ᠥᠪᠥᠷ ᠮᠣᠩᠭᠣᠯ ᠎ᠤᠨ ᠭᠠᠳᠠᠭᠠᠳᠤ ᠭᠤᠪᠢᠭᠤᠯᠭ᠎ᠠ᠎ᠶ᠋ᠢᠨ ᠬᠠᠮᠢᠶᠠᠷᠤᠯᠲᠠ᠎ᠶ᠋ᠢᠨ ᠦᠶ᠋ᠯᠡᠴᠢᠯᠡᠭᠡᠨ᠎ᠦ ᠲᠦᠪᠱᠢᠨ ᠢᠯᠡᠳᠳᠠ ᠳᠡᠭᠡᠭ᠌ᠰᠢᠯᠡᠪᠡ
2026-02-23 11:29:24
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

2025 ᠣᠨ᠎ᠳᠤ᠂ ᠤᠯᠤᠰ᠎ᠤᠨ ᠭᠠᠳᠠᠭᠠᠳᠤ ᠭᠤᠪᠢᠭᠤᠯᠭ᠎ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠲᠣᠪᠴᠢᠶ᠎ᠠ ᠭᠠᠳᠠᠭᠠᠳᠤ ᠭᠤᠪᠢᠭᠤᠯᠭ᠎ᠠ᠎ᠶ᠋ᠢᠨ ᠬᠠᠮᠢᠶᠠᠷᠤᠯᠲᠠ ᠬᠢᠭᠡᠳ ᠦᠶ᠋ᠯᠡᠴᠢᠯᠡᠭᠡᠨ᠎ᠦ ᠳᠥᠭᠥᠮᠴᠢᠯᠡᠯᠲᠡ᠎ᠶ᠋ᠢ ᠭᠦᠨᠵᠡᠭᠡᠶ ᠠᠬᠢᠭᠤᠯᠵᠤ᠂ ᠬᠢᠯᠢ ᠠᠯᠤᠰᠯᠠᠭ᠍ᠰᠠᠨ ᠠᠷᠠᠯᠵᠢᠶᠠᠨ᠎ᠤ ᠪᠠᠯᠠ ᠣᠷᠣᠭᠤᠯᠤᠯᠲᠠ ᠪᠠᠯᠠ ᠬᠤᠷᠠᠮᠳᠤᠭᠤᠯᠭ᠎ᠠ ᠶ᠋ᠢᠨ ᠭᠠᠳᠠᠭᠠᠳᠤ ᠭᠤᠪᠢᠭᠤᠯᠭ᠎ᠠ᠎ᠶ᠋ᠢᠨ ᠬᠠᠮᠢᠶᠠᠷᠤᠯᠲᠠ᠎ᠶ᠋ᠢᠨ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ 2025 ᠣᠨ᠎ᠳᠤ ᠪᠥᠬᠥ᠌ ᠣᠷᠣᠨ᠎ᠤ ᠪᠠᠩᠬᠢ᠎ᠶ᠋ᠢᠨ ᠬᠡᠷᠡᠭᠯᠡᠭᠴᠢᠳ ᠢ᠋ ᠤᠷᠤᠯᠠᠨ ᠭᠠᠳᠠᠭᠠᠳᠤ᠎ᠲᠠᠶ ᠬᠣᠯᠪᠣᠭ᠍ᠳᠠᠭ᠍ᠰᠠᠨ ᠵᠤᠭᠤᠰ ᠢ᠋ ᠬᠤᠷᠢᠶᠠᠭᠰᠠᠨ ᠪᠠ ᠦᠭᠬᠦᠭᠰᠡᠨ ᠶᠡᠷᠦᠨᠭᠬᠡᠢ ᠬᠡᠮᠵᠢᠶ᠎ᠡ 408.4 ᠳ᠋ᠦᠩᠱᠢᠭᠤᠷ ᠳ᠋ᠣᠯᠯᠠᠷ᠎ᠲᠦ᠍ ᠬᠦᠷᠴᠡᠢ᠃

2025 ᠣᠨ᠎ᠳᠤ᠂ ᠰᠢᠯᠢᠳᠡᠭ ᠠᠵᠤ ᠠᠬᠤᠢᠯᠠᠯ᠎ᠤᠨ ᠠᠷᠠᠯᠵᠢᠶᠠᠨ᠎ᠤ ᠭᠠᠳᠠᠭᠠᠳᠤ ᠭᠤᠪᠢᠭᠤᠯᠭ᠎ᠠ᠎ᠶ᠋ᠢᠨ ᠣᠷᠣᠯᠭ᠎ᠠ ᠵᠠᠷᠤᠯᠭ᠎ᠠ᠎ᠶ᠋ᠢ ᠲᠥᠬᠥᠮ ᠪᠣᠯᠭᠠᠬᠤ ᠲᠥᠷᠥ᠎ᠶ᠋ᠢᠨ ᠪᠣᠳᠣᠯᠭ᠎ᠠ᠎ᠳᠤ ᠱᠢᠨ᠎ᠡ᠎ᠪᠡᠷ ᠲᠤᠷᠱᠢᠯᠲᠠ ᠬᠢᠭ᠌ᠰᠡᠨ ᠪᠠᠩᠬᠢ ᠠᠵᠤ ᠠᠬᠤᠢᠯᠠᠯ 43 ᠨᠡᠮᠡᠭ᠌ᠳᠡᠵᠦ᠍᠂ ᠲᠤᠬᠠᠢᠯᠠᠭ᠍ᠰᠠᠨ ᠠᠵᠢᠯ᠎ᠢ 50.4 ᠳ᠋ᠦᠩᠱᠢᠭᠤᠷ ᠳ᠋ᠣᠯᠯᠠᠷ ᠭᠦᠶ᠋ᠴᠡᠳᠭᠡᠵᠦ᠍᠂ 2024 ᠤᠨ ᠎ᠤ᠎ᠬᠢ᠎ᠡᠴᠡ 44.8% ᠎ᠪᠠᠷ ᠨᠡᠮᠡᠭ᠌ᠳᠡᠪᠡ᠃ ᠱᠢᠨ᠎ᠡ ᠬᠡᠯᠪᠡᠷᠢ᠎ᠶ᠋ᠢᠨ ᠬᠠᠷᠢᠯᠴᠠᠨ ᠠᠷᠠᠯᠵᠢᠶ᠎ᠡ ᠮᠠᠢᠮᠠᠢ ᠬᠢᠬᠦ ᠠᠷᠠᠯᠵᠢᠶᠠᠨ᠎ᠤ ᠣᠷᠣᠯᠠᠨ ᠭᠤᠪᠢᠭᠤᠯᠬᠤ ᠲᠤᠬᠠᠢᠯᠠᠭ᠍ᠰᠠᠨ ᠠᠵᠢᠯ᠎ᠤᠨ ᠠᠱᠢᠭ ᠬᠦᠷᠲᠡᠭᠡᠬᠦ᠌ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠵᠦ᠍᠂ ᠥᠪᠥᠷ ᠮᠣᠩᠭᠣᠯ᠎ᠤᠨ 《ᠬᠢᠯᠢ᠎ᠶ᠋ᠢᠨ ᠠᠷᠠᠳ᠎ᠤᠨ ᠬᠠᠷᠢᠯᠴᠠᠨ ᠠᠷᠠᠯᠵᠢᠶ᠎ᠡ ᠮᠠᠢᠮᠠᠢ ᠬᠢᠬᠦ ᠠᠷᠠᠯᠵᠢᠶ᠎ᠡ + ᠪᠣᠳᠠᠲᠠᠢᠵᠢᠵᠤ ᠡᠳ᠋ᠱᠢᠭᠦᠯᠬᠦ᠌》 ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠬᠥᠭ᠌ᠵᠢᠯᠲᠡ᠎ᠶ᠋ᠢ ᠬᠦᠴᠦᠲᠡᠶ ᠳᠡᠮᠵᠢᠵᠦ᠍᠂ ᠬᠢᠯᠢ᠎ᠶ᠋ᠢᠨ ᠠᠷᠠᠳ᠎ᠤᠨ ᠣᠷᠣᠯᠭ᠎ᠠ᠎ᠶ᠋ᠢ 344.2 ᠲᠦᠮᠡᠨ ᠲᠥᠭᠥᠷᠢᠭ ᠨᠡᠮᠡᠭ᠌ᠳᠡᠭᠦᠯᠪᠡ᠃

ᠥᠪᠥᠷ ᠮᠣᠩᠭᠣᠯ ᠭᠠᠳᠠᠭᠠᠳᠤ ᠎ᠳᠤ ᠬᠣᠯᠪᠣᠭ᠍ᠳᠠᠬᠤ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ᠌᠎ᠶ᠋ᠢ ᠠᠬᠢᠭᠤᠯᠵᠤ 2025 ᠣᠨ᠎ᠳᠤ᠂ ᠭᠠᠳᠠᠭᠠᠳᠤ ᠭᠤᠪᠢᠭᠤᠯᠭ᠎ᠠ ᠎ᠶ᠋ᠢᠨ  ᠦᠶ᠋ᠯᠡᠳᠬᠦᠨ᠎ᠦ ᠭᠡᠷ᠎ᠡ ᠲᠣᠭ᠍ᠲᠠᠭ᠍ᠰᠠᠨ ᠲᠣᠭ᠎ᠠ 22.3 ᠳ᠋ᠦᠩᠱᠢᠭᠤᠷ ᠳ᠋ᠣᠯᠯᠠᠷ᠎ᠲᠤ ᠬᠦᠷᠴᠦ᠍᠂ 2024 ᠤᠨ ᠤ᠋᠎ᠬᠢ᠎ᠡᠴᠡ 32.1% ᠎ᠪᠠᠷ ᠨᠡᠮᠡᠭ᠌ᠳᠡᠵᠦ᠍᠂ ᠠᠵᠤ ᠠᠬᠤᠢᠯᠠᠯ ᠎ᠤᠨ ᠭᠠᠳᠠᠭᠠᠳᠤ ᠭᠤᠪᠢᠭᠤᠯᠭ᠎ᠠ᠎ᠶ᠋ᠢᠨ ᠢᠵᠢ ᠳᠠᠭᠠᠳᠭᠠᠯ᠎ᠤᠨ ᠬᠠᠷᠢᠴᠠᠯ 12.7% ᠎ᠪᠠᠷ ᠨᠡᠮᠡᠭ᠌ᠳᠡᠵᠦ᠍᠂ ᠲᠡᠬᠡᠷ᠎ᠡ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 26.3 % ᠎ᠪᠠᠷ ᠨᠡᠮᠡᠭ᠌ᠳᠡᠵᠦ᠍᠂ 182 ᠠᠵᠤ ᠠᠬᠤᠢᠯᠠᠯ ᠰᠦᠶ᠋ᠳᠭᠡᠯ ᠬᠠᠰᠤᠵᠤ ᠠᠱᠢᠭ ᠣᠯᠭᠣᠬᠤ ᠵᠢᠴᠢ ᠪᠠᠲᠤᠯᠠᠭ᠎ᠠ᠎ᠶ᠋ᠢᠨ ᠮᠥᠩᠭᠥ᠎ᠶ᠋ᠢ ᠬᠠᠰᠤᠵᠤ ᠭᠡᠯᠳᠦᠷᠢᠭᠦᠯᠬᠦ᠌᠎ᠶ᠋ᠢ ᠭᠥᠷᠳᠡᠵᠦ᠍᠂ ᠠᠵᠤ ᠠᠬᠤᠢᠯᠠᠯ᠎ᠳᠤ ᠨᠡᠢᠲᠡ 2876.1 ᠲᠦᠮᠡᠨ ᠳ᠋ᠣᠯᠯᠠᠷ ᠪᠠᠯᠠ ᠮᠥᠩᠭᠥ᠌ ᠡᠵᠡᠯᠡᠨ ᠬᠡᠷᠡᠭ᠌ᠯᠡᠬᠦ᠌᠎ᠶ᠋ᠢ ᠪᠠᠭᠠᠰᠭᠠᠪᠠ᠃ ᠬᠢᠯᠢ ᠠᠯᠤᠰᠯᠠᠭ᠍ᠰᠠᠨ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡᠨ᠎ᠦ ᠲᠠᠪᠴᠠᠩ᠎ᠤᠨ ᠬᠡᠷᠡᠭ᠌ᠯᠡᠯᠲᠡ᠎ᠶ᠋ᠢ ᠭᠦᠨᠵᠡᠭᠡᠢᠷᠡᠭᠦᠯᠵᠤ᠂ ᠠᠵᠤ ᠠᠬᠤᠢᠯᠠᠯ ᠎ᠤᠨ ᠭᠤᠪᠢᠭᠤᠯᠭ᠎ᠠ᠎ᠶ᠋ᠢᠨ ᠨᠣᠷᠮ᠎ᠠ᠎ᠶ᠋ᠢᠨ ᠲᠦᠭ᠌ᠰᠢᠭᠦᠷᠢ᠎ᠶ᠋ᠢᠨ ᠬᠠᠮᠢᠶᠠᠷᠤᠯᠲᠠ᠎ᠶ᠋ᠢᠨ ᠦᠶ᠋ᠯᠡᠴᠢᠯᠡᠭᠡᠨ᠎ᠦ ᠬᠡᠷᠡᠭ᠌ᠯᠡᠭᠡᠨ᠎ᠦ ᠪᠠᠢᠳᠠᠯ᠎ᠢ ᠠᠮᠵᠢᠯᠲᠠ᠎ᠲᠠᠶ ᠨᠠᠢᠳᠠᠪᠤᠷᠢᠵᠢᠭᠤᠯᠵᠤ᠂ ᠰᠦᠯᠵᠢᠶᠡᠨ ᠳᠡᠭᠡᠷ᠎ᠡ 423 ᠤᠳᠠᠭ᠎ᠠ ᠭᠡᠷ᠎ᠡ ᠲᠣᠭ᠍ᠲᠠᠵᠤ᠂ ᠭᠡᠷ᠎ᠡ ᠲᠣᠭ᠍ᠲᠠᠭ᠍ᠰᠠᠨ ᠵᠣᠭᠣᠰ᠎ᠤᠨ ᠲᠣᠭ᠎ᠠ᠎ᠨᠢ 6.8 ᠳ᠋ᠦᠩᠱᠢᠭᠤᠷ ᠳ᠋ᠣᠯᠯᠠᠷ᠎ᠲᠤ ᠬᠦᠷᠴᠦ᠍᠂ ᠪᠠᠯᠠ ᠬᠤᠷᠠᠮᠳᠤᠭᠤᠯᠭ᠎ᠠ᠎ᠶ᠋ᠢᠨ ᠢᠲᠡᠭᠡᠮᠵᠢ ᠣᠯᠭᠣᠬᠤ ᠲᠥᠷᠥᠯ᠎ᠦᠨ ᠠᠬᠤᠶ ᠲᠠᠯᠠᠪᠠᠶ᠎ᠶ᠋ᠢᠨ ᠪᠠᠯᠠ ᠬᠤᠷᠠᠮᠳᠤᠭᠤᠯᠭ᠎ᠠ ᠪᠠ ᠢᠲᠡᠭᠡᠮᠵᠢ ᠣᠯᠭᠣᠭ᠍ᠰᠠᠨ ᠲᠣᠭ᠎ᠠ᠎ᠨᠢ ᠲᠡᠬᠡᠷ᠎ᠡ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 42.2% ᠪᠠ  84.1% ᠎ᠪᠠᠷ ᠨᠡᠮᠡᠭ᠌ᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号