ᠬᠡᠷ ᠬᠣᠲᠠᠯᠠᠭᠠᠷ᠎ᠢᠶᠠᠨ ᠬᠤᠷᠠᠨ ᠴᠤᠭ᠍ᠯᠠᠷᠠᠵᠤ ᠪᠠᠢᠭ᠎ᠠ ᠴᠠᠭᠠᠨ ᠰᠠᠷ᠎ᠠ ᠵᠢᠨ ᠪᠠᠶᠠᠷ᠎ᠢᠶᠡᠷ᠂ ᠪᠥᠬᠥ᠌ ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ᠎ᠡᠴᠡ ᠵᠣᠬᠢᠶᠠᠨ ᠪᠠᠢᠭᠤᠯᠵᠤ ᠨᠠᠢᠷᠠᠭᠤᠯᠤᠨ ᠪᠢᠴᠢᠭ᠌ᠰᠡᠨ 《ᠰᠢ ᠵᠢᠨ ᠫᠢᠩ ᠠᠷᠠᠳ᠎ᠤᠨ ᠭᠡᠷ᠎ᠲᠦ ᠠᠢᠯᠴᠢᠯᠠᠭᠰᠠᠨ ᠨᠢ》 (ᠬᠣᠶᠠᠳᠤᠭᠠᠷ ᠡᠮᠬᠢᠳᠭᠡᠯ) ᠭᠡᠬᠦ᠌ ᠨᠣᠮ᠎ᠢ ᠳᠤᠮᠳᠠᠳᠤ ᠤᠯᠤᠰ᠎ᠤᠨ ᠡᠮᠡᠭ᠌ᠲᠡᠢᠴᠦᠳ᠎ᠦᠨ ᠬᠡᠪᠯᠡᠯ᠎ᠦᠨ ᠬᠣᠷᠢᠶ᠎ᠠ᠎ᠡᠴᠡ ᠬᠡᠪᠯᠡᠨ ᠲᠠᠷᠬᠠᠭᠠᠪᠠ᠃
ᠲᠣᠰ ᠨᠣᠮ ᠨᠢ ᠨᠢᠭᠡᠳᠦᠭᠡᠷ ᠡᠮᠬᠢᠳᠭᠡᠯ ᠦᠨ ᠰᠠᠭᠤᠷᠢᠨ ᠳᠡᠭᠡᠷ᠎ᠡ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ ᠳᠤᠮᠳᠠᠬᠢ ᠭᠡᠷ ᠪᠥᠯᠢ ᠪᠤᠯᠤᠨ ᠤᠯᠤᠰ᠎ᠲᠤ ᠠᠩᠬᠠᠷᠤᠯ᠎ᠢᠶᠠᠨ ᠲᠥᠪᠯᠡᠷᠡᠭᠦᠯᠵᠦ᠂ 32 ᠭᠡᠷ ᠪᠦᠯᠢ ᠪᠠ ᠲᠣᠰᠭᠣᠨ (ᠨᠡᠢᠭᠡᠮ ᠲᠣᠭᠣᠷᠢᠭ) ᠤ᠋ ᠲᠤᠬᠠᠢ ᠰᠤᠷᠪᠤᠯᠵᠢᠯᠠᠭ᠎ᠠ᠎ᠶ᠋ᠢᠨ ᠪᠣᠳᠠᠲᠤ ᠲᠡᠮᠳᠡᠭ᠌ᠯᠡᠯ᠎ᠢᠶᠡᠷ ᠳᠠᠮᠵᠢᠨ᠂ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢᠬᠢ᠂ ᠶᠡᠷᠦᠩᠬᠡᠢ ᠱᠦᠵᠢ ᠰᠢ ᠵᠢᠨ ᠫᠢᠩ᠎ᠤᠨ ᠣᠷᠣᠨ ᠨᠤᠲᠤᠭ᠎ᠲᠤ ᠬᠦᠷᠴᠦ᠍ ᠱᠢᠨᠵᠢᠯᠡᠨ ᠪᠠᠢᠴᠠᠭᠠᠵᠤ ᠪᠠᠢᠴᠠᠭᠠᠨ ᠰᠤᠳᠤᠯᠤᠯᠲᠠ ᠬᠢᠬᠦ᠌᠎ᠳᠡᠭᠡᠨ᠂ ᠠᠷᠠᠳ᠎ᠤᠨ ᠭᠡᠷᠤᠳᠢᠶᠡᠷ ᠬᠦᠷᠴᠦ᠂ ᠠᠷᠠᠳ᠎ᠤᠨ ᠪᠠᠢᠳᠠᠯ᠎ᠢ ᠠᠰᠠᠭᠤᠵᠤ ᠠᠷᠠᠳ᠎ᠤᠨ ᠰᠡᠳᠭᠢᠯ᠎ᠢ ᠳᠤᠯᠠᠭᠠᠴᠠᠭᠤᠯᠵᠤ᠂ ᠬᠤᠪᠢᠷᠠᠯᠲᠠ᠎ᠶ᠋ᠢ ᠦᠵᠡᠵᠦ ᠬᠥᠭ᠌ᠵᠢᠯᠲᠡ᠎ᠶ᠋ᠢ ᠶᠠᠷᠢᠯᠴᠠᠭᠰᠠᠨ ᠰᠡᠳᠭᠢᠯ ᠬᠥᠳᠡᠯᠭᠡᠮ᠎ᠡ ᠦᠯᠢᠭᠡᠷ᠎ᠢ ᠠᠮᠢᠳᠤᠯᠢᠭ᠎ᠢᠶᠡᠷ ᠬᠦᠤᠷᠨᠢᠵᠦ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ ᠤᠨ ᠭᠡᠷ ᠪᠦᠯᠢ᠎ᠶ᠋ᠢᠨ ᠵᠣᠯ ᠵᠢᠷᠭᠠᠯᠲᠤ ᠬᠤᠪᠢᠷᠠᠯᠲᠠ᠎ᠶ᠋ᠢ ᠲᠡᠮᠳᠡᠭ᠌ᠯᠡᠵᠦ᠂ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ ᠲᠦᠮᠡᠨ᠎ᠢ ᠬᠠᠢᠷᠠᠯᠠᠨ ᠬᠠᠯᠠᠮᠵᠢᠯᠠᠭ᠍ᠰᠠᠨ ᠠᠷᠠᠳ ᠲᠦᠮᠡᠨᠴᠢ ᠬᠠᠢᠷ᠎ᠠ ᠰᠡᠳᠭᠢᠯᠭᠡ᠎ᠶ᠋ᠢ ᠢᠯᠡᠷᠡᠭᠦᠯᠵᠦ᠂《ᠠᠷᠠᠳ ᠲᠦᠮᠡᠨ᠎ᠦ ᠤᠳᠤᠷᠢᠳᠤᠭ᠍ᠴᠢ ᠠᠷᠠᠳ ᠲᠦᠮᠡᠨ᠎ᠢᠶᠡᠨ ᠬᠠᠢᠷᠠᠯᠠᠨ᠎ᠠ᠂ ᠠᠷᠠᠳ ᠲᠦᠮᠡᠨ ᠦ ᠤᠳᠤᠷᠢᠳᠤᠭ᠍ᠴᠢ ᠪᠡᠨ ᠠᠷᠠᠳ ᠲᠦᠮᠡᠨ ᠬᠠᠢᠷᠠᠯᠠᠨ᠎ᠠ》 ᠭᠡᠬᠦ ᠭᠦᠨ ᠵᠤᠵᠠᠭᠠᠨ ᠨᠠᠢᠷ ᠰᠡᠳᠭᠢᠯᠭᠡ ᠵᠢ ᠬᠠᠷᠠᠭᠤᠯᠵᠤ᠂ ᠥᠷᠭᠡᠨ ᠣᠯᠠᠨ ᠡᠮᠡᠭ᠌ᠲᠡᠢᠴᠦᠳ ᠪᠣᠯᠤᠨ ᠭᠡᠷ ᠪᠦᠯᠢ ᠶ᠋ᠢᠨ ᠬᠢᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠡᠷᠡᠯᠬᠡᠭ᠌ᠯᠡᠨ ᠤᠷᠤᠭ᠍ᠰᠢᠯᠠᠵᠤ᠂ ᠱᠢᠨ᠎ᠡ ᠠᠶᠠᠨ᠎ᠳᠤ ᠭᠠᠪᠢᠶ᠎ᠠ ᠪᠠᠢᠭᠤᠯᠬᠤ ᠵᠢ ᠵᠤᠷᠢᠭᠵᠢᠭᠤᠯᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 22 ᠤ᠋ᠨ ᠴᠠᠬᠢᠯᠭᠠᠨ ᠮᠡᠳᠡᠭᠡ)
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号