭ᠍ᠵᠢᠭᠤᠯᠬᠤ ᠎ᠶ᠋ᠢ ᠠᠷᠠᠳ ᠎ᠤᠨ ᠪᠠᠶᠠᠷ ᠳᠤᠷᠠᠰᠭᠠᠯ ᠎ᠤᠨ ᠵᠠᠩ ᠦᠶ᠋ᠯᠡ᠎ᠲᠠᠶ ᠤᠶᠠᠯᠳᠤᠭᠤᠯᠪᠠ; ᠤᠯᠠᠭᠠᠨᠴᠠᠪ ᠎ᠤᠨ ᠶᠠᠩᠭᠠᠷ᠎ᠤᠨ ᠲᠣᠭᠣᠷᠢᠨ ᠲᠣᠭ᠍ᠯᠠᠯᠲᠠ᠎ᠨᠢ ᠣᠯᠠᠨ ᠲᠦᠮᠡᠨ ᠤ᠋ ᠰᠠᠢᠰᠢᠶᠠᠯ᠎ᠢ ᠤᠯᠪᠠ᠃ ᠠᠪᠠᠭ᠎ᠠ ᠬᠣᠱᠢᠭᠤᠨ᠎ᠤ ᠪᠦᠬᠡ᠎ᠶ᠋ᠢᠨ ᠤᠷᠤᠯᠳᠤᠭᠠᠨ᠂ ᠯᠢᠨ ᠾᠧ ᠲᠣᠭᠣᠷᠢᠭ᠎ᠤᠨ ᠮᠥᠰᠥ᠍ ᠴᠠᠰᠤᠨ᠎ᠳᠡᠬᠢ ᠰᠣᠨᠢᠷᠬᠠᠯᠲᠤ ᠲᠠᠮᠢᠷ᠎ᠤᠨ ᠴᠤᠭ᠍ᠯᠠᠭᠠᠨ ᠵᠡᠷᠭᠡ ᠤᠯᠠᠨ ᠲᠦᠮᠡᠨ᠎ᠲᠡᠶ ᠤᠢ᠍ᠢᠷᠠᠳᠤᠭ᠍ᠰᠠᠨ᠂ ᠤᠯᠠᠨ ᠲᠦᠮᠡᠨ᠎ᠦ ᠬᠦᠷᠢᠶᠡᠯᠡᠯ᠎ᠢ ᠣᠯᠤᠭ᠍ᠰᠠᠨ ᠤᠷᠤᠯᠳᠤᠭᠠᠨ ᠨᠢ ᠬᠤᠳᠠ ᠬᠥᠳᠡᠭᠡ᠎ᠶ᠋ᠢᠨ ᠤᠯᠠᠨ ᠲᠦᠮᠡᠨ᠎ᠳᠦ ᠪᠠᠶᠠᠷ ᠪᠠᠶᠠᠰᠤᠯ ᠠᠪᠴᠢᠷᠠᠵᠤ᠂ 《ᠪᠦᠬᠦ᠌ ᠠᠷᠠᠳ ᠎ᠤᠨ ᠪᠡᠶ᠎ᠡ ᠴᠢᠭᠢᠷᠠᠭ᠍ᠵᠢᠭᠤᠯᠬᠤ ᠬᠡᠯᠪᠡᠷᠢ ᠵᠢᠨ ᠱᠢᠨ᠎ᠡ᠎ᠶ᠋ᠢᠨ ᠵᠣᠯᠭᠠᠯᠲᠠ》 ᠵᠢ ᠦᠨᠡᠨ ᠬᠦ᠌ ᠪᠡᠶᠡᠯᠡᠭᠦᠯᠪᠡ᠃

ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ ᠨᠢ ᠨᠠᠩ ᠴᠤ᠌ ᠡᠨᠡ ᠵᠢᠯ᠎ᠦᠨ ᠬᠠᠮᠤᠭ᠎ᠤᠨ ᠬᠦᠷᠢᠶᠡᠯᠡᠯ᠎ᠲᠡᠶ 《ᠱᠢᠨ᠎ᠡ ᠵᠢᠯ᠎ᠦᠨ ᠵᠠᠩᠰᠢᠯ》 ᠪᠣᠯᠵᠠᠶ᠃ ᠮᠥᠰᠥ᠍ ᠴᠠᠰᠤᠨ᠎ᠤ ᠰᠣᠨᠢᠷᠬᠠᠯᠲᠤ ᠨᠠᠢᠷ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠮᠥᠰᠥ᠍ ᠴᠠᠰᠤᠨ᠎ᠤ ᠤᠷᠤᠯᠳᠤᠭᠠᠨ᠎ᠤ ᠥᠨᠳᠥᠷ ᠠᠭᠤᠯᠠᠨ ᠤ᠋ ᠴᠡᠨᠡᠯᠡᠯᠳᠡ᠎ᠶᠢᠨ ᠱᠢᠶ᠋ᠳᠪᠦᠷᠢᠲᠦ ᠤᠷᠤᠯᠳᠤᠭᠠᠨ᠂ ᠳᠥᠷᠪᠡᠳᠦᠭᠡᠷ ᠬᠤᠭᠤᠴᠠᠭᠠᠨ᠎ᠤ ᠣᠯᠠᠨ ᠲᠦᠮᠡᠨᠴᠢ ᠴᠡᠨᠡᠯᠡᠯᠳᠡ᠎ᠶᠢᠨ ᠤᠷᠢᠯᠭ᠎ᠠ᠎ᠶ᠋ᠢᠨ ᠤᠷᠤᠯᠳᠤᠭᠠᠨ ᠵᠡᠷᠭᠡ ᠢᠳᠡ ᠬᠦᠭ ᠳᠠᠢ ᠶᠠᠪᠤᠭ᠍ᠳᠠᠵᠤ᠂ ᠲᠤᠰᠭᠠᠶ ᠮᠡᠷᠭᠡᠵᠢᠯ᠎ᠦᠨ ᠪᠠ ᠳᠤᠷ᠎ᠠ ᠰᠣᠨᠢᠷᠬᠠᠯ᠎ᠤᠨ ᠤᠷᠤᠯᠳᠤᠭᠠᠨ ᠤ᠋ ᠵᠠᠮ᠎ᠢ ᠵᠡᠷᠭᠡ ᠪᠡᠷ ᠨᠡᠭᠡᠭᠡᠵᠦ᠍᠂ ᠴᠡᠨᠡᠯᠡᠯᠳᠡ᠎ᠳᠦ ᠪᠠᠬᠠᠲᠠᠢ ᠬᠦᠮᠦᠰ᠎ᠢ ᠪᠠᠶᠠᠰᠬᠠᠵᠤ᠂ ᠮᠥᠰᠥ᠍ ᠴᠠᠰᠤᠨ᠎ᠤ ᠵᠤᠭ᠎ᠠ ᠴᠡᠩᠭᠡᠯ᠎ᠢ ᠴᠠᠭᠠᠨ ᠰᠠᠷ᠎ᠠ᠎ᠶ᠋ᠢᠨ ᠠᠮᠢᠳᠤᠷᠠᠯ᠎ᠳᠤ ᠠᠭᠤᠰᠤᠯᠴᠠᠭᠤᠯᠪᠠ᠃ 3 ᠰᠠᠷ᠎ᠠ᠎ᠶ᠋ᠢᠨ 1 ᠤ᠋ ᠡᠳᠦᠷ᠂ ᠨᠢᠭᠡᠨᠲᠡ ᠳᠥᠷᠪᠡᠨ ᠬᠤᠭᠤᠴᠠᠭ᠎ᠠ ᠦᠷᠬᠦᠯᠵᠢᠯᠡᠭᠰᠡᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠡᠯᠪᠡᠷᠢ ᠵᠢᠨ ᠰᠢᠨ᠎ᠠ ᠵᠢᠨ ᠵᠣᠯᠭᠠᠯᠲᠠ᠎ᠶᠢᠨ 2026 ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠰᠦᠮ᠎ᠡ᠎ᠶ᠋ᠢᠨ ᠴᠤᠭ᠍ᠯᠠᠭᠠᠨ᠎ᠨᠢ ᠪᠠᠰᠠ ᠥᠪᠥᠷ ᠮᠣᠩᠭᠣᠯ᠎ᠤᠨ ᠮᠣᠷᠢᠨ ᠤᠷᠤᠯᠳᠤᠭᠠᠨ᠎ᠤ ᠲᠠᠯᠠᠪᠠᠶ᠎ᠳᠤ ᠬᠣᠲᠠ᠎ᠶ᠋ᠢᠨ ᠠᠷᠠᠳ᠎ᠲᠠᠶ ᠪᠣᠯᠵᠣᠵᠤ᠂ ᠲᠤᠬᠠᠶ᠎ᠶ᠋ᠢᠨ ᠲᠠᠯᠠᠪᠠᠶ᠎ᠳᠤ ᠠᠷᠠᠳ᠎ᠤᠨ ᠨᠠᠢᠷ ᠨᠠᠭᠠᠳᠤᠮ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠦᠵᠡᠭᠦᠯᠭᠡ᠎ᠶ᠋ᠢᠨ ᠲᠣᠭ᠍ᠯᠠᠯᠲᠠ ᠵᠡᠷᠭᠡ ᠥᠪᠡᠷᠮᠢᠴᠡ ᠣᠨᠴᠠᠯᠢᠭ ᠎ᠲᠠᠶ ᠭᠤᠤᠯ ᠰᠡᠳᠦᠪᠲᠦ ᠠᠵᠢᠯᠯᠠᠭ᠎ᠠ᠎ᠶ᠋ᠢ ᠲᠣᠬᠢᠷᠠᠭᠤᠯᠵᠤ᠂ ᠪᠥᠬᠥ᠌ ᠠᠷᠠᠳ ᠎ᠤᠨ ᠪᠡᠶ᠎ᠡ ᠴᠢᠭᠢᠷᠠᠭ᠍ᠵᠢᠭᠤᠯᠬᠤ ᠬᠠᠯᠠᠭᠤᠨ ᠰᠡᠳᠭᠢᠯᠭᠡ᠎ᠶ᠋ᠢ ᠦᠷᠭᠦᠯᠵᠢᠯᠡᠨ ᠬᠥᠭ᠌ᠵᠢᠭᠡᠬᠦ᠌ ᠪᠣᠯᠤᠨ᠎ᠠ᠃

ᠡᠨᠡ ᠵᠢᠯ᠎ᠤᠨ ᠴᠠᠭᠠᠨ ᠰᠠᠷ᠎ᠠ᠎ᠳᠤ᠂ ᠥᠪᠥᠷ ᠮᠣᠩᠭᠣᠯ ᠤᠷᠤᠯᠳᠤᠭᠠᠨ᠎ᠢᠶᠠᠷ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠮᠥᠰᠥ᠍ ᠴᠠᠰᠤ ᠪᠡᠷ ᠪᠠᠶᠠᠷ ᠪᠠᠶᠠᠰᠤᠯ ᠨᠡᠮᠡᠷᠢᠯᠡᠵᠦ᠍᠂ ᠪᠡᠶ᠎ᠡ ᠴᠢᠭᠢᠷᠠᠭ᠍ᠵᠢᠭᠤᠯᠬᠤ᠎ᠪᠠᠷ ᠠᠷᠠᠳ᠎ᠤᠨ ᠠᠮᠢᠳᠤᠷᠠᠯ ᠳ᠋ᠤ ᠠᠱᠢᠭ ᠬᠦᠷᠲᠡᠭᠡᠵᠦ᠍᠂ ᠲᠠᠮᠢᠷ᠎ᠤᠨ ᠬᠦᠳᠡᠯᠭᠡᠭᠡᠨ᠎ᠢ ᠴᠠᠭᠠᠨ ᠰᠠᠷ᠎ᠠ᠎ᠶ᠋ᠢᠨ ᠬᠠᠮᠤᠭ ᠎ᠤᠨ ᠦᠳᠬᠡᠨ ᠳᠡᠪᠢᠰᠭᠡᠷ ᠦᠩᠭᠡ᠂ ᠬᠠᠮᠤᠭ᠎ᠤᠨ ᠱᠢᠨ᠎ᠡ ᠰᠣᠷᠭᠣᠭ ᠴᠠᠭᠠᠨ ᠰᠠᠷ᠎ᠠ᠎ᠶ᠋ᠢᠨ ᠦᠨᠦᠷ ᠠᠮᠲᠠ ᠪᠣᠯᠭᠠᠪᠠ᠃ ᠬᠥᠷ ᠬᠥᠭ᠌ᠵᠢᠶᠡᠨ᠎ᠢᠶᠡᠷ ᠪᠢᠯᠬᠠᠬᠰᠠᠨ ᠴᠠᠭᠠᠨ ᠰᠠᠷ᠎ᠠ ᠎ᠳᠤ᠂ ᠬᠥᠮᠦᠰ᠎ᠦᠨ ᠳᠠᠮᠢᠷ᠎ᠤᠨ ᠬᠥᠳᠡᠯᠭᠡᠭᠡᠨ ᠤ᠋ ᠳᠤᠬᠠᠢ ᠰᠤᠨᠢᠷᠬᠠᠯ ᠨᠢ ᠡᠷᠴᠢ ᠵᠣᠷᠢᠭ᠎ᠢᠶᠠᠨ ᠬᠥᠪᠴᠢᠯᠡᠨ ᠤᠷᠤᠭ᠍ᠰᠢᠯᠠᠨ ᠳᠠᠪᠱᠢᠬᠤ ᠠᠮᠢᠵᠢᠷᠠᠯ᠎ᠤᠨ ᠬᠦᠴᠦᠨ᠎ᠢ ᠪᠦᠷᠢᠯᠳᠦᠭᠦᠯᠵᠦ᠍᠂ ᠱᠢᠨ᠎ᠡ ᠨᠢᠭᠡᠨ ᠵᠢᠯ ᠎ᠳᠦ ᠬᠥᠮᠦᠰ᠎ᠤᠨ ᠰᠠᠢᠨ ᠰᠠᠢᠬᠠᠨ ᠠᠮᠢᠳᠤᠷᠠᠯ ᠳᠡᠢᠰᠢ ᠵᠤᠭ᠍ᠰᠤᠰᠢ ᠥᠬᠡᠶ ᠤᠷᠤᠭ᠍ᠰᠢᠯᠠᠬᠤ ᠵᠢ ᠪᠡᠯᠭᠡᠰᠢᠶᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号