ᠭᠠᠳᠠᠭᠠᠲᠤ ᠤᠯᠤᠰ᠎ᠤᠨ ᠤᠳᠤᠷᠢᠳᠭᠤ ᠬᠥᠮᠦᠰ ᠪᠣᠯᠤᠨ ᠣᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭᠠᠲᠠᠨ ᠮᠣᠷᠢᠨ ᠵᠢᠯ᠎ᠦᠨ ᠴᠠᠭᠠᠨ ᠰᠠᠷ᠎ᠠ᠎ᠵᠢᠨ ᠪᠠᠶᠠᠷ ᠬᠦᠷᠭᠡᠪᠡ
2026-02-23 11:41:12
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

 ᠣᠢᠷ᠎ᠠ᠎ᠳᠤ᠂ ᠮᠠᠰᠢ ᠣᠯᠠᠨ ᠭᠠᠳᠠᠭᠠᠳᠤ ᠤᠯᠤᠰ᠎ᠤᠨ ᠤᠳᠤᠷᠢᠳᠭᠤ ᠬᠥᠮᠦᠰ ᠪᠤᠯᠤᠨ ᠣᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭᠠᠲᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ᠎ᠳᠦ ᠴᠠᠬᠢᠯᠭᠠᠨ ᠴᠢᠮᠡᠭᠡ ᠢᠷᠡᠬᠦᠯᠦᠭᠰᠡᠨ ᠪᠤᠶᠤ ᠵᠠᠬᠢᠳᠠᠯ ᠢᠷᠡᠬᠦᠯᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠮᠣᠷᠢᠨ ᠵᠢᠯ᠎ᠦᠨ ᠴᠠᠭᠠᠨ ᠰᠠᠷ᠎ᠠ᠎ᠪᠠᠨ ᠪᠠᠶᠠᠷᠯᠠᠨ ᠤᠭ᠍ᠲᠤᠵᠤ ᠪᠠᠢᠭ᠎ᠠ᠎ᠳᠤ ᠪᠠᠶᠠᠷ ᠬᠦᠷᠭᠡᠪᠡ᠃

ᠭᠸᠷᠮᠠᠨ ᠎ᠤ ᠶᠡᠷᠦᠩᠬᠡᠢ ᠰᠠᠢᠳ ᠮᠦᠸᠸᠽᠢ ᠨᠡᠢᠭᠡᠮ ᠎ᠦᠨ ᠬᠠᠷᠢᠯᠴᠠᠭᠠᠨ᠎ᠤ ᠵᠠᠭᠤᠴᠢᠯᠠᠭᠤᠷ᠎ᠲᠤ ᠵᠣᠬᠢᠶᠠᠯ ᠨᠡᠢᠲᠡᠯᠡᠵᠦ᠍ ᠴᠠᠭᠠᠨ ᠰᠠᠷ᠎ᠠ᠎ᠶ᠋ᠢᠨ ᠪᠠᠶᠠᠷ ᠬᠦᠷᠭᠡᠵᠦ᠍᠂ ᠮᠤᠷᠢᠨ ᠵᠢᠯ᠎ᠳᠤ ᠭᠸᠷᠮᠠᠨ ᠳᠤᠮᠳᠠᠳᠤ᠎ᠶ᠋ᠢᠨ ᠬᠠᠷᠢᠯᠴᠠᠭ᠎ᠠ᠎ᠳᠤ ᠬᠦᠴᠦᠨ ᠴᠢᠳᠠᠯ ᠪᠠ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠬᠦ᠌᠎ᠶ᠋ᠢ ᠬᠦᠰᠡᠪᠡ᠃

ᠫᠠᠺᠢᠰᠲ᠋ᠠᠨ᠎ᠤ ᠶᠡᠷᠦᠩᠬᠡᠢᠯᠡᠭ᠌ᠴᠢ ᠵᠠᠷᠳᠠᠯᠢ ᠳᠤᠮᠳᠠᠳᠤ ᠤᠯᠤᠰ᠎ᠤᠨ ᠡᠩᠬᠡ ᠲᠠᠢᠪᠤᠩ ᠠᠮᠤᠷ ᠲᠣᠭ᠍ᠲᠠᠭᠤᠨ᠂ ᠬᠥᠭ᠌ᠵᠢᠨ ᠴᠡᠴᠡᠭ᠌ᠯᠡᠵᠤ᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ ᠎ᠶ᠋ᠢᠨ ᠠᠭᠤᠤ ᠦᠢᠯᠡᠰ ᠲᠠᠰᠤᠷᠠᠯᠲᠠ ᠦᠭᠡᠢ ᠤᠷᠤᠭ᠍ᠰᠢ ᠠᠬᠢᠬᠤ᠎ᠶ᠋ᠢ ᠵᠥᠩᠨᠡᠵᠦ᠍᠂ ᠫᠠᠺᠢᠰᠲ᠋ᠠᠨ ᠎ᠤ ᠬᠢᠨ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠬᠡᠯᠪᠡᠷᠢ᠎ᠪᠡᠨ ᠬᠤᠪᠢᠷᠠᠭᠤᠯᠬᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠳᠠᠪᠱᠢᠯᠲᠠ᠂ ᠶᠠᠳᠠᠭᠤ᠎ᠡᠴᠡ ᠠᠩᠭᠢᠵᠢᠷᠠᠭᠤᠯᠬᠤ ᠶᠠᠳᠠᠭᠤ ᠬᠦᠴᠢᠷᠲᠡᠯᠲᠡᠢ ᠬᠦᠮᠦᠨ ᠠᠮᠠ᠎ᠶ᠋ᠢ ᠴᠦᠬᠡᠳᠭᠡᠬᠦ ᠪᠠ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠠᠯ᠎ᠠ᠎ᠪᠠᠷ ᠣᠯᠤᠭ᠍ᠰᠠᠨ ᠶᠡᠷᠦ᠍ ᠪᠤᠰᠤ᠎ᠶ᠋ᠢᠨ ᠠᠮᠵᠢᠯᠲᠠ᠎ᠶ᠋ᠢ ᠴᠢᠩ ᠰᠡᠳᠭᠢᠯ᠎ᠡᠴᠡ᠎ᠪᠡᠨ ᠪᠢᠱᠢᠷᠡᠵᠦ᠍ ᠪᠠᠢᠨ᠎ᠠ᠂ ᠳᠤᠮᠳᠠᠳᠤ ᠤᠯᠤᠰ᠎ᠤᠨ ᠳᠤᠷᠠᠳᠤᠭ᠍ᠰᠠᠨ ᠳᠦᠷᠪᠡᠨ ᠶᠡᠬᠡ ᠪᠦᠬᠦ᠌ ᠪᠥᠮᠪᠥᠷᠴᠡᠭ᠎ᠦᠨ ᠰᠠᠨᠠᠭᠠᠴᠢᠯᠠᠭ᠎ᠠ ᠨᠢ ᠳᠤᠮᠳᠠᠳᠤ ᠤᠯᠤᠰ᠎ᠤᠨ ᠡᠷᠡᠮᠡᠬᠡᠢᠯᠡᠨ ᠤᠷᠤᠭ᠍ᠰᠢᠯᠠᠬᠤ᠂ ᠵᠠᠮ ᠨᠡᠭᠡᠭᠡᠨ ᠱᠢᠨ᠎ᠡ᠎ᠶ᠋ᠢ ᠡᠭᠦᠳᠬᠦ᠌᠂ ᠪᠦᠯᠬᠦᠮᠳᠡᠨ ᠨᠢᠭᠡᠳᠬᠦ᠌ ᠵᠣᠷᠢᠭ ᠰᠠᠨᠠᠭ᠎ᠠ᠎ᠶ᠋ᠢ ᠢᠯᠡᠷᠡᠭᠦᠯᠵᠡᠢ᠃ ᠡᠨᠡ ᠵᠢᠯ ᠪᠣᠯ ᠶᠠᠭ ᠰᠠᠢᠬᠠᠨ ᠫᠠᠺᠢᠰᠲ᠋ᠠᠨ ᠳᠤᠮᠳᠠᠳᠤ᠎ᠶ᠋ᠢᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 75 ᠵᠢᠯ᠎ᠦᠨ ᠤᠢ ᠪᠣᠯᠤᠨ᠎ᠠ᠂ ᠲᠡᠷᠢᠭᠦᠯᠡᠭ᠌ᠴᠢ ᠰᠢ ᠵᠢᠨ ᠫᠢᠩ᠎ᠦᠨ ᠠᠯᠤᠰ᠎ᠤᠨ ᠬᠠᠷᠠᠴᠠ᠎ᠲᠠᠶ ᠭᠠᠷᠮᠠᠭᠠᠢ ᠤᠳᠤᠷᠢᠳᠤᠯᠭ᠎ᠠ ᠳᠣᠣᠷ᠎ᠠ᠂ ᠫᠠᠺᠢᠰᠲ᠋ᠠᠨ ᠳᠤᠮᠳᠠᠳᠤ ᠬᠣᠶᠠᠷ ᠤᠯᠤᠰ ᠢᠷᠡᠭᠡᠳᠦᠢ᠎ᠳᠦ ᠨᠡᠩ ᠨᠢᠭ᠍ᠲᠠ ᠬᠠᠮᠲᠤᠷᠠᠯᠴᠠᠭᠠᠨ᠎ᠤ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠨᠢ ᠯᠠᠪᠲᠠᠢ ᠭᠡᠳᠡᠭ᠎ᠢ ᠢᠲᠡᠭᠡᠵᠦ᠍ ᠪᠠᠢᠨ᠎ᠠ ᠭᠡᠵᠦ᠍ ᠢᠯᠡᠳᠭᠡᠪᠡ᠃

ᠺᠠᠽᠠᠬ᠍ᠰᠲ᠋ᠠᠠ ᠤ᠋ ᠶᠡᠷᠦᠩᠬᠡᠢᠯᠡᠭ᠌ᠴᠢ ᠲᠦᠸᠸᠺᠠᠶᠸᠹ᠂ ᠴᠠᠭᠠᠨ ᠰᠠᠷ᠎ᠠ ᠪᠣᠯ ᠲᠦᠮᠡᠨ ᠪᠣᠳᠠᠰ ᠲᠥᠯᠵᠢᠨ ᠱᠢᠨᠡᠳᠬᠦ᠌᠎ᠶ᠋ᠢ ᠪᠡᠯᠭᠡᠳᠡᠵᠦ᠍᠂ ᠪᠠᠶᠠᠷᠳᠤ ᠤᠴᠠᠷᠠᠯ ᠎ᠢ᠋ ᠲᠥᠯᠥᠭᠡᠯᠡᠵᠦ᠍ ᠪᠠᠢᠭ᠎ᠠ ᠶᠤᠮ᠂ ᠱᠢᠨ᠎ᠡ ᠨᠢᠭᠡᠨ ᠵᠢᠯ᠎ᠳᠦ ᠳᠤᠮᠳᠠᠳᠤ ᠤᠯᠤᠰ ᠴᠡᠴᠡᠭ᠌ᠯᠡᠨ ᠬᠥᠭ᠌ᠵᠢᠵᠦ᠍᠂ ᠠᠷᠠᠳ ᠲᠦᠮᠡᠨ ᠠᠮᠤᠷ ᠲᠠᠢᠪᠤᠩ ᠠᠵᠤ ᠲᠦᠷᠦᠭᠦ᠎ᠶ᠋ᠢ ᠴᠢᠩ ᠰᠡᠳᠭᠢᠯ ᠡᠴᠡ᠎ᠪᠡᠨ ᠵᠦᠩᠨᠡᠵᠦ ᠪᠠᠢᠨ᠎ᠠ᠃ ᠲᠡᠷᠢᠭᠦᠯᠡᠭ᠌ᠴᠢ ᠰᠢ ᠵᠢᠨ ᠫᠢᠩ᠎ᠦᠨ ᠰᠣᠳᠣ ᠮᠡᠷᠭᠡᠨ ᠱᠢᠢᠳᠪᠦᠷᠢᠲᠦ ᠪᠤᠳᠤᠯᠭ᠎ᠠ ᠪᠣᠯᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠶᠡᠷᠦᠩᠬᠡᠢᠯᠡᠭ᠌ᠰᠡᠨ ᠪᠣᠳᠠᠲᠤ ᠬᠦᠴᠦᠨ ᠲᠠᠰᠤᠷᠠᠯᠲᠠ ᠦᠭᠡᠢ ᠴᠢᠩᠭᠠᠷᠠᠵᠤ᠂ ᠳᠤᠮᠳᠠᠳᠤ᠎ᠶ᠋ᠢᠨ ᠦᠨᠳᠦᠰᠦᠲᠡᠨ ᠠᠭᠤᠤ ᠶᠡᠬᠡ ᠰᠡᠷᠭᠦᠨ ᠮᠠᠨᠳᠤᠯᠲᠠ ᠲᠡᠢᠰᠢ ᠯᠠᠪᠳᠠᠭᠤᠨ᠎ᠢᠶᠠᠷ ᠤᠷᠤᠭ᠍ᠰᠢᠯᠠᠪᠠ᠃ ᠦᠶ᠎ᠡ᠎ᠶ᠋ᠢᠨ ᠦᠶ᠎ᠡ᠎ᠳᠡᠭᠡᠨ ᠨᠥᠬᠥᠷᠰᠡᠭ ᠪᠠᠢᠬᠤ ᠪᠠ ᠬᠠᠷᠢᠯᠴᠠᠨ ᠠᠱᠢᠭ᠍ᠲᠠᠢ ᠬᠠᠮᠲᠤ ᠎ᠪᠠᠷ ᠠᠱᠢᠭ ᠬᠦᠷᠳᠡᠬᠦ᠌᠎ᠳᠦ ᠰᠠᠭᠤᠷᠢᠯᠠᠭ᠍ᠰᠠᠨ ᠬᠣᠶᠠᠷ ᠤᠯᠤᠰ ᠎ᠤᠨ ᠬᠠᠷᠢᠯᠴᠠᠭ᠎ᠠ ᠵᠢᠴᠢ ᠡᠯ᠎ᠡ ᠬᠦᠷᠢᠶᠡᠨ᠎ᠳᠡᠬᠢ ᠬᠠᠮᠲᠤᠷᠠᠯᠴᠠᠭ᠎ᠠ ᠤᠷᠢᠳ ᠡᠮᠦᠨ᠎ᠡ ᠪᠠᠢᠭ᠎ᠠ ᠦᠭᠡᠢ ᠲᠦᠷᠭᠡᠨ ᠬᠥᠭ᠌ᠵᠢᠯᠲᠡ᠎ᠲᠡᠶ ᠪᠣᠯᠤᠭ᠍ᠰᠠᠨ ᠳ᠋ᠤ ᠮᠠᠰᠢ ᠪᠠᠶᠠᠷᠯᠠᠵᠤ ᠪᠠᠢᠨ᠎ᠠ᠃ ᠳᠤᠷᠠᠲᠠᠶ᠎ᠠ ᠳᠤᠮᠳᠠᠳᠤ ᠤᠯᠤᠰ᠎ᠲᠠᠶ ᠬᠠᠮᠲᠤ ᠪᠠᠷ ᠴᠢᠷᠮᠠᠢᠵᠤ ᠺᠠᠽᠠᠭ᠍ᠰᠲ᠋ᠠᠨ ᠳᠤᠮᠳᠠᠳᠤ᠎ᠶ᠋ᠢᠨ ᠬᠠᠷᠢᠯᠴᠠᠨ ᠳᠡᠮᠵᠢᠯᠴᠡᠬᠦ᠌᠎ᠶ᠋ᠢ ᠪᠡᠬᠢᠵᠢᠭᠦᠯᠵᠦ᠍᠂ ᠤᠯᠠᠨ ᠤᠯᠤᠰ᠎ᠤᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠬᠣᠶᠠᠷ ᠲᠠᠯ᠎ᠠ᠎ᠶ᠋ᠢᠨ ᠬᠠᠷᠢᠯᠴᠠᠭ᠎ᠠ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ᠎ᠡ ᠭᠡᠵᠦ᠍ ᠢᠯᠡᠳᠭᠡᠪᠡ᠃

ᠳᠥᠷᠺᠮᠧᠨ᠋ᠰᠲ᠋ᠠᠠ ᠤ᠋ ᠶᠡᠷᠦᠩᠬᠡᠢᠯᠡᠭ᠌ᠴᠢ ᠪᠸᠷᠳᠢᠮᠥ᠋ᠬᠠᠮᠸᠳᠤᠹ᠂ ᠴᠠᠭᠠᠨ ᠰᠠᠷ᠎ᠠ᠎ᠶ᠋ᠢᠨ ᠪᠠᠶᠠᠷ ᠨᠢ ᠡᠩᠬᠡ ᠲᠠᠢᠪᠤᠩ᠂ ᠡᠶ᠎ᠡ ᠵᠣᠬᠢᠴᠠᠯ ᠪᠣᠯᠤᠨ ᠬᠥᠭ᠌ᠵᠢᠯ ᠪᠠᠳᠠᠷᠠᠯ᠎ᠤᠨ ᠲᠤᠬᠠᠶ ᠰᠠᠢᠨ ᠰᠠᠢᠬᠠᠨ ᠬᠦᠰᠡᠯ ᠡᠷᠡᠮᠡᠯᠵᠡᠯ᠎ᠢ ᠠᠪᠴᠢᠷᠠᠵᠤ᠂ ᠠᠷᠠᠳ᠎ᠤᠨ ᠰᠡᠳᠭᠢᠯ ᠎ᠦᠨ ᠳᠣᠲᠣᠨᠣ ᠬᠠᠷᠢᠴᠠᠭ᠎ᠠ᠎ᠶ᠋ᠢ ᠠᠬᠢᠭᠤᠯᠬᠤ ᠪᠤᠯᠤᠨ᠎ᠠ᠃ ᠳᠥᠷᠺᠮᠧᠨ᠋ᠰᠲ᠋ᠠᠠ ᠳᠤᠮᠳᠠᠳᠤ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ ᠎ᠤ ᠬᠠᠷᠢᠯᠴᠠᠭ᠎ᠠ ᠶᠠᠪᠤᠬᠤ ᠲᠤᠳᠤᠮ ᠪᠡᠬᠢᠵᠢᠪᠡ᠂ ᠳᠤᠷᠠᠲᠠᠶ᠎ᠠ ᠬᠠᠮᠲᠤᠷᠠᠯᠴᠠᠭ᠎ᠠ᠎ᠪᠠᠨ ᠲᠠᠰᠤᠷᠠᠯᠳᠠ ᠦᠭᠡᠢ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠦᠨ᠎ᠡ ᠭᠡᠵᠦ ᠢᠯᠡᠳᠬᠡᠪᠡ᠃

ᠲᠠᠵᠢᠺᠰᠲ᠋ᠠᠨ᠎ᠤ ᠶᠡᠷᠦᠩᠬᠡᠢᠯᠡᠭ᠌ᠴᠢ ᠯᠠᡁᠸᠮᠸᠩ᠂ ᠳᠤᠮᠳᠠᠳᠤ ᠤᠯᠤᠰ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠠᠮ ᠳᠡᠭᠡᠷ᠎ᠡ ᠭᠠᠷᠮᠠᠭᠠᠢ ᠠᠮᠵᠢᠯᠲᠠ ᠣᠯᠵᠤ᠂ ᠳᠡᠯᠡᠬᠡᠢ ᠳᠡᠭᠡᠷᠡᠬᠢ ᠨᠡᠷ᠎ᠡ ᠬᠦᠨᠳᠦ ᠲᠠᠰᠤᠷᠠᠯᠳᠠ ᠦᠭᠡᠢ ᠳᠡᠭᠡᠭ᠌ᠰᠢᠯᠡᠵᠦ᠍᠂ ᠮᠠᠭ᠍ᠲᠠᠨ ᠰᠠᠢᠱᠢᠶᠠᠭᠤᠱᠢᠲᠠᠢ ᠪᠠᠢᠨ᠎ᠠ᠃ ᠲᠠᠵᠢᠺᠰᠲ᠋ᠠᠨ ᠳᠤᠮᠳᠠᠳᠤ᠎ᠶ᠋ᠢᠨ ᠬᠠᠷᠢᠯᠴᠠᠭ᠎ᠠ ᠡᠶᠡᠯᠳᠡᠭ ᠬᠥᠷᠰᠢ᠎ᠶ᠋ᠢᠨ ᠨᠥᠬᠥᠷᠰᠡᠭ ᠬᠠᠷᠢᠯᠴᠠᠭ᠎ᠠ᠂ ᠬᠠᠷᠢᠯᠴᠠᠨ ᠣᠢᠯᠠᠭᠠᠯᠴᠠᠬᠤ᠂ ᠬᠠᠷᠢᠯᠴᠠᠨ ᠬᠦᠨᠳᠦᠳᠭᠡᠬᠦ᠌᠂ ᠬᠠᠷᠢᠯᠴᠠᠨ ᠢᠲᠡᠭᠡᠯᠴᠡᠬᠦ᠌ ᠪᠠ ᠳᠡᠮᠵᠢᠯᠴᠡᠬᠦ᠌ ᠵᠠᠷᠴᠢᠮ ᠎ᠳᠤ ᠰᠠᠭᠤᠷᠢᠯᠠᠵᠤ᠂ ᠪᠦᠬᠦ᠌ ᠲᠠᠯ᠎ᠠ ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠱᠢᠨ᠎ᠡ ᠦᠨᠳᠦᠷᠴᠡ᠎ᠳᠤ ᠬᠦᠷᠴᠡᠢ᠂ ᠳᠤᠷᠠᠲᠠᠶ᠎ᠠ ᠬᠠᠮᠲᠤ᠎ᠪᠠᠷ ᠴᠢᠷᠮᠠᠢᠵᠤ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌ ᠬᠣᠶᠠᠷ ᠤᠯᠤᠰ᠎ᠤᠨ ᠬᠠᠮᠲᠤᠷᠠᠯᠴᠠᠭ᠎ᠠ᠎ᠳᠤ ᠱᠢᠨ᠎ᠡ ᠠᠭᠤᠯᠤᠭ᠍ᠳᠠᠬᠤᠨ ᠨᠡᠮᠡᠷᠢᠯᠡᠨ᠎ᠡ᠃ ᠠᠭᠤᠤ ᠶᠡᠬᠡ ᠨᠥᠬᠥᠷᠰᠡᠭ ᠳᠤᠮᠳᠠᠳᠤ ᠤᠯᠤᠰ᠎ᠤᠨ ᠡᠩᠬᠡ ᠲᠠᠢᠪᠤᠩ᠂ ᠠᠮᠤᠷ ᠲᠣᠭ᠍ᠲᠠᠭᠤᠨ᠂ ᠬᠥᠭ᠌ᠵᠢᠯ ᠴᠡᠴᠡᠭ᠌ᠯᠡᠯ᠎ᠢ ᠵᠥᠩᠨᠡᠶ᠎ᠡ ᠭᠡᠵᠦ᠍ ᠢᠯᠡᠳᠭᠡᠪᠡ᠃

ᠪᠸᠯᠤᠷᠦᠢ᠍ᠱᠢᠶ᠎ᠡ ᠵᠢᠨ ᠶᠡᠷᠦᠩᠬᠡᠢᠯᠡᠭ᠌ᠴᠢ ᠯᠦᠺᠠᠱᠸᠨᠺᠸ ᠳᠤᠮᠳᠠᠳᠤ ᠤᠯᠤᠰ᠎ᠤᠨ ᠡᠩᠬᠡ ᠲᠠᠢᠪᠤᠩ ᠬᠥᠭ᠌ᠵᠢᠯ ᠴᠡᠴᠡᠭ᠌ᠯᠡᠯ᠎ᠢ ᠵᠥᠩᠨᠡᠭ᠌ᠰᠡᠨ ᠪᠥᠭᠡᠳ ᠥᠩᠭᠡᠷᠡᠭ᠌ᠰᠡᠨ ᠨᠢᠭᠡ ᠵᠢᠯ ᠨᠢ ᠪᠸᠯᠤᠷᠦᠢ᠍ᠱᠢᠶ᠎ᠡ ᠳᠤᠮᠳᠠᠳᠤ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠬᠥᠭ᠌ᠵᠢᠯᠲᠡ᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ᠂ ᠡᠨᠡ ᠵᠢᠯ ᠬᠣᠶᠠᠷ ᠲᠠᠯ᠎ᠠ᠎ᠪᠠᠷ᠎ᠢᠶᠠᠨ ᠠᠱᠢᠭ᠍ᠲᠠᠢ ᠪᠠᠢᠳᠠᠯ᠎ᠢ ᠠᠮᠵᠢᠨ ᠤᠷᠤᠭ᠍ᠰᠢᠯᠠᠵᠤ᠂ ᠬᠣᠶᠠᠷ ᠲᠠᠯ᠎ᠠ᠎ᠶ᠋ᠢᠨ ᠬᠠᠷᠢᠯᠴᠠᠭ᠎ᠠ ᠵᠢᠴᠢ ᠣᠷᠣᠨ ᠨᠤᠲᠤᠭ᠎ᠤᠨ ᠶᠠᠪᠤᠯᠴᠠᠭ᠎ᠠ᠎ᠳᠤ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠬᠦ᠌᠎ᠶ᠋ᠢ ᠢᠲᠡᠭᠡᠵᠦ᠍ ᠪᠠᠢᠨ᠎ᠠ ᠭᠡᠵᠦ᠍ ᠢᠯᠡᠳᠭᠡᠪᠡ᠃

ᠺᠤᠩᠭᠤ᠋(ᠺᠢᠨᠱᠠᠰᠠ) ᠵᠢᠨ ᠶᠡᠷᠦᠩᠬᠡᠢᠯᠡᠭ᠌ᠴᠢ ᠴᠢᠰᠠᠢᠺᠸᠳ᠋ᠢ ᠲᠡᠷᠢᠭᠦᠯᠡᠭ᠌ᠴᠢ ᠰᠢ ᠵᠢᠨ ᠫᠢᠩ ᠎ᠳᠦ ᠴᠠᠭᠠᠨ ᠰᠠᠷ᠎ᠠ᠎ᠶ᠋ᠢᠨ ᠬᠠᠮᠤᠭ᠎ᠤᠨ ᠬᠠᠯᠠᠭᠤᠨ ᠪᠠᠶᠠᠷ᠎ᠢ ᠬᠦᠷᠭᠡᠵᠦ᠍᠂ ᠳᠤᠷᠠᠲᠠᠶ᠎ᠠ ᠳᠤᠮᠳᠠᠳᠤ ᠤᠯᠤᠰ᠎ᠲᠠᠶ ᠬᠠᠮᠲᠤ᠎ᠪᠠᠷ ᠺᠤᠩᠭᠤ᠋ ᠳᠤᠮᠳᠠᠳᠤ ᠬᠣᠶᠠᠷ ᠤᠯᠤᠰ᠎ᠤᠨ ᠨᠥᠬᠥᠷᠯᠡᠯ ᠪᠣᠯᠤᠨ ᠡᠯ᠎ᠡ ᠬᠦᠷᠢᠶᠡᠨ᠎ᠳ᠋ᠡᠬᠢ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠎ᠶ᠋ᠢ ᠦᠷᠭᠦᠯᠵᠢᠯᠡᠨ ᠬᠥᠭ᠌ᠵᠢᠭᠦᠯᠦᠨ ᠭᠦᠨᠵᠡᠭᠡᠢᠷᠡᠭᠦᠯᠦᠨ᠎ᠡ ᠭᠡᠵᠦ᠍ ᠳᠠᠪᠲᠠᠨ ᠢᠯᠡᠷᠬᠡᠢᠯᠡᠪᠡ᠃

ᠭᠠᠮᠪᠢᠶ᠎ᠠ ᠵᠢᠨ ᠶᠡᠷᠦᠩᠬᠡᠢᠯᠡᠭ᠌ᠴᠢ ᠪᠠᠯᠦᠢ᠍ᠸᠸ᠂ ᠭᠠᠮᠪᠢᠶ᠎ᠠ ᠵᠢᠨ ᠬᠢᠨ ᠬᠠᠷᠢᠯᠴᠠᠨ ᠬᠦᠨᠳᠦᠳᠭᠡᠬᠦ᠌᠎ᠳᠦ ᠰᠠᠭᠤᠷᠢᠯᠠᠭ᠍ᠰᠠᠨ ᠨᠥᠬᠥᠷᠯᠡᠯ᠎ᠢᠶᠡᠨ ᠭᠦᠨᠵᠡᠭᠡᠢᠷᠡᠭᠦᠯᠬᠦ᠌᠎ᠪᠡᠷ ᠡᠷᠡᠰ ᠴᠢᠷᠮᠠᠢᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠤᠭ᠍ᠰᠠᠨ ᠬᠠᠮᠲᠤᠷᠠᠯᠴᠠᠭ᠎ᠠ᠎ᠪᠠᠨ ᠴᠢᠩᠭᠠᠳᠭᠠᠨ᠎ᠠ᠂ ᠮᠤᠷᠢᠨ ᠵᠢᠯ᠎ᠤᠨ ᠵᠣᠷᠢᠭ ᠰᠠᠨᠠᠭ᠎ᠠ ᠨᠢ ᠬᠣᠶᠠᠷ ᠤᠯᠤᠰ ᠎ᠤᠨ ᠠᠷᠠᠳ ᠲᠦᠮᠡᠨ᠎ᠦ ᠭᠠᠷ ᠬᠣᠯᠪᠣᠨ ᠬᠠᠮᠲᠤᠷᠠᠯᠴᠠᠬᠤ᠂ ᠠᠮᠵᠢᠯᠲᠠ ᠤᠯᠬᠤ ᠎ᠶ᠋ᠢ ᠦᠷᠭᠦᠯᠵᠢᠯᠡᠨ ᠵᠣᠷᠢᠭ᠍ᠵᠢᠭᠤᠯᠬᠤ᠎ᠶ᠋ᠢ ᠢᠲᠡᠭᠡᠵᠦ᠍ ᠪᠠᠢᠨ᠎ᠠ ᠭᠡᠵᠦ ᠢᠯᠡᠳᠭᠡᠪᠡ᠃

ᠮᠠᠯᠢ ᠵᠢᠨ ᠱᠢᠯᠵᠢᠯᠲᠡ᠎ᠶ᠋ᠢᠨ ᠦᠶ᠎ᠡ᠎ᠶ᠋ᠢᠨ ᠶᠡᠷᠦᠩᠬᠡᠢᠯᠡᠭ᠌ᠴᠢ ᠭᠸᠢ᠌ᠲ᠋ᠠ ᠳᠤᠮᠳᠠᠳᠤ ᠤᠯᠤᠰ᠎ᠤᠨ ᠠᠷᠠᠳ ᠲᠦᠮᠡᠨ ᠎ᠦ ᠱᠢᠨ᠎ᠡ ᠨᠢᠭᠡᠨ ᠵᠢᠯ᠎ᠳᠦ ᠠᠮᠤᠷ ᠠᠮᠤᠭᠤᠯᠠᠩ ᠴᠡᠴᠡᠭ᠌ᠯᠡᠨ ᠬᠥᠭ᠌ᠵᠢᠬᠦ᠌᠎ᠶ᠋ᠢ ᠵᠥᠩᠨᠡᠵᠦ᠍᠂ ᠳᠤᠷᠠᠲᠠᠶ᠎ᠠ ᠳᠤᠮᠳᠠᠳᠤ ᠤᠯᠤᠰ᠎ᠲᠠᠶ ᠬᠠᠮᠲᠤ᠎ᠪᠠᠷ ᠴᠢᠷᠮᠠᠢᠵᠤ᠂ ᠮᠠᠯᠢ ᠳᠤᠮᠳᠠᠳᠤ᠎ᠶ᠋ᠢᠨ ᠪᠦᠯᠬᠦᠮᠳᠡᠯ᠂ ᠨᠥᠬᠥᠷᠯᠡᠯ᠂ ᠬᠠᠮᠲᠤᠷᠠᠯᠴᠠᠭᠠᠨ᠎ᠤ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢ ᠲᠠᠰᠤᠷᠠᠯᠳᠠ ᠦᠭᠡᠢ ᠪᠡᠬᠢᠵᠢᠭᠦᠯᠦᠨ ᠬᠥᠭ᠌ᠵᠢᠭᠦᠯᠦᠨ᠎ᠡ ᠭᠡᠵᠦ᠍ ᠢᠯᠡᠳᠭᠡᠪᠡ᠃

ᠮᠢᠺᠷᠤᠨ᠋ᠸᠱᠢᠶ᠎ᠠ ᠵᠢᠨ ᠬᠣᠯᠪᠣᠭᠠᠨ᠎ᠤ ᠶᠡᠷᠦᠩᠬᠡᠢᠯᠡᠭ᠌ᠴᠢ ᠱᠢᠮᠢᠨᠠ᠂ ᠮᠢᠺᠷᠤᠨ᠋ᠸᠱᠢᠶ᠎ᠠ ᠵᠢᠨ ᠬᠢᠨ ᠳᠤᠮᠳᠠᠳᠤ ᠤᠯᠤᠰ᠎ᠲᠠᠶ ᠬᠠᠮᠲᠤ᠎ᠪᠠᠷ᠂ ᠵᠠᠮ ᠬᠤᠯᠠ᠎ᠬᠡᠮᠡᠨ ᠦᠯᠦ᠍ ᠰᠦᠷᠳᠡᠬᠦ᠌᠂ ᠤᠴᠢᠷ ᠶᠠᠪᠤᠳᠠᠯ ᠪᠡᠷᠬᠡ ᠪᠤᠳᠤᠯᠢᠶᠠᠨᠳᠠᠢ ᠬᠡᠮᠡᠨ ᠦᠯᠦ᠍ ᠰᠦᠷᠳᠡᠬᠦ᠌ ᠵᠣᠷᠢᠭ ᠰᠠᠨᠠᠭ᠎ᠠ᠎ᠶ᠋ᠢ ᠪᠠᠷᠢᠮᠲᠠᠯᠠᠵᠤ᠂ ᠰᠥᠰᠥ᠍ ᠵᠣᠷᠢᠭ᠂ ᠤᠶᠤᠨ ᠤᠬᠠᠭᠠᠨ᠂ ᠪᠠᠳᠤ ᠢᠲᠡᠭᠡᠯ ᠲᠠᠢ ᠪᠡᠷ᠂ ᠤᠳᠠᠭᠠᠨ ᠳᠠᠭᠠᠭᠠᠮᠠᠭᠠᠢ᠎ᠪᠠᠷ ᠬᠠᠮᠲᠤ᠎ᠪᠠᠷ ᠤᠷᠤᠭ᠍ᠰᠢᠯᠠᠵᠤ᠂ ᠬᠣᠶᠠᠷ ᠲᠠᠯ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠲᠠᠰᠤᠷᠠᠯᠳᠡ ᠦᠭᠡᠢ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃

ᠰᠤᠯᠤᠮᠤᠨ ᠣᠯᠲᠣᠷᠢᠭ᠎ᠤᠨ ᠶᠡᠷᠦᠩᠬᠡᠢ ᠰᠠᠢᠳ ᠮᠠᠨ᠋ᠸᠢᠢᠯᠠᠢ᠂ ᠳᠤᠮᠳᠠᠳᠤ ᠤᠯᠤᠰ᠎ᠤᠨ ᠪᠢᠯᠢᠭ᠎ᠦᠨ ᠤᠯᠠᠷᠢᠯ᠎ᠤᠨ ᠮᠤᠷᠢᠨ ᠵᠢᠯ ᠨᠢ ᠰᠤᠯᠤᠮᠤᠨ ᠤ᠋ ᠬᠢᠨ ᠳ᠋ᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠂ ᠰᠤᠯᠤᠮᠤᠨ ᠣᠯᠲᠣᠷᠢᠭ 1978 ᠣᠨ᠎ᠳᠤ ᠲᠤᠰᠠᠭᠠᠷ ᠲᠣᠭ᠍ᠲᠠᠨᠢᠬᠤ ᠦᠶ᠎ᠡ᠎ᠳᠡᠭᠡᠨ ᠶᠠᠭ ᠮᠤᠷᠢᠨ ᠵᠢᠯ ᠳ᠋ᠤ ᠲᠤᠬᠢᠶᠠᠪᠠ᠃ ᠮᠣᠷᠢ ᠨᠢ ᠡᠷᠡᠰ ᠬᠠᠲᠠᠭᠤ᠂ ᠬᠦᠴᠦᠨ ᠴᠢᠳᠠᠯ ᠪᠠ ᠬᠤᠷᠳᠤᠴᠠ᠎ᠶ᠋ᠢ ᠪᠡᠯᠭᠡᠳᠡᠵᠦ᠍᠂ ᠰᠤᠯᠤᠮᠤᠨ᠎ᠤ ᠬᠢᠨ ᠳᠤᠷᠠᠲᠠᠶ᠎ᠠ ᠨᠡᠩ ᠲᠦᠷᠭᠡᠨ᠂ ᠨᠡᠩ ᠶᠡᠬᠡ ᠠᠯᠬᠤᠭ᠎ᠠ ᠎ᠪᠠᠷ ᠰᠤᠯᠤᠮᠤᠨ ᠳᠤᠮᠳᠠᠳᠤ᠎ᠶ᠋ᠢᠨ ᠬᠠᠷᠢᠯᠴᠠᠭ᠎ᠠ᠎ᠶ᠋ᠢ ᠦᠷᠭᠦᠯᠵᠢᠯᠡᠨ ᠴᠢᠩᠭᠠᠳᠭᠠᠨ᠎ᠠ ᠭᠡᠵᠤ ᠢᠯᠡᠳᠭᠡᠪᠡ᠃

ᠲᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ ᠤ᠋ᠨ ᠬᠦᠳᠡᠯᠭᠡᠭᠡᠨ ᠤ᠋ ᠵᠥᠪᠯᠡᠯ᠎ᠦᠨ ᠲᠡᠷᠢᠭᠦᠯᠡᠭ᠌ᠴᠢ ᠺᠤᠸ᠋ᠸᠸᠨᠴᠦ᠋ᠢ᠂ ᠮᠣᠷᠢᠨ ᠵᠢᠯ ᠨᠢ ᠠᠮᠢᠵᠢᠷᠠᠯ᠎ᠤᠨ ᠬᠦᠴᠦᠨ᠂ ᠡᠷᠡᠰ ᠬᠠᠳᠠᠭᠤ ᠰᠥᠰᠥ᠍ ᠵᠣᠷᠢᠭ᠎ᠢ ᠪᠡᠯᠭᠡᠳᠡᠨ᠎ᠡ᠂ ᠡᠨᠡ ᠨᠢ ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ ᠲᠡᠮᠡᠴᠡᠵᠦ᠍ ᠪᠠᠢᠭ᠎ᠠ ᠲᠠᠮᠢᠷᠴᠢᠳ᠎ᠤᠨ ᠵᠣᠷᠢᠭ ᠰᠠᠨᠠᠭ᠎ᠠ᠎ᠲᠠᠶ ᠪᠦᠷᠢᠮᠤᠰᠤᠨ ᠨᠡᠢᠴᠡᠵᠦ᠍ ᠪᠠᠢᠨ᠎ᠠ᠃ ᠳᠤᠮᠳᠠᠳᠤ ᠤᠯᠤᠰ᠎ᠤᠨ ᠲᠠᠮᠢᠷᠴᠢᠳ᠎ᠤᠨ ᠢᠲ᠋ᠠᠯᠢ᠎ᠶ᠋ᠢᠨ ᠡᠪᠦᠯ᠎ᠦᠨ ᠤᠯᠠᠷᠢᠯ ᠎ᠤᠨ ᠣᠯᠢᠮᠫᠢᠺ ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠲᠠᠯᠠᠪᠤᠷ᠎ᠲᠠᠬᠢ ᠭᠠᠷᠮᠠᠭᠠᠶ ᠢᠯᠡᠷᠡᠯ᠎ᠨᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ ᠤᠯᠤᠰ᠎ᠤᠨ ᠠᠷᠠᠳ ᠲᠦᠮᠡᠨ᠎ᠳ᠋ᠤ ᠯᠤᠲᠤ ᠶᠡᠬᠡ ᠣᠮᠣᠭ᠍ᠰᠢᠯ ᠪᠠ ᠪᠠᠬᠠᠳᠤᠯ ᠎ᠢ ᠲᠦᠷᠦᠭᠳᠡᠬᠦᠯᠵᠤ᠂ ᠡᠨᠡ ᠬᠦ᠌ ᠪᠠᠶᠠᠷ ᠎ᠤᠨ ᠡᠳᠦᠷ ᠎ᠢ ᠨᠠᠩ ᠶᠡᠷᠦ᠍ ᠪᠤᠰᠤ᠎ᠶ᠋ᠢᠨ ᠤᠳᠬ᠎ᠠ ᠠᠭᠤᠯᠭ᠎ᠠ᠎ᠲᠠᠶ ᠪᠣᠯᠭᠠᠪᠠ᠃ ᠢᠷᠡᠭᠡᠳᠦᠢ ᠎ᠳᠦ ᠬᠣᠶᠠᠷ ᠲᠠᠯ᠎ᠠ ᠎ᠶ᠋ᠢᠨ ᠨᠢᠭ᠍ᠲᠠ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠢᠷᠡᠬᠦ᠌᠎ᠶ᠋ᠢ ᠪᠠᠲᠤ ᠢᠲᠡᠭᠡᠵᠦ᠍ ᠪᠠᠢᠨ᠎ᠠ ᠭᠡᠵᠤ ᠢᠯᠡᠳᠭᠡᠪᠡ᠃

ᠹᠢᠯᠢᠫᠢᠨ᠎ᠦ ᠶᠡᠷᠦᠩᠬᠡᠢᠯᠡᠭ᠌ᠴᠢ ᠮᠠᠺᠸᠰ᠂ ᠮᠤᠯᠳᠤᠸᠠ ᠵᠢᠨ ᠶᠡᠷᠦᠩᠬᠡᠢᠯᠡᠭ᠌ᠴᠢ ᠰᠠᠩᠳᠦ᠋᠂ ᠦᠺᠷᠠᠢᠨ᠎ᠤ ᠶᠡᠷᠦᠩᠬᠡᠢᠯᠡᠭ᠌ᠴᠢ ᠽᠸᠯᠢᠶᠠᠨᠰᠺᠢ᠂ ᠭᠷᠦ᠋ᠽᠢᠶᠠ ᠵᠢᠨ ᠶᠡᠷᠦᠩᠬᠡᠢᠯᠡᠭ᠌ᠴᠢ ᠺᠠᠸᠢᠯᠱᠸᠸᠯᠢ᠂ ᠫᠠᠯᠸᠰᠲ᠋ᠠᠢ᠌ᠨ᠎ᠤ ᠶᠡᠷᠦᠩᠬᠡᠢᠯᠡᠭ᠌ᠴᠢ ᠠᠪᠠᠰ᠂ ᠸᠧᠨᠧᠽᠦ᠋ᠧᠯᠠ᠎ᠶ᠋ᠢᠨ ᠣᠷᠣᠯᠠᠭ᠍ᠴᠢ ᠶᠡᠷᠦᠩᠬᠡᠢᠯᠡᠭ᠌ᠴᠢ ᠯᠦᠸᠸᠳ᠋ᠸᠯᠢᠭ᠌ᠸᠰ᠂ ᠺᠠᠮᠪᠣᠵᠠ ᠎ᠶ᠋ᠢᠨ ᠲᠡᠷᠢᠭᠦᠨ ᠰᠠᠢᠳ ᠬᠤᠩᠮᠠᠨᠠᠢ᠂ ᠠᠷᠮᠧᠨᠢᠶ᠎ᠠ᠎ᠶ᠋ᠢᠨ ᠶᠡᠷᠦᠩᠬᠡᠢ ᠰᠠᠢᠳ ᠫᠠᠱᠨᠢᠶᠠᠩ᠂ ᠭᠷᠸᠨᠠᠳ᠋ᠠ ᠵᠢᠨ ᠶᠡᠷᠦᠩᠬᠡᠢ ᠰᠠᠢᠳ ᠮᠢᠴᠢᠶ᠍ᠸᠷ᠂ ᠲᠡᠯᠡᠭᠡᠢ ᠵᠢᠨ ᠣᠯᠢᠮᠫᠢᠺ ᠎ᠤᠨ ᠪᠡᠶ᠎ᠠ ᠵᠢᠨ ᠲᠠᠮᠢᠷ ᠤ᠋ᠨ ᠬᠦᠳᠡᠯᠭᠡᠭᠡᠨ ᠤ᠋  ᠵᠥᠪᠯᠡᠯ᠎ᠦᠨ ᠨᠡᠷ᠎ᠡ ᠬᠦᠨᠳᠦᠲᠦ ᠲᠡᠷᠢᠭᠦᠯᠡᠭ᠌ᠴᠢ ᠪᠠᠾᠸ ᠨᠠᠷ ᠪᠠᠰᠠ ᠲᠡᠷᠢᠭᠦᠯᠡᠭ᠌ᠴᠢ ᠰᠢ ᠵᠢᠨ ᠫᠢᠩ᠎ᠳᠦ ᠴᠠᠬᠢᠯᠭᠠᠨ ᠴᠢᠮᠡᠭᠡ ᠢᠷᠡᠬᠦᠯᠦᠭᠰᠡᠨ ᠪᠤᠶᠤ ᠵᠠᠬᠢᠳᠠᠯ ᠢᠷᠡᠬᠦᠯᠵᠤ ᠴᠠᠭᠠᠨ ᠰᠠᠷ᠎ᠠ᠎ᠶ᠋ᠢᠨ ᠵᠥᠩᠨᠡᠯ ᠳᠡᠪᠱᠢᠭᠦᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠦ ᠵᠣᠯ ᠵᠢᠷᠭᠠᠯ᠎ᠲᠠᠶ ᠠᠮᠤᠷ ᠠᠮᠤᠭᠤᠯᠠᠩ᠂ ᠤᠯᠤᠰ ᠣᠷᠣᠨ᠎ᠤ ᠴᠡᠴᠡᠭ᠌ᠯᠡᠨ ᠬᠦᠭᠵᠢᠬᠦ᠎ᠶ᠋ᠢ ᠵᠥᠩᠨᠡᠪᠠ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 21 ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号