《ᠳᠤᠮᠳᠠᠳᠤ ᠠᠮᠧᠷᠢᠺᠠ᠎ᠶ᠋ᠢᠨ ᠬᠠᠷᠢᠯᠴᠠᠭᠠᠨ᠎ᠤ ᠬᠥᠭ᠌ᠵᠢᠯᠲᠡ᠎ᠳᠦ ᠨᠡᠩ ᠶᠡᠬᠡ ᠬᠤᠪᠢ ᠨᠡᠮᠡᠷᠢ ᠦᠵᠡᠭᠦᠯᠦᠨ᠎ᠡ》
2026-02-23 11:35:40
ᠵᠣᠬᠢᠶᠠᠭ᠍ᠴᠢ᠄
ᠱᠢᠤᠢ ᠵᠢᠩ ᠰᠦᠨ ᠬᠤᠤ ᠴᠢᠶᠣᠤ ᠵᠶ᠋ᠢ ᠬᠣᠩ
ᠣᠩᠱᠢᠭ᠍ᠰᠠᠨ ᠣᠳᠠᠭ᠎ᠠ᠄
★★★☆☆

— ᠲᠡᠷᠢᠭᠦᠯᠡᠭ᠌ᠴᠢ ᠰᠢ ᠵᠢᠨ ᠫᠢᠩ᠎ᠦᠨ ᠬᠠᠷᠢᠭᠤ ᠵᠠᠬᠢᠳᠠᠯ ᠨᠢ ᠠᠮᠧᠷᠢᠺᠠ᠎ᠶ᠋ᠢᠨ ᠨᠥᠬᠥᠷᠰᠡᠭ ᠬᠥᠮᠦᠰ ᠪᠣᠯᠤᠨ ᠵᠠᠯᠠᠭᠤᠴᠤᠳ ᠪᠠᠭᠠᠴᠤᠳ᠎ᠢ ᠶᠡᠬᠡᠳᠡ ᠵᠣᠷᠢᠭ᠍ᠵᠢᠭᠤᠯᠪᠠ


ᠮᠣᠷᠢᠨ ᠵᠢᠯ᠎ᠦᠨ ᠴᠠᠭᠠᠨ ᠰᠠᠷ᠎ᠠ᠎ᠶ᠋ᠢᠨ ᠪᠠᠶᠠᠷ᠎ᠢᠶᠡᠷ ᠠᠮᠧᠷᠢᠺᠠ᠎ᠶ᠋ᠢᠨ ᠠᠢᠤᠸᠠ ᠵᠧᠣ᠌᠎ᠶ᠋ᠢᠨ ᠵᠢᠵᠢᠭ ᠬᠤᠲᠠ ᠮᠠᠰᠺᠠᠲ᠋ᠢᠨ ᠲᠠᠬᠢᠨᠳᠠ ᠪᠡᠭᠡᠵᠢᠩ᠎ᠡᠴᠡ ᠢᠷᠡᠭ᠌ᠰᠡᠨ ᠪᠠᠶᠠᠷ᠎ᠤᠨ ᠡᠳᠦᠷ᠎ᠦᠨ ᠵᠥᠩᠨᠡᠯ᠎ᠢ ᠲᠤᠰᠤᠯ᠎ᠠ᠃

2 ᠰᠠᠷ᠎ᠠ᠎ᠶ᠋ᠢᠨ 16 ᠎ᠤ᠋ ᠡᠳᠦᠷ᠂ ᠤᠯᠤᠰ ᠎ᠤᠨ ᠲᠡᠷᠢᠭᠦᠯᠡᠭ᠌ᠴᠢ ᠰᠢ ᠵᠢᠨ ᠫᠢᠩ ᠠᠮᠧᠷᠢᠺᠠ᠎ᠶ᠋ᠢᠨ ᠠᠢᠤᠸᠠ ᠵᠧᠣ᠌᠎ᠶ᠋ᠢᠨ ᠨᠥᠬᠥᠷᠰᠡᠭ ᠬᠥᠮᠦᠰ᠎ᠲᠦ ᠬᠠᠷᠢᠭᠤ ᠵᠠᠬᠢᠳᠠᠯ ᠢᠯᠡᠭᠡᠭᠰᠡᠨ ᠪᠥᠭᠡᠳ ᠴᠠᠭᠠᠨ ᠰᠠᠷ᠎ᠠ᠎ᠶ᠋ᠢᠨ ᠪᠠᠶᠠᠷ᠎ᠤᠨ ᠺᠠᠷᠲ ᠬᠦᠷᠭᠡᠵᠦ᠍᠂ ᠪᠠᠶᠠᠷ᠎ᠤᠨ ᠡᠳᠦᠷ᠎ᠦᠨ ᠵᠥᠩᠨᠡᠯ ᠳᠡᠪᠱᠢᠭᠦᠯᠵᠦ᠍᠂ 《ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ ᠵᠢᠨ ᠬᠦᠰᠡᠯ ᠡᠷᠡᠮᠡᠯᠵᠡᠯ ᠠᠷᠠᠳ ᠲᠦᠮᠡᠨ᠎ᠳᠤ ᠪᠤᠢ᠂ ᠰᠠᠭᠤᠷᠢ᠎ᠨᠢ ᠠᠷᠠᠳ᠎ᠤᠨ ᠳᠤᠮᠳᠠ ᠪᠤᠢ᠂ ᠢᠷᠡᠭᠡᠳᠦᠶ᠎ᠨᠢ ᠵᠠᠯᠠᠭᠤᠴᠤᠳ ᠲᠤ᠌ ᠪᠤᠢ᠂ ᠠᠮᠢᠵᠢᠷᠠᠯ᠎ᠤᠨ ᠬᠦᠴᠦᠨ᠎ᠨᠢ ᠣᠷᠣᠨ ᠨᠤᠲᠤᠭ᠎ᠲᠤ ᠪᠤᠢ》 ᠭᠡᠵᠦ᠍ ᠢᠯᠡᠳᠭᠡᠪᠡ᠃

ᠲᠡᠷᠢᠭᠦᠯᠡᠭ᠌ᠴᠢ ᠰᠢ ᠵᠢᠨ ᠫᠢᠩ ᠪᠣᠯᠤᠨ ᠠᠢᠤᠸᠠ ᠵᠧᠦ᠍᠎ᠶ᠋ᠢᠨ ᠨᠥᠬᠥᠷᠰᠡᠭ ᠬᠥᠮᠦᠰ᠎ᠦᠨ ᠭᠦᠨ ᠵᠤᠵᠠᠭᠠᠨ ᠨᠥᠬᠥᠷᠯᠡᠯ ᠨᠢᠭᠡᠨᠲᠡ 41 ᠵᠢᠯ ᠦᠷᠭᠦᠯᠵᠢᠯᠡᠪᠡ᠃

《ᠮᠠᠰᠺᠠᠲ᠋ᠢᠨ ᠪᠣᠯᠤᠨ ᠪᠡᠭᠡᠵᠢᠩ᠎ᠤᠨ ᠬᠤᠭᠤᠷᠤᠨᠳᠤᠬᠢ ᠴᠠᠭᠠᠨ ᠰᠠᠷ᠎ᠠ᠎ᠶ᠋ᠢᠨ ᠵᠥᠩᠨᠡᠯ ᠪᠣᠯ ᠪᠢᠳᠡᠨ ᠎ᠦ ᠨᠥᠬᠥᠷᠯᠡᠯ᠎ᠢᠶᠡᠨ ᠬᠠᠮᠲᠤ᠎ᠪᠠᠷ ᠨᠠᠨᠳᠢᠩᠨᠠᠵᠤ ᠪᠠᠢᠭ᠎ᠠ ᠶᠠᠪᠤᠳᠠᠯ ᠮᠥᠨ》᠃ ᠮᠠᠰᠺᠠᠲ᠋ᠢᠨ᠎ᠳᠤ᠂ ᠠᠢ᠌ᠤᠸᠠ ᠵᠧᠦ᠍ ᠎ᠶ᠋ᠢᠨ ᠨᠦᠬᠦᠷᠰᠡᠭ ᠬᠦᠮᠦᠰ ᠪᠣᠯᠤᠨ ᠠᠮᠧᠷᠢᠺᠠ᠎ᠶ᠋ᠢᠨ ᠵᠠᠯᠠᠭᠤᠴᠤᠳ ᠪᠠᠭᠠᠴᠤᠳ ᠮᠠᠰᠢ ᠵᠣᠷᠢᠭ᠍ᠵᠢᠵᠤ᠂ ᠲᠡᠳᠡ ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ ᠎ᠶ᠋ᠢ ᠬᠦᠯᠢᠶᠡᠬᠦ᠌᠎ᠳᠡᠭᠡᠨ ᠲᠡᠷᠢᠭᠦᠯᠡᠭ᠌ᠴᠢ ᠰᠢ ᠵᠢᠨ ᠫᠢᠩ᠎ᠦᠨ ᠬᠠᠯᠠᠭᠤᠨ ᠳᠣᠲᠣᠨᠣ ᠵᠥᠩᠨᠡᠯ ᠪᠤᠯᠤᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠳᠤ ᠲᠠᠯᠠᠷᠬᠠᠵᠤ ᠪᠠᠢᠬᠤ ᠰᠡᠳᠬᠢᠯᠬᠡ ᠵᠢᠴᠢ ᠳᠤᠮᠳᠠᠳᠤ ᠠᠮᠧᠷᠢᠺᠠ᠎ᠶ᠋ᠢᠨ ᠠᠷᠠᠳ ᠲᠦᠮᠡᠨ᠎ᠦ ᠨᠥᠬᠥᠷᠯᠡᠯ᠂ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ᠎ᠶ᠋ᠢᠨ ᠲᠣᠭ᠍ᠲᠠᠭᠤᠨ ᠪᠦᠬᠡᠳ ᠡᠷᠡᠭᠦᠯ ᠬᠥᠭ᠌ᠵᠢᠯᠲᠡ᠎ᠶ᠋ᠢ ᠬᠠᠮᠲᠤ᠎ᠪᠠᠷ ᠠᠬᠢᠭᠤᠯᠬᠤ ᠬᠦᠰᠡᠯ ᠡᠷᠡᠮᠡᠯᠵᠡᠯ᠎ᠢᠶᠡᠨ ᠢᠯᠡᠳᠭᠡᠵᠡᠢ᠃

ᠮᠦᠷᠠᠨ ᠳᠠᠯᠠᠢ ᠲᠠᠮᠵᠢᠨ ᠬᠦᠷᠴᠤ ᠢᠷᠡᠭᠰᠡᠨ ᠴᠠᠭᠠᠨ ᠰᠠᠷ᠎ᠠ᠎ᠶ᠋ᠢᠨ ᠵᠦᠩᠨᠡᠯ

41 ᠵᠢᠯ᠎ᠦᠨ ᠡᠮᠦᠨ᠎ᠡ ᠪᠢ ᠠᠢᠤᠸᠠ ᠵᠧᠣ᠌᠎ᠳᠦ ᠠᠢᠯᠴᠢᠯᠠᠵᠤ᠂ ᠲᠠ᠎ᠨᠠᠷ᠎ᠤᠨ ᠬᠠᠯᠠᠭᠤᠨ ᠤᠭ᠍ᠲᠤᠯᠭ᠎ᠠ᠎ᠶ᠋ᠢ ᠬᠦᠷᠲᠡᠵᠡᠢ᠂ ᠲᠡᠳᠡᠭᠡᠷ ᠰᠠᠢᠨ ᠰᠠᠢᠬᠠᠨ ᠡᠷᠭᠢᠴᠡᠭᠦᠯᠦᠯ᠎ᠢ ᠣᠲᠣ ᠪᠣᠯᠲᠠᠯ᠎ᠠ ᠲᠣᠪ ᠲᠣᠳᠣᠷᠬᠠᠶ ᠴᠡᠭᠡᠵᠢᠯᠡᠭ᠌ᠰᠡᠭᠡᠷ ᠪᠠᠢᠨ᠎ᠠ》᠃ ᠲᠡᠷᠢᠭᠦᠯᠡᠭ᠌ᠴᠢ ᠰᠢ ᠵᠢᠨ ᠫᠢᠩ ᠡᠨᠡ ᠬᠦ᠌ ᠨᠥᠬᠥᠷᠯᠡᠯ᠎ᠦᠨ ᠢᠷᠠᠭᠤ ᠳᠠᠭᠤᠷᠢᠰᠭᠠᠯ᠎ᠢ ᠳᠠᠬᠢᠨ ᠡᠷᠭᠢᠴᠡᠭᠦᠯᠪᠡ᠃

ᠡᠭᠦᠨ᠎ᠡᠴᠡ ᠡᠮᠦᠨ᠎ᠡ᠂ ᠠᠮᠧᠷᠢᠺᠠ᠎ᠶ᠋ᠢᠨ ᠠᠢᠤᠸᠠ ᠵᠧᠣ᠌᠎ᠶ᠋ᠢᠨ ᠨᠥᠬᠥᠷᠰᠡᠭ ᠬᠥᠮᠦᠨ ᠪᠸᠢᠯᠦ᠋ᠡᠭ ᠲᠡᠷᠢᠭᠦᠯᠡᠭ᠌ᠴᠢ ᠰᠢ ᠵᠢᠨ ᠫᠢᠩ᠎ᠳᠦ ᠵᠠᠬᠢᠳᠠᠯ ᠢᠯᠡᠭᠡᠵᠦ᠍᠂ ᠠᠢᠤᠸᠠ ᠵᠧᠣ᠌᠎ᠶ᠋ᠢᠨ ᠨᠥᠬᠥᠷᠰᠡᠭ ᠬᠥᠮᠦᠰ᠎ᠢ ᠲᠥᠯᠥᠭᠡᠯᠡᠨ ᠲᠡᠷᠢᠭᠦᠯᠡᠭ᠌ᠴᠢ ᠰᠢ ᠵᠢᠨ ᠫᠢᠩ ᠪᠣᠯᠤᠨ ᠫᠸᠩ ᠯᠢ ᠶᠤᠸᠠᠨ ᠫᠷᠤᠹᠸᠰᠰᠤᠷ᠎ᠲᠤ ᠴᠠᠭᠠᠨ ᠰᠠᠷ᠎ᠠ᠎ᠶ᠋ᠢᠨ ᠵᠦᠩᠨᠡᠯ ᠳᠡᠪᠱᠢᠭᠦᠯᠵᠦ᠍᠂ ᠠᠢᠤᠸᠠ ᠵᠧᠣ᠌᠎ᠶ᠋ᠢᠨ ᠨᠥᠬᠥᠷᠰᠡᠭ ᠬᠥᠮᠦᠰ ᠳᠤᠮᠳᠠᠳᠤ ᠤᠯᠤᠰ᠎ᠤᠨ ᠠᠷᠠᠳ ᠲᠦᠮᠡᠨ᠎ᠯᠦᠭᠡ᠎ᠶ᠋ᠢᠨ ᠨᠥᠬᠥᠷᠯᠡᠯ᠎ᠢᠶᠡᠨ ᠨᠠᠨᠳᠢᠩᠨᠠᠬᠤ ᠵᠢᠨ ᠬᠠᠮᠲᠤ ᠦᠷᠭᠦᠯᠵᠢᠯᠡᠨ ᠬᠥᠭ᠌ᠵᠢᠭᠦᠯᠦᠨ᠎ᠡ ᠭᠡᠵᠦ ᠢᠯᠡᠳᠭᠡᠪᠡ᠃ ᠪᠸᠢᠯᠦ᠋ᠡᠭ᠂ ᠯᠠᠨᠲ᠋ᠢ᠂ ᠳ᠋ᠸᠸᠴᠢᠶ᠍ᠸᠺ᠂ ᠵᠢᠨᠪᠸᠯᠢ ᠵᠢᠴᠢ ᠳᠤᠮᠳᠠᠳᠤ ᠤᠯᠤᠰ᠎ᠲᠤ ᠰᠠᠭᠤᠵᠤ ᠪᠠᠢᠭᠰᠠᠨ ᠤᠤᠯ᠎ᠤᠨ ᠡᠯᠴᠢᠨ ᠰᠠᠢᠳ ᠪᠦᠯᠠᠨᠰᠲ᠋ᠠᠳ᠋ᠸ᠂ ᠳᠡᠯᠡᠬᠡᠢ᠎ᠶ᠋ᠢᠨ ᠠᠮᠤ ᠪᠤᠳᠠᠭᠠᠨ᠎ᠤ ᠱᠠᠩᠨᠠᠯ᠎ᠤᠨ ᠰᠠᠭᠤᠷᠢ ᠮᠥᠩᠭᠥᠨ᠎ᠦ ᠨᠡᠢᠭᠡᠮᠯᠢᠭ᠎ᠦᠨ ᠨᠡᠷ᠎ᠡ ᠬᠦᠨᠳᠦᠲᠦ ᠲᠡᠷᠢᠭᠦᠯᠡᠭ᠌ᠴᠢ ᠺᠦᠢᠶ᠍ᠢᠨ ᠪᠤᠯᠤᠨ ᠲᠤᠰ ᠵᠧᠦ᠍᠎ᠶ᠋ᠢᠨ 《5 ᠵᠢᠯ 5 ᠲᠦᠮᠡᠨ ᠬᠥᠮᠦᠨ》᠎ᠤ᠋ ᠰᠠᠨᠠᠭᠠᠴᠢᠯᠠᠭ᠎ᠠ᠎ᠳᠤ ᠣᠷᠣᠯᠴᠠᠵᠤ ᠳᠤᠮᠳᠠᠳᠤ ᠤᠯᠤᠰ᠎ᠲᠤ ᠠᠢᠯᠴᠢᠯᠠᠭᠰᠠᠨ ᠪᠠᠭ᠍ᠰᠢ ᠰᠤᠷᠤᠭ᠍ᠴᠢᠳ ᠪᠠᠰᠠ ᠲᠡᠷᠢᠭᠦᠯᠡᠭ᠌ᠴᠢ ᠰᠢ ᠵᠢᠨ ᠫᠢᠩ ᠪᠣᠯᠤᠨ ᠲᠡᠭᠦᠨ᠎ᠦ ᠬᠠᠳᠤᠨ᠎ᠳᠤ ᠴᠠᠭᠠᠨ ᠰᠠᠷ᠎ᠠ᠎ᠶ᠋ᠢᠨ ᠪᠠᠶᠠᠷ ᠎ᠤ᠋ᠨ ᠺᠠᠷᠲ ᠶᠠᠪᠤᠭᠤᠯᠵᠤ᠂ ᠳᠤᠷᠠᠲᠠᠶ᠎ᠠ ᠠᠮᠧᠷᠢᠺᠠ ᠳᠤᠮᠳᠠᠳᠤ᠎ᠶ᠋ᠢᠨ ᠨᠥᠬᠥᠷᠰᠡᠭ ᠰᠣᠯᠢᠯᠴᠠᠭ᠎ᠠ᠎ᠶ᠋ᠢ ᠴᠢᠷᠮᠠᠢᠨ ᠠᠬᠢᠭᠤᠯᠵᠤ᠂ ᠬᠣᠶᠠᠷ ᠤᠯᠤᠰ᠎ᠤᠨ ᠬᠠᠷᠢᠯᠴᠠᠭ᠎ᠠ᠎ᠶ᠋ᠢᠨ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃

ᠪᠸᠢᠯᠦ᠋ᠩ ᠰᠤᠷᠪᠤᠯᠵᠢᠯᠠᠭ᠍ᠴᠢ᠎ᠳᠤ᠂ ᠪᠠᠶᠠᠷ ᠎ᠤᠨ ᠺᠠᠷᠲ᠎ᠢᠶᠠᠷ ᠳᠠᠮᠵᠢᠨ ᠬᠠᠷᠢᠯᠴᠠᠨ ᠴᠠᠭᠠᠨ ᠰᠠᠷ᠎ᠠ᠎ᠶ᠋ᠢᠨ ᠵᠥᠩᠨᠡᠯ ᠳᠡᠪᠱᠢᠭᠦᠯᠵᠦ᠍᠂ ᠲᠤᠬᠠᠢ᠎ᠶ᠋ᠢᠨ ᠭᠠᠵᠠᠷ᠎ᠤᠨ ᠨᠥᠬᠥᠷᠰᠡᠭ ᠬᠥᠮᠦᠰ ᠪᠣᠯᠤᠨ ᠲᠡᠷᠢᠭᠦᠯᠡᠭ᠌ᠴᠢ ᠰᠢ ᠵᠢᠨ ᠫᠢᠩ᠎ᠦᠨ ᠭᠦᠨ ᠵᠤᠵᠠᠭᠠᠨ ᠨᠥᠬᠥᠷᠯᠡᠯ᠎ᠢ ᠦᠷᠭᠦᠯᠵᠢᠯᠡᠭᠦᠯᠬᠦ ᠨᠢ ᠠᠢ᠌ᠤᠸᠠ ᠵᠧᠦ᠍᠎ᠶ᠋ᠢᠨ ᠳᠤᠮᠳᠠᠳᠤ ᠤᠯᠤᠰ᠎ᠯᠤᠭ᠎ᠠ᠎ᠶ᠋ᠢᠨ ᠨᠥᠬᠥᠷᠰᠡᠭ ᠬᠠᠷᠢᠯᠴᠠᠭ᠎ᠠ᠎ᠶ᠋ᠢ ᠴᠢᠨᠠᠭ᠍ᠰᠢᠳᠠ ᠪᠡᠬᠢᠵᠢᠭᠦᠯᠬᠦ᠌ ᠪᠣᠯᠤᠨ᠎ᠠ ᠭᠡᠵᠡᠢ᠃

ᠯᠣᠣ ᠵᠢᠯ᠎ᠦᠨ ᠥᠯᠵᠡᠢᠲᠦ ᠡᠳᠦᠷ ᠲᠤ᠌ ᠮᠠᠰᠺᠠᠲ᠋ᠢᠨ ᠳᠤᠮᠳᠠᠳᠤ ᠰᠤᠷᠭᠠᠭᠤᠯᠢ᠎ᠶ᠋ᠢᠨ ᠳᠤᠮᠳᠠᠳᠤ ᠤᠯᠤᠰ᠎ᠲᠤ ᠠᠢᠯᠴᠢᠯᠠᠭ᠍ᠰᠠᠨ ᠲᠥᠯᠥᠭᠡᠯᠡᠭ᠌ᠴᠢᠳ᠎ᠦᠨ ᠪᠦᠯᠬᠦᠮ᠎ᠦᠨ ᠰᠤᠷᠤᠭ᠍ᠴᠢᠳ᠎ᠲᠤ ᠬᠠᠷᠢᠭᠤ ᠵᠠᠬᠢᠳᠠᠯ ᠢᠯᠡᠭᠡᠭ᠌ᠰᠡᠨ ᠪᠥᠭᠡᠳ ᠴᠠᠭᠠᠨ ᠰᠠᠷ᠎ᠠ᠎ᠶ᠋ᠢᠨ ᠪᠠᠶᠠᠷ᠎ᠤᠨ ᠺᠠᠷᠲ ᠬᠦᠷᠭᠡᠭᠰᠡᠨ ᠡᠴᠡ ᠠᠪᠤᠭᠠᠳ ᠮᠣᠭᠠᠶ ᠵᠢᠯ᠎ᠦᠨ ᠴᠠᠭᠠᠨ ᠰᠠᠷ᠎ᠠ᠎ᠡᠴᠡ ᠡᠮᠦᠨᠡᠬᠡᠨ ᠠᠢᠤᠸᠠ ᠵᠧᠣ᠌᠎ᠶ᠋ᠢᠨ ᠨᠦᠬᠦᠷᠰᠡᠭ ᠬᠦᠮᠦᠰ᠎ᠲᠤ ᠴᠠᠭᠠᠨ ᠰᠠᠷ᠎ᠠ᠎ᠶ᠋ᠢᠨ ᠪᠠᠶᠠᠷ᠎ᠤᠨ ᠺᠠᠷᠲ ᠬᠦᠷᠭᠡᠭᠰᠡᠨ᠂ ᠲᠠᠬᠢᠭᠠᠳ ᠡᠨᠡ ᠵᠢᠯ᠎ᠦᠨ ᠴᠠᠭᠠᠨ ᠰᠠᠷ᠎ᠠ᠎ᠳᠤ ᠬᠠᠷᠢᠯᠴᠠᠨ ᠵᠦᠩᠨᠡᠯ ᠲᠡᠪᠰᠢᠭᠦᠯᠦᠭᠰᠡᠨ ᠬᠦᠷᠲᠡᠯ᠎ᠡ᠂ ᠲᠡᠷᠢᠭᠦᠯᠡᠭ᠌ᠴᠢ ᠰᠢ ᠵᠢᠨ ᠫᠢᠩ 1985 ᠣᠨ᠎ᠳᠤ ᠠᠮᠧᠷᠢᠺᠠ᠎ᠳᠤ ᠠᠩᠬ᠎ᠠ ᠤᠳᠠᠭ᠎ᠠ ᠠᠢᠯᠴᠢᠯᠠᠭ᠍ᠰᠠᠨ᠎ᠡᠴᠡ ᠨᠠᠭᠠᠱᠢᠬᠢ ᠠᠮᠧᠷᠢᠺᠠ᠎ᠶ᠋ᠢᠨ ᠠᠷᠠᠳ ᠣᠯᠠᠨ᠎ᠲᠠᠶ ᠪᠠᠢᠭᠤᠯᠤᠭ᠍ᠰᠠᠨ ᠨᠥᠬᠥᠷᠯᠡᠯ᠎ᠢᠶᠡᠨ ᠣᠯᠠᠨᠲᠠ ᠡᠷᠭᠢᠴᠡᠭᠦᠯᠪᠡ᠃

1985 ᠣᠨ᠎ᠳᠤ᠂ ᠲᠤᠬᠠᠢ ᠵᠢᠨ ᠦᠶ᠎ᠠ ᠳ᠋ᠤ ᠾᠸᠪᠸᠢ ᠮᠤᠵᠢ᠎ᠶᠢᠨ ᠵᠧᠩ ᠳ᠋ᠢᠩ ᠰᠢᠶᠠᠨ᠎ᠤ ᠨᠠᠮ᠎ᠤᠨ ᠬᠤᠷᠢᠶ᠎ᠠ᠎ᠵᠢᠨ ᠱᠦᠵᠢ᠎ᠶᠢᠨ ᠲᠤᠰᠢᠶᠠᠯ᠎ᠢ ᠬᠠᠷᠢᠭᠤᠴᠠᠵᠤ ᠪᠠᠢᠭᠰᠠᠨ ᠰᠢ ᠵᠢᠨ ᠫᠢᠩ ᠪᠦᠯᠬᠦᠮ ᠳᠠᠭᠠᠭᠤᠯᠤᠨ ᠮᠠᠰᠺᠠᠲ᠋ᠢᠨ ᠳ᠋ᠤ ᠠᠢᠯᠴᠢᠯᠠᠵᠤ᠂ ᠯᠠᠨᠲ᠋ᠢ᠂ ᠪᠸᠢᠯᠦᠢ᠍ᠩ ᠵᠡᠷᠭᠡ ᠬᠥᠮᠥᠰ᠎ᠬᠦᠯᠢᠶᠡᠨ ᠠᠪᠬᠤ ᠠᠵᠢᠯ᠎ᠳᠤ ᠣᠷᠣᠯᠴᠠᠪᠠ᠃ 2012 ᠣᠨ᠎ᠳᠤ᠂ ᠲᠤᠬᠠᠢ᠎ᠶᠢᠨ ᠦᠶ᠎ᠡ᠎ᠳᠦ ᠤᠯᠤᠰ᠎ᠤᠨ ᠳᠡᠳ᠋ ᠲᠡᠷᠢᠭᠦᠯᠡᠭᠴᠢ᠎ᠶᠢᠨ ᠲᠤᠰᠢᠶᠠᠯ᠎ᠢ ᠬᠠᠷᠢᠭᠤᠴᠠᠵᠤ ᠪᠠᠢᠭᠰᠠᠨ ᠰᠢ ᠵᠢᠨ ᠫᠢᠩ ᠳᠠᠬᠢᠨᠲᠠ ᠮᠠᠰᠺᠠᠲ᠋ᠢᠨ᠎ᠳᠤ ᠠᠢᠯᠴᠢᠯᠠᠵᠤ᠂ ᠲᠤᠬᠠᠢ᠎ᠶᠢᠨ ᠭᠠᠵᠠᠷ᠎ᠤᠨ ᠨᠥᠬᠥᠷᠰᠡᠭ ᠬᠥᠮᠥᠰ᠎ᠲᠠᠢ ᠬᠠᠮᠲᠤ ᠦᠩᠬᠡᠷᠡᠭᠰᠡᠨ᠎ᠢᠶᠡᠨ ᠡᠷᠬᠢᠴᠡᠬᠦᠯᠵᠤ ᠵᠣᠭᠣᠭ ᠲᠡᠯᠬᠡᠪᠡ᠃ 2023 ᠣᠨ᠎ᠤ 11 ᠰᠠᠷ᠎ᠠ᠎ᠳᠤ᠂ ᠲᠡᠷᠢᠭᠦᠯᠡᠭᠴᠢ ᠰᠢ ᠵᠢᠨ ᠫᠢᠩ ᠰᠠᠨ ᠹᠷᠠᠨᠰᠢᠰᠺᠤ᠎ᠳᠤ ᠠᠮᠧᠷᠢᠺᠠ᠎ᠶᠢᠨ ᠨᠥᠬᠥᠷᠰᠡᠭ ᠪᠦᠯᠬᠦᠮ᠎ᠦᠨ ᠬᠠᠮᠲᠤᠷᠠᠭᠰᠠᠨ ᠤᠭᠲᠤᠬᠤ ᠳᠠᠶ᠋ᠢᠯᠠᠯᠭ᠎ᠠ᠎ᠳᠤ ᠣᠷᠣᠯᠴᠠᠬᠤ᠎ᠡᠴᠡ ᠡᠮᠦᠨ᠎ᠡ ᠯᠠᠨᠲ᠋ᠢ ᠵᠡᠷᠭᠡ ᠠᠮᠧᠷᠢᠺᠠ ᠎ᠶᠢᠨ ᠨᠥᠬᠥᠷᠰᠡᠭ ᠬᠥᠮᠥᠰ᠎ᠦᠨ ᠲᠥᠯᠥᠭᠡᠯᠡᠭᠴᠢᠳ᠎ᠲᠠᠢ ᠠᠭᠤᠯᠵᠠᠵᠤ᠂ ᠶᠠᠷᠢᠶ᠎ᠠ ᠢᠯᠡᠳᠬᠡᠯ ᠬᠢᠬᠦ ᠎ᠳᠡᠭᠡᠨ ᠠᠩᠬ᠎ᠠ ᠤᠳᠠᠭ᠎ᠠ ᠠᠮᠧᠷᠢᠺᠠ᠎ᠳᠤ ᠠᠶ᠋ᠢᠯᠴᠢᠯᠠᠭᠰᠠᠨ ᠥᠩᠭᠡᠷᠡᠯᠲᠡ᠎ᠪᠡᠨ ᠡᠷᠭᠢᠴᠡᠭᠦᠯᠪᠡ᠃

《ᠲᠡᠷᠢᠭᠦᠯᠡᠭᠴᠢ ᠰᠢ ᠵᠢᠨ ᠫᠢᠩ 41 ᠵᠢᠯ᠎ᠦᠨ ᠡᠮᠦᠨ᠎ᠡ ᠠᠢ᠍ᠢᠤᠸᠠ ᠵᠧᠦ᠎ᠳᠦ ᠪᠤᠯᠤᠬᠰᠠᠨ ᠰᠠᠢᠨ ᠰᠠᠢᠬᠠᠨ ᠥᠩᠭᠡᠷᠡᠯᠲᠡ ᠪᠠ ᠨᠥᠬᠥᠷᠯᠡᠯ᠎ᠢᠶᠡᠨ ᠢᠮᠠᠭᠲᠠ ᠳᠤᠷᠠᠰᠤᠨ ᠰᠠᠨᠠᠭᠠᠯᠵᠠᠭᠰᠠᠭᠠᠷ ᠪᠥᠭᠡᠳ ᠡᠨᠳᠡᠬᠢ ᠠᠷᠠᠳ ᠲᠦᠮᠡᠨ᠎ᠢ ᠬᠠᠯᠠᠮᠵᠢᠯᠠᠵᠤ ᠢᠷᠠᠵᠠᠢ᠂ ᠡᠨᠡ ᠬᠦ᠌ ᠮᠦᠷᠠᠨ ᠳᠠᠯᠠᠢ ᠲᠠᠮᠵᠢᠨ ᠢᠷᠡᠭᠰᠡᠨ ᠴᠠᠭᠠᠨ ᠰᠠᠷ᠎ᠠ᠎ᠶᠢᠨ ᠵᠥᠩᠨᠡᠯ ᠨᠢ ᠬᠥᠮᠥᠰ᠎ᠦᠨ ᠰᠡᠳᠬᠢᠯ᠎ᠢ ᠶᠡᠬᠡᠳᠡ ᠳᠣᠭᠳᠣᠯᠤᠭᠤᠯᠵᠠᠢ》 ᠭᠡᠵᠦ ᠲᠤᠬᠠᠢ᠎ᠶᠢᠨ ᠭᠠᠵᠠᠷ᠎ᠤᠨ ᠨᠦᠬᠦᠷᠰᠡᠭ ᠬᠦᠮᠦᠨ ᠭᠠᠢᠷᠤᠢ·ᠳ᠋ᠸᠸᠴᠸᠺ ᠰᠤᠷᠪᠤᠯᠵᠢᠯᠠᠭ᠍ᠴᠢ᠎ᠳᠤ ᠬᠡᠯᠡᠪᠡ᠃

ᠲᠡᠷᠢᠭᠦᠯᠡᠭᠴᠢ ᠰᠢ ᠵᠢᠨ ᠫᠢᠩ 1985 ᠣᠨ ᠎ᠳᠤ ᠠᠶ᠋ᠢᠤᠸᠠ ᠵᠧᠦ᠎ᠳᠦ ᠠᠢᠯᠴᠢᠯᠠᠬᠤ᠎ᠳᠠᠭᠠᠨ ᠭᠠᠶ᠋ᠢᠷᠦᠢ᠎ᠶᠢᠨ ᠡᠴᠢᠭᠡ ᠡᠬᠡ ᠳ᠋ᠸᠸᠴᠸᠺ ᠡᠷ᠎ᠡ ᠡᠮ᠎ᠡ ᠬᠣᠶᠠᠭᠤᠯᠠ᠎ᠶᠢᠨ ᠭᠡᠷ᠎ᠲᠦ ᠰᠠᠭᠤᠵᠠᠢ᠃ ᠡᠨᠡ ᠵᠢᠯ ᠭᠠᠢᠷᠦᠢ ᠭᠡᠷ᠎ᠦᠨ ᠬᠥᠮᠥᠰ᠎ᠲᠠᠢ᠎ᠪᠡᠨ ᠴᠠᠭᠠᠨ ᠰᠠᠷ᠎ᠠ᠎ᠶᠢᠨ ᠪᠠᠶᠠᠷ᠎ᠤᠨ ᠺᠠᠷᠲ ᠳᠡᠭᠡᠷ᠎ᠡ ᠭᠠᠷ᠎ᠤᠨ ᠥᠰᠥᠭ ᠵᠢᠷᠤᠪᠠ᠃ ᠲᠡᠷᠡ ᠪᠠᠰᠠ ᠰᠤᠷᠪᠤᠯᠵᠢᠯᠠᠭ᠍ᠴᠢ᠎ᠳᠤ᠂ ᠡᠬᠢᠨ᠎ᠳᠡᠭᠡᠨ ᠬᠠᠭᠤᠴᠢᠨ ᠨᠠᠢᠵᠠ ᠨᠡᠷ ᠢᠷᠠᠵᠤ ᠪᠠᠶᠠᠷ ᠎ᠤᠨ ᠺᠠᠷᠲ ᠳᠡᠭᠡᠷ᠎ᠡ ᠭᠠᠷ᠎ᠤᠨ ᠦᠰᠦᠭ ᠵᠢᠷᠤᠵᠤ ᠪᠠᠢᠪᠠ᠂ ᠲᠤᠬᠠᠢ ᠎ᠶᠢᠨ ᠭᠠᠵᠠᠷ᠎ᠤᠨ ᠠᠷᠠᠳ ᠤᠯᠠᠨ ᠮᠡᠳᠡᠭᠰᠡᠨ᠎ᠦ ᠲᠠᠷᠠᠭ᠎ᠠ ᠲᠡᠷᠢᠭᠦᠯᠡᠭᠴᠢ ᠰᠢ ᠵᠢᠨ ᠫᠢᠩ᠎ᠳᠦ ᠮᠡᠨᠳᠦᠴᠢᠯᠡᠯ᠂ ᠵᠥᠩᠨᠡᠯ ᠪᠤᠯᠤᠨ ᠲᠠᠯᠠᠷᠬᠠᠯ ᠳᠡᠪᠰᠢᠭᠦᠯᠵᠦ᠂ ᠭᠠᠷ᠎ᠤᠨ ᠦᠰᠦᠭ ᠵᠢᠷᠤᠬᠤ ᠬᠥᠮᠥᠨ ᠶᠠᠪᠤᠬᠤ ᠲᠤᠳᠤᠮ ᠣᠯᠠᠰᠢᠷᠠᠪᠠ ᠭᠡᠵᠡᠢ᠃

ᠲᠡᠷᠢᠭᠦᠯᠡᠭᠴᠢ ᠰᠢ ᠵᠢᠨ ᠫᠢᠩ ᠬᠠᠷᠢᠭᠤ ᠵᠠᠬᠢᠳᠠᠯ᠎ᠳᠠᠭᠠᠨ ᠠᠶ᠋ᠢᠤᠸᠠ ᠵᠧᠦ᠎ᠶᠢᠨ ᠨᠥᠬᠥᠷᠰᠡᠭ ᠬᠥᠮᠥᠰ᠎ᠢ 《ᠦᠷᠭᠦᠯᠵᠢᠯᠡᠨ ᠬᠣᠶᠠᠷ ᠤᠯᠤᠰ᠎ᠤᠨ ᠠᠷᠠᠳ᠎ᠤᠨ ᠬᠣᠭᠣᠷᠣᠨᠳᠣᠬᠢ ᠨᠥᠬᠥᠷᠯᠡᠯ᠎ᠢ ᠠᠬᠢᠭᠤᠯᠬᠤ᠎ᠪᠠᠷ ᠴᠢᠷᠮᠠᠢᠵᠤ᠂ ᠠᠮᠧᠷᠢᠺᠠ᠎ᠶᠢᠨ ᠨᠠᠩ ᠣᠯᠠᠨ ᠵᠠᠯᠠᠭᠤᠴᠤᠳ ᠪᠠᠭᠠᠴᠤᠳ᠎ᠤᠨ ᠳᠤᠮᠳᠠᠳᠤ ᠠᠮᠧᠷᠢᠺᠠ᠎ᠶᠢᠨ ᠨᠥᠬᠥᠷᠯᠡᠯ᠎ᠦᠨ ᠵᠠᠯᠭᠠᠮᠵᠢᠯᠠᠭ᠍ᠴᠢ᠂ ᠡᠩᠬᠡ ᠲᠠᠢᠪᠤᠩ ᠨᠥᠬᠥᠷᠯᠡᠯ᠎ᠦᠨ ᠠᠬᠢᠭᠤᠯᠤᠭ᠍ᠴᠢ ᠪᠤᠯᠵᠤ᠂ ᠳᠤᠮᠳᠠᠳᠤ ᠠᠮᠧᠷᠢᠺᠠ᠎ᠶᠢᠨ ᠬᠠᠷᠢᠯᠴᠠᠭ᠎ᠠ᠎ᠶᠢᠨ ᠬᠥᠭᠵᠢᠯᠲᠡ᠎ᠳᠦ ᠨᠠᠩ ᠶᠡᠬᠡ ᠬᠤᠪᠢ ᠨᠡᠮᠡᠷᠢ ᠦᠵᠡᠭᠦᠯᠬᠦ ᠵᠢ ᠬᠦᠰᠡᠵᠤ ᠪᠠᠢᠨ᠎ᠠ》 ᠭᠡᠵᠦ ᠳᠣᠲᠣᠨᠣ᠌᠎ᠪᠠᠷ ᠵᠣᠷᠢᠭ᠍ᠵᠢᠭᠤᠯᠪᠠ᠃

ᠮᠠᠰᠺᠠᠲ᠋ᠢᠨ ᠎ᠤ ᠳᠤᠮᠳᠠᠳᠤ ᠤᠯᠤᠰ᠎ᠤᠨ ᠨᠥᠬᠥᠷᠯᠡᠯ᠎ᠦᠨ ᠵᠥᠪᠯᠡᠯ᠎ᠦᠨ ᠲᠡᠷᠢᠭᠦᠯᠡᠭᠴᠢ ᠳ᠋ᠠᠨ· ᠰᠲ᠋ᠠᠢ ᠊ ᠡᠸᠨ ᠰᠤᠷᠪᠤᠯᠵᠢᠯᠠᠭ᠍ᠴᠢ᠎ᠳᠤ᠂ ᠲᠡᠷᠢᠭᠦᠯᠡᠭᠴᠢ ᠰᠢ ᠵᠢᠨ ᠫᠢᠩ᠎ᠦᠨ ᠵᠥᠩᠨᠡᠯ ᠨᠢ ᠤᠯᠠᠨ᠎ᠢ ᠶᠡᠬᠡᠳᠡ ᠵᠣᠷᠢᠭ᠍ᠵᠢᠭᠤᠯᠵᠤ᠂ 《ᠪᠢᠳᠡᠨ᠎ᠳᠦ ᠬᠣᠶᠠᠷ ᠤᠯᠤᠰ᠎ᠤᠨ ᠠᠷᠠᠳ ᠲᠦᠮᠡᠨ᠎ᠦ ᠨᠥᠬᠥᠷᠯᠡᠯ᠂ ᠬᠣᠶᠠᠷ ᠤᠯᠤᠰ᠎ᠤᠨ ᠬᠠᠷᠢᠯᠴᠠᠭ᠎ᠠ᠎ᠶᠢᠨ ᠬᠥᠭᠵᠢᠯᠲᠡ᠎ᠶᠢ ᠦᠷᠭᠦᠯᠵᠢᠯᠡᠨ ᠠᠬᠢᠭᠤᠯᠬᠤ ᠬᠥᠳᠡᠯᠭᠡᠬᠦ ᠬᠦᠴᠦᠨ᠎ᠢ ᠣᠯᠭᠣᠵᠠᠢ》 ᠭᠡᠪᠡ᠃

ᠡᠨᠡ ᠬᠦ᠌ ᠨᠥᠬᠥᠷᠯᠡᠯ᠎ᠢᠶᠡᠨ ᠤᠯᠠᠮᠵᠢᠯᠠᠨ ᠵᠠᠯᠭᠠᠮᠵᠢᠯᠠᠨ᠎ᠠ

ᠲᠡᠷᠢᠭᠦᠯᠡᠭᠴᠢ ᠰᠢ ᠵᠢᠨ ᠫᠢᠩ᠂ 《ᠪᠠᠢᠳᠠᠯ ᠶᠠᠭᠠᠬᠢᠵᠤ ᠬᠤᠪᠢᠷᠠᠭᠰᠠᠨ ᠴᠤ᠌ ᠳᠤᠮᠳᠠᠳᠤ ᠠᠮᠧᠷᠢᠺᠠ ᠬᠣᠶᠠᠷ ᠤᠯᠤᠰ᠎ᠤᠨ ᠠᠷᠠᠳ ᠲᠦᠮᠡᠨ᠎ᠦ ᠰᠣᠯᠢᠯᠴᠠᠭ᠎ᠠ ᠬᠢᠵᠤ ᠬᠠᠮᠲᠤᠷᠠᠯᠴᠠᠬᠤ ᠬᠦᠰᠡᠯ ᠡᠷᠡᠮᠡᠯᠵᠡᠯ ᠬᠤᠪᠢᠷᠠᠬᠤ ᠦᠭᠡᠢ᠂ ᠬᠣᠶᠠᠷ ᠤᠯᠤᠰ᠎ᠤᠨ ᠵᠠᠯᠠᠭᠤᠴᠤᠳ ᠪᠠᠭᠠᠴᠤᠳ᠎ᠤᠨ ᠬᠠᠷᠢᠯᠴᠠᠨ ᠣᠢᠯᠠᠭᠠᠯᠴᠠᠵᠤ ᠬᠠᠷᠢᠯᠴᠠᠨ ᠳᠣᠲᠣᠨᠣ᠌ ᠪᠠᠢᠬᠤ ᠨᠥᠬᠥᠷᠯᠡᠯ ᠬᠤᠪᠢᠷᠠᠬᠤ ᠦᠭᠡᠢ ᠶᠤᠮ》 ᠭᠡᠵᠦ ᠢᠯᠡᠳᠭᠡᠪᠡ᠃

ᠯᠠᠨᠲ᠋ᠢ ᠰᠤᠷᠪᠤᠯᠵᠢᠯᠠᠭ᠍ᠴᠢ᠎ᠶᠢᠨ ᠰᠣᠷᠪᠤᠯᠵᠢᠯᠠᠭ᠎ᠠ᠎ᠶᠢ ᠬᠦᠯᠢᠶᠡᠬᠦ᠎ᠳᠡᠭᠡᠨ᠂ ᠠᠷᠠᠳ ᠲᠦᠮᠡᠨ᠎ᠦ ᠨᠥᠬᠥᠷᠯᠡᠯ ᠨᠢ ᠠᠮᠧᠷᠢᠺᠠ ᠳᠤᠮᠳᠠᠳᠤ᠎ᠶᠢᠨ ᠬᠠᠷᠢᠯᠴᠠᠭ᠎ᠠ᠎ᠶᠢᠨ ᠲᠣᠭᠲᠠᠭᠤᠨ ᠪᠠ ᠬᠥᠭᠵᠢᠯᠲᠡ᠎ᠳᠦ ᠴᠢᠬᠤᠯᠠ ᠦᠢᠯᠡᠳᠦᠯ᠎ᠲᠠᠢ ᠶᠤᠮ᠃ ᠠᠶ᠋ᠢᠤᠸᠠ ᠵᠧᠦ᠎ᠶᠢᠨ ᠨᠠᠢᠵᠠ ᠨᠠᠷ᠎ᠲᠤ ᠠᠪᠴᠤ ᠬᠡᠯᠡᠪᠡᠯ᠂ ᠲᠡᠷᠢᠭᠦᠯᠡᠭᠴᠢ ᠰᠢ ᠵᠢᠨ ᠫᠢᠩ ᠯᠦ᠍ᠭᠡ᠎ᠶᠢᠨ 41 ᠵᠢᠯ᠎ᠦᠨ ᠨᠥᠬᠥᠷᠯᠡᠯ ᠪᠣᠯ ᠲᠤᠢᠯ᠎ᠤᠨ ᠡᠷᠬᠢᠮ ᠨᠠᠨᠳᠢᠨ ᠶᠤᠮ᠂ 《ᠪᠢᠳᠡ ᠡᠨᠡ ᠬᠦ᠌ ᠨᠥᠬᠥᠷᠯᠡᠯ᠎ᠢᠶᠡᠨ ᠤᠯᠠᠮᠵᠢᠯᠠᠨ ᠵᠠᠯᠭᠠᠮᠵᠢᠯᠠᠨ᠎ᠠ》 ᠭᠡᠪᠡ᠃

2023 ᠣᠨ᠎ᠤ 11 ᠰᠠᠷ᠎ᠠ᠎ᠳᠤ ᠰᠠᠨ ᠹᠷᠠᠨᠰᠢᠰᠺᠦ᠎ᠳᠤ ᠶᠠᠷᠢᠶ᠎ᠠ ᠲᠠᠯᠪᠢᠬᠤ᠎ᠳᠠᠭᠠᠨ᠂ ᠲᠡᠷᠢᠭᠦᠯᠡᠭᠴᠢ ᠰᠢ ᠵᠢᠨ ᠫᠢᠩ ᠳᠤᠮᠳᠠᠳᠤ ᠤᠯᠤᠰ ᠢᠷᠡᠬᠦ 5 ᠵᠢᠯ᠎ᠳᠦ ᠳᠤᠷᠠᠲᠠᠶ᠎ᠠ 5 ᠲᠦᠮᠡᠨ ᠠᠮᠧᠷᠢᠺᠠ᠎ᠶᠢᠨ ᠵᠠᠯᠠᠭᠤᠴᠤᠳ ᠪᠠᠭᠠᠴᠤᠳ ᠎ᠢ ᠳᠤᠮᠳᠠᠳᠤ ᠤᠯᠤᠰ᠎ᠲᠤ ᠤᠷᠢᠵᠤ ᠰᠣᠯᠢᠯᠴᠠᠨ ᠰᠤᠷᠤᠯᠴᠠᠭᠤᠯᠤᠨ᠎ᠠ ᠭᠡᠵᠦ ᠨᠡᠢᠲᠡᠯᠡᠪᠡ᠃ ᠲᠡᠷᠡ ᠲᠤᠤᠷ᠎ᠠ ᠨᠢ ᠯᠠᠨᠲ᠋ᠢ ᠲᠡᠷᠢᠭᠦᠯᠡᠭᠴᠢ ᠰᠢ ᠵᠢᠨ ᠫᠢᠩ᠎ᠳᠦ ᠵᠠᠬᠢᠳᠠᠯ ᠢᠯᠡᠭᠡᠵᠦ᠂ ᠮᠠᠰᠺᠠᠲ᠋ᠢᠨ ᠳᠤᠮᠳᠠᠳᠤ ᠰᠤᠷᠭᠠᠭᠤᠯᠢ ᠪᠠᠰᠠ ᠡᠨᠡ ᠬᠦ᠌ ᠲᠥᠯᠥᠪᠯᠡᠭᠡ᠎ᠳᠦ ᠣᠷᠣᠯᠴᠠᠬᠤ ᠎ᠶᠢ ᠬᠦᠰᠡᠪᠡ᠃ ᠲᠡᠷᠢᠭᠦᠯᠡᠭᠴᠢ ᠰᠢ ᠵᠢᠨ ᠫᠢᠩ ᠬᠠᠷᠢᠭᠤ ᠵᠠᠬᠢᠳᠠᠯ᠎ᠳᠠᠭᠠᠨ᠂ ᠨᠡᠩ ᠤᠯᠠᠨ ᠠᠮᠧᠷᠢᠺᠠ᠎ᠶᠢᠨ ᠵᠠᠯᠠᠭᠤᠴᠤᠳ ᠪᠠᠭᠠᠴᠤᠳ᠎ᠤᠨ 《ᠦᠨᠡᠨ ᠪᠣᠳᠠᠲᠠᠢ᠂ ᠪᠣᠰᠣᠭ᠎ᠠ ᠴᠣᠭᠴᠠᠲᠤ᠂ ᠪᠦᠬᠦ ᠲᠠᠯ᠎ᠠ᠎ᠶᠢᠨ ᠳᠤᠮᠳᠠᠳᠤ ᠤᠯᠤᠰ᠎ᠢ ᠤᠢᠯᠠᠭᠠᠨ ᠮᠡᠳᠡᠷᠡᠵᠦ᠂ ᠬᠣᠶᠠᠷ ᠤᠯᠤᠰ᠎ᠤᠨ ᠠᠷᠠᠳ ᠲᠦᠮᠡᠨ᠎ᠦ ᠬᠣᠭᠣᠷᠣᠨᠳᠤ ᠨᠡᠩ ᠤᠯᠠᠨ ᠬᠠᠷᠢᠯᠴᠠᠨ ᠣᠢᠯᠠᠭᠠᠯᠴᠠᠵᠤ ᠬᠠᠷᠢᠯᠴᠠᠨ ᠳᠣᠲᠣᠨᠣ᠌ ᠪᠠᠢᠬᠤ ᠬᠥᠭᠥᠷᠭᠡ ᠬᠣᠯᠪᠣᠭᠠᠰᠤ᠎ᠶᠢ ᠴᠣᠭᠴᠠᠯᠠᠬᠤ᠎ᠶᠢ ᠵᠣᠷᠢᠭ᠍ᠵᠢᠭᠤᠯᠤᠨ᠎ᠠ》 ᠭᠡᠵᠦ ᠢᠯᠡᠳᠬᠡᠪᠡ᠃

ᠰᠤᠷᠤᠭ᠍ᠴᠢᠳ ᠢᠳᠡᠪᠬᠢᠲᠡᠢ᠎ᠪᠡᠷ ᠨᠡᠷ᠎ᠡ ᠮᠡᠳᠡᠭᠦᠯᠦᠭᠰᠡᠨ ᠪᠠᠢᠳᠠᠯ ᠎ᠢ ᠰᠲ᠋ᠠᠢ ᠊ ᠡᠸᠨ ᠲᠣᠪ ᠲᠣᠳᠣᠷᠬᠠᠢ ᠴᠡᠭᠡᠵᠢᠯᠡᠭᠰᠡᠭᠡᠷ ᠪᠠᠢᠯ᠎ᠠ᠃ ᠲᠡᠷᠡ ᠰᠤᠷᠪᠤᠯᠵᠢᠯᠠᠭ᠍ᠴᠢ᠎ᠳᠤ᠂ 《5 ᠵᠢᠯ 5 ᠲᠦᠮᠡᠨ ᠬᠦᠮᠦᠨ》 ᠤ᠋ ᠰᠠᠨᠠᠭᠠᠴᠢᠯᠠᠭ᠎ᠠ ᠡᠬᠢᠯᠡᠭᠰᠡᠨ᠎ᠡᠴᠡ ᠨᠠᠭᠠᠰᠢ᠂ ᠠᠮᠧᠷᠢᠺᠠ᠎ᠶᠢᠨ ᠵᠠᠯᠠᠭᠤᠴᠤᠳ ᠪᠠᠭᠠᠴᠤᠳ᠎ᠲᠤ ᠳᠤᠮᠳᠠᠳᠤ ᠤᠯᠤᠰ᠎ᠢ ᠣᠢᠯᠠᠭᠠᠬᠤ᠂ ᠨᠥᠬᠥᠷᠯᠡᠯ ᠎ᠢ ᠵᠠᠯᠭᠠᠮᠵᠢᠯᠠᠬᠤ 《ᠬᠠᠮᠤᠭ᠎ᠤᠨ ᠰᠠᠢᠨ ᠠᠵᠠ ᠲᠣᠬᠢᠶᠠᠯ》 ᠬᠠᠩᠭᠠᠵᠤ᠂ ᠬᠣᠶᠠᠷ ᠲᠠᠯ᠎ᠠ᠎ᠶᠢᠨ ᠣᠢᠯᠠᠭᠠᠯᠴᠠᠭ᠎ᠠ᠎ᠶᠢ ᠨᠡᠮᠡᠭᠳᠡᠭᠦᠯᠵᠦ᠂ ᠬᠣᠶᠠᠷ ᠤᠯᠤᠰ᠎ᠤᠨ ᠬᠠᠷᠢᠯᠴᠠᠭ᠎ᠠ ᠪᠣᠯᠣᠨ ᠪᠦᠬᠦ ᠳᠡᠯᠡᠬᠡᠢ᠎ᠳᠦ ᠴᠥᠮ ᠰᠠᠢᠨ ᠶᠠᠪᠤᠳᠠᠯ ᠪᠣᠯᠪᠠ ᠭᠡᠵᠡᠢ᠃

《ᠣᠲᠣ ᠪᠢᠳᠡ 〈5 ᠵᠢᠯ 5 ᠲᠦᠮᠡᠨ ᠬᠦᠮᠦᠨ〉 ᠤ᠋ ᠰᠠᠨᠠᠭᠠᠴᠢᠯᠠᠭ᠎ᠠ᠎ᠶ᠋ᠢᠨ ᠴᠢᠬᠤᠯᠠ ᠠᠴᠢ ᠬᠣᠯᠪᠣᠭ᠍ᠳᠠᠯ᠎ᠢ ᠨᠠᠩ ᠭᠦᠨᠵᠡᠭᠡᠶ ᠲᠠᠨᠢᠵᠤ ᠤᠯᠪᠠ》᠃ ᠪᠸᠢᠯᠥ᠋ᠩ᠂ ᠠᠢᠤᠸᠠ ᠵᠧᠤ᠎ᠶ᠋ᠢᠨ ᠨᠥᠬᠥᠷᠰᠡᠭ ᠬᠥᠮᠦᠰ ᠬᠢᠭᠡᠳ ᠲᠡᠷᠢᠭᠦᠯᠡᠭ᠌ᠴᠢ ᠰᠢ ᠵᠢᠨ ᠫᠢᠩ᠎ᠦᠨ ᠬᠣᠭᠣᠷᠣᠨᠳᠣᠬᠢ ᠭᠦᠨ ᠵᠤᠵᠠᠭᠠᠨ ᠨᠥᠬᠥᠷᠯᠡᠯ᠎ᠨᠢ ᠶᠠᠭ ᠰᠠᠢᠬᠠᠨ ᠨᠠᠢᠵᠠ ᠪᠣᠯᠤᠯᠴᠠᠬᠤ᠂ ᠬᠠᠨᠢᠲᠠᠨ ᠪᠣᠯᠤᠯᠴᠠᠬᠤ ᠬᠦᠰᠡᠯ ᠰᠠᠨᠠᠭ᠎ᠠ ᠡᠴᠡ ᠢᠷᠡᠯᠲᠡ᠎ᠲᠡᠶ ᠪᠠᠢᠵᠤ᠂ ᠬᠠᠷᠢᠯᠴᠠᠨ ᠬᠦᠨᠳᠦᠳᠭᠡᠵᠦ᠍᠂ ᠬᠠᠷᠢᠯᠴᠠᠨ ᠰᠤᠷᠤᠯᠴᠠᠬᠤ ᠠᠵᠢᠯᠯᠠᠭ᠎ᠠ ᠡᠴᠡ ᠢᠷᠡᠯᠲᠡ᠎ᠲᠡᠶ ᠶᠤᠮ ᠭᠡᠪᠡ᠃

《〈5 ᠵᠢᠯ 5 ᠲᠦᠮᠡᠨ ᠬᠦᠮᠦᠨ〉 ᠤ᠋ ᠰᠠᠨᠠᠭᠠᠴᠢᠯᠠᠭ᠎ᠠ ᠪᠣᠯ ᠬᠣᠶᠠᠷ ᠤᠯᠤᠰ᠎ᠤᠨ ᠬᠠᠷᠢᠯᠴᠠᠭ᠎ᠠ᠎ᠶ᠋ᠢ ᠠᠬᠢᠭᠤᠯᠬᠤ ᠡᠯᠪᠡᠭ ᠦᠷ᠎ᠡ ᠪᠦᠲᠦᠭᠡᠯ᠎ᠲᠡᠶ ᠠᠷᠭ᠎ᠠ ᠬᠡᠮᠵᠢᠶ᠎ᠡ ᠮᠥᠨ ᠂ ᠬᠣᠶᠠᠷ ᠤᠯᠤᠰ᠎ᠤᠨ ᠵᠠᠯᠠᠭᠤᠴᠤᠳ ᠪᠠᠭᠠᠴᠤᠳ ᠬᠤᠭᠤᠷᠤᠨᠳᠤ ᠪᠠᠨ ᠱᠢᠨ᠎ᠡ ᠨᠥᠬᠥᠷᠯᠡᠯ ᠪᠠᠢᠭᠤᠯᠤᠭᠰᠠᠨ ᠪᠣᠯ ᠡᠨᠡ ᠬᠦ᠌ ᠰᠠᠨᠠᠭᠠᠴᠢᠯᠠᠭ᠎ᠠ᠎ᠶ᠋ᠢᠨ ᠬᠠᠮᠤᠭ᠎ᠤᠨ ᠡᠷᠬᠢᠮ ᠨᠠᠨᠳᠢᠨ ᠣᠯᠤᠯᠲᠠ ᠪᠣᠯᠤᠨ᠎ᠠ》᠃ ᠲᠡᠷᠡ᠄ 《ᠡᠨᠡ ᠬᠦ᠌ ᠰᠠᠨᠠᠭᠠᠴᠢᠯᠠᠭ᠎ᠠ ᠪᠣᠯ ᠱᠢᠨ᠎ᠡ ᠭᠠᠷᠤᠭ᠎ᠠ ᠮᠥᠨ》 ᠭᠡᠵᠦ᠍ ᠰᠡᠳᠭᠢᠯ ᠳᠣᠭ᠍ᠳᠣᠯᠤᠨ ᠬᠡᠯᠡᠪᠡ᠃

ᠡᠭᠦᠷᠢᠳᠡ ᠮᠠᠷᠲᠠᠭ᠍ᠳᠠᠰᠢ ᠦᠭᠡᠢ ᠥᠩᠭᠡᠷᠡᠯᠲᠡ

《5 ᠵᠢᠯ 5 ᠲᠦᠮᠡᠨ ᠬᠦᠮᠦᠨ》 ᠤ᠋ ᠰᠠᠨᠠᠭᠠᠴᠢᠯᠠᠭ᠎ᠠ᠎ᠶ᠋ᠢ ᠡᠬᠢᠯᠡᠭᠦᠯᠦᠭ᠌ᠰᠡᠨ ᠬᠣᠶᠠᠷ ᠵᠢᠯ ᠭᠠᠷᠤᠢ᠎ᠶ᠋ᠢᠨ ᠲᠤᠷᠰᠢ᠂ ᠲᠡᠷᠢᠭᠦᠯᠡᠭ᠌ᠴᠢ ᠰᠢ ᠵᠢᠨ ᠫᠢᠩ ᠡᠨᠡ ᠬᠦ᠌ ᠰᠠᠨᠠᠭᠠᠴᠢᠯᠠᠭ᠎ᠠ᠎ᠳᠤ ᠣᠷᠣᠯᠴᠠᠭ᠍ᠰᠠᠨ ᠠᠮᠧᠷᠢᠺᠠ᠎ᠶ᠋ᠢᠨ ᠵᠠᠯᠠᠭᠤᠴᠤᠳ ᠪᠠᠭᠠᠴᠤᠳ᠎ᠲᠤ ᠣᠯᠠᠨᠲᠠ ᠬᠠᠷᠢᠭᠤ ᠵᠠᠬᠢᠳᠠᠯ ᠢᠯᠡᠭᠡᠪᠡ᠃

ᠡᠳᠦᠭᠡ ᠪᠣᠯᠲᠠᠯ᠎ᠠ ᠨᠢᠭᠡᠨᠲᠡ 4 ᠲᠦᠮᠡ ᠭᠠᠷᠤᠢ ᠠᠮᠧᠷᠢᠺᠠ᠎ᠶ᠋ᠢᠨ ᠵᠠᠯᠠᠭᠤᠴᠤᠳ ᠪᠠᠭᠠᠴᠤᠳ ᠲᠤᠰ ᠰᠠᠨᠠᠭᠠᠴᠢᠯᠠᠭ᠎ᠠ᠎ᠳᠤ ᠢᠳᠡᠪᠬᠢᠲᠡᠢ ᠣᠷᠣᠯᠴᠠᠪᠠ᠃ 《 ᠡᠨᠡ ᠨᠢ ᠨᠥᠬᠥᠷᠰᠡᠭ ᠰᠣᠯᠢᠯᠴᠠᠭ᠎ᠠ ᠬᠠᠮᠲᠤᠷᠠᠯᠴᠠᠭ᠎ᠠ ᠵᠢ ᠥᠷᠨᠢᠭᠦᠯᠬᠦ᠌ ᠪᠣᠯ ᠳᠤᠮᠳᠠᠳᠤ ᠠᠮᠧᠷᠢᠺᠠ ᠬᠣᠶᠠᠷ ᠤᠯᠤᠰ᠎ᠤᠨ ᠠᠷᠠᠳ᠎ᠤᠨ ᠰᠡᠳᠭᠢᠯ᠎ᠦᠨ ᠬᠠᠨᠳᠤᠰᠢ ᠪᠣᠯᠬᠤ᠎ᠶ᠋ᠢ ᠭᠦᠢᠴᠡᠳ ᠬᠠᠷᠠᠭᠤᠯᠵᠤ ᠪᠠᠢᠨ᠎ᠠ》᠃ 2026 ᠣᠨ᠎ᠤ 1 ᠰᠠᠷ᠎ᠠ ᠎ᠶ᠋ᠢᠨ 7 ᠎ᠤ᠋ ᠡᠳᠦᠷ᠂ ᠲᠡᠷᠢᠭᠦᠯᠡᠭ᠌ᠴᠢ ᠰᠢ ᠵᠢᠨ ᠫᠢᠩ ᠠᠮᠧᠷᠢᠺᠠ᠎ᠶ᠋ᠢᠨ ᠵᠠᠯᠠᠭᠤᠴᠤᠳ ᠪᠠᠭᠠᠴᠤᠳ᠎ᠤᠨ ᠰᠤᠷᠭᠠᠨ ᠬᠥᠮᠦᠵᠢᠯ᠎ᠦᠨ ᠰᠣᠯᠢᠯᠴᠠᠭᠠᠨ᠎ᠤ ᠪᠦᠯᠬᠦᠮ᠎ᠤᠨ ᠳᠤᠮᠳᠠᠳᠤ ᠤᠯᠤᠰ᠎ᠲᠦ ᠠᠢᠯᠴᠢᠯᠠᠭᠰᠠᠨ ᠪᠠᠭ᠍ᠰᠢ ᠰᠤᠷᠤᠭ᠍ᠴᠢᠳ᠎ᠲᠤ ᠬᠠᠷᠢᠭᠤ ᠵᠠᠬᠢᠳᠠᠯ ᠢᠯᠡᠭᠡᠬᠦ᠎ᠳᠡᠭᠡᠨ ᠢᠩᠬᠢᠵᠤ ᠵᠢᠭᠠᠵᠤ ᠭᠠᠷᠭᠠᠪᠠ᠃

《ᠮᠠᠰᠢ ᠤᠯᠠᠨ ᠵᠠᠯᠠᠭᠤᠴᠤᠳ ᠳᠤᠮᠳᠠᠳᠤ ᠤᠯᠤᠰ᠎ᠲᠤ ᠬᠦᠷᠴᠦ᠍ ᠵᠢᠭᠤᠯᠴᠢᠯᠠᠬᠤ ᠪᠠ ᠰᠤᠷᠤᠯᠴᠠᠬᠤ᠎ᠪᠠᠷ ᠲᠠᠮᠵᠢᠨ᠂ ᠠᠮᠢᠳᠤᠷᠠᠯ᠎ᠤᠨ ᠥᠩᠭᠡᠷᠡᠯᠲᠡ᠎ᠪᠡᠨ ᠪᠠᠶᠠᠯᠢᠭ᠍ᠵᠢᠭᠤᠯᠤᠬᠰᠠᠨ ᠪᠦᠬᠡᠳ ᠨᠠᠰᠤᠨ ᠲᠤᠷᠱᠢᠳᠠ᠎ᠶ᠋ᠢᠨ ᠨᠥᠬᠥᠷᠯᠡᠯ᠎ᠢ ᠪᠠᠢᠭᠤᠯᠵᠠᠢ》᠃ ᠪᠸᠢᠯᠥ᠋ᠩ ᠡᠴᠡ ᠲᠡᠷᠢᠭᠦᠯᠡᠭ᠌ᠴᠢ ᠰᠢ ᠵᠢᠨ ᠫᠢᠩ᠎ᠳᠦ ᠥᠭ᠌ᠭᠦᠭ᠌ᠰᠡᠨ ᠵᠠᠬᠢᠳᠠᠯ᠎ᠳᠠᠭᠠᠨ ᠠᠢᠤᠸᠠ ᠵᠧᠤ᠎ᠶ᠋ᠢᠨ ᠵᠠᠯᠠᠭᠤᠴᠤᠳ ᠪᠠᠭᠠᠴᠤᠳ᠎ᠤᠨ《5 ᠵᠢᠯ 5 ᠲᠦᠮᠡᠨ ᠬᠦᠮᠦᠨ》 ᠤ᠋ ᠰᠠᠨᠠᠭᠠᠴᠢᠯᠠᠭ᠎ᠠ᠎ᠳᠤ ᠣᠷᠣᠯᠴᠠᠭ᠍ᠰᠠᠨ ᠦᠷ᠎ᠡ ᠪᠦᠲᠦᠭᠡᠯ᠎ᠢ ᠲᠠᠨᠢᠯᠴᠠᠭᠤᠯᠪᠠ᠃ ᠲᠡᠷᠡ ᠪᠡᠷ ᠰᠤᠷᠪᠤᠯᠵᠢᠯᠠᠭ᠍ᠴᠢ᠎ᠳᠤ ᠂ ᠣᠳᠣᠬᠠᠨ᠎ᠳᠤ ᠶᠠᠭ ᠲᠤᠬᠠᠢ᠎ᠶ᠋ᠢᠨ ᠭᠠᠵᠠᠷ᠎ᠤᠨ ᠵᠠᠯᠠᠭᠤᠴᠤᠳ᠎ᠤᠨ ᠡᠨᠡ ᠵᠢᠯ᠎ᠦᠨ ᠬᠠᠪᠤᠷ᠎ᠶᠠᠪᠤᠬᠳᠠᠬᠤ ᠳᠤᠮᠳᠠᠳᠤ ᠤᠯᠤᠰ᠎ᠲᠠᠬᠢ ᠠᠢᠯᠴᠢᠯᠠᠯᠲᠠ ᠵᠢ ᠪᠡᠯᠡᠳᠭᠡᠵᠦ᠍ ᠪᠠᠢᠨ᠎ᠠ ᠭᠡᠵᠡᠢ᠃

ᠵᠠᠯᠠᠭᠤ ᠰᠤᠷᠤᠭ᠍ᠴᠢ ᠲᠠᠢᠰᠸᠨ ᠲᠡᠷᠢᠭᠦᠯᠡᠭ᠌ᠴᠢ ᠰᠢ ᠵᠢᠨ ᠫᠢᠩ᠎ᠦᠨ ᠡᠨᠡ ᠬᠦ᠌ ᠰᠠᠨᠠᠭᠠᠴᠢᠯᠠᠭ᠎ᠠ᠎ᠶ᠋ᠢ ᠳᠤᠷᠠᠳᠤᠭ᠍ᠰᠠᠨ᠎ᠳᠤ ᠲᠠᠯᠠᠷᠬᠠᠪᠠ᠃ ᠲᠡᠷᠡ᠂ 《ᠳᠤᠮᠳᠠᠳᠤ ᠤᠯᠤᠰ᠎ᠲᠠᠬᠢ ᠠᠶᠠᠯᠠᠯ ᠪᠣᠯ ᠡᠭᠦᠷᠢᠳᠡ ᠮᠠᠷᠲᠠᠭ᠍ᠳᠠᠰᠢ ᠦᠭᠡᠢ ᠥᠩᠭᠡᠷᠡᠯᠲᠡ ᠮᠥᠨ᠂ ᠮᠢᠨᠦ᠍ ᠢᠷᠡᠭᠡᠳᠦᠢ᠎ᠶ᠋ᠢ ᠭᠦᠨ ᠨᠥᠯᠥᠭᠡᠯᠡᠬᠦ᠌ ᠪᠣᠯᠤᠨ᠎ᠠ᠂ ᠪᠢ ᠳᠤᠷᠠᠳᠠᠶ᠎ᠠ ᠳᠡᠯᠡᠬᠡᠶ᠎ᠶ᠋ᠢᠨ ᠡᠩᠬᠡ ᠲᠠᠢᠪᠤᠩ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

ᠰᠤᠷᠤᠭ᠍ᠴᠢ ᠴᠠᠷᠯᠧᠰ᠄ 《ᠡᠨᠡ ᠪᠣᠯ ᠨᠢᠭᠡ ᠤᠳᠠᠭ᠎ᠠ᠎ᠶ᠋ᠢᠨ ᠡᠷᠬᠢᠮ ᠨᠠᠨᠳᠢᠨ ᠠᠵᠠ ᠲᠣᠬᠢᠶᠠᠯ ᠮᠥᠨ᠂ ᠪᠢᠳᠡ ᠠᠭᠤᠤ ᠶᠡᠬᠡ ᠳᠤᠮᠳᠠᠳᠤ ᠤᠯᠤᠰ ᠎ᠤᠨ ᠠᠷᠠᠳ ᠲᠦᠮᠡᠨ᠎ᠲᠡᠶ ᠲᠠᠨᠢᠯᠴᠠᠯ᠎ᠠ᠂ ᠳᠤᠮᠳᠠᠳᠤ ᠤᠯᠤᠰ᠎ᠲᠠᠬᠢ ᠠᠶᠠᠯᠠᠯ ᠳᠤᠮᠳᠠ ᠤᠴᠠᠷᠠᠭ᠍ᠰᠠᠨ ᠬᠥᠮᠦᠨ ᠨᠢᠬᠡ ᠪᠦᠷᠢ ᠮᠠᠰᠢ ᠳᠣᠲᠣᠨᠣ᠂ ᠨᠥᠬᠥᠷᠰᠡᠭ ᠪᠠᠢᠯ᠎ᠠ》 ᠬᠡᠪᠡ᠃

ᠠᠮᠧᠷᠢᠺᠠ᠎ᠶ᠋ᠢᠨ ᠨᠥᠬᠥᠷᠰᠡᠭ ᠬᠥᠮᠦᠨ ᠮᠦ᠍ ᠶᠠᠨ ᠯᠢᠩ ᠰᠤᠷᠪᠤᠯᠵᠢᠯᠠᠭ᠍ᠴᠢ᠎ᠳᠤ᠂ ᠣᠢᠷ᠎ᠠ᠎ᠶ᠋ᠢᠨ ᠬᠣᠶᠠᠷ ᠵᠢᠯ᠎ᠳᠦ ᠪᠢ ᠳᠤᠮᠳᠠᠳᠤ ᠤᠯᠤᠰ᠎ᠲᠤ ᠣᠯᠠᠨ ᠤᠳᠠᠭ᠎ᠠ ᠠᠢᠯᠴᠢᠯᠠᠪᠠ ᠬᠡᠪᠡ᠃ ᠲᠡᠷᠡ᠂ 《5 ᠵᠢᠯ 5 ᠲᠦᠮᠡᠨ ᠬᠥᠮᠦᠨ》 ᠤ᠋ ᠰᠠᠨᠠᠭᠠᠴᠢᠯᠠᠭ᠎ᠠ᠎ᠳᠤ ᠣᠷᠣᠯᠴᠠᠭ᠍ᠰᠠᠨ ᠠᠮᠧᠷᠢᠺᠠ᠎ᠶ᠋ᠢᠨ ᠵᠠᠯᠠᠭᠤᠴᠤᠳ ᠪᠠᠭᠠᠴᠤᠳ᠎ᠤᠨ ᠳᠤᠮᠳᠠᠳᠤ ᠤᠯᠤᠰ᠎ᠲᠤ ᠠᠢᠯᠴᠢᠯᠠᠬᠤ ᠦᠶ᠎ᠡ ᠶ᠋ᠢᠨ ᠳᠣᠭ᠍ᠳᠣᠯᠤᠭ᠍ᠰᠠᠨ ᠰᠡᠳᠭᠢᠯᠭᠡ ᠵᠢ ᠪᠡᠶ᠎ᠡ᠎ᠪᠡᠷ᠎ᠢᠶᠡᠨ ᠭᠡᠷᠡᠴᠢᠯᠡᠵᠤ᠂ 《ᠡᠳᠡᠭᠡᠷ ᠰᠣᠯᠢᠯᠴᠠᠭᠠᠨ᠎ᠤ ᠠᠵᠢᠯᠯᠠᠭ᠎ᠠ ᠳᠤᠮᠳᠠ᠂ ᠪᠢᠳᠡ ᠦᠨᠡᠨ ᠪᠣᠳᠠᠲᠠᠢ ᠳᠤᠮᠳᠠᠳᠤ ᠤᠯᠤᠰ᠎ᠢ ᠤᠢᠯᠠᠭᠠᠵᠡᠢ》 ᠭᠡᠪᠡ᠃

ᠲᠡᠷᠡ᠄ 《ᠡᠨᠡ ᠬᠦ᠌ ᠰᠠᠨᠠᠭᠠᠴᠢᠯᠠᠭ᠎ᠠ ᠨᠢ ᠨᠢᠭᠡᠨᠲᠡ ᠪᠢᠳᠡᠨ᠎ᠦ ᠶᠠᠷᠢᠯᠴᠠᠭ᠎ᠠ ᠰᠣᠯᠢᠯᠴᠠᠭ᠎ᠠ ᠬᠢᠬᠦ᠌᠂ ᠨᠥᠬᠥᠷᠯᠡᠯ᠎ᠢ ᠤᠯᠠᠮᠵᠢᠯᠠᠬᠤ ᠬᠥᠭᠥᠷᠭᠡ ᠪᠣᠯᠵᠠᠢ》 ᠭᠡᠪᠡ᠃

     

 (ᠱᠢᠨᠬᠤᠸᠠ ᠬᠤᠷᠢᠶ᠎ᠠ ᠵᠢᠨ ᠠᠮᠧᠷᠢᠺᠠ᠎ᠶ᠋ᠢᠨ ᠮᠠᠰᠺᠠᠲ᠋ᠢᠨ᠎ᠤ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号